ᠥᠨᠥᠳᠥᠷ ᠠᠴᠠ ᠡᠬᠢᠯᠡᠨ᠂ ᠮᠠᠨ ᠤ ᠣᠷᠣᠨ ᠤ ︽ᠵᠢᠷᠭᠤᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠪᠠᠶᠢᠴᠠᠭᠠᠨ ᠰᠢᠯᠭᠠᠵᠤ ᠠᠪᠬᠤ ᠠᠵᠢᠯ ᠢ ᠵᠢᠩᠬᠢᠨᠢ ᠪᠠᠷ ᠡᠬᠢᠯᠡᠭᠦᠯᠪᠡ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ | ᠵᠥᠪᠯᠡᠯᠭᠡᠨ᠂ ᠬᠠᠤᠯᠢ ᠴᠠᠭᠠᠵᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠤᠳ ᠢᠶᠠᠷ ᠪᠦᠷᠢᠯᠳᠦᠭᠰᠡᠨ 9 ᠪᠠᠶᠢᠴᠠᠭᠠᠨ | ᠰᠢᠯᠭᠠᠵᠤ ᠠᠪᠬᠤ ᠠᠵᠢᠯ ᠤᠨ ᠳᠤᠭᠤᠶᠢᠯᠠᠩ ᠡᠯ᠎ᠡ ᠠᠶᠢᠮᠠᠭ ᠬᠤᠲᠠ ᠳᠤ ᠬᠦᠷᠴᠦ᠂ ᠪᠠᠶᠢᠴᠠᠭᠠᠨ ᠰᠢᠯᠭᠠᠵᠤ ᠠᠪᠬᠤ | ᠠᠵᠢᠯ ᠢ ᠬᠢᠪᠡ᠃ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠳ ᠤᠨ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠮᠵᠢ ᠶᠢᠨ ᠪᠠᠶᠢᠭᠤᠯᠤᠯᠲᠠ᠂ ᠦᠨᠳᠦᠰᠦᠨ ᠬᠠᠤᠯᠢ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ | ᠬᠠᠤᠯᠢ ᠵᠡᠷᠭᠡ ᠤᠯᠤᠰ ᠤᠨ ᠦᠨᠳᠦᠰᠦᠨ ᠬᠠᠤᠯᠢ ᠴᠠᠭᠠᠵᠠ ᠬᠠᠤᠯᠢ ᠳᠦᠷᠢᠮ ᠢ ᠤᠬᠠᠭᠤᠯᠬᠤ᠂ ᠭᠤᠣᠯᠳᠠᠯᠭ᠎ᠠ ᠲᠠᠢ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠲᠦᠭᠡᠮᠡᠯᠵᠢᠭᠦᠯᠬᠦ ᠭᠤᠣᠯ ᠡᠲᠡᠭᠡᠳ ᠬᠠᠤᠯᠢ ᠰᠤᠷᠴᠤ ᠬᠠᠤᠯᠢ ᠶᠢ | ᠬᠡᠷᠡᠭᠵᠢᠭᠦᠯᠬᠦ᠂ ︽ᠬᠠᠤᠯᠢ ᠴᠠᠭᠠᠵᠠᠶᠢᠨ ᠵᠢᠷᠭᠤᠭᠠᠨ ᠲᠦᠭᠡᠮᠡᠯᠵᠢᠭᠦᠯᠬᠦ︾ ᠶᠢᠨ ᠠᠵᠢᠯᠯᠠᠭ᠎ᠠ ᠶᠢ ᠥᠷᠨᠢᠭᠦᠯᠬᠦ᠂ | ᠬᠠᠤᠯᠢ ᠪᠠᠷ ᠵᠠᠰᠠᠵᠤ ᠡᠭᠦᠳᠦᠨ ᠪᠠᠶᠢᠭᠤᠯᠬᠤ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ᠎ᠠ︔ ᠬᠠᠷᠢᠭᠤ | ᠮᠡᠳᠡᠭᠦᠯᠦᠯᠲᠡ ᠰᠣᠨᠣᠰᠬᠤ᠂ ᠳᠠᠩᠰᠠ ᠡᠪᠬᠡᠮᠡᠯ ᠪᠠᠶᠢᠴᠠᠭᠠᠨ ᠦᠵᠡᠬᠦ᠂ ᠪᠣᠳᠠᠲᠤ ᠭᠠᠵᠠᠷ ᠢᠶᠠᠷ ᠠᠰᠠᠭᠤᠨ | ᠰᠤᠷᠪᠤᠯᠵᠢᠯᠠᠬᠤ᠂ ᠰᠤᠩᠭᠤᠨ ᠪᠠᠶᠢᠴᠠᠭᠠᠬᠤ ᠵᠡᠷᠭᠡ ᠤᠯᠠᠨ ᠵᠦᠢᠯ ᠤᠨ ᠬᠡᠯᠪᠡᠷᠢ ᠮᠠᠶ᠋ᠢᠭ ᠢᠶᠠᠷ ᠳᠠᠮᠵᠢᠵᠤ ᠪᠠᠶᠢᠴᠠᠭᠠᠨ | ᠰᠢᠯᠭᠠᠵᠤ ᠠᠪᠬᠤ ᠠᠵᠢᠯ ᠢ ᠥᠷᠨᠢᠭᠦᠯᠵᠦ᠂ ᠬᠠᠮᠲᠤ ᠳᠤᠨᠢ ᠪᠦᠬᠦ ᠣᠷᠣᠨ ᠤ ᠡᠯ᠎ᠡ ᠭᠠᠵᠠᠷ ᠤᠨ ᠬᠢᠨ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠵᠦ ᠬᠠᠤᠯᠢ ᠪᠠᠷ ᠵᠠᠰᠠᠬᠤ ᠠᠵᠢᠯ ᠤᠨ ᠳᠤᠮᠳᠠᠬᠢ | ᠠᠮᠵᠢᠯᠲᠠ ᠲᠠᠢ ᠲᠤᠷᠰᠢᠯᠭ᠎ᠠ ᠶᠢ ᠶᠡᠬᠡᠪᠡᠷ ᠤᠬᠠᠭᠤᠯᠵᠤ᠂ ᠬᠠᠤᠯᠢ ᠪᠠᠷ ᠵᠠᠰᠠᠬᠤ ᠥᠪᠥᠷ ᠮᠣᠩᠭᠤᠯ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠠᠬᠤᠢ ᠶᠢ ᠪᠤᠢ ᠪᠤᠯᠭᠠᠨ᠎ᠠ᠃ | |