ᠣᠶᠢᠷ᠎ᠠ ᠳᠤ᠂ ︽ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠦᠨᠡᠮᠰᠢᠬᠦ ᠬᠠᠮᠢᠶᠠᠷᠤᠯᠲᠠ ᠶᠢᠨ ᠠᠷᠭ᠎ᠠ | ︾ ᠪᠣᠯᠤᠨ ︽ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠦᠨᠡᠮᠰᠢᠬᠦ ᠬᠠᠮᠢᠶᠠᠷᠤᠯᠲᠠ ᠶᠢᠨ ᠠᠵᠢᠯ ᠤᠨ | ᠵᠢᠯᠤᠭᠤᠳᠤᠯᠭ᠎ᠠ︾ ᠶᠢᠨ ᠬᠤᠯᠪᠣᠭᠳᠠᠯ ᠪᠦᠬᠦᠢ ᠲᠤᠭᠲᠠᠭᠠᠯ ᠢ ᠦᠨᠳᠦᠰᠦᠯᠡᠨ᠂ ᠠᠵᠤ ᠠᠬᠤᠶᠢᠯᠠᠯ ᠨᠢ ᠮᠡᠳᠡᠭᠦᠯᠵᠦ᠂ | ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠦᠨᠡᠮᠰᠢᠬᠦ ᠬᠠᠮᠢᠶᠠᠷᠤᠯᠲᠠ ᠶᠢᠨ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠳᠠᠬᠢᠨ ᠬᠢᠨᠠᠬᠤ ᠪᠠ ᠮᠠᠭᠠᠳᠯᠠᠨ ᠲᠣᠭᠲᠠᠭᠠᠬᠤ ᠵᠡᠷᠭᠡ | ᠠᠵᠢᠯ ᠤᠨ ᠲᠡᠰ ᠳᠠᠷᠠᠭᠠᠯᠠᠯ ᠢᠶᠠᠷ ᠳᠠᠮᠵᠢᠭᠤᠯᠤᠨ᠂ ᠪᠦᠬᠦ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢ ᠦᠨᠡᠮᠰᠢᠨ ᠲᠤᠭᠲᠠᠭᠠᠬᠤ ᠬᠠᠮᠢᠶᠠᠷᠤᠯᠲᠠ ᠶᠢᠨ ᠳᠤᠭᠤᠶᠢᠯᠠᠩ ᠤᠨ ᠠᠯᠪᠠᠨ ᠭᠡᠷ ᠠᠴᠠ ᠮᠠᠨ ᠤ ᠣᠷᠣᠨ ᠤ | ᠭᠤᠶᠤᠴᠢᠯᠠᠨ ᠮᠡᠳᠡᠭᠦᠯᠦᠭᠰᠡᠨ 2014 ᠣᠨ ᠤ ᠬᠤᠶᠠᠳᠤᠭᠠᠷ ᠪᠦᠯᠦᠭ ᠤᠨ ︽ᠥᠪᠥᠷ ᠮᠣᠩᠭᠤᠯ ᠤᠨ ᠹᠧᠩ ᠳ᠋ᠢᠶᠠᠨ | ᠡᠨᠧᠷᠭᠢ ᠶᠢᠨ ᠰᠤᠷᠪᠤᠯᠵᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ︾ ᠵᠡᠷᠭᠡ 6 ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠢ ᠳᠠᠬᠢᠨᠲᠠ ᠬᠢᠨᠠᠵᠤ᠂ ︽ᠤᠮᠠᠷᠠᠲᠤ ᠣᠷᠣᠨ ᠤ ᠱᠢ ᠳ᠋ᠠᠢ ᠪᠠᠷᠢᠯᠭ᠎ᠠ ᠶᠢᠨ ᠬᠠᠶᠢᠨ ᠪᠠᠶᠢᠴᠠᠭᠠᠬᠤ | ᠵᠢᠷᠤᠭ ᠲᠥᠯᠥᠪᠯᠡᠭᠡ ᠶᠢᠨ ᠰᠤᠳᠤᠯᠬᠤ ᠬᠦᠷᠢᠶᠡᠯᠡᠩ ᠤᠨ ᠬᠢᠵᠠᠭᠠᠷᠲᠤ ᠺᠣᠮᠫᠠᠨᠢ︾ ᠵᠡᠷᠭᠡ 19 ᠠᠵᠤ ᠠᠬᠤᠶᠢᠯᠠᠯ ᠳᠤ | ᠬᠢᠨᠠᠨ ᠬᠠᠷᠭᠤᠭᠤᠯᠵᠤ ᠦᠨᠡᠮᠰᠢᠬᠦ ᠳᠤ᠂ ᠮᠠᠨ ᠤ ᠣᠷᠣᠨ ᠤ 2014 ᠣᠨ ᠤ ᠬᠤᠶᠠᠳᠤᠭᠠᠷ ᠪᠦᠯᠦᠭ ᠭᠤᠶᠤᠴᠢᠯᠠᠨ | ᠮᠡᠳᠡᠭᠦᠯᠦᠭᠰᠡᠨ ᠠᠵᠤ ᠠᠬᠤᠶᠢᠯᠠᠯ ᠤᠨ ᠪᠠᠲᠤᠯᠠᠯᠲᠠ ᠶᠢᠨ ᠨᠤᠷᠮ᠎ᠠ100% ᠲᠤ ᠬᠦᠷᠴᠡᠢ᠃ | ᠣᠳᠣᠬᠠᠨ ᠪᠤᠯᠬᠤ ᠳᠤ᠂ ᠮᠠᠨ ᠤ ᠣᠷᠣᠨ ᠤ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠤᠨ ᠶᠡᠷᠦᠩᠬᠡᠶ ᠲᠤᠭ᠎ᠠ 200 ᠶᠢ ᠳᠠᠪᠠᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠢ | ᠬᠥᠭᠵᠢᠭᠦᠯᠬᠦ ᠴᠢᠬᠤᠯᠠ ᠰᠠᠭᠤᠷᠢ ᠪᠤᠯᠵᠤ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ | ᠭᠠᠵᠠᠷ ᠣᠷᠣᠨ ᠤ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠳᠤ ᠴᠢᠬᠤᠯᠠ ᠲᠦᠯᠬᠢᠴᠡ ᠦᠢᠯᠡᠳᠦᠯ ᠦᠵᠡᠭᠦᠯᠵᠦ | ᠪᠠᠶᠢᠨ᠎ᠠ᠃ |