ᠪᠦᠬᠦ ᠤᠯᠤᠰ ᠤᠨ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠢ ᠰᠤᠷᠤᠯᠴᠠᠨ ᠲᠤᠤᠱᠯᠠᠭᠤᠯᠬᠤ ᠮᠡᠳᠡᠭᠦᠯᠦᠯᠲᠡ ᠶᠢᠨ ᠪᠦᠯᠬᠦᠮ ᠥᠪᠥᠷ ᠮᠣᠩᠭᠤᠯ ᠳᠤ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2015/12/11
     12 ᠳ᠋ᠤᠭᠠᠷ ᠰᠠᠷ᠎ᠠ ᠶᠢᠨ 10᠎ ᠤ ᠡᠳᠦᠷ ᠤᠨ ᠦᠳᠡ ᠶᠢᠨ ᠡᠮᠦᠨ᠎ᠡ᠂ ᠪᠦᠬᠦ ᠤᠯᠤᠰ ᠤᠨ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠮᠡᠳᠡᠭᠦᠯᠦᠯᠲᠡ ᠶᠢᠨ ᠪᠦᠯᠬᠦᠮ ᠤᠨ ᠥᠪᠥᠷ ᠮᠣᠩᠭᠤᠯ ᠤᠨ ᠲᠤᠰᠬᠠᠶ ᠬᠤᠷᠠᠯ ᠬᠥᠬᠡᠬᠤᠲᠠ ᠳᠤ ᠶᠠᠪᠤᠭᠳᠠᠪᠠ᠃ ᠲᠥᠪ ᠤᠨ ᠨᠠᠮ ᠤᠨ ᠰᠤᠷᠭᠠᠭᠤᠯᠢ ᠶᠢᠨ ᠮᠠᠷᠺᠰ ᠤᠨ ᠦᠵᠡᠯ ᠤᠨ ᠣᠨᠣᠯ ᠤᠨ ᠵᠢᠭᠠᠨ ᠰᠤᠳᠤᠯᠬᠤ ᠬᠡᠯᠲᠡᠰ ᠤᠨ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠵᠢᠭᠠᠨ ᠰᠤᠳᠤᠯᠬᠤ ᠲᠠᠰᠤᠭ ᠤᠨ ᠳᠡᠳ᠋ ᠡᠷᠭᠢᠯᠡᠭᠴᠢ ᠯᠢ ᠬᠠᠢ ᠴᠢᠩ᠂ ᠲᠥᠪ ᠤᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠰᠢᠯᠵᠢᠮᠡᠯ ᠰᠦᠯᠵᠢᠶᠡᠨ ᠤ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠴᠢᠦᠶ ᠴᠠᠩ ᠷᠦᠩ ᠮᠡᠳᠡᠭᠦᠯᠦᠯᠲᠡ ᠬᠢᠵᠡᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠬᠥᠬᠡᠬᠤᠲᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠲᠥᠪ ᠤᠨ ᠰᠣᠨᠢᠨ ᠮᠡᠳᠡᠭᠡᠨ ᠤ ᠰᠦᠯᠵᠢᠶ᠎ᠡ ᠶᠢᠨ ᠥᠪᠥᠷ ᠮᠣᠩᠭᠤᠯ ᠰᠤᠪᠠᠭ᠂ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡᠨ ᠤ ᠰᠦᠯᠵᠢᠶ᠎ᠡ ᠶᠢᠨ 200 ᠭᠠᠷᠤᠶ ᠲᠥᠯᠥᠭᠡᠯᠡᠭᠴᠢ ᠲᠤᠬᠠᠢ ᠶᠢᠨ ᠲᠠᠯᠠᠪᠤᠷ ᠲᠤ ᠮᠡᠳᠡᠭᠦᠯᠦᠯᠲᠡ ᠶᠢ ᠰᠣᠨᠣᠰᠪᠠ᠃      ᠯᠢ ᠬᠠᠢ ᠴᠢᠩ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠴᠢᠬᠤᠯᠠ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠤᠨ ᠵᠢᠴᠢ ︽13 · 5︾᠎ ᠶᠢᠨ ᠲᠥᠯᠥᠪᠵᠢᠭᠦᠯᠭᠡ ᠶᠢᠨ ︽ᠰᠠᠨᠠᠭᠤᠯᠭ᠎ᠠ︾᠎ ᠶᠢᠨ ᠲᠠᠪᠤᠨ ᠶᠡᠭᠡ ᠬᠥᠭᠵᠢᠯᠲᠡ ᠶᠢᠨ ᠣᠨᠣᠯᠵᠢᠬᠤᠨ ᠤ ᠲᠣᠭᠤᠷᠢᠨ ᠳᠤ᠂ ︽13 · 5︾᠎ ᠶᠢᠨ ᠲᠥᠯᠥᠪᠵᠢᠭᠦᠯᠭᠡ ᠶᠢᠨ ᠰᠠᠨᠠᠭᠤᠯᠭ᠎ᠠ ᠶᠢᠨ ᠪᠦᠷᠢᠯᠳᠦᠭᠰᠡᠨ ᠴᠠᠭ ᠤᠨ ᠵᠠᠩᠭᠢᠯᠠᠭ᠎ᠠ ᠶᠢᠨ ᠴᠢᠭ᠋ ᠢ ᠭᠦᠨᠵᠡᠭᠡᠶ ᠲᠠᠨᠢᠬᠤ︔ ︽13.5︾᠎ ᠶᠢᠨ ᠬᠤᠭᠤᠴᠠᠭᠠᠨ ᠳᠠᠬᠢ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠡᠬᠢᠯᠡᠯᠲᠡ᠂ ᠭᠤᠣᠯ ᠬᠠᠷᠠᠯᠲᠠ ᠪᠠ ᠪᠦᠬᠦᠯᠢ ᠴᠣᠭᠴᠠ ᠶᠢᠨ ᠰᠡᠳᠬᠢᠮᠵᠢ ᠶᠢ ᠣᠨᠣᠪᠴᠢᠲᠠᠶ ᠡᠵᠡᠮᠰᠢᠬᠦ︔ ᠲᠥᠪ ᠠᠴᠠ ᠲᠣᠭᠲᠠᠭᠠᠭᠰᠠᠨ ︽13.5︾᠎ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠡᠭᠦᠷᠭᠡ ᠪᠣᠯᠤᠨ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠰᠢᠰᠲ᠋ᠧᠮ ᠲᠠᠢ ᠪᠠᠷ ᠲᠠᠶᠢᠯᠪᠤᠷᠢᠯᠠᠪᠠ᠃      ᠴᠢᠦᠶ ᠷᠦᠩ ᠴᠠᠩ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠤᠨ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠰᠦᠯᠵᠢᠶᠡᠨ ᠤ ᠮᠡᠳᠡᠭᠡ ᠵᠠᠩᠭᠢ ᠶᠢᠨ ᠦᠢᠯᠡᠰ ᠲᠤ ᠵᠢᠷᠤᠭᠯᠠᠭᠰᠠᠨ ᠰᠢᠨ᠎ᠡ ᠲᠥᠯᠥᠪ ᠵᠢᠷᠤᠭ᠂ ᠳᠤᠷᠠᠳᠤᠭᠰᠠᠨ ᠰᠢᠨ᠎ᠡ ᠬᠠᠷᠠᠯᠲᠠ ᠶᠢᠨ ᠲᠤᠬᠠᠢ ᠨᠠᠷᠢᠨ ᠥᠭᠦᠯᠡᠭᠰᠡᠨ ᠪᠥᠭᠡᠳ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠦᠯᠵᠢᠶᠡᠨ ᠤ ᠠᠮᠤᠷ ᠲᠦᠪᠰᠢᠨ ᠪᠣᠯᠤᠨ ᠮᠡᠳᠡᠭᠡ ᠵᠠᠩᠭᠢᠵᠢᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠨᠠᠷᠢᠨ ᠨᠢᠮᠪᠠᠢ ᠬᠠᠪᠰᠤᠷᠤᠨ ᠵᠢᠯᠣᠭᠤᠳᠪᠠ᠃      ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠨᠢ ᠶᠠᠷᠢᠯᠴᠠᠬᠤ ᠬᠡᠯᠪᠡᠷᠢ ᠪᠠᠷ ᠶᠠᠪᠤᠭᠳᠠᠵᠤ᠂ ᠬᠤᠶᠠᠷ ᠲᠤᠰᠬᠠᠢ ᠮᠡᠷᠭᠡᠵᠢᠯᠲᠡᠨ ᠤ ᠮᠡᠳᠡᠭᠦᠯᠦᠯᠲᠡ ᠨᠢ ᠰᠢᠰᠲ᠋ᠧᠮ ᠲᠠᠢ ᠪᠥᠭᠡᠳ ᠪᠦᠷᠢᠨ ᠲᠡᠭᠦᠯᠳᠡᠷ ᠮᠥᠷᠲᠡᠭᠡᠨ ᠪᠠᠰᠠ ᠭᠤᠣᠯᠳᠠᠯᠭ᠎ᠠ ᠶᠢ ᠳᠣᠪᠣᠶᠢᠯᠭᠠᠵᠤ᠂ ᠲᠣᠪᠴᠢ ᠨᠠᠷᠠᠯᠢᠭ ᠮᠥᠷᠲᠡᠭᠡᠨ ᠪᠠᠰᠠ ᠲᠣᠳᠣ ᠣᠶᠢᠯᠠᠭᠠᠮᠵᠢᠲᠠᠢ ᠪᠠᠶᠢᠵᠤ᠂ ᠰᠣᠨᠣᠰᠤᠭᠰᠠᠨ ᠤ ᠳᠠᠷᠠᠭ᠎ᠠ ᠬᠥᠮᠥᠰ ᠢ ᠭᠦᠨᠵᠡᠭᠡᠢ ᠰᠡᠳᠬᠢᠭᠦᠯᠵᠦ᠂ ᠬᠤᠷᠠᠯ ᠳᠤ ᠣᠷᠣᠯᠴᠠᠭᠰᠠᠨ ᠨᠥᠬᠦᠳ ᠤᠨ ᠬᠠᠯᠠᠭᠤᠨ ᠬᠦᠷᠢᠶᠡᠯᠡᠯ ᠢ ᠣᠯᠤᠭᠰᠠᠨ ᠪᠠᠶᠢᠨ᠎ᠠ᠃ ᠬᠤᠷᠠᠯ ᠤᠨ ᠳᠠᠷᠠᠭ᠎ᠠ᠂ ᠬᠤᠷᠠᠯ ᠳᠤ ᠣᠷᠣᠯᠴᠠᠭᠰᠠᠨ ᠨᠥᠬᠦᠳ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭᠠᠨ ᠳᠡᠭᠡᠷ᠎ᠡ ᠨᠢᠭᠡᠳᠬᠡᠵᠦ᠂ ᠤᠶᠤᠨ ᠤᠬᠠᠭᠠᠨ ᠪ᠊ ᠬᠦᠴᠦᠨ ᠴᠢᠳᠠᠯ ᠢᠶᠠᠨ ᠰᠦᠯᠵᠢᠶᠡᠨ ᠤ ᠮᠡᠳᠡᠭᠡ ᠵᠠᠩᠭᠢ ᠶᠢᠨ ᠦᠢᠯᠡᠰ ᠤᠨ ᠬᠥᠭᠵᠢᠯᠲᠡ ᠶᠢᠨ ᠡᠯ᠎ᠡ ᠵᠦᠢᠯ ᠤᠨ ᠡᠭᠦᠷᠭᠡ ᠶᠢ ᠠᠬᠢᠭᠤᠯᠬᠤ ᠳᠡᠭᠡᠷ᠎ᠡ ᠲᠥᠪᠯᠡᠷᠡᠭᠦᠯᠦᠨ᠎ᠡ ᠭᠡᠵᠦ ᠢᠯᠡᠳᠬᠡᠪᠡ᠃      ᠣᠶᠢᠯᠠᠭᠠᠭᠰᠠᠨ ᠢᠶᠠᠷ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠤᠨ ᠲᠤᠤᠱᠯᠠᠭᠤᠯᠬᠤ ᠶᠢᠨ ᠲᠤᠰᠠᠳᠠ᠂ ᠲᠥᠪ ᠤᠨ ᠤᠳᠤᠷᠢᠳᠤᠯᠭ᠎ᠠ ᠶᠢᠨ ᠵᠥᠪᠰᠢᠶᠡᠷᠡᠯ ᠢᠶᠠᠷ᠂ ᠲᠥᠪ ᠤᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠎ ᠨᠢ ᠪᠦᠬᠦ ᠤᠯᠤᠰ ᠤᠨ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠳᠤ ︽ᠪᠦᠬᠦ ᠤᠯᠤᠰ ᠤᠨ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠶ ᠮᠡᠳᠡᠭᠦᠯᠦᠯᠲᠡ ᠶᠢᠨ ᠬᠤᠷᠠᠯ︾᠎ ᠤᠨ ᠠᠵᠢᠯᠯᠠᠭ᠎ᠠ ᠥᠷᠨᠢᠭᠦᠯᠪᠡ᠃ ᠲᠥᠪ ᠤᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠲᠤᠰ ᠤᠳᠠᠭᠠᠨ ᠤ ᠮᠡᠳᠡᠭᠦᠯᠦᠯᠲᠡ ᠶᠢᠨ ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠶᠢᠯᠠᠨ ᠠᠵᠢᠯ ᠤᠨ ᠲᠥᠰᠦᠯ ᠲᠣᠭᠲᠠᠭᠠᠨ ᠲᠠᠷᠬᠠᠭᠠᠵᠤ᠂ ᠠᠵᠢᠯᠯᠠᠬᠤ ᠳᠤᠭᠤᠶᠢᠯᠠᠩ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠤᠯᠤᠰ ᠲᠦᠷᠦ᠂ ᠠᠵᠤ ᠠᠬᠤᠶ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠵᠡᠷᠭᠡ ᠬᠦᠷᠢᠶᠡᠨ ᠤ 15 ᠡᠷᠬᠡ ᠰᠦᠷᠲᠦ ᠲᠤᠰᠬᠠᠶ ᠮᠡᠷᠭᠡᠵᠢᠯᠲᠡᠳ ᠢ ᠤᠷᠢᠵᠤ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠰᠠᠯᠠᠭ᠎ᠠ ᠮᠥᠴᠢᠷ ᠠᠴᠠ 15 ᠲᠣᠪᠴᠢᠶᠠᠨ ᠤ ᠳᠡᠰ ᠤᠨ ᠺᠠᠳ᠋ᠷ ᠢ ᠲᠠᠲᠠᠵᠤ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠮᠡᠳᠡᠭᠦᠯᠦᠯᠲᠡ ᠶᠢᠨ ᠪᠦᠯᠬᠦᠮ ᠢ ᠪᠠᠶᠢᠭᠤᠯᠵᠤ᠂ ᠡᠯ᠎ᠡ ᠭᠠᠵᠠᠷ ᠲᠤ ᠣᠴᠢᠵᠤ ᠬᠠᠪᠰᠤᠷᠠᠨ ᠵᠢᠯᠣᠭᠤᠳᠬᠤ ᠮᠡᠳᠡᠭᠦᠯᠦᠯᠲᠡ ᠬᠢᠯᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号