ᠴᠠᠭᠠᠨ ᠰᠠᠷ᠎ᠠ ᠠᠴᠠ ᠡᠮᠦᠨ᠎ᠡ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠦᠨᠳᠦᠰᠦᠨ ᠳᠡᠭᠡᠨ | ᠥᠷᠢᠲᠦᠬᠦ ᠦᠭᠡᠢ ᠪᠠᠶᠢᠬᠤ ᠶᠢ ᠪᠠᠲᠤᠯᠠᠬᠤ ᠶᠢᠨ ᠲᠦᠯᠦᠭᠡ᠂ 2015 ᠣᠨ ᠤ 12 ᠳ᠋ᠤᠭᠠᠷ ᠰᠠᠷ᠎ᠠ ᠶᠢᠨ 1 ᠤ | ᠡᠳᠦᠷ ᠠᠴᠠ 2016 ᠣᠨ ᠤ 1 ᠳ᠋ᠦ᠋ᠭᠡᠷ ᠰᠠᠷ᠎ᠠ ᠶᠢᠨ 25 ᠤ ᠡᠳᠦᠷ ᠬᠦᠷᠲᠡᠯ᠎ᠡ᠂ ᠥᠪᠥᠷ ᠮᠣᠩᠭᠤᠯ ᠤᠨ ᠡᠯ᠎ᠡ | ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠳᠣᠲᠣᠭᠠᠳᠤ ᠶᠢ ᠬᠠᠮᠠᠭᠠᠯᠠᠬᠤ᠂ | ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ᠂ ᠵᠠᠮ ᠲᠡᠭᠡᠭᠡᠪᠦᠷᠢ᠂ ᠤᠰᠤᠨ | ᠠᠰᠢᠭᠯᠠᠯᠲᠠ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠲᠠᠯᠪᠢᠬᠤ᠂ ᠠᠵᠤ ᠦᠢᠯᠡᠳᠪᠦᠷᠢ | ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ᠂ ᠠᠵᠢᠯᠴᠢᠨ ᠤ ᠡᠪᠯᠡᠯ ᠵᠡᠷᠭᠡ ᠰᠠᠯᠠᠭ᠎ᠠ ᠮᠥᠴᠢᠷ ᠪᠠ ᠵᠣᠬᠢᠶᠠᠨ | ᠪᠠᠶᠢᠭᠤᠯᠤᠯᠲᠠ ᠨᠤᠭᠤᠳ ᠬᠠᠤᠯᠢ ᠬᠡᠷᠡᠭᠵᠢᠭᠦᠯᠦᠯᠲᠡ ᠶᠢᠨ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ | ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠣᠯᠭᠤᠭᠰᠠᠨ ᠪᠠᠶᠢᠳᠠᠯ ᠤᠨ ᠲᠤᠬᠠᠶ ᠲᠤᠰᠬᠠᠶ ᠪᠠᠶᠢᠴᠠᠭᠠᠯᠲᠠ | ᠦᠷᠨᠢᠭᠦᠯᠪᠡ᠃ | ᠡᠨᠡ ᠵᠢᠯ ᠠᠴᠠ ᠨᠠᠰᠢ᠂ ᠥᠪᠥᠷ ᠮᠣᠩᠭᠤᠯ ᠤᠨ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠡᠳᠦᠷ ᠲᠤᠳᠤᠮ ᠤᠨ ᠲᠣᠭᠤᠷᠢᠨ ᠪᠠᠶᠢᠴᠠᠭᠠᠬᠤ᠂ | ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ ᠪᠠ ᠲᠤᠰᠬᠠᠶ ᠪᠠᠶᠢᠴᠠᠭᠠᠬᠤ ᠶᠢ ᠶᠡᠬᠡᠪᠡᠷ ᠦᠷᠨᠢᠭᠦᠯᠵᠦ᠂ ᠬᠦᠴᠦ | ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠣᠯᠭᠤᠬᠤ ᠶᠢ ᠪᠠᠲᠤᠯᠠᠬᠤ ᠠᠵᠢᠯ ᠢ ᠢᠳᠡᠪᠬᠢᠲᠡᠶ ᠰᠠᠶᠢᠲᠤᠷ ᠬᠢᠪᠡ᠃ | 11 ᠳ᠋ᠦ᠋ᠭᠡᠷ ᠰᠠᠷ᠎ᠠ ᠶᠢᠨ ᠡᠴᠦᠰ ᠪᠣᠯᠬᠤ ᠳᠤ᠂ ᠨᠡᠶᠢᠳᠡ 8.6 ᠲᠦᠮᠡᠨ ᠬᠦᠳᠡᠯᠮᠦᠷᠢᠴᠢᠳ ᠲᠤ 11.8 | ᠳ᠋ᠦᠩᠰᠢᠭᠤᠷ ᠲᠥᠭᠦᠷᠢᠭ ᠤᠨ ᠬᠥᠳᠡᠯᠮᠦᠷᠢ ᠶᠢᠨ ᠬᠥᠯᠥᠰᠥ ᠣᠯᠭᠤᠮᠵᠢ ᠶᠢ ᠨᠡᠬᠡᠮᠵᠢᠯᠡᠨ ᠦᠭᠴᠦ᠂ ᠬᠦᠴᠦ ᠶᠠᠪᠤᠭᠴᠢ | ᠮᠠᠯᠴᠢᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠨᠢ ᠬᠦᠴᠦᠲᠡᠶ ᠪᠠᠲᠤᠯᠠᠭᠰᠠᠨ ᠪᠠᠶᠢᠨ᠎ᠠ᠃ ᠭᠡᠲᠡᠯ᠎ᠡ | ᠣᠳᠣᠬᠠᠨ ᠳᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠬᠦ ᠠᠰᠠᠭᠤᠳᠠᠯ ᠢ ᠬᠠᠷᠬᠠᠨ | ᠦᠨᠳᠦᠰᠦᠨ ᠠᠴᠠ ᠨᠢ ᠰᠢᠢᠳᠪᠦᠷᠢᠯᠡᠵᠦ ᠴᠢᠳᠠᠭᠠᠳᠤᠶ ᠪᠠᠶᠢᠵᠤ᠂ ᠣᠨᠴᠠᠭᠠᠶᠢᠯᠠᠨ ᠠᠵᠤ ᠠᠬᠤᠶ ᠶᠢᠨ ᠪᠠᠭᠤᠷᠠᠬᠤ | ᠳᠠᠷᠤᠯᠲᠠ ᠨᠡᠮᠡᠭᠳᠡᠭᠰᠡᠨ᠂ ᠬᠡᠰᠡᠭ ᠪᠦᠯᠦᠭ ᠠᠵᠢᠯ ᠲᠦᠷᠦᠯ ᠤᠨ ᠦᠢᠯᠡᠳᠪᠦᠷᠢᠯᠡᠬᠦ ᠴᠢᠳᠠᠮᠵᠢ ᠨᠢ ᠢᠯᠡᠭᠦᠳᠡᠭᠰᠡᠨ᠂ | ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠦᠴᠢᠷᠳᠡᠯ ᠬᠤᠷᠴᠠᠳᠤᠭᠰᠠᠨ ᠵᠡᠷᠭᠡ ᠬᠦᠴᠦᠨ ᠵᠦᠢᠯ ᠤᠨ | ᠨᠥᠯᠥᠭᠡ ᠠᠴᠠ ᠪᠣᠯᠵᠤ᠂ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠥᠷᠢᠲᠦᠬᠦ ᠠᠰᠠᠭᠤᠳᠠᠯ ᠡᠳᠦᠶ | ᠲᠡᠳᠦᠶ ᠰᠢᠨ᠎ᠡ ᠣᠨᠴᠠᠯᠢᠭ ᠲᠠᠢ ᠪᠣᠯᠤᠭᠰᠠᠨ ᠪᠠᠶᠢᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ | ᠳᠤ ᠡᠨᠡᠬᠦ ᠠᠰᠠᠭᠤᠳᠠᠯ ᠮᠥᠨ ᠬᠦ ᠤᠯᠠᠨ ᠭᠠᠷᠴᠤ᠂ ᠪᠠᠷᠤᠭ ᠴᠠᠯᠢᠩ ᠦᠷᠢᠲᠦᠬᠦ ᠬᠡᠷᠡᠭ ᠤᠨ ᠶᠡᠷᠦᠩᠬᠡᠶ ᠲᠣᠭᠠᠨ ᠤ | 88% ᠶᠢ ᠡᠵᠡᠯᠡᠵᠦ᠂ ᠡᠭᠦᠨ ᠤ ᠬᠠᠮᠲᠤ ᠪᠣᠯᠪᠠᠰᠤᠷᠠᠭᠤᠯᠵᠤ ᠦᠢᠯᠡᠳᠬᠦ ᠦᠢᠯᠡᠰ᠂ ᠠᠭᠤᠷᠬᠠᠶ ᠮᠠᠯᠲᠠᠬᠤ ᠦᠢᠯᠡᠰ | ᠵᠡᠷᠭᠡ ᠪᠤᠰᠤᠳ ᠬᠦᠷᠢᠶᠡᠨ ᠳᠤ ᠴᠦ ᠥᠷᠭᠡᠵᠢᠬᠦ ᠬᠠᠨᠳᠤᠰᠢ ᠢᠯᠡᠳᠲᠡ ᠪᠤᠯᠵᠤ ᠪᠠᠶᠢᠨ᠎ᠠ᠃ | ᠡᠨᠡ ᠤᠳᠠᠭ᠎ᠠ ᠬᠦᠴᠦ ᠶᠠᠪᠤᠭᠴᠢ ᠮᠠᠯᠴᠢᠨ ᠲᠠᠷᠢᠶᠠᠴᠢᠨ ᠤ ᠨᠡᠯᠢᠶᠡᠳ ᠠᠷᠪᠢᠨ ᠬᠡᠷᠡᠭᠯᠡᠵᠦ ᠪᠠᠶᠢᠭ᠎ᠠ ᠪᠠᠷᠢᠯᠭ᠎ᠠ | ᠪᠠᠷᠢᠬᠤ᠂ ᠪᠣᠯᠪᠠᠰᠤᠷᠠᠭᠤᠯᠤᠨ ᠦᠢᠯᠡᠳᠬᠦ᠂ ᠬᠤᠭᠤᠯᠠ ᠤᠮᠳᠠᠭᠠᠨ ᠤ ᠦᠢᠯᠡᠴᠢᠯᠡᠭᠡᠨ ᠵᠢᠴᠢ ᠪᠤᠰᠤᠳ ᠳᠤᠮᠳᠠ ᠪᠠᠭ᠎ᠠ | ᠬᠡᠯᠪᠡᠷᠢ ᠶᠢᠨ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠨ᠎ᠠ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ | ᠴᠠᠯᠢᠩ ᠢ ᠥᠷᠢᠲᠦᠬᠦ ᠠᠰᠠᠭᠤᠳᠠᠯ ᠤᠷᠤᠰᠢᠵᠤ ᠪᠠᠶᠢᠭ᠎ᠠ ᠬᠥᠮᠦᠨ ᠬᠡᠷᠡᠭᠯᠡᠬᠦ ᠨᠢᠭᠡᠴᠡ ᠳᠤ᠂ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠵᠠᠷᠯᠢᠭᠳᠠᠵᠤ ᠪᠠᠶᠢᠭᠠᠳ ᠵᠠᠯᠠᠷᠠᠭᠤᠯᠬᠤ ᠬᠡᠷᠡᠭᠲᠡᠶ᠂ ᠵᠠᠯᠠᠷᠠᠭᠤᠯᠬᠤ ᠶᠢ ᠲᠡᠪᠴᠢᠪᠠᠯ᠂ ᠵᠣᠭᠤᠰ ᠢᠶᠠᠷ | ᠲᠣᠷᠭᠠᠬᠤ ᠬᠡᠷᠡᠭᠲᠡᠢ︔ ᠬᠦᠴᠦ ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠵᠣᠷᠢᠭᠤᠳᠠ ᠰᠠᠭᠠᠲᠠᠭᠠᠭᠰᠠᠨ | ᠮᠦᠷᠲᠡᠭᠡᠨ ᠲᠤᠭ᠎ᠠ ᠬᠡᠮᠵᠢᠶ᠎ᠡ ᠨᠢ ᠶᠡᠭᠡ᠂ ᠴᠠᠭ ᠨᠢ ᠣᠷᠳᠣ᠂ ᠰᠢᠨᠵᠢ ᠴᠢᠨᠠᠷ ᠨᠢ ᠮᠠᠭᠤ ᠬᠥᠮᠦᠨ ᠬᠡᠷᠡᠭᠯᠡᠬᠦ | ᠨᠢᠭᠡᠴᠡ ᠶᠢ ᠬᠠᠤᠯᠢ ᠶᠣᠰᠣᠭᠠᠷ ᠰᠢᠢᠳᠪᠦᠷᠢᠯᠡᠬᠦ ᠶᠢᠨ ᠬᠠᠮᠲᠤ ᠪᠠᠰᠠ ᠬᠠᠮᠢᠶ᠎ᠠ ᠪᠦᠬᠦᠢ ᠲᠣᠭᠲᠠᠭᠠᠯ ᠶᠣᠰᠣᠭᠠᠷ ᠨᠡᠶᠢᠭᠡᠮ | ᠳᠤ ᠨᠡᠶᠢᠲᠡᠯᠡᠬᠦ ᠬᠡᠷᠡᠭᠲᠡᠶ︔ ᠮᠠᠭᠤ ᠰᠠᠨᠠᠭ᠎ᠠ ᠲᠠᠢ ᠪᠠᠷ ᠰᠠᠭᠠᠲᠠᠭᠠᠵᠤ᠂ ᠦᠢᠯᠡ ᠪᠠᠶᠢᠳᠠᠯ ᠨᠢ ᠬᠦᠨᠳᠦ ᠨᠣᠴᠢᠲᠠᠶ | ᠪᠠᠶᠢᠪᠠᠯ᠂ ᠬᠠᠤᠯᠢ ᠶᠣᠰᠣᠭᠠᠷ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠬᠦ᠂ ᠬᠢᠷᠢ ᠭᠡᠮ ᠢ ᠨᠢ | ᠪᠠᠭᠤᠷᠠᠭᠤᠯᠬᠤ ᠪᠤᠶᠤ ᠬᠦᠴᠦᠨ ᠦᠭᠡᠶ ᠪᠣᠯᠭᠠᠬᠤ᠂ ᠴᠢᠨᠠᠭᠰᠢᠯᠠᠪᠠᠯ ᠡᠵᠡᠩᠨᠡᠯᠲᠡ ᠶᠢᠨ ᠦᠨᠡᠮᠯᠡᠯ ᠢ ᠨᠢ ᠬᠤᠷᠢᠶᠡᠠ | ᠠᠪᠴᠤ ᠬᠦᠴᠦᠨ ᠤᠢᠭᠡᠢ ᠪᠣᠯᠭᠠᠬᠤ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠦᠨᠳᠦᠰᠦ ᠰᠤᠷᠪᠤᠯᠵᠢ ᠠᠴᠠ ᠨᠢ ᠰᠡᠷᠭᠡᠶᠢᠯᠡᠨ ᠡᠵᠡᠮᠳᠡᠬᠦ ᠶᠢ | ᠭᠤᠣᠯᠳᠠᠯᠭ᠎ᠠ ᠲᠠᠢ ᠴᠢᠩᠭᠠᠳᠬᠠᠵᠤ᠂ ᠲᠣᠭᠲᠠᠭᠤᠨ ᠪᠤᠰᠤ ᠬᠦᠴᠦᠨ ᠵᠦᠢᠯ ᠢ ᠠᠷᠢᠯᠭᠠᠬᠤ ᠬᠡᠷᠡᠭᠲᠡᠶ︔ ᠬᠠᠤᠯᠢ | ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠴᠠᠯᠢᠩ ᠥᠷᠢᠲᠦᠬᠦ ᠬᠡᠷᠡᠭ ᠢ ᠲᠦᠷᠭᠡᠨ ᠰᠢᠢᠳᠪᠦᠷᠢᠯᠡᠬᠦ ᠬᠡᠷᠡᠭᠲᠡᠢ︔ | ᠬᠥᠨᠳᠡᠯᠡᠨ ᠠᠴᠠ ᠲᠠᠰᠤᠯᠬᠤ ᠡᠶᠡᠳᠡᠭᠦᠯᠬᠦ ᠦᠢᠯᠡᠳᠦᠯ ᠢ ᠪᠠᠳᠠᠷᠠᠭᠤᠯᠵᠤ᠂ ᠮᠠᠷᠭᠤᠯᠳᠤᠭᠠᠨ ᠲᠠᠢ ᠬᠡᠷᠡᠭ ᠢ | ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ︔ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ | ᠪᠠᠨ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠲᠣᠬᠢᠲᠠᠶ ᠰᠢᠢᠳᠪᠦᠷᠢᠯᠡᠨ᠂ ᠴᠠᠭᠠᠨ ᠰᠠᠷ᠎ᠠ ᠠᠴᠠ ᠡᠮᠦᠨ᠎ᠡ ᠬᠦᠴᠦ | ᠶᠠᠪᠤᠭᠴᠢ ᠮᠠᠯᠴᠢᠨ ᠲᠠᠷᠢᠶᠠᠴᠢᠨ ᠤ ᠴᠠᠯᠢᠩ ᠢ ᠦᠨᠳᠦᠰᠦᠨ ᠳᠡᠭᠡᠨ ᠥᠷᠢᠲᠦᠬᠦ ᠦᠭᠡᠢ ᠪᠠᠶᠢᠬᠤ ᠶᠢ ᠴᠢᠷᠮᠠᠶᠢᠨ | ᠪᠡᠶᠡᠯᠡᠭᠦᠯᠵᠦ᠂ ᠪᠠᠶᠠᠷ ᠬᠥᠷ ᠲᠠᠢ ᠰᠢᠨᠡᠯᠡᠭᠦᠯᠬᠦ ᠬᠡᠷᠡᠭᠲᠡᠢ ᠭᠡᠪᠡ᠃ |