ᠥᠪᠥᠷ ᠮᠣᠩᠭᠤᠯ ᠡᠯ᠎ᠡ ᠠᠶᠢᠮᠠᠭ ᠬᠤᠲᠠ ᠶᠢᠨ ᠬᠢᠨ ᠳᠤ ︽ᠬᠠᠬᠢᠷ ᠬᠦᠢᠲᠡᠨ ᠳᠤ ᠬᠠᠶᠢᠷ᠎ᠠ ᠬᠠᠯᠠᠮᠵᠢ ᠬᠦᠷᠭᠡᠬᠦ︾ ᠲᠤᠰᠬᠠᠶ ᠲᠡᠩᠭᠡᠷᠡᠭᠦᠯᠦᠨ ᠲᠤᠰᠠᠯᠠᠬᠤ ᠠᠵᠢᠯᠯᠠᠭ᠎ᠠ ᠶᠢ ᠦᠷᠨᠢᠬᠦᠯᠬᠦ ᠶᠢ ᠱᠠᠭᠠᠷᠳᠠᠪᠠ
ᠨᠡᠶᠢᠲᠡᠯᠡᠭᠰᠡᠨ ᠴᠠᠭ᠄
2015/12/1
     ᠣᠶᠢᠷ᠎ᠠ ᠳᠤ᠂ ᠮᠠᠨ ᠤ ᠣᠷᠣᠨ ᠳᠤ ᠴᠤᠴᠢᠮᠠᠭ ᠬᠦᠢᠲᠡᠷᠡᠵᠤ᠂ ᠣᠯᠠᠨ ᠭᠠᠵᠠᠷ ᠲᠤ ᠴᠠᠰᠤ ᠤᠷᠤᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ︽ᠬᠠᠬᠢᠷ ᠬᠦᠢᠲᠡᠨ ᠳᠤ ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠵᠤ᠂ ᠡᠯ᠎ᠡ ᠠᠶᠢᠮᠠᠭ ᠬᠤᠳᠠ ᠶᠢᠨ ᠎ ᠬᠢᠨ ᠳᠤ ᠬᠠᠬᠢᠷ ᠡᠪᠦᠯ ᠤᠨ ᠲᠡᠩᠭᠡᠷᠡᠬᠦᠯᠦᠨ ᠲᠤᠰᠠᠯᠠᠬᠤ ᠠᠵᠢᠯ ᠢ ᠢᠳᠡᠪᠬᠢᠲᠡᠶ ᠥᠷᠨᠢᠭᠦᠯᠵᠦ᠂ ᠬᠦᠴᠢᠷᠳᠡᠯ ᠭᠠᠴᠢᠭᠳᠠᠯ ᠳᠤ ᠲᠤᠯᠭᠠᠷᠠᠵᠤ᠂ ᠲᠤᠭᠲᠠᠭᠰᠠᠨ ᠤᠷᠤᠨ ᠰᠠᠭᠤᠴᠠ ᠦᠭᠡᠶ᠂ ᠵᠡᠭᠡᠯᠢ ᠪᠠᠷ ᠲᠡᠨᠦᠬᠦᠴᠢᠯᠡᠨ ᠶᠠᠪᠤᠭ᠎ᠠ ᠠᠮᠢᠳᠤᠷᠠᠯ ᠨᠢ ᠪᠠᠲᠤᠯᠠᠭ᠎ᠠ ᠦᠭᠡᠢ ᠬᠥᠮᠦᠰ ᠢ ᠳᠡᠭᠡᠳᠦ ᠬᠡᠮᠵᠢᠶ᠎ᠡ ᠪᠠᠷ ᠠᠩᠬᠠᠷᠴᠤ᠂ ᠲᠡᠳᠡᠨ ᠤ ᠲᠤᠯᠭᠠᠮ᠎ᠠ ᠠᠰᠠᠭᠤᠳᠠᠯ ᠢ ᠨᠢ ᠬᠠᠪᠰᠤᠷᠤᠨ ᠰᠢᠢᠳᠪᠦᠷᠢᠯᠡᠵᠤ᠂ ᠴᠠᠭ ᠲᠤᠬᠠᠶ ᠳᠤᠨᠢ ᠲᠡᠩᠭᠡᠷᠡᠭᠦᠯᠦᠨ ᠲᠤᠰᠠᠯᠠᠬᠤ ᠶᠢ ᠦᠨᠡᠨᠬᠦ ᠪᠠᠲᠤᠯᠠᠬᠤ ᠬᠡᠷᠡᠭᠲᠡᠶ ᠬᠡᠵᠤ ᠱᠠᠭᠠᠷᠳᠠᠪᠠ᠃     ᠮᠡᠳᠡᠭᠳᠡᠯ ᠳᠤ᠂ ᠡᠯ᠎ᠡ ᠠᠶᠢᠮᠠᠭ ᠬᠤᠳᠠ ᠨᠤᠭᠤᠳ ︽ᠬᠠᠬᠢᠷ ᠬᠦᠢᠲᠡᠨ ᠳᠤ ᠬᠠᠶᠢᠷ᠎ᠠ ᠬᠠᠯᠠᠮᠵᠢ ᠬᠦᠷᠭᠡᠬᠦ︾ ᠲᠤᠰᠬᠠᠶ  ᠲᠡᠩᠭᠡᠷᠡᠭᠦᠯᠦᠨ ᠲᠤᠰᠠᠯᠠᠬᠤ ᠠᠵᠢᠯᠯᠠᠭ᠎ᠠ ᠶᠢᠨ ᠲᠥᠰᠦᠯ ᠢ ᠲᠣᠭᠲᠠᠭᠠᠵᠤ᠂ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ ᠪᠠ ᠲᠦᠷᠭᠡᠨ ᠲᠡᠩᠭᠡᠷᠡᠭᠦᠯᠦᠨ ᠲᠤᠰᠠᠯᠠᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠡᠨᠦᠭᠦᠴᠢᠯᠡᠨ ᠭᠤᠶᠢᠷᠠᠨᠴᠢᠯᠠᠵᠤ ᠶᠠᠪᠤᠭ᠎ᠠ ᠬᠦᠮᠦᠰ ᠤᠨ ᠰᠢᠨ᠎ᠡ ᠣᠨᠴᠠᠯᠢᠭ᠂ ᠰᠢᠨ᠎ᠡ ᠬᠠᠨᠳᠤᠰᠢ ᠶᠢ ᠦᠨᠳᠦᠰᠦᠯᠡᠵᠦ᠂ ᠴᠢᠭᠯᠡᠬᠦᠯᠬᠦ ᠴᠢᠨᠠᠷᠲᠠᠶ ᠠᠷᠭ᠎ᠠ ᠬᠡᠮᠵᠢᠶ᠎ᠡ ᠠᠪᠴᠤ᠂ ᠨᠡᠩ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ ᠪᠠᠷ ᠲᠡᠩᠭᠡᠷᠡᠭᠦᠯᠦᠨ ᠲᠤᠰᠠᠯᠠᠬᠤ ᠬᠡᠷᠡᠭᠲᠠᠢ᠃ ᠪᠥᠬᠦ ᠣᠷᠣᠨ ᠤ ᠡᠯ᠎ᠡ ᠲᠡᠩᠭᠡᠷᠡᠭᠦᠯᠦᠨ ᠲᠤᠰᠠᠯᠠᠬᠤ ᠬᠠᠮᠠᠭᠠᠯᠠᠯᠲᠠ ᠶᠢᠨ ᠪᠠᠶᠢᠭᠤᠯᠤᠮᠵᠢ ᠨᠤᠭᠤᠳ ᠳᠣᠲᠣᠭᠠᠳᠤ ᠶᠢ ᠬᠠᠮᠠᠭᠠᠯᠠᠬᠤ᠂ ᠬᠤᠳᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠰᠥᠨᠢ ᠪᠠᠶᠢᠴᠠᠭᠠᠬᠤ᠂ ᠴᠠᠭᠳᠠᠨ ᠪᠠᠶᠢᠴᠠᠭᠠᠬᠤ ᠠᠵᠢᠯ ᠢ ᠢᠳᠡᠪᠬᠢᠲᠡᠶ ᠪᠠᠷ ᠬᠠᠮᠵᠢᠨ᠂ ᠵᠡᠭᠡᠯᠢ᠂ ᠬᠥᠭᠦᠷᠭᠡ᠂ ᠴᠡᠴᠡᠷᠯᠢᠭ ᠵᠡᠷᠭᠡ ᠣᠷᠣᠨ ᠲᠤᠭᠤᠷᠢᠭ ᠲᠤ ᠬᠤᠨᠤᠭᠯᠠᠵᠤ ᠪᠠᠶᠢᠭ᠎ᠠ ᠨᠠᠰᠤᠨ ᠳᠤ ᠬᠦᠷᠦᠭᠡᠳᠦᠢ ᠲᠡᠨᠦᠬᠦᠯᠴᠢᠨ ᠬᠡᠤᠭᠡᠳ ᠪᠤᠯᠤᠨ ᠪᠤᠰᠤᠳ ᠲᠡᠨᠦᠭᠦᠴᠢᠯᠡᠨ ᠭᠤᠶᠢᠷᠠᠨᠴᠢᠯᠠᠭᠴᠢ ᠶᠢ ᠰᠠᠨᠠᠭᠠᠴᠢᠯᠠᠭ᠎ᠠ ᠠᠴᠠ ᠪᠠᠨ ᠲᠡᠩᠭᠡᠷᠡᠭᠦᠯᠦᠨ ᠲᠤᠰᠠᠯᠠᠵᠤ᠂ ᠰᠠᠨᠠᠭᠠᠨ ᠳᠤ ᠦᠭᠡᠢ ᠶᠠᠪᠤᠳᠠᠯ ᠡᠭᠦᠰᠬᠦ ᠠᠴᠠ ᠰᠡᠷᠭᠡᠶᠢᠯᠡᠬᠦ ᠬᠡᠷᠡᠭᠲᠡᠶ᠃ ᠡᠯ᠎ᠡ ᠠᠶᠢᠮᠠᠭ ᠬᠤᠳᠠ ᠨᠤᠭᠤᠳ 24 ᠴᠠᠭ ᠤᠨ ᠦᠢᠯᠡᠴᠢᠯᠡᠬᠦ ᠬᠦᠯᠢᠶᠡᠨ ᠠᠪᠬᠤ ᠳᠦᠷᠢᠮ᠂  ᠤᠷᠢᠳᠠᠪᠠᠷ ᠬᠦᠯᠢᠶᠡᠨ ᠠᠪᠬᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠲᠡᠩᠭᠡᠷᠡᠭᠦᠯᠦᠨ ᠲᠤᠰᠠᠯᠠᠬᠤ ᠤᠲᠠᠰᠤ ᠶᠢ ᠰᠠᠭᠠᠳ ᠦᠭᠡᠢ ᠨᠡᠪᠲᠡᠷᠡᠭᠦᠯᠵᠦ᠂ ᠣᠯᠠᠨ ᠲᠦᠮᠡᠨ ᠤ ᠲᠤᠰᠬᠠᠭᠰᠠᠨ ᠲᠡᠩᠭᠡᠷᠡᠭᠦᠯᠦᠨ ᠲᠤᠰᠠᠯᠠᠬᠤ ᠮᠡᠳᠡᠭᠡ ᠵᠠᠩᠭᠢ ᠶᠢ ᠦᠳᠲᠡᠷ ᠲᠦᠷᠭᠡᠨ ᠰᠢᠢᠳᠪᠦᠷᠢᠯᠡᠬᠦ ᠬᠡᠷᠡᠭᠲᠠᠢ᠂ ᠬᠠᠷᠢᠯᠴᠠᠨ ᠲᠦᠯᠬᠢᠯᠴᠡᠵᠤ ᠪᠣᠯᠬᠤ ᠦᠭᠡᠢ᠃ ᠠᠵᠢᠯ ᠢᠶᠠᠨ ᠬᠠᠷᠢᠯᠴᠠᠨ ᠲᠦᠯᠬᠢᠯᠴᠡᠬᠦ᠂ ᠦᠯᠦ ᠨᠠᠶᠢᠳᠠᠪᠤᠷᠢᠵᠢᠭᠤᠯᠬᠤ᠂ ᠪᠠᠶᠢᠴᠠᠭᠠᠯᠲᠠ ᠨᠢ ᠤᠷᠤᠨ ᠪᠠᠶᠢᠷᠢᠨ ᠳᠠᠭᠠᠨ ᠦᠯᠦ ᠬᠦᠷᠦᠭᠰᠡᠨ᠂ ᠴᠠᠭ ᠲᠤᠬᠠᠶ ᠳᠤᠨᠢ ᠲᠡᠩᠭᠡᠷᠡᠭᠦᠯᠦᠨ ᠲᠤᠰᠠᠯᠠᠭᠰᠠᠨ ᠦᠬᠡᠢ ᠠᠴᠠ ᠪᠤᠯᠵᠤ ᠵᠡᠭᠡᠯᠢ ᠲᠡᠨᠦᠭᠦᠴᠢᠯᠡᠨ ᠭᠤᠶᠢᠷᠠᠨᠴᠢᠯᠠᠭᠴᠢ ᠰᠠᠨᠠᠭᠠᠨ ᠳᠤ ᠥᠭᠡᠢ ᠡ᠊ᠨᠳᠡᠯ ᠭᠠᠷᠤᠭᠰᠠᠨ ᠪᠠᠶᠢᠪᠠᠯ᠂ ᠲᠤᠬᠠᠶ ᠶᠢᠨ ᠬᠥᠮᠦᠨ ᠪᠤᠯᠤᠨ ᠤᠳᠤᠷᠢᠳᠤᠯᠭ᠎ᠠ ᠠᠴᠠ ᠨᠢ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠬᠡᠵᠤ ᠱᠠᠭᠠᠷᠳᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号