ᠵᠢᠩ ᠳ᠋ᠦᠡᠭ ᠤᠨ ᠳᠤᠮᠳᠠᠲᠤ ᠤᠯᠤᠰ ᠤᠨ ᠤᠨᠴᠠ ᠭᠠᠷᠤᠯᠲᠠ ᠶᠢᠨ ᠦᠪᠦᠷ ᠮᠤᠩᠭᠤᠯ ᠤᠨ ᠤᠷᠳᠤᠨ ᠡᠷᠦᠬᠡ ᠎ ᠪᠠᠨ ᠰᠡᠭᠦᠪᠡ
ᠨᠡᠶᠢᠲᠡᠯᠡᠭᠰᠡᠨ ᠴᠠᠭ᠄
2015/12/14
     12 ᠳ᠋ᠤᠭᠠᠷ ᠰᠠᠷ᠎ᠠ ᠶᠢᠨ 12 ᠤᠨ ᠡᠳᠦᠷ᠂ ᠵᠢᠩ ᠳ᠋ᠦᠩ ᠤᠨ ᠳᠤᠮᠳᠠᠳᠤ ᠤᠯᠣᠰ ᠤᠨ ᠣᠨᠴᠠ ᠭᠠᠷᠣᠯᠳᠠ ᠶᠢᠨ ᠥᠪᠦᠷ ᠮᠤᠩᠭᠤᠯ ᠤᠨ ᠤᠷᠳᠤᠨ ᠡᠷᠦᠭᠡ ᠪᠠᠨ ᠰᠡᠬᠦᠪᠡ᠃      ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠸᠠᠩ ᠢᠤᠢ ᠮᠢᠩ ᠤᠷᠳᠤᠨ ᠤ ᠨᠡᠭᠡᠭᠡᠯᠳᠡ ᠶᠢᠨ ᠶᠤᠰᠤᠯᠠᠯ ᠳᠡᠭᠡᠷ᠎ᠠ ᠪᠠᠶᠠᠷ ᠤᠨ ᠦᠭᠡ ᠭᠡᠯᠡᠪᠡ᠃      ᠸᠠᠩ ᠢᠤᠢ ᠮᠢᠩ ᠵᠢᠭᠠᠵᠣ ᠭᠠᠷᠭᠠᠭᠰᠠᠨ ᠨᠢ᠂ ᠡᠯᠧᠺᠲᠷᠤᠨ ᠠᠷᠠᠯᠵᠢᠶ᠎ᠠ ᠳᠤ ᠤᠷᠤᠯᠴᠠᠭᠰᠠᠨ ᠡᠯ᠎ᠠ ᠲᠠᠯ᠎ᠠ ᠶᠢᠨ ᠭᠤᠤᠯ ᠴᠤᠭᠴᠠ ᠢᠮᠠᠭᠳᠠ ᠰᠠᠶᠢᠨ ᠰᠠᠶᠢᠬᠠᠨ ᠢᠳᠡᠭᠡᠮᠵᠢ ᠶᠢ ᠬᠠᠮᠠᠭᠠᠯᠠᠬᠤ ᠪᠠ ᠪᠤᠢ ᠪᠤᠯᠭᠠᠬᠤ ᠶᠢ ᠠᠮᠢ ᠨᠠᠰᠤᠨ ᠤ ᠢᠨᠵᠧᠨᠧᠷᠢᠩ ᠪᠤᠯᠭᠠᠨ ᠬᠠᠨᠳᠤᠵᠦ᠂ ᠥᠪᠦᠷ ᠮᠤᠩᠭᠤᠯ ᠤᠨ ᠤᠷᠳᠤᠨ ᠤ ᠡᠷᠡᠬᠦᠯ ᠬᠦᠭᠵᠢᠯᠳᠠ ᠶᠢᠨ ᠲᠦᠯᠦᠭᠡ᠂ ᠪᠦᠬᠦ᠋ᠢᠯᠡ ᠢᠨᠲ᠋ᠧᠷ ᠰᠦᠯᠵᠢᠶ᠎ᠠ ᠶᠢᠨ ᠰᠠᠶᠢᠨ ᠴᠢᠨᠠᠷᠳᠠᠢ ᠠᠵᠢᠯᠯᠭ᠎ᠠ ᠶᠢ ᠪᠤᠢ ᠪᠤᠯᠭᠠᠬᠤ ᠶᠢᠨ ᠲᠦᠯᠦᠭᠡ ᠬᠠᠮᠳᠤᠪᠡᠷ ᠦᠵᠡᠬᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠬᠦᠯᠬᠦ ᠶᠢ ᠬᠦᠰᠡᠵᠦ ᠪᠠᠶᠢᠨ᠎ᠠ ᠭᠡᠪᠠ᠃     ᠵᠢᠩ ᠳ᠋ᠦᠩ ᠤᠨ ᠳᠤᠮᠳᠠᠳᠤ ᠤᠯᠤᠰ ᠤᠨ ᠣᠨᠴᠠ ᠭᠠᠷᠣᠯᠳᠠ ᠶᠢᠨ ᠥᠪᠦᠷ ᠮᠤᠩᠭᠤᠯ ᠤᠨ ᠤᠷᠳᠤᠨ ᠢ ᠥᠪᠦᠷ ᠮᠤᠩᠭᠤᠯ ᠤᠨ ᠲᠠᠯ᠎ᠠ ᠨᠤᠳᠤᠭ ᠤᠨ ᠰᠤᠶᠤᠯ ᠢ ᠬᠠᠮᠠᠭᠠᠯᠠᠵᠣ ᠬᠦᠭᠵᠢᠬᠦᠯᠬᠦ ᠰᠠᠭᠤᠷᠢ ᠮᠦᠩᠬᠦᠨ ᠤ ᠨᠡᠶᠢᠭᠡᠮᠯᠢᠭ᠂ ᠵᠢᠩ ᠳ᠋ᠦᠩ ᠪᠦᠯᠦᠭᠯᠡᠯ᠂ ᠥᠪᠦᠷ ᠮᠤᠩᠭᠤᠯ ᠤᠨ ᠨᠡᠬᠦᠳᠡᠯ ᠮᠠᠯᠵᠢᠯ ᠤᠨ ᠬᠠᠶᠢᠷ᠎ᠠ ᠡᠯᠧᠺᠲᠷᠤᠨ ᠠᠷᠠᠯᠵᠢᠶᠠᠨ ᠤ ᠶᠠᠪᠤᠳᠠᠯ ᠤᠨ ᠬᠢᠵᠠᠭᠠᠷᠳᠦ ᠺᠤᠮᠫᠠᠨᠢ ᠬᠠᠮᠳᠤᠪᠡᠷ ᠭᠤᠤᠯᠯᠠᠨ ᠡᠷᠬᠢᠯᠡᠵᠦ᠂ ᠥᠪᠦᠷ ᠮᠤᠩᠭᠤᠯ ᠤᠨ ᠣᠨᠴᠠ ᠭᠠᠷᠣᠯᠳᠠ ᠶᠢᠨ ᠨᠡᠷᠡᠳᠦ ᠪᠦᠳᠦᠭᠡᠭᠳᠡᠬᠦᠨ ᠤ ᠠᠵᠤ ᠠᠬᠤᠢᠢᠯᠠᠯ ᠤᠨ ᠵᠢᠩ ᠳ᠋ᠦᠩ ᠠᠷᠠᠯᠵᠢᠶᠠᠨ ᠤ ᠬᠤᠳᠠ ᠲᠠᠢ ᠭᠠᠷ ᠬᠤᠯᠪᠤᠨ ᠪᠠᠶᠢᠭᠤᠯᠤᠭᠰᠠᠨ ᠥᠪᠦᠷ ᠮᠤᠩᠭᠤᠯ ᠤᠨ ᠣᠨᠴᠠ ᠭᠠᠷᠣᠯᠳᠠ ᠶᠢᠨ ᠨᠡᠶᠢᠭᠡᠮᠴᠢᠯᠡᠭᠰᠡᠨ ᠲᠠᠪᠴᠠᠩ ᠪᠣᠯᠣᠨ᠎ᠠ᠂ ᠲᠠᠪᠴᠠᠩ ᠨᠢ ᠦᠢᠯᠡᠳᠪᠤᠷᠢ ᠠᠴᠠ ᠰᠢᠭᠤᠳ ᠪᠤᠷᠤᠯᠠᠭᠤᠯᠬᠤ᠂ ᠬᠦᠢᠯᠭᠡᠭᠡᠨ ᠤ ᠪᠦᠬᠦ᠋ᠢᠯᠡ ᠶᠠᠪᠤᠴᠠ ᠶᠢᠨ ᠡᠬᠢ ᠶᠢ ᠨᠡᠭᠡᠮᠵᠢᠯᠡᠬᠦ᠂ ᠨᠢᠭᠡᠳᠦᠯᠳᠠᠢ ᠬᠦᠮᠦᠷᠭᠡ ᠳᠤ ᠬᠠᠳᠠᠭᠠᠯᠠᠬᠤ᠂ ᠬᠦᠷᠭᠡᠬᠦ᠂ ᠭᠡᠷᠡᠭᠯᠡᠭᠴᠢ ᠶᠢᠨ ᠦᠢᠯᠡᠴᠢᠯᠡᠭᠡ᠂ ᠪᠤᠷᠤᠯᠠᠭᠤᠯᠤᠭᠰᠠᠨ ᠤ ᠳᠠᠷᠠᠭᠠᠬᠢ ᠦᠢᠯᠡᠴᠢᠯᠡᠭᠡ ᠵᠡᠷᠭᠡ ᠪᠠᠷ ᠳᠠᠮᠵᠢᠵᠦ᠂ ᠤᠷᠤᠨ ᠨᠤᠳᠤᠭ ᠤᠨ ᠣᠨᠴᠠ ᠭᠠᠷᠣᠯᠳᠠ + ᠢᠨᠲ᠋ᠧᠷ ᠰᠦᠯᠵᠢᠶ᠎ᠠ ᠶᠢᠨ ᠬᠡᠯᠪᠡᠷᠢ ᠪᠠᠷ ᠭᠡᠷᠡᠭᠯᠡᠭᠴᠢ ᠳᠤ ᠡᠷᠡᠬᠦᠯ᠂ ᠠᠮᠤᠷ ᠲᠦᠪᠰᠢᠨ ᠪᠤᠬᠢᠷᠳᠤᠯ ᠦᠭᠡᠢ ᠦᠢᠯᠡᠳᠬᠦᠨ ᠬᠠᠩᠭᠠᠬᠤ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号