12 ᠳ᠋ᠤᠭᠠᠷ ᠰᠠᠷ᠎ᠠ ᠶᠢᠨ 8 ᠤ ᠡᠳᠦᠷ᠂ ᠾᠧᠪᠸᠢ ᠮᠤᠵᠢ ᠳᠠᠬᠢ ᠥᠪᠥᠷ ᠮᠣᠩᠭᠤᠯ ᠤᠨ | ᠬᠤᠳᠠᠯᠳᠤᠭᠠᠴᠢᠳ ᠤᠨ ᠡᠪᠯᠡᠯ ᠾᠧᠪᠸᠢ ᠮᠤᠵᠢ ᠶᠢᠨ ᠱᠢ ᠵᠢᠶ᠋ᠨ ᠵᠤᠸ᠋ᠩ ᠬᠤᠲᠠ ᠳᠤ ᠪᠠᠶᠢᠭᠤᠯᠤᠭᠳᠠᠪᠠ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠴᠧᠩ | ᠸᠠᠩ ᠶᠣᠰᠣᠯᠠᠯ ᠳᠤ ᠣᠷᠣᠯᠴᠠᠵᠤ ᠢᠯᠡᠷᠬᠡᠶᠢᠯᠡᠯ ᠰᠡᠬᠦᠪᠡ᠃ | ᠾᠧᠪᠸᠢ ᠥᠪᠥᠷ ᠮᠣᠩᠭᠤᠯ ᠬᠤᠶᠠᠷ ᠣᠷᠣᠨ ᠬᠢᠯᠢ ᠨᠡᠶᠢᠯᠡᠨ ᠬᠥᠷᠰᠢᠯᠡᠵᠦ᠂ ᠣᠳᠣᠬᠠᠨ ᠳᠤ ᠾᠧᠪᠸᠢ ᠮᠤᠵᠢ | ᠳᠤ ᠥᠪᠥᠷ ᠮᠣᠩᠭᠤᠯ ᠤᠨ ᠬᠤᠳᠠᠯᠳᠤᠭᠠᠴᠢᠳ 6000 ᠭᠠᠷᠤᠢ ᠪᠠᠶᠢᠵᠤ᠂ ᠭᠤᠣᠯ ᠨᠢ ᠪᠠᠷᠢᠯᠭ᠎ᠠ᠂ ᠮᠥᠩᠭᠦᠨ | ᠭᠦᠢᠯᠭᠡᠭᠡ᠂ IT ᠡᠯᠧᠺᠲᠷᠣᠨ ᠵᠡᠷᠭᠡ ᠠᠵᠢᠯ ᠲᠥᠷᠥᠯ ᠡᠷᠬᠢᠯᠡᠵᠦ ᠪᠠᠶᠢᠨ᠎ᠠ᠃ ︽ᠨᠢᠭᠡ ᠪᠦᠰᠡ ᠨᠢᠭᠡ ᠵᠠᠮ︾ ᠤᠨ | ᠪᠠᠶᠢᠯᠳᠤᠬᠤ ᠪᠣᠳᠣᠯᠭ᠎ᠠ ᠶᠢᠨ ᠰᠡᠳᠬᠢᠮᠵᠢ᠂ ︽ᠪᠡᠭᠡᠵᠢᠩ ᠲᠢᠶᠠᠨᠵᠢᠨ ᠾᠧᠪᠸᠢ ᠬᠠᠮᠵᠢᠯᠴᠠᠨ ᠬᠥᠭᠵᠢᠬᠦ︾ | ᠲᠥᠯᠥᠪᠵᠢᠭᠦᠯᠭᠡ ᠶᠤᠰᠤᠭᠠᠷ᠂ ᠣᠳᠣ ᠴᠠᠭ ᠤᠨ ᠬᠤᠳᠠᠯᠳᠤᠭᠠᠨ ᠤ ᠦᠢᠯᠡᠰ ᠤᠨ ᠦᠳᠲᠡᠷ ᠲᠥᠷᠭᠡᠨ | ᠬᠥᠭᠵᠢᠯᠲᠡ ᠳᠤ ᠨᠡᠶᠢᠴᠡᠭᠦᠯᠦᠨ᠂ ᠾᠧᠪᠸᠢ ᠮᠤᠵᠢ ᠳᠤ ᠪᠠᠶᠢᠭ᠎ᠠ ᠥᠪᠥᠷ ᠮᠣᠩᠭᠤᠯ ᠤᠨ ᠬᠠᠷᠢᠶ᠎ᠠ ᠲᠠᠢ ᠠᠵᠤ | ᠦᠢᠯᠡᠳᠪᠦᠷᠢ ᠬᠤᠳᠠᠯᠳᠤᠭᠠᠨ ᠤ ᠬᠢᠨ ᠾᠧᠪᠸᠢ ᠮᠤᠵᠢ ᠳᠠᠬᠢ ᠥᠪᠥᠷ ᠮᠣᠩᠭᠤᠯ ᠤᠨ ᠬᠤᠳᠠᠯᠳᠤᠭᠠᠴᠢᠳ ᠤᠨ | ᠡᠪᠯᠡᠯ ᠢ ᠰᠠᠶᠢᠨ ᠳᠤᠷ᠎ᠠ ᠠᠴᠠ ᠪᠠᠨ ᠪᠠᠶᠢᠭᠤᠯᠪᠠ᠃ ᠾᠧᠪᠸᠢ ᠮᠤᠵᠢ ᠳᠠᠬᠢ ᠥᠪᠥᠷ ᠮᠣᠩᠭᠤᠯ ᠤᠨ | ᠬᠤᠳᠠᠯᠳᠤᠭᠠᠴᠢᠳ ᠤᠨ ᠡᠪᠯᠡᠯ ᠨᠢ ᠾᠧᠪᠸᠢ ᠥᠪᠥᠷ ᠮᠣᠩᠭᠤᠯ ᠬᠤᠶᠠᠷ ᠭᠠᠵᠠᠷ ᠤᠷᠤᠨ ᠤ ᠬᠠᠮᠲᠤᠷᠠᠯᠴᠠᠭ᠎ᠠ ᠪᠠ | ᠰᠣᠯᠢᠯᠴᠠᠭ᠎ᠠ ᠶᠢ ᠠᠬᠢᠭᠤᠯᠵᠤ᠂ ᠾᠧᠪᠸᠢ ᠮᠤᠵᠢ ᠳᠤ ᠪᠡᠯᠡ ᠣᠷᠣᠭᠤᠯᠤᠨ ᠦᠢᠯᠡᠰ ᠬᠥᠭᠵᠢᠭᠦᠯᠬᠦ ᠶᠢᠨ ᠵᠡᠷᠭᠡᠪᠡᠷ | ᠥᠪᠡᠷ ᠤᠨ ᠨᠣᠲᠤᠭ ᠥᠪᠥᠷ ᠮᠣᠩᠭᠤᠯ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠬᠤᠪᠢ ᠨᠡᠮᠡᠷᠢ | ᠦᠵᠡᠭᠦᠯᠬᠦ ᠪᠠᠷ ᠴᠢᠷᠮᠠᠶᠢᠬᠤ ᠪᠣᠯᠣᠨ᠎ᠠ᠃ ᠡᠪᠯᠡᠯ ᠪᠠᠶᠢᠭᠤᠯᠤᠭᠳᠠᠭᠰᠠᠨ ᠤ ᠳᠠᠷᠠᠭ᠎ᠠ᠂ ᠥᠪᠥᠷ ᠮᠣᠩᠭᠤᠯ ᠪᠣᠯᠳ | ᠾᠧᠪᠸᠢ ᠮᠤᠵᠢ ᠵᠢᠭᠤᠯᠴᠢᠯᠠᠯ ᠤᠨ ᠬᠥᠭᠵᠢᠯᠲᠡ ᠶᠢᠨ ᠪᠣᠷᠣ ᠲᠥᠯᠥᠪ ᠤᠨ ᠵᠥᠪᠯᠡᠯᠴᠡᠭᠡᠷ ᠲᠤ ᠭᠠᠷ ᠦᠰᠦᠭ ᠵᠢᠷᠤᠵᠤ᠂ | 7.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠾᠧᠪᠸᠢ ᠮᠤᠵᠢ ᠳᠠᠬᠢ ᠥᠪᠥᠷ ᠮᠣᠩᠭᠤᠯ ᠤᠨ | ᠬᠤᠳᠠᠯᠳᠤᠭᠠᠨ ᠤ ᠲᠣᠮᠣ ᠠᠰᠠᠷ ᠴᠦ ᠪᠠᠷᠢᠯᠭ᠎ᠠ ᠡᠬᠢᠯᠡᠵᠦ᠂ ᠴᠢᠭᠤᠯᠤᠯᠲᠤ ᠬᠠᠭᠠᠯᠭ᠎ᠠ ᠬᠤᠲᠠ ᠶᠢᠨ ᠬᠤᠳᠠᠯᠳᠤᠭᠠᠨ ᠤ | ᠪᠠᠩᠬᠢ ᠨᠢ ᠾᠧᠪᠸᠢ ᠮᠤᠵᠢ ᠳᠠᠬᠢ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠳᠤ 30 ᠳ᠋ᠦᠩᠰᠢᠭᠤᠷ | ᠲᠥᠭᠦᠷᠢᠭ ᠤᠨ ᠢᠲᠡᠭᠡᠮᠵᠢ ᠶᠢᠨ ᠮᠥᠩᠭᠦ ᠣᠯᠭᠤᠵᠤ ᠬᠤᠳᠠᠯᠳᠤᠭᠠᠴᠢᠳ ᠤᠨ ᠡᠪᠯᠡᠯ ᠪᠠ ᠲᠡᠭᠦᠨ ᠤ ᠭᠡᠰᠢᠭᠦᠳ ᠤᠨ | ᠬᠥᠭᠵᠢᠯᠲᠡ ᠶᠢ ᠳᠡᠮᠵᠢᠪᠡ᠃ | ᠾᠧᠪᠸᠢ ᠮᠤᠵᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ᠂ ᠪᠦᠬᠦ ᠤᠯᠤᠰ ᠤᠨ | ᠡᠯ᠎ᠡ ᠭᠠᠵᠠᠷ ᠳᠠᠬᠢ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠵᠡᠷᠭᠡ ᠶᠢᠨ ᠬᠠᠷᠢᠭᠤᠴᠠᠯᠭᠠᠲᠠᠨ ᠵᠢᠴᠢ | ᠾᠧᠪᠸᠢ ᠮᠤᠵᠢ ᠳᠤ ᠪᠠᠶᠢᠭ᠎ᠠ ᠥᠪᠥᠷ ᠮᠣᠩᠭᠤᠯ ᠤᠨ ᠬᠤᠳᠠᠯᠳᠤᠭᠠᠴᠢᠳ ᠵᠡᠷᠭᠡ 300 ᠭᠠᠷᠤᠢ ᠬᠥᠮᠥᠨ ᠬᠤᠷᠠᠯ ᠳᠤ | ᠣᠷᠣᠯᠴᠠᠪᠠ᠃ |