11 ᠳ᠋ᠦ᠋ᠭᠡᠷ ᠰᠠᠷ᠎ᠠ ᠶᠢᠨ 30 ᠤ ᠡᠳᠦᠷ ᠤᠨ ᠰᠥᠨᠢ ᠠᠴᠠ 12 ᠳ᠋ᠤᠭᠠᠷ ᠰᠠᠷ᠎ᠠ ᠶᠢᠨ 4 ᠤ ᠡᠳᠦᠷ ᠪᠣᠯᠲᠠᠯ᠎ᠠ᠂ | ᠣᠭᠲᠠᠷᠭᠤᠶ ᠶᠢᠨ ᠬᠦᠢᠲᠡᠨ ᠬᠤᠶᠢᠯᠠᠷᠠᠭ᠎ᠠ ᠵᠢᠴᠢ ᠭᠠᠵᠠᠷ ᠳᠡᠭᠡᠷᠡᠬᠢ ᠠᠭᠤᠷ ᠤᠨ ᠬᠤᠶᠢᠯᠠᠷᠠᠭ᠎ᠠ ᠶᠢᠨ ᠬᠠᠮᠲᠤ ᠶᠢᠨ | ᠨᠥᠯᠥᠭᠡᠯᠡᠯ ᠢᠶᠠᠷ᠂ ᠮᠠᠨ ᠤ ᠣᠷᠣᠨ ᠳᠤ ᠪᠠᠷᠠᠭᠤᠨ ᠠᠴᠠ ᠵᠡᠭᠦᠨᠰᠢ ᠨᠢᠭᠡ ᠤᠳᠠᠭ᠎ᠠ ᠶᠡᠭᠡ ᠰᠠᠯᠬᠢ ᠰᠠᠯᠬᠢᠯᠠᠵᠤ᠂ | ᠠᠭᠤᠷ ᠠᠮᠢᠰᠬᠤᠯ ᠬᠦᠢᠲᠡᠷᠡᠵᠦ᠂ ᠴᠠᠰᠤ ᠣᠷᠣᠵᠤ᠂ ᠵᠡᠭᠦᠨ ᠬᠡᠰᠡᠭ ᠤᠨ ᠭᠠᠵᠠᠷ ᠣᠷᠣᠨ ᠳᠤ ᠳᠤᠮᠳᠠ ᠠᠴᠠ ᠶᠡᠭᠡ | ᠴᠠᠰᠤ ᠣᠷᠣᠨ᠎ᠠ᠂ ᠬᠡᠰᠡᠭ ᠭᠠᠵᠠᠷ ᠢᠶᠠᠷ ᠣᠨᠴᠠ ᠴᠠᠰᠤ ᠣᠷᠣᠵᠤ᠂ ᠬᠡᠰᠡᠭ ᠭᠠᠵᠠᠷ ᠣᠷᠣᠨ ᠳᠤ ᠰᠢᠭᠤᠷᠭᠠᠯᠠᠨᠠ᠃ | 12 ᠳ᠋ᠤᠭᠠᠷ ᠰᠠᠷ᠎ᠠ ᠶᠢᠨ 1 ᠤ ᠡᠳᠦᠷ ᠤᠨ 8 ᠴᠠᠭ ᠠᠴᠠ 3 ᠤ ᠡᠳᠦᠷ ᠤᠨ 20 ᠴᠠᠭ ᠪᠣᠯᠲᠠᠯ᠎ᠠ᠂ ᠪᠠᠶᠠᠨᠨᠠᠭᠤᠷ | ᠬᠤᠲᠠ ᠶᠢᠨ ᠬᠤᠶᠢᠲᠤ ᠬᠡᠰᠡᠭ᠂ ᠪᠤᠭᠤᠲᠤ ᠬᠤᠲᠠ ᠶᠢᠨ ᠬᠤᠶᠢᠲᠤ ᠬᠡᠰᠡᠭ᠂ ᠬᠥᠬᠡᠬᠤᠲᠠ᠂ ᠤᠯᠠᠭᠠᠨᠴᠠᠪ ᠬᠤᠲᠠ᠂ | ᠰᠢᠯᠢ ᠶᠢᠨ ᠭᠤᠣᠯ ᠠᠶᠢᠮᠠᠭ᠂ ᠤᠯᠠᠭᠠᠨᠬᠠᠳᠠ ᠬᠤᠳᠠ᠂ ᠲᠦᠩᠯᠢᠶᠣᠤ ᠬᠤᠳᠠ᠂ ᠬᠢᠩᠭᠠᠨ ᠠᠶᠢᠮᠠᠭ᠂ ᠬᠥᠯᠥᠨ ᠪᠤᠶᠢᠷ | ᠬᠤᠳᠠ ᠳᠤ 0.1 ᠠᠴᠠ 2.4 ᠮᠢᠯᠢᠮᠧᠲᠷ ᠤᠨ ᠴᠠᠰᠤ ᠣᠷᠣᠨ᠎ᠠ᠂ ᠡᠭᠦᠨ ᠳᠤ᠂ ᠬᠢᠩᠭᠠᠨ ᠠᠶᠢᠮᠠᠭ ᠤᠨ ᠵᠡᠭᠦᠨ | ᠬᠤᠶᠢᠲᠤ ᠬᠡᠰᠡᠭ᠂ ᠬᠥᠯᠥᠨ ᠪᠤᠶᠢᠷ ᠬᠤᠳᠠ ᠶᠢᠨ ᠵᠡᠭᠦᠨ ᠡᠮᠦᠨᠡᠲᠦ ᠬᠡᠰᠡᠭ ᠲᠤ 10 ᠮᠢᠯᠢᠮᠧᠲᠷ ᠠᠴᠠ ᠳᠡᠭᠡᠭᠰᠢ | ᠭᠦᠨ ᠴᠠᠰᠤ ᠣᠷᠣᠵᠤ᠂ ᠬᠠᠮᠤᠭ ᠤᠨ ᠬᠦᠨ ᠳᠡᠭᠡᠨ 10 ᠠᠴᠠ 20 ᠰᠠᠨᠲ᠋ᠢᠮᠧᠲᠷ ᠤᠨ ᠴᠠᠰᠤ ᠬᠤᠷᠠᠨ᠎ᠠ᠃ ᠴᠠᠰᠤ | ᠣᠷᠣᠬᠤ ᠶᠢᠨ ᠳᠠᠭᠠᠤ ᠪᠦᠬᠦ ᠣᠷᠣᠨ ᠤ ᠶᠡᠬᠡᠩᠬᠢ ᠬᠡᠰᠡᠭ ᠲᠤ ᠠᠭᠤᠷ ᠠᠮᠢᠰᠬᠤᠯ 6 ᠠᠴᠠ 8 ᠼᠧᠯᠰ ᠬᠦᠢᠲᠡᠷᠡᠵᠦ᠂ | ᠡᠭᠦᠨ ᠳᠤ᠂ ᠪᠠᠷᠠᠭᠤᠨ ᠬᠡᠰᠡᠭ ᠳᠤᠮᠳᠠ ᠬᠡᠰᠡᠭ ᠵᠢᠴᠢ ᠵᠡᠭᠦᠨ ᠬᠡᠰᠡᠭ ᠤᠨ ᠡᠮᠦᠨᠡᠭᠦᠷ ᠭᠠᠵᠠᠷ ᠣᠷᠣᠨ ᠳᠤ 8 ᠠᠴᠠ | 10 ᠼᠧᠯᠰ ᠬᠦᠢᠲᠡᠷᠡᠨ᠎ᠡ᠂ ᠤᠷᠳᠤᠰ ᠬᠤᠳᠠ᠂ ᠪᠤᠭᠤᠲᠤ ᠬᠤᠲᠠ ᠶᠢᠨ ᠶᠡᠬᠡᠩᠬᠢ ᠬᠡᠰᠡᠭ᠂ ᠬᠥᠬᠡᠬᠤᠲᠠ᠂ | ᠤᠯᠠᠭᠠᠨᠴᠠᠪ ᠬᠤᠳᠠ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠬᠡᠰᠡᠭ᠂ ᠤᠯᠠᠭᠠᠨᠬᠠᠳᠠ ᠬᠤᠳᠠ᠂ ᠲᠦᠩᠯᠢᠶᠣᠤ | ᠬᠤᠲᠠ ᠳᠤ 10 ᠼᠧᠯᠰ ᠠᠴᠠ ᠳᠡᠭᠡᠭᠰᠢ ᠬᠦᠢᠲᠡᠷᠡᠨ᠎ᠡ᠃ |