ᠥᠪᠥᠷ ᠮᠣᠩᠭᠤᠯ ᠤᠨ 165 ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠡᠮ ᠤᠨ ᠵᠦᠢᠯ ᠳᠤ ᠦᠷᠲᠡᠭ ᠨᠡᠮᠡᠬᠦ ᠶᠢ ᠪᠦᠬᠦᠨ ᠢ ᠬᠦᠴᠦᠨ ᠦᠭᠡᠶ ᠪᠤᠯᠭᠠᠪᠠ
ᠨᠡᠶᠢᠲᠡᠯᠡᠭᠰᠡᠨ ᠴᠠᠭ᠄
2015/11/9
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠵᠦᠪᠯᠡᠯ ᠤᠨ ᠮᠡᠳᠡᠭᠡ ᠶᠢ ᠦᠨᠳᠦᠰᠦᠯᠡᠪᠡᠯ᠂ ᠥᠪᠥᠷ ᠮᠣᠩᠭᠤᠯ ᠤᠨ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠡᠬᠢᠯᠡᠭᠦᠯᠪᠡ᠃ ᠤᠳᠤ ᠪᠣᠯᠲᠠᠯ᠎ᠠ᠂ ᠪᠦᠬᠦ ᠣᠷᠣᠨ ᠤ 165 ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠡᠮ ᠤᠨ ᠵᠦᠢᠯ ᠳᠤ ᠦᠷᠲᠡᠭ ᠨᠡᠮᠡᠬᠦ ᠶᠢ ᠪᠦᠬᠦᠨ ᠢ ᠬᠦᠴᠦᠨ ᠦᠭᠡᠢ ᠪᠣᠯᠭᠠᠵᠤ᠂ ᠬᠥᠮᠦᠨ ᠪᠦᠷᠢ ᠶᠢᠨ ᠳᠤᠮᠳᠠᠴᠢ ᠦᠨᠳᠦᠰᠦᠨ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ 40 ᠳ᠋ᠦᠩᠰᠢᠭᠤᠷ ᠲᠥᠭᠦᠷᠢᠭ ᠲᠤ ᠬᠦᠷᠴᠦ᠂ ᠬᠥᠬᠡᠬᠤᠲᠠ᠂ ᠪᠤᠭᠤᠲᠤ ᠬᠤᠳᠠ᠂ ᠬᠢᠩᠭᠠᠨ ᠠᠶᠢᠮᠠᠭ᠂ ᠲᠦᠩᠯᠢᠶᠣᠤ ᠬᠤᠳᠠ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠶᠢᠨ ᠪᠦᠷᠢᠨ ᠪᠦᠷᠭᠦᠭᠦᠯᠬᠦ ᠶᠢ ᠪᠡᠶᠡᠯᠡᠬᠦᠯᠪᠡ᠃      ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠪᠤᠯ ᠤᠯᠠᠨ ᠲᠦᠮᠡᠨ ᠤ ︽ᠡᠪᠡᠳᠴᠢᠨ ᠦᠵᠡᠭᠦᠯᠬᠦ ᠳᠤ ᠬᠦᠴᠢᠷᠲᠡᠶ᠂ ᠡᠪᠡᠳᠴᠢᠨ ᠦᠵᠡᠭᠦᠯᠬᠦ ᠳᠤ ᠦᠨᠡᠲᠡᠶ︾ ᠠᠰᠠᠭᠤᠳᠠᠯ ᠢ ᠦᠨᠡᠨ ᠬᠦ ᠨᠠᠮᠳᠠᠭᠤᠯᠬᠤ ᠵᠠᠩᠭᠢᠯᠠᠭ᠎ᠠ ᠮᠥᠨ᠃ ᠥᠪᠥᠷ ᠮᠣᠩᠭᠤᠯ 2012 ᠣᠨ ᠠᠴᠠ ᠡᠬᠢᠯᠡᠨ ᠡᠨᠡ ᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠡᠬᠢᠯᠡᠭᠦᠯᠦᠭᠰᠡᠨ ᠤ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠥᠰᠦᠯ︾᠎ ᠢ ᠨᠡᠶᠢᠭᠡᠮ ᠳᠤ ᠨᠡᠶᠢᠲᠡᠯᠡᠵᠤ᠂ 9 ᠲᠠᠯ᠎ᠠ ᠪᠠᠷ ᠬᠢ 28 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠳᠤᠷᠠᠳᠪᠠ᠂ ᠡᠭᠦᠨ ᠳᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠦᠬᠡᠷᠡᠴᠢᠯᠡᠬᠦ᠂ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠠᠵᠢᠯᠯᠠᠭᠠᠨ ᠤ ᠰᠢᠨ᠎ᠡ ᠲᠣᠭᠲᠠᠴᠠ ᠶᠢ ᠪᠠᠶᠢᠭᠤᠯᠬᠤ᠂ ᠡᠮ ᠤᠨ ᠵᠦᠢᠯ ᠪᠤᠯᠤᠨ ᠵᠠᠷᠤᠴᠠᠭᠤᠯᠬᠤ ᠮᠠᠲ᠋ᠧᠷᠢᠶᠠᠯ ᠤᠨ ᠬᠠᠩᠭᠠᠯᠭ᠎ᠠ ᠶᠢᠨ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠬᠦᠯᠬᠦ᠂ ᠡᠮ ᠡᠮᠨᠡᠯᠭᠡ ᠶᠢᠨ ᠳᠠᠭᠠᠳᠬᠠᠯ ᠤᠨ ᠳᠦᠯᠦᠬᠦ ᠳᠦᠷᠢᠮ ᠢ ᠦᠭᠡᠷᠡᠴᠢᠯᠡᠬᠦ ᠵᠡᠷᠭᠡ ᠪᠠᠭᠲᠠᠨ᠎ᠠ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠪᠦᠷᠬᠦᠴᠡ ᠶᠢᠨ ᠨᠣᠷᠮ᠎ᠠ 98 %᠎ ᠳᠤ ᠬᠦᠷᠴᠡᠶ᠂ 12 ᠠᠶᠢᠮᠠᠭ ᠬᠤᠳᠠ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠮᠠᠯᠴᠢᠨ ᠲᠠᠷᠢᠶᠠᠴᠢᠳ ᠤᠨ ᠬᠦᠨᠳᠦ ᠡᠪᠡᠳᠴᠢᠨ ᠤ ᠳᠠᠭᠠᠳᠬᠠᠯ ᠤᠨ ᠲᠦᠷᠦ ᠶᠢᠨ ᠪᠤᠳᠤᠯᠭ᠎ᠠ ᠶᠢ ᠪᠥᠬᠦᠨ ᠢᠶᠠᠷ ᠬᠡᠷᠡᠭᠵᠢᠭᠦᠯᠵᠦ᠂ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠬᠦᠨᠳᠦ ᠡᠪᠡᠳᠴᠢᠨ ᠤ ᠳᠠᠭᠠᠳᠬᠠᠯ ᠢ ᠤᠶᠠᠯᠳᠤᠭᠤᠯᠬᠤ ᠪᠠᠷ ᠳᠠᠮᠵᠢᠭᠤᠯᠤᠨ᠂ ᠮᠠᠯᠴᠢᠨ ᠲᠠᠷᠢᠶᠠᠴᠢᠳ ᠤᠨ ᠡᠮ ᠡᠮᠨᠡᠯᠭᠡ ᠶᠢᠨ ᠵᠠᠷᠤᠳᠠᠯ ᠤᠨ ᠪᠣᠳᠠᠲᠠᠶ ᠳᠠᠩᠰᠠ ᠲᠠᠶᠢᠯᠬᠤ ᠬᠠᠷᠢᠴᠠᠯ ᠢ 70 %᠎ ᠠᠴᠠ ᠳᠡᠭᠡᠭᠰᠢ ᠳᠤ ᠬᠦᠷᠦᠬᠦᠯᠪᠡ᠃      ᠥᠪᠥᠷ ᠮᠣᠩᠭᠤᠯ ᠦᠨᠳᠦᠰᠦᠨ ᠡᠮ ᠡᠮᠨᠡᠯᠭᠡ ᠪᠠ ᠠᠯᠪᠠᠨ ᠠᠴᠠ ᠪᠠᠶᠢᠭᠤᠯᠤᠭᠰᠠᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠢᠳᠡᠪᠬᠢᠲᠡᠶ ᠪᠠᠷ ᠡᠮᠬᠢᠯᠡᠨ ᠨᠡᠶᠢᠯᠡᠭᠦᠯᠵᠦ᠂ ᠭᠡᠷ ᠪᠦᠯᠢ ᠶᠢᠨ ᠵᠢᠵᠢᠭ ᠡᠮ ᠤᠨ ᠬᠠᠶᠢᠷᠴᠠᠭ ᠢᠶᠠᠷ ᠠᠴᠢᠶᠠᠯᠠᠪᠤᠷᠢ ᠪᠣᠯᠭᠠᠨ᠂ ︽ᠲᠣᠭᠲᠠᠮᠠᠯ ᠬᠢᠭᠡᠳ ᠨᠡᠭᠦᠳᠡᠯ ᠢ ᠬᠠᠷᠢᠯᠴᠠᠨ ᠤᠶᠠᠯᠳᠤᠭᠤᠯᠬᠤ︾ ᠰᠢᠨ᠎ᠡ ᠮᠠᠶ᠋ᠢᠭ ᠤᠨ ᠮᠠᠯᠵᠢᠬᠤ ᠣᠷᠣᠨ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠨ᠎ᠡ ᠵᠠᠭᠪᠤᠷᠰᠢᠯ ᠢ ᠪᠦᠲᠦᠭᠡᠯᠴᠢ ᠪᠠᠷ ᠪᠠᠶᠢᠭᠤᠯᠵᠤ᠂ ᠮᠠᠯᠴᠢᠨ ᠲᠠᠷᠢᠶᠠᠴᠢᠳ ᠤᠨ ᠥᠷᠭᠡᠨ ᠬᠦᠷᠢᠶᠡᠯᠡᠯ ᠢ ᠣᠯᠤᠭᠰᠠᠨ ᠪᠠᠶᠢᠨ᠎ᠠ᠃ ᠡᠨᠡ ᠵᠢᠯ ᠤᠨ ᠰᠡᠭᠦᠯᠴᠢ ᠠᠴᠠ ᠡᠮᠦᠨ᠎ᠡ ᠪᠦᠬᠦ ᠣᠷᠣᠨ ᠤ ᠪᠠᠷᠢᠮᠵᠢᠶᠠᠵᠢᠭᠰᠠᠨ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠦᠷᠢᠨ ᠪᠦᠷᠬᠦᠯᠲᠡ ᠶᠢ ᠪᠡᠶᠡᠯᠡᠭᠦᠯᠵᠤ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠬᠦ ᠪᠤᠯᠤᠨ᠎ᠠ᠃      ᠲᠥᠯᠥᠪᠵᠢᠭᠦᠯᠭᠡ ᠶᠣᠰᠣᠭᠠᠷ᠂ 2017 ᠣᠨ ᠳᠤ᠂ ᠥᠪᠥᠷ ᠮᠣᠩᠭᠤᠯ ᠤᠳᠤ ᠦᠶ᠎ᠡ ᠶᠢᠨ ᠡᠮᠨᠡᠯᠭᠡ ᠶᠢᠨ  ᠬᠤᠷᠢᠶᠠᠨ ᠤ ᠬᠠᠮᠢᠶᠠᠷᠤᠯᠲᠠ ᠶᠢᠨ ᠲᠥᠷᠢᠮ ᠢ ᠦᠨᠳᠦᠰᠦᠨ ᠳᠡᠭᠡᠨ ᠪᠠᠶᠢᠭᠤᠯᠤᠨ᠂ ᠬᠤᠰᠢᠭᠤ ᠰᠢᠶᠠᠨ ᠤ ᠬᠡᠪᠴᠢᠶᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠦᠨᠳᠦ ᠡᠪᠡᠳᠴᠢᠨ ᠦᠵᠡᠬᠦᠯᠬᠦ ᠳᠤ ᠬᠤᠰᠢᠭᠤᠨ ᠰᠢᠶᠠᠨ ᠠᠴᠠ ᠭᠠᠷᠬᠤ ᠦᠭᠡᠢ᠂ ᠣᠯᠠᠨ ᠲᠦᠮᠡᠨ ᠲᠤᠰ ᠭᠠᠵᠠᠷ ᠲᠤ ᠪᠠᠨ ᠡᠮᠨᠡᠭᠦᠯᠵᠦ ᠪᠤᠯᠬᠤ ᠶᠢ ᠦᠨᠳᠦᠰᠦᠨ ᠳᠡᠭᠡᠨ ᠪᠡᠶᠡᠯᠡᠬᠦᠯᠬᠦ ᠪᠠᠷ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号