2016 ᠣᠨ ᠤ ᠥᠪᠥᠷ ᠮᠣᠩᠭᠤᠯ ᠤᠨ ᠤᠷᠠᠯᠢᠭ ᠤᠨ ᠨᠢᠭᠡᠳᠦᠯᠲᠡᠢ ᠰᠢᠯᠭᠠᠯᠲᠠ ᠶᠢᠨ ᠴᠠᠭ ᠢ ᠲᠣᠭᠲᠠᠭᠠᠪᠠ    ᠰᠢᠯᠭᠠᠯᠲᠠ ᠶᠢᠨ ᠲᠠᠯᠠᠪᠤᠷ ᠢ ᠪᠦᠷᠢᠨ ᠪᠢᠲᠡᠭᠦᠮᠵᠢᠯᠡᠨ ᠬᠠᠮᠢᠶᠠᠷᠤᠨ᠎ᠠ
ᠨᠡᠶᠢᠲᠡᠯᠡᠭᠰᠡᠨ ᠴᠠᠭ᠄
2015/12/11
     ᠥᠪᠥᠷ ᠮᠣᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠺᠣᠮᠢᠰ ᠤᠨ ᠠᠯᠪᠠᠨ ᠭᠡᠷ ᠠᠴᠠ ᠥᠨᠥᠬᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2016 ᠣᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠤᠷᠠᠯᠢᠭ ᠤᠨ ᠲᠤᠰᠬᠠᠢ ᠮᠡᠷᠭᠡᠵᠢᠯ ᠤᠨ ᠰᠢᠯᠭᠠᠯᠲᠠ ᠶᠢᠨ ᠬᠡᠷᠡᠭᠵᠢᠭᠦᠯᠬᠦ ᠠᠷᠭ᠎ᠠ︾᠎ ᠶᠢ ᠪᠠᠭᠤᠯᠭᠠᠪᠠ᠃ ᠡᠨᠡ ᠨᠢ ᠥᠪᠥᠷ ᠮᠣᠩᠭᠤᠯ ᠤᠨ 2016 ᠣᠨ ᠤ ᠤᠷᠠᠯᠢᠭ ᠤᠨ ᠲᠥᠷᠥᠯ ᠤᠨ ᠰᠤᠷᠤᠭᠴᠢ ᠡᠯᠰᠡᠬᠦ ᠠᠵᠢᠯ ᠡᠬᠢᠯᠡᠭᠰᠡᠨ ᠢ ᠬᠠᠷᠠᠭᠤᠯᠵᠤ ᠪᠠᠶᠢᠨ᠎ᠠ᠃      2016 ᠣᠨ ᠤ ᠤᠷᠠᠯᠢᠭ ᠤᠨ ᠲᠤᠰᠬᠠᠢ ᠮᠡᠷᠭᠡᠵᠢᠯ ᠢ ᠲᠣᠰᠪᠤᠷᠢ ᠵᠢᠷᠤᠭ ᠤᠨ ᠲᠥᠷᠥᠯ᠂ ᠳᠠᠭᠤᠤ ᠬᠥᠭᠵᠢᠮ ᠤᠨ ᠲᠥᠷᠥᠯ᠂ ᠤᠳᠤᠷᠢᠳᠤᠭᠠᠴᠢ ᠶᠢᠨ ᠲᠥᠷᠥᠯ ᠪᠠ ᠪᠤᠰᠤᠳ ᠤᠷᠠᠯᠢᠭ ᠤᠨ ᠲᠥᠷᠥᠯ ᠭᠡᠵᠦ ᠬᠤᠪᠢᠶᠠᠨ᠎ᠠ᠃ ᠡᠭᠦᠨ ᠳᠤ ᠵᠢᠷᠤᠭ ᠤᠨ ᠲᠥᠷᠥᠯ᠂ ᠳᠠᠭᠤᠤ ᠬᠥᠭᠵᠢᠮ ᠤᠨ ᠲᠥᠷᠥᠯ᠂ ᠤᠳᠤᠷᠢᠳᠤᠭᠠᠴᠢ ᠶᠢᠨ ᠲᠥᠷᠥᠯ ᠳᠤ ᠪᠦᠬᠦ ᠣᠷᠣᠨ ᠤ ᠨᠢᠭᠡᠲᠦᠯᠲᠡᠢ ᠰᠢᠯᠭᠠᠯᠲᠠ ᠶᠢ ᠬᠡᠷᠡᠭᠵᠢᠭᠦᠯᠵᠦ᠂ ᠪᠣᠰᠣᠳ ᠣᠷᠠᠯᠢᠭ ᠤᠨ ᠲᠥᠷᠥᠯ ᠳᠤ ᠪᠦᠬᠦ ᠣᠷᠣᠨ ᠤ ᠬᠠᠮᠲᠤᠷᠠᠭᠤᠯᠤᠭᠰᠠᠨ ᠰᠢᠯᠭᠠᠯᠲᠠ ᠶᠢ ᠬᠡᠷᠡᠭᠵᠢᠭᠦᠯᠦᠨ᠎ᠡ᠃ ᠤᠷᠠᠯᠢᠭ ᠤᠨ ᠲᠤᠰᠬᠠᠢ ᠮᠡᠷᠭᠡᠵᠢᠯ ᠤᠨ ᠨᠢᠭᠡᠲᠦᠯᠲᠡᠢ ᠰᠢᠯᠭᠠᠯᠲᠠ ᠶᠢ ᠪᠢᠷ ᠤᠨ ᠰᠢᠯᠭᠠᠯᠲᠠ ᠪᠠ ᠨᠢᠭᠤᠷᠳᠠᠨ ᠰᠢᠯᠭᠠᠯᠲᠠ ᠭᠡᠬᠦ ᠬᠤᠶᠠᠷ ᠬᠡᠰᠡᠭ ᠬᠤᠪᠢᠶᠠᠨ ᠶᠠᠪᠤᠭᠳᠠᠭᠤᠯᠤᠨ᠎ᠠ᠂ ᠪᠢᠷ ᠤᠨ ᠰᠢᠯᠭᠠᠯᠲᠠ ᠳᠤ ᠪᠦᠬᠦ ᠣᠷᠣᠨ ᠨᠢᠭᠡᠳᠦᠯᠲᠡᠢ ᠰᠡᠳᠦᠪ ᠭᠠᠷᠭᠠᠵᠦ᠂ ᠢᠯᠡ ᠪᠤᠰᠤ ᠰᠢᠯᠭᠠᠵᠤ᠂ ᠰᠢᠯᠭᠠᠯᠲᠠ ᠶᠢ ᠰᠦᠯᠵᠢᠶᠡᠨ ᠳᠡᠭᠡᠷ᠎ᠡ ᠬᠢᠨᠠᠨ᠎ᠠ︔ ᠨᠢᠭᠤᠷᠳᠠᠨ ᠰᠢᠯᠭᠠᠯᠲᠠ ᠳᠤ ᠤᠯᠠᠨ ᠬᠢᠨᠠᠭᠴᠢ ᠠᠴᠠ ᠲᠤᠬᠠᠢ ᠶᠢᠨ ᠲᠠᠯᠠᠪᠤᠷ ᠲᠤ ᠪᠡᠶ᠎ᠡ ᠪᠠᠨ ᠳᠠᠭᠠᠭᠠᠵᠤ ᠬᠤᠪᠢ ᠥᠭᠭᠦᠨ᠎ᠡ᠂ ᠬᠤᠪᠢ ᠥᠭᠬᠦ ᠰᠢᠰᠲ᠋ᠧᠮ ᠬᠠᠮᠤᠭ ᠤᠨ ᠥᠨᠳᠥᠷ ᠬᠤᠪᠢ ᠪᠠ ᠬᠠᠮᠤᠭ ᠤᠨ ᠳᠤᠤᠷ᠎ᠠ ᠬᠤᠪᠢ ᠶᠢ ᠬᠠᠰᠤᠭᠰᠠᠨ ᠤ ᠳᠠᠷᠠᠭᠠᠬᠢ ᠲᠡᠭᠰᠢᠳᠬᠡᠭᠰᠡᠨ ᠬᠢᠷᠢ ᠪᠦᠲᠦᠮᠵᠢ ᠎ ᠪᠠᠷ ᠰᠢᠯᠭᠠᠭᠤᠯᠤᠭᠴᠢ ᠶᠢᠨ ᠨᠢᠭᠤᠷᠳᠠᠨ ᠰᠢᠯᠭᠠᠬᠤ ᠬᠢᠷᠢ ᠪᠦᠲᠦᠮᠵᠢ ᠪᠣᠯᠭᠠᠨ᠎ᠠ᠃ ᠤᠷᠠᠯᠢᠭ ᠤᠨ ᠲᠤᠰᠬᠠᠢ ᠮᠡᠷᠭᠡᠵᠢᠯ ᠤᠨ ᠨᠢᠭᠡᠳᠦᠯᠲᠡᠢ ᠨᠢᠭᠤᠷᠳᠠᠨ ᠰᠢᠯᠭᠠᠯᠲᠠ ᠶᠢ ᠪᠦᠷ ᠪᠠᠷᠢᠮᠵᠢᠶᠠᠵᠢᠭᠰᠠᠨ ᠰᠢᠯᠭᠠᠯᠲᠠ ᠶᠢᠨ ᠲᠠᠯᠠᠪᠤᠷ ᠲᠤ ᠶᠠᠪᠤᠭᠳᠠᠭᠤᠯᠵᠤ᠂ ᠪᠦᠷᠢᠨ ᠪᠢᠲᠡᠭᠦᠮᠵᠢᠯᠡᠨ ᠬᠠᠮᠢᠶᠠᠷᠴᠤ᠂ ᠰᠢᠯᠭᠠᠯᠲᠠ ᠶᠢᠨ ᠶᠠᠪᠤᠴᠠ ᠶᠢ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠨ᠎ᠡ᠃ ᠡᠭᠦᠨ ᠤ ᠬᠠᠮᠲᠤ᠂ ᠨᠢᠭᠤᠷᠳᠠᠨ ᠰᠢᠯᠭᠠᠬᠤ ᠶᠠᠪᠤᠴᠠ ᠳᠤ ᠰᠢᠯᠭᠠᠭᠤᠯᠤᠭᠴᠢ ᠪᠦᠷᠢ ᠶᠢᠨ ᠰᠢᠯᠭᠠᠯᠲᠠ ᠶᠢᠨ ᠠᠭᠤᠯᠭ᠎ᠠ ᠶᠢᠨ ᠪᠦᠬᠦ ᠶᠠᠪᠤᠴᠠ ᠳᠤ ᠳᠦᠷᠰᠦ ᠰᠢᠩᠭᠡᠭᠡᠯᠲᠡ ᠬᠢᠨ᠎ᠡ᠃      ᠵᠢᠷᠤᠭ ᠤᠨ ᠲᠤᠰᠬᠠᠢ ᠮᠡᠷᠭᠡᠵᠢᠯ ᠤᠨ ᠨᠢᠭᠡᠲᠦᠯᠲᠡᠢ ᠰᠢᠯᠭᠠᠯᠲᠠ ᠶᠢ ᠭᠤᠷᠪᠠᠨ ᠲᠥᠷᠥᠯ ᠬᠤᠪᠢᠶᠠᠨ᠎ᠠ᠂ ᠲᠣᠰᠪᠤᠷᠢ ᠥᠩᠭᠡ ᠪᠣᠳᠤᠭ᠂ ᠪᠣᠷᠣ ᠵᠢᠷᠤᠭ ᠪᠠ ᠲᠠᠲᠠᠯᠭᠠᠨ ᠵᠢᠷᠤᠭ ᠪᠣᠯᠣᠨ᠎ᠠ᠃ ᠨᠢᠭᠡᠲᠦᠯᠲᠡᠢ ᠰᠢᠯᠭᠠᠯᠲᠠ ᠶᠢᠨ ᠴᠠᠭ ᠎ ᠨᠢ 2016 ᠣᠨ ᠤ 1 ᠳ᠋ᠦ᠋ᠭᠡᠷ ᠰᠠᠷ᠎ᠠ ᠶᠢᠨ 23᠎ ᠤ ᠡᠳᠦᠷ᠂ ᠥᠩᠭᠡ ᠪᠣᠳᠤᠭ ᠤᠨ ᠰᠢᠯᠭᠠᠯᠲᠠ ᠨᠢ 8᠄30 — 11᠄30︔ ᠪᠣᠷᠣ ᠵᠢᠷᠤᠭ ᠤᠨ ᠰᠢᠯᠭᠠᠯᠲᠠ ᠨᠢ 14᠄00—17᠄00︔ ᠲᠠᠲᠠᠯᠭᠠᠨ ᠵᠢᠷᠤᠭ ᠤᠨ ᠰᠢᠯᠭᠠᠯᠲᠠ ᠎ ᠨᠢ 17᠄10—17᠄40  ᠪᠣᠯᠣᠨ᠎ᠠ᠃ ᠳᠠᠭᠤᠤ ᠬᠥᠭᠵᠢᠮ ᠤᠨ ᠲᠤᠰᠬᠠᠢ ᠮᠡᠷᠭᠡᠵᠢᠯ ᠤᠨ ᠨᠢᠭᠡᠲᠦᠯᠲᠡᠢ ᠰᠢᠯᠭᠠᠯᠲᠠ ᠶᠢ ᠪᠢᠷ ᠤᠨ ᠰᠢᠯᠭᠠᠯᠲᠠ ᠪᠠ ᠨᠢᠭᠤᠷᠳᠠᠨ ᠰᠢᠯᠭᠠᠯᠲᠠ ᠭᠡᠬᠦ ᠬᠤᠶᠠᠷ ᠬᠡᠰᠡᠭ ᠬᠤᠪᠢᠶᠠᠨ᠎ᠠ᠂ ᠪᠢᠷ ᠤᠨ ᠰᠢᠯᠭᠠᠯᠲᠠ ᠶᠢ 2016 ᠣᠨ ᠤ 1 ᠳ᠋ᠦ᠋ᠭᠡᠷ ᠰᠠᠷ᠎ᠠ ᠶᠢᠨ 23᠎ ᠤ ᠡᠳᠦᠷ ᠤᠨ 9᠄00—11᠄00 ᠬᠦᠷᠲᠡᠯ᠎ᠡ ᠬᠢᠵᠦ᠂ ᠨᠢᠭᠤᠷᠳᠠᠨ ᠰᠢᠯᠭᠠᠯᠲᠠ ᠶᠢ 2016 ᠣᠨ ᠤ 1 ᠳ᠋ᠦ᠋ᠭᠡᠷ ᠰᠠᠷ᠎ᠠ ᠶᠢᠨ 18᠎ ᠤ ᠡᠳᠦᠷ  — 28 ᠡᠳᠦᠷ ᠪᠣᠯᠲᠠᠯ᠎ᠠ ᠶᠠᠪᠤᠭᠳᠠᠭᠤᠯᠤᠨ᠎ᠠ᠃ ᠤᠳᠤᠷᠢᠳᠤᠭᠠᠴᠢ ᠶᠢᠨ ᠲᠤᠰᠬᠠᠢ ᠮᠡᠷᠭᠡᠵᠢᠯ ᠤᠨ ᠨᠢᠭᠡᠲᠦᠯᠲᠡᠢ ᠰᠢᠯᠭᠠᠯᠲᠠ ᠶᠢ ᠪᠢᠷ ᠤᠨ ᠰᠢᠯᠭᠠᠯᠲᠠ ᠪᠠ ᠨᠢᠭᠤᠷᠳᠠᠨ ᠰᠢᠯᠭᠠᠯᠲᠠ ᠭᠡᠬᠦ ᠬᠤᠶᠠᠷ ᠬᠡᠰᠡᠭ ᠬᠤᠪᠢᠶᠠᠨ᠎ᠠ᠂ ᠪᠢᠷ ᠤᠨ ᠰᠢᠯᠭᠠᠯᠲᠠ ᠶᠢ 2016 ᠣᠨ ᠤ 1 ᠰᠠᠷ᠎ᠠ ᠶᠢᠨ 23᠎ ᠤ ᠡᠳᠦᠷ ᠤᠨ 9᠄00—12᠄00 ᠬᠦᠷᠲᠡᠯ᠎ᠡ ᠬᠢᠵᠦ᠂ ᠨᠢᠭᠤᠷᠳᠠᠨ ᠰᠢᠯᠭᠠᠯᠲᠠ ᠶᠢ 2016 ᠣᠨ ᠤ 1 ᠳ᠋ᠦ᠋ᠭᠡᠷ ᠰᠠᠷ᠎ᠠ ᠶᠢᠨ 18᠎ ᠤ ᠡᠳᠦᠷ  — 28᠎ ᠤ ᠡᠳᠦᠷ ᠪᠣᠯᠲᠠᠯ᠎ᠠ ᠶᠠᠪᠤᠭᠳᠠᠭᠤᠯᠤᠨ᠎ᠠ᠃ ᠡᠭᠦᠨ ᠠᠴᠠ ᠭᠠᠳᠠᠨ᠎ᠠ᠂ ᠣᠷᠣᠨ ᠤ ᠳᠣᠲᠣᠷᠠᠬᠢ ᠬᠠᠮᠲᠤᠷᠠᠭᠤᠯᠤᠭᠰᠠᠨ ᠰᠢᠯᠭᠠᠬᠤ ᠮᠡᠷᠭᠡᠵᠢᠯ ᠳᠤ᠄ ᠨᠡᠪᠲᠡᠷᠡᠭᠦᠯᠦᠭᠴᠢ ᠪᠠ ᠬᠥᠲᠥᠯᠥᠭᠴᠢ ᠶᠢᠨ ᠮᠡᠷᠭᠡᠵᠢᠯ᠂ ᠬᠥᠭᠵᠢᠮ ᠵᠤᠬᠢᠶᠠᠬᠤ ᠪᠠ ᠬᠥᠭᠵᠢᠮ ᠵᠤᠬᠢᠶᠠᠬᠤ ᠮᠡᠷᠭᠡᠵᠢᠯ ᠤᠨ ᠣᠨᠣᠯ᠂ ᠪᠥᠵᠢᠭ ᠤᠨ ᠲᠣᠭᠯᠠᠯᠲᠠ᠂ ᠪᠥᠵᠢᠭ ᠤᠨ ᠲᠣᠭᠯᠠᠯᠲᠠ ︵ᠤᠯᠠᠨ ᠤᠯᠤᠰ ᠤᠨ ᠪᠥᠵᠢᠭ︶᠂ ᠪᠥᠵᠢᠭ ᠤᠨ ᠤᠬᠠᠭᠠᠨ ᠪᠠ ᠪᠥᠵᠢᠭ ᠤᠨ ᠤᠳᠤᠷᠢᠳᠤᠭᠠᠴᠢ᠂ ᠲᠣᠭᠯᠠᠯᠲᠠ ︵ᠺᠢᠨᠣ᠋ ᠵᠦᠴᠦᠭᠡ ᠶᠢᠨ ᠲᠣᠭᠯᠠᠯᠲᠠ︶᠂ ᠲᠣᠭᠯᠠᠯᠲᠠ ︵ᠬᠤᠶᠠᠷ ᠬᠥᠮᠥᠨ ᠤ ᠡᠯᠭᠦᠴᠡᠭᠡ︶ ᠪᠠ ᠲᠣᠭᠯᠠᠯᠲᠠ ︵ᠬᠤᠪᠴᠠᠰᠤᠨ ᠤ ᠵᠢᠷᠤᠭᠯᠠᠯ ᠵᠢᠴᠢ ᠲᠣᠭᠯᠠᠯᠲᠠ︶᠂ ᠨᠡᠪᠲᠡᠷᠡᠭᠦᠯᠦᠭᠴᠢ ᠪᠠ ᠬᠥᠲᠥᠯᠥᠭᠴᠢ ᠶᠢᠨ ᠮᠡᠷᠭᠡᠵᠢᠯ ︵ᠮᠣᠩᠭᠤᠯ ᠢᠶᠠᠷ ᠬᠢᠴᠢᠶᠡᠯᠯᠡᠬᠦ︶ ᠵᠡᠷᠭᠡ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号