ᠷᠠᠰᠢᠶᠠᠨ — ᠴᠠᠶ ᠾᠧ ᠶᠢᠨ ᠵᠢᠭᠤᠯᠴᠢᠯᠠᠯ ᠤᠨ ᠦᠵᠡᠮᠵᠢᠲᠦ ᠣᠷᠣᠨ ᠤᠯᠤᠰ ᠤᠨAAAAA ᠳᠡᠰ ᠤᠨ | ᠵᠢᠭᠤᠯᠴᠢᠯᠠᠯ ᠤᠨ ᠦᠵᠡᠮᠵᠢᠲᠦ ᠣᠷᠣᠨ ᠤ ᠡᠬᠢ ᠪᠠᠶᠠᠯᠢᠭ ᠬᠢᠭᠡᠳ ᠦᠵᠡᠮᠵᠢ ᠶᠢᠨ ᠶᠠᠰᠤ ᠴᠢᠨᠠᠷ ᠤᠨ ᠬᠢᠨᠠᠨ | ᠲᠣᠭᠲᠠᠭᠠᠯᠲᠠ ᠳᠤ ᠤᠷᠤᠭᠰᠢᠲᠠᠢ ᠪᠠᠲᠤᠯᠠᠭᠳᠠᠪᠠ᠃ ᠷᠠᠰᠢᠶᠠᠨ — ᠴᠠᠶ ᠾᠧ ᠶᠢᠨ ᠵᠢᠭᠤᠯᠴᠢᠯᠠᠯ ᠤᠨ ᠦᠵᠡᠮᠵᠢᠲᠦ | ᠣᠷᠣᠨ ᠥᠪᠡᠷᠲᠡᠭᠡᠨ ᠵᠠᠰᠠᠬᠤ ᠣᠷᠣᠨ ᠤ ᠵᠡᠭᠦᠨ ᠬᠡᠰᠡᠭ ᠲᠤ ᠪᠠᠶᠢᠷᠢᠯᠠᠵᠤ᠂ ᠬᠢᠩᠭᠠᠨ ᠠᠶᠢᠮᠠᠭ ᠪᠠ ᠬᠥᠯᠥᠨ ᠪᠤᠶᠢᠷ | ᠬᠤᠲᠠ ᠶᠢ ᠰᠤᠨᠳᠠᠯᠠᠵᠤ᠂ ᠦᠵᠡᠮᠵᠢᠲᠦ ᠣᠷᠣᠨ ᠨᠢ ᠬᠥᠯᠥᠨ ᠪᠤᠶᠢᠷ᠂ ᠬᠤᠷᠴᠢᠨ᠂ ᠰᠢᠯᠢ ᠶᠢᠨ ᠭᠤᠣᠯ ᠪᠣᠯᠤᠨ | ᠮᠣᠩᠭᠤᠯ ᠤᠯᠤᠰ ᠤᠨ 4 ᠶᠡᠭᠡ ᠬᠡᠭᠡᠷ᠎ᠡ ᠲᠠᠯ᠎ᠠ ᠶᠢᠨ ᠠᠭᠤᠯᠵᠠᠷ ᠲᠤ ᠪᠠᠶᠢᠷᠢᠯᠠᠵᠤ ᠪᠠᠶᠢᠳᠠᠭ᠃ ᠦᠵᠡᠮᠵᠢ ᠶᠢᠨ | ᠣᠷᠣᠨ ᠤ ᠲᠥᠯᠥᠪᠵᠢᠭᠦᠯᠭᠡ ᠶᠢᠨ ᠲᠠᠯᠠᠪᠠᠶ ᠨᠢ 1. 3 ᠲᠦᠮᠡ ᠭᠠᠷᠤᠶ ᠲᠡᠭᠰᠢ ᠳᠥᠷᠪᠡᠯᠵᠢᠨ ᠺᠢᠯᠣᠮᠧᠲᠷ ᠲᠤ | ᠬᠦᠷᠴᠦ᠂ ᠡᠭᠦᠳᠦᠨ ᠪᠠᠶᠢᠭᠤᠯᠤᠭᠰᠠᠨ ᠲᠠᠯᠠᠪᠠᠶ ᠨᠢ 10.3149 ᠲᠦᠮᠡᠨ ᠾᠧᠺᠲ᠋ᠠᠷ ᠲᠤ ᠬᠦᠷᠦᠭᠰᠡᠨ | ᠵᠢᠭᠤᠯᠴᠢᠯᠠᠨ ᠲᠣᠭᠤᠷᠢᠬᠤ᠂ ᠰᠡᠯᠡᠭᠦᠴᠡᠨ ᠠᠮᠠᠷᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ᠂ | ᠰᠢᠨᠵᠢᠯᠡᠬᠦ ᠤᠬᠠᠭᠠᠨᠴᠢ ᠪᠠᠷᠲᠠᠭ᠎ᠠ ᠰᠢᠨᠵᠢᠯᠡᠬᠦ ᠶᠢ ᠨᠢᠭᠡ ᠴᠣᠭᠴᠠ ᠪᠣᠯᠭᠠᠭᠰᠠᠨ ᠪᠠᠶᠢᠭᠠᠯᠢᠯᠢᠭ ᠠᠮᠢ ᠠᠬᠤᠶ ᠶᠢᠨ | ᠵᠢᠭᠤᠯᠴᠢᠯᠠᠯ ᠤᠨ ᠦᠵᠡᠮᠵᠢᠲᠦ ᠣᠷᠣᠨ ᠪᠣᠯᠤᠨ᠎ᠠ᠃ 2000 ᠣᠨ ᠳᠤ ᠲᠤᠰ ᠦᠵᠡᠮᠵᠢ ᠶᠢᠨ ᠣᠷᠣᠨ ᠢ ︽ | ᠤᠯᠤᠰ ᠤᠨ ᠣᠶ ᠰᠢᠭᠤᠶ ᠶᠢᠨ ᠴᠡᠴᠡᠷᠯᠢᠭ︾ ᠭᠡᠵᠦ ᠨᠡᠷᠡᠶᠢᠳᠴᠦ᠂ 2004 ᠣᠨ ᠳᠤ ︽ᠤᠯᠤᠰ ᠤᠨ ᠭᠠᠵᠠᠷ | ᠰᠢᠨᠵᠢᠯᠡᠭᠡᠨ ᠤ ᠴᠡᠴᠡᠷᠯᠢᠭ︾ ᠭᠡᠵᠦ ᠨᠡᠷᠡᠶᠢᠳᠴᠦ᠂ 2008 ᠣᠨ ᠳᠤ ︽ᠤᠯᠤᠰ ᠤᠨAAAA ᠳᠡᠰ ᠤᠨ | ᠵᠢᠭᠤᠯᠴᠢᠯᠠᠯ ᠤᠨ ᠦᠵᠡᠮᠵᠢᠲᠦ ᠣᠷᠣᠨ︾ ᠪᠠᠷ ᠲᠣᠭᠲᠠᠭᠠᠭᠳᠠᠭᠰᠠᠨ ᠪᠥᠭᠡᠳ ᠤᠷᠢᠳ ᠬᠤᠵᠢᠳ ︽ᠤᠯᠤᠰ ᠤᠨ | ᠠᠮᠢ ᠠᠬᠤᠶ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ︾᠂ ︽ᠪᠦᠬᠦ ᠤᠯᠤᠰ ᠤᠨ ᠤᠢ ᠰᠢᠭᠤᠶ ᠶᠢᠨ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ︾᠂ ︽ᠪᠦᠬᠦ ᠤᠯᠤᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠰᠤᠷᠭᠠᠨ ᠬᠥᠮᠦᠵᠢᠯ ᠤᠨ ᠰᠠᠭᠤᠷᠢᠨ ᠭᠠᠵᠠᠷ︾᠂ ︽ᠳᠤᠮᠳᠠᠳᠤ ᠤᠯᠤᠰ ᠤᠨ ᠬᠠᠮᠤᠭ ᠤᠨ ᠭᠤᠶᠣ ᠤᠢ ᠰᠢᠭᠤᠶ ᠶᠢᠨ | ᠵᠢᠭᠤᠯᠴᠢᠯᠠᠯ ᠤᠨ ᠦᠵᠡᠮᠵᠢᠲᠦ ᠣᠷᠣᠨ︾ ᠵᠡᠷᠭᠡ ᠢᠷᠠᠭᠤ ᠠᠯᠳᠠᠷ ᠢ ᠣᠯᠪᠠ᠃ ᠤᠢᠢᠷ᠎ᠠ ᠶᠢᠨ ᠵᠢᠯ ᠳᠤ᠂ ᠷᠠᠰᠢᠶᠠᠨ | ᠬᠤᠳᠠ ︽ᠤᠯᠤᠰ ᠤᠨ 5 A ᠳᠡᠰ ᠤᠨ ᠵᠢᠭᠤᠯᠴᠢᠯᠠᠯ ᠤᠨ ᠦᠵᠡᠮᠵᠢᠲᠦ ᠣᠷᠣᠨ︾ ᠶᠢ ᠡᠭᠦᠳᠦᠨ ᠪᠠᠶᠢᠭᠤᠯᠬᠤ | ᠶᠡᠷᠦᠩᠬᠡᠶ ᠬᠠᠷᠠᠯᠲᠠ ᠶᠢᠨ ᠲᠣᠭᠤᠷᠢᠨ ᠳᠤ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ | ᠲᠠᠯ᠎ᠠ ᠪᠠᠷ ᠲᠦᠯᠬᠢᠨ ᠠᠬᠢᠭᠤᠯᠵᠤ᠂ ᠵᠢᠭᠤᠯᠴᠢᠯᠠᠯ ᠤᠨ ᠦᠢᠯᠡᠴᠢᠯᠡᠭᠡ ᠶᠢᠨ ᠬᠠᠮᠢᠶᠠᠷᠤᠯᠲᠠ ᠶᠢ ᠬᠦᠴᠦᠲᠡᠶ ᠠᠳᠬᠤᠵᠤ᠂ | ᠤᠬᠠᠭᠤᠯᠬᠤ ᠡᠵᠡᠩᠨᠡᠨ ᠪᠣᠷᠣᠯᠠᠭᠤᠯᠬᠤ ᠶᠢ ᠶᠡᠬᠡᠪᠡᠷ ᠥᠷᠨᠢᠭᠦᠯᠵᠦ᠂ ᠦᠵᠡᠮᠵᠢᠲᠦ ᠣᠷᠣᠨ ᠤ ᠵᠥᠭᠡᠯᠡᠨ ᠬᠠᠲᠠᠭᠤ | ᠬᠡᠷᠡᠭᠰᠡᠯ ᠤᠨ ᠪᠠᠶᠢᠭᠤᠯᠤᠯᠲᠠ ᠶᠢ ᠮᠡᠳᠡᠭᠳᠡᠮ᠎ᠡ ᠳᠡᠭᠡᠭᠰᠢᠯᠡᠭᠦᠯᠬᠦ ᠶᠢ ᠪᠡᠶᠡᠯᠡᠭᠦᠯᠦᠭᠡᠳ᠂ ᠥᠪᠥᠷ ᠮᠣᠩᠭᠤᠯ ᠤᠨ ᠵᠡᠭᠦᠨ | ᠬᠡᠰᠡᠭ ᠲᠡᠷᠡᠴᠢᠯᠡᠨ ᠪᠦᠬᠦ ᠤᠯᠤᠰ ᠤᠨ ᠬᠠᠮᠤᠭ ᠤᠨ ᠣᠨᠴᠠᠯᠢᠭ ᠲᠠᠢ ᠵᠢᠭᠤᠯᠴᠢᠯᠠᠯ ᠤᠨ ᠭᠠᠵᠠᠷ ᠤᠨ ᠨᠢᠭᠡ ᠨᠢ | ᠪᠣᠯᠤᠭᠰᠠᠨ ᠪᠠᠶᠢᠨ᠎ᠠ᠃ |