ᠥᠪᠥᠷ ᠮᠣᠩᠭᠤᠯ ᠤᠨ ᠨᠢᠳᠤᠷᠭᠠᠨ ᠲᠡᠮᠡᠴᠡᠭᠡᠨ ᠤ ᠠᠩᠭᠢ ᠶᠢᠨ ᠲᠠᠮᠢᠷᠴᠢᠳ ᠪᠦᠬᠦ ᠤᠯᠤᠰ ᠤᠨ ᠬᠠᠮᠤᠭ ᠥᠨᠳᠥᠷ ᠳᠡᠰ ᠤᠨ ᠤᠷᠤᠯᠳᠤᠭᠠᠨ ᠳᠤ ᠮᠠᠩᠯᠠᠶᠢᠯᠠᠪᠠ
ᠨᠡᠶᠢᠲᠡᠯᠡᠭᠰᠡᠨ ᠴᠠᠭ᠄
2015/12/1
     ᠣᠶᠢᠷ᠎ᠠ ᠳᠤ᠂ 2015 ᠣᠨ ᠤ ︽ᠵᠢᠦᠵᠢᠶᠠᠩ ᠬᠤᠨᠳᠠᠭᠠᠲᠤ︾ ᠪᠦᠬᠦ ᠤᠯᠤᠰ ᠤᠨ ᠡᠷᠡᠭᠲᠡᠶ ᠶᠢᠨ ᠨᠢᠳᠤᠷᠭᠠᠨ ᠲᠡᠮᠡᠴᠡᠭᠡᠨ ᠤ ᠲᠡᠷᠢᠭᠦᠨ ᠰᠢᠯᠭᠠᠷᠠᠭᠤᠯᠬᠤ ᠤᠷᠤᠯᠳᠤᠭᠠᠨ ᠾᠤᠪᠸᠢ ᠮᠤᠵᠢ ᠶᠢᠨ ᠴᠢᠶᠠᠨ ᠠᠨ ᠳᠤ ᠶᠠᠪᠤᠭᠳᠠᠪᠠ᠃ ᠱᠠᠨᠳᠦ᠋ᠩ᠂ ᠥᠪᠥᠷ ᠮᠣᠩᠭᠤᠯ᠂ ᠪᠡᠭᠡᠵᠢᠩ ᠵᠡᠷᠭᠡ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 29 ᠲᠥᠯᠥᠭᠡᠯᠡᠭᠴᠢᠳ ᠤᠨ ᠠᠩᠬᠢ ᠶᠢᠨ 184 ᠲᠠᠮᠢᠷᠴᠢᠨ ᠤᠷᠤᠯᠳᠤᠭᠠᠨ ᠳᠤ ᠣᠷᠣᠯᠴᠠᠪᠠ᠂ ᠪᠦᠬᠦ ᠤᠯᠤᠰ ᠤᠨ ᠬᠠᠮᠤᠭ ᠳᠡᠭᠡᠳᠦ ᠳᠡᠰ ᠤᠨ ᠨᠢᠳᠤᠷᠭᠠᠨ ᠲᠡᠮᠡᠴᠡᠭᠡᠨ ᠤ ᠤᠷᠤᠯᠳᠤᠭᠠᠨ ᠪᠣᠯᠣᠭᠰᠠᠨ ᠤ ᠬᠤᠪᠢ ᠳᠤ᠂ ᠡᠯ᠎ᠡ ᠪᠠᠭ ᠤᠨ ᠤᠷᠤᠯᠳᠤᠭᠠᠨ ᠳᠤ ᠣᠷᠣᠯᠴᠠᠬᠤ ᠲᠠᠮᠢᠷᠴᠢᠳ ᠨᠢ ᠪᠦᠷ 2015 ᠣᠨ ᠤ ᠪᠦᠬᠦ ᠤᠯᠤᠰ ᠤᠨ ᠡᠷᠡᠭᠲᠡᠶ ᠶᠢᠨ ᠨᠢᠳᠤᠷᠭᠠᠨ ᠲᠡᠮᠡᠴᠡᠭᠡᠨ ᠤ ᠮᠠᠩᠯᠠᠶ ᠰᠢᠯᠭᠠᠷᠠᠭᠤᠯᠬᠤ ᠤᠷᠤᠯᠳᠤᠭᠠᠨ ᠤ ᠡᠯ᠎ᠡ ᠲᠠᠰ ᠤᠨ ᠡᠮᠦᠨ᠎ᠡ 5 ᠨᠡᠷ᠎ᠡ ᠳᠤ ᠣᠷᠣᠭᠰᠠᠨ ᠲᠠᠮᠢᠷᠴᠢᠳ ᠪᠣᠯᠣᠨ᠎ᠠ᠃ ᠬᠤᠷᠴᠠ ᠰᠢᠷᠦᠭᠦᠨ ᠲᠡᠮᠡᠴᠡᠯᠳᠦᠭᠡᠨ ᠢ ᠳᠠᠮᠵᠢᠭᠠᠳ᠂ ᠥᠪᠥᠷ ᠮᠣᠩᠭᠤᠯ ᠤᠨ ᠨᠢᠳᠤᠷᠭᠠᠨ ᠲᠡᠮᠡᠴᠡᠭᠡᠨ ᠤ ᠠᠩᠭᠢ ᠶᠢᠨ ᠲᠠᠮᠢᠷᠴᠢᠨ ᠬᠤᠷᠴᠠᠪᠢᠯᠢᠭ᠌ 69 ᠺᠢᠯᠣᠭ᠍ᠷᠠᠮ ᠤᠨ ᠳᠡᠰ ᠲᠤ ᠮᠠᠩᠯᠠᠶᠢᠯᠠᠵᠤ᠂ ᠬᠠᠨ ᡁᠢ ᠶᠤᠸᠠᠨ 81 ᠺᠢᠯᠣᠭ᠍ᠷᠠᠮ ᠤᠨ ᠳᠡᠰ ᠤᠨ ᠭᠤᠷᠪᠠᠳᠤᠭᠠᠷ ᠲᠤ ᠣᠷᠣᠪᠠ᠃ ᠪᠷᠠᠽᠢᠯ ᠤᠨ ᠣᠯᠧᠮᠫᠢᠺ ᠤᠨ ᠴᠤᠭᠯᠠᠭᠠᠨ ᠳᠤ ᠣᠷᠣᠯᠴᠠᠬᠤ ᠬᠢᠷᠢ ᠬᠡᠮ ᠢ ᠨᠢᠭᠡᠨᠲᠡ ᠣᠯᠤᠭᠰᠠᠨ APB ᠲᠤᠰᠬᠠᠶ ᠮᠡᠷᠭᠡᠵᠢᠯ ᠤᠨ ᠨᠢᠳᠤᠷᠭᠠᠨ ᠲᠡᠮᠡᠴᠡᠭᠡᠨ ᠤ ᠳᠡᠯᠡᠬᠡᠶ ᠶᠢᠨ ᠮᠠᠩᠯᠠᠶ 49 ᠺᠢᠯᠣᠭ᠍ᠷᠠᠮ ᠤᠨ ᠳᠡᠰ ᠤᠨ ᠯᠢᠦᠢ ᠪᠢᠨ᠂ 55 ᠺᠢᠯᠣᠭ᠍ᠷᠠᠮ ᠤᠨ ᠳᠡᠰ ᠤᠨ ᠵᠠᠩ ᠵᠢᠶᠠ ᠸᠧᠢ ᠴᠦ ᠲᠤᠰ ᠲᠤᠰ ᠴᠢᠯᠦᠭᠡᠯᠡᠬᠦ ᠴᠡᠷᠢᠭ ᠤᠨ ᠲᠥᠯᠥᠭᠡᠯᠡᠭᠴᠢᠳ ᠤᠨ ᠠᠩᠭᠢ ᠪᠣᠯᠣᠨ ᠭᠤᠸᠠᠩᠳᠦ᠋ᠩ ᠤᠨ ᠲᠥᠯᠥᠭᠡᠯᠡᠭᠴᠢᠳ ᠤᠨ ᠠᠩᠭᠢ ᠶᠢ ᠲᠥᠯᠥᠭᠡᠯᠡᠨ ᠤᠷᠤᠯᠳᠤᠭᠠᠨ ᠳᠤ ᠣᠷᠣᠯᠴᠠᠵᠤ᠂ ᠲᠤᠰ ᠤᠳᠠᠭᠠᠨ ᠤ ᠤᠷᠤᠯᠳᠤᠭᠠᠨ ᠮᠠᠰᠢ ᠰᠢᠷᠦᠭᠦᠨ ᠶᠠᠪᠤᠭᠳᠠᠵᠤ᠂ ᠮᠠᠰᠢ ᠦᠵᠡᠭᠦᠰᠢᠲᠡᠢ ᠪᠣᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号