ᠮᠠᠨ ᠤ ᠣᠷᠣᠨ ᠤ 46 ᠲᠥᠷᠥᠯ ᠤᠨ ᠲᠠᠷᠢᠶᠠᠯᠠᠩ ᠮᠠᠯ ᠠᠵᠤ ᠠᠬᠤᠢ ᠶᠢᠨ ᠳᠡᠭᠡᠳᠦ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠦᠷ ᠪᠦᠲᠦᠭᠡᠯ ᠶᠠᠩ ᠯᠢᠩ ᠲᠠᠷᠢᠶᠠᠯᠠᠩ ᠤᠨ ᠳᠡᠭᠡᠳᠦ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠪᠦᠲᠦᠭᠡᠭᠳᠡᠬᠦᠨ ᠤ ᠳᠡᠯᠭᠡᠨ ᠦᠵᠡᠭᠦᠯᠦᠯᠭᠡ ᠶᠢᠨ ᠴᠤᠭᠯᠠᠭᠠᠨ ᠳᠤ ᠨᠢᠭᠤᠷ ᠵᠣᠯᠭᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2015/11/9
   11 ᠳ᠋ᠦ᠋ᠭᠡᠷ ᠰᠠᠷ᠎ᠠ ᠶᠢᠨ 5᠎ ᠤ ᠡᠳᠦᠷ ᠤᠨ ᠦᠳᠡ ᠶᠢᠨ ᠡᠮᠦᠨ᠎ᠡ᠂ ᠲᠠᠷᠢᠶᠠᠯᠠᠩ ᠤᠨ ᠶᠠᠮᠤᠨ᠂ ᠰᠢᠨᠵᠢᠯᠡᠬᠦ ᠤᠬᠠᠭᠠᠨ ᠮᠡᠷᠭᠡᠵᠢᠯ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 19 ᠶᠠᠮᠤᠨ ᠵᠥᠪᠯᠡᠯ ᠤᠨ ᠬᠠᠮᠲᠤᠷᠠᠨ ᠡᠷᠬᠢᠯᠡᠭᠰᠡᠨ 22 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ᠶᠠᠩ ᠯᠢᠩ ᠲᠠᠷᠢᠶᠠᠯᠠᠩ ᠤᠨ ᠳᠡᠭᠡᠳᠦ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠪᠦᠲᠦᠭᠡᠭᠳᠡᠬᠦᠨ ᠤ ᠳᠡᠯᠭᠡᠨ ᠦᠵᠡᠭᠦᠯᠦᠯᠭᠡ ᠶᠢᠨ ᠴᠤᠭᠯᠠᠭᠠᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠶᠠᠩ ᠯᠢᠩ ᠳᠤ ᠡᠬᠢᠯᠡᠵᠡᠢ᠃ ᠮᠠᠨ ᠤ ᠣᠷᠣᠨ ᠤ 12 ᠠᠶᠢᠮᠠᠭ ᠬᠤᠲᠠ᠂ ᠳᠡᠭᠡᠳᠦ ᠰᠤᠷᠭᠠᠭᠤᠯᠢ᠂ ᠬᠦᠷᠢᠶᠡᠯᠡᠩ ᠲᠣᠭᠤᠷᠢᠭ᠂ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠢᠶᠠᠷ ᠪᠦᠷᠢᠯᠳᠦᠭᠰᠡᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ 5 ᠡᠳᠦᠷ ᠤᠨ ᠳᠡᠯᠭᠡᠨ ᠦᠵᠡᠭᠦᠯᠦᠯᠭᠡ ᠶᠢᠨ ᠴᠤᠭᠯᠠᠭᠠᠨ ᠳᠡᠭᠡᠷ᠎ᠡ ᠲᠠᠷᠢᠶᠠᠯᠠᠩ ᠮᠠᠯ ᠠᠵᠤ ᠠᠬᠤᠢ ᠶᠢᠨ 46 ᠳᠡᠭᠡᠳᠦ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ  ᠦᠷ᠎ᠡ ᠪᠦᠲᠦᠭᠡᠯ ᠢ ᠳᠡᠯᠭᠡᠭᠡᠨ ᠦᠵᠡᠭᠦᠯᠬᠦ ᠪᠣᠯᠣᠨ᠎ᠠ᠃      ᠮᠠᠨ ᠤ ᠣᠷᠣᠨ ᠤ ᠳᠡᠯᠭᠡᠨ ᠦᠵᠡᠭᠦᠯᠦᠯᠭᠡ ᠳᠤ ᠣᠷᠣᠯᠴᠠᠬᠤ ᠲᠦᠷᠦᠯ ᠵᠦᠢᠯ ᠨᠢ ᠪᠣᠬᠢᠷᠳᠠᠯ ᠦᠭᠡᠢ ᠠᠮᠢᠳᠤ ᠪᠣᠳᠠᠰ ᠤᠨ ᠪᠣᠷᠳᠣᠭᠤᠷ᠂ ᠮᠠᠯ ᠠᠵᠤ ᠠᠬᠤᠢ ᠪᠣᠯᠣᠨ ᠲᠠᠷᠢᠮᠠᠯ ᠤᠨ ᠡᠳ᠋ᠰᠢᠭᠦᠯᠦᠭᠰᠡᠨ ᠰᠢᠨ᠎ᠡ ᠡᠭᠦᠯᠳᠡᠷ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠪᠣᠯᠣᠨ ᠨᠠᠷᠠᠯᠢᠭ ᠪᠣᠯᠪᠠᠰᠤᠷᠠᠭᠤᠯᠤᠭᠰᠠᠨ‌‍ᠲ᠋ᠠᠷᠢᠶᠠᠯᠠᠩ ᠤᠨ ᠪᠦᠲᠦᠭᠡᠭᠳᠡᠬᠦᠨ ᠵᠡᠷᠭᠡ ᠣᠨᠴᠠᠯᠢᠭᠲᠤ ᠳᠠᠪᠠᠭᠤᠯᠢᠭ ᠬᠦᠷᠢᠶ᠎ᠠ ᠬᠡᠪᠴᠢᠶᠡᠨ ᠳᠤ ᠬᠤᠯᠪᠣᠭᠳᠠᠵᠠᠢ᠃ ᠴᠤᠭᠯᠠᠭᠠᠨ ᠤ ᠡᠬᠢᠨ ᠤ ᠡᠳᠦᠷ᠂ ᠮᠠᠨ ᠤ ᠣᠷᠣᠨ ᠤ ᠲᠥᠯᠥᠭᠡᠯᠡᠭᠴᠢᠳ ᠤᠨ ᠪᠦᠯᠬᠦᠮ ︽2016 ᠣᠨ  ᠤᠯᠠᠭᠠᠨᠬᠠᠳᠠ᠂ ᠳᠤᠮᠳᠠᠳᠤ ᠤᠯᠤᠰ ᠤᠨ ᠤᠮᠠᠷᠠᠲᠤ ᠣᠷᠣᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠳᠡᠯᠭᠡᠭᠡᠨ ᠦᠵᠡᠭᠦᠯᠦᠯᠭᠡ ᠵᠢᠴᠢ ᠪᠦᠬᠦ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠳᠡᠯᠭᠡᠭᠡᠨ ᠦᠵᠡᠭᠦᠯᠦᠯᠭᠡ ᠶᠢᠨ ᠴᠤᠭᠯᠠᠭᠠᠨ ᠤ ᠲᠤᠷᠠᠭᠠᠨ ᠵᠠᠮ ᠤᠨ ᠰᠢᠨ᠎ᠡ ᠡᠭᠦᠳᠦᠯᠲᠡ ᠶᠢᠨ ᠲᠥᠷᠥᠯ ᠲᠡᠮᠳᠡᠭᠲᠦ ᠶᠢ ᠳᠡᠯᠭᠡᠨ ᠦᠵᠡᠭᠦᠯᠬᠦ ᠰᠣᠯᠢᠯᠴᠠᠭᠠᠨ ᠠᠷᠠᠯᠵᠢᠶᠠᠨ ᠤ ᠬᠤᠷᠠᠯ︾᠎ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠡᠢ᠃ ᠲᠤᠰ ᠡᠳᠦᠷ᠂ ᠥᠪᠥᠷ ᠮᠣᠩᠭᠤᠯ ᠤᠨ ᠰᠠᠨᠰᠠᠷ ᠠᠶᠠᠯᠠᠭᠴᠢ ᠳᠡᠭᠡᠳᠦ ᠮᠡᠷᠭᠡᠵᠢᠯ ᠤᠨ ᠪᠦᠲᠦᠭᠡᠭᠳᠡᠬᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠨᠢ ᠪᠠᠰᠠ ᠰᠢ ᠠᠨ ᠤ ᠮᠠᠢ ᠴᠢ ᠳ᠋ᠣᠣ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠯᠤᠭ᠎ᠠ ᠪᠠᠷᠠᠭᠤᠨ ᠣᠷᠣᠨ ᠤ ᠴᠢᠴᠢᠷᠭᠠᠨ᠎ᠠ ᠎ ᠶᠢᠨ ᠳᠡᠭᠡᠳᠦ ᠮᠡᠷᠭᠡᠵᠢᠯ ᠤᠨ ᠪᠦᠲᠦᠭᠡᠭᠳᠡᠬᠦᠨ ᠤ ᠠᠵᠤ ᠦᠢᠯᠡᠰᠵᠢᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠎ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠳᠡᠯᠭᠡᠷᠡᠭᠦᠯᠬᠦ ᠬᠠᠮᠲᠤᠷᠠᠯᠴᠠᠭ᠎ᠠ ᠶᠢᠨ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠵᠤ᠂ ᠬᠡᠯᠡᠯᠴᠡᠭᠡᠷ ᠤᠨ ᠵᠣᠭᠤᠰᠤᠨ ᠲᠤᠭ᠎ᠠ ᠨᠢ 3.6 ᠳ᠋ᠦᠩᠰᠢᠭᠤᠷ ᠲᠥᠭᠦᠷᠢᠭ ᠪᠤᠯᠠᠪᠠ᠃      ᠲᠣᠰ ᠬᠤᠭᠤᠴᠠᠭᠠᠨ ᠤ ᠦᠵᠡᠭᠦᠯᠦᠯᠭᠡ ᠶᠢᠨ ᠴᠤᠭᠯᠠᠭᠠᠨ ᠨᠢ ᠣᠨᠴᠠᠯᠢᠭᠲᠤ ᠣᠳᠣ ᠦᠶ᠎ᠡ ᠶᠢᠨ ᠲᠠᠷᠢᠶᠠᠯᠠᠩ ᠢ ᠬᠥᠲᠥᠯᠬᠦ ᠪᠠᠷ ᠭᠤᠣᠯ ᠰᠡᠳᠦᠪ ᠪᠣᠯᠭᠠᠵᠤ᠂ ᠭᠤᠣᠯ ᠠᠭᠤᠯᠭ᠎ᠠ ᠳᠤ ᠰᠢᠨ᠎ᠡ ᠲᠤᠷᠠᠭᠠᠨ ᠵᠠᠮ ᠤᠨ ᠰᠢᠨ᠎ᠡ ᠲᠥᠷᠥᠯ ᠲᠡᠮᠳᠡᠭᠲᠦ ᠶᠢ ᠡᠭᠦᠳᠬᠦ ᠠᠵᠢᠯᠯᠠᠭ᠎ᠠ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠬᠤᠯᠪᠤᠭᠠᠲᠤ ᠦᠵᠡᠭᠦᠯᠦᠯᠭᠡ᠂ ᠤᠯᠠᠨ ᠤᠯᠤᠰ ᠤᠨ ᠲᠠᠷᠢᠶᠠᠯᠠᠩ ᠤᠨ ᠬᠠᠮᠲᠤᠷᠠᠯᠴᠠᠭ᠎ᠠ ᠰᠣᠯᠢᠯᠴᠠᠭ᠎ᠠ ᠂ ᠣᠳᠣ ᠦᠶ᠎ᠡ ᠶᠢᠨ ᠲᠠᠷᠢᠶᠠᠯᠠᠩ ᠤᠨ ᠣᠨᠣᠯ ᠤᠨ ᠰᠤᠳᠤᠯᠤᠯ ᠶᠠᠷᠢᠯᠴᠠᠭ᠎ᠠ ᠵᠡᠷᠭᠡ ᠨᠠᠢᠮᠠᠨ ᠶᠡᠭᠡ ᠬᠡᠰᠡᠭ ᠤᠨ ᠵᠠᠭᠤ ᠰᠢᠬᠠᠮ ᠠᠵᠢᠯᠯᠠᠭ᠎ᠠ ᠶᠢ ᠪᠠᠭᠲᠠᠭᠠᠵᠤ᠂ ︽ᠨᠢᠭᠡ ᠪᠦᠰᠡ ᠨᠢᠭᠡ ᠵᠠᠮ ︾᠎ ᠤᠨ ᠡᠯᠧᠮᠧᠨ᠋ᠲ ᠳᠤᠪᠤᠶᠢᠯᠭᠠᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号