ᠤᠯᠤᠰ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠠᠵᠢᠯ ᠤᠨ ᠬᠤᠷᠠᠯ ᠬᠢᠩᠭᠠᠨ ᠠᠶᠢᠮᠠᠭ ᠳᠤ ᠬᠤᠷᠠᠯᠳᠤᠪᠠ
ᠨᠡᠶᠢᠲᠡᠯᠡᠭᠰᠡᠨ ᠴᠠᠭ᠄
2015/12/15
      12 ᠳ᠋ᠤᠭᠠᠷ ᠰᠠᠷ᠎ᠠ ᠶᠢᠨ 9᠎ ᠤ ᠡᠳᠦᠷ᠂ ᠤᠯᠤᠰ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ ᠪᠠᠷᠠᠭᠤᠨ ᠣᠷᠤᠨ ᠤ ᠨᠡᠬᠡᠬᠡᠯᠲᠡ ᠶᠢᠨ ᠵᠤᠷᠭᠠᠨ ᠤ ᠳᠡᠳ᠋ ᠳᠠᠷᠤᠭ᠎ᠠ ᠲᠥᠩ ᠵᠠᠩ ᠱᠦᠨ᠂ ᠲᠠᠷᠢᠶᠠᠯᠠᠩ ᠤᠨ ᠶᠠᠮᠤᠨ ᠤ ᠨᠤᠲᠤᠭ ᠪᠡᠯᠴᠢᠭᠡᠷ ᠢ ᠬᠢᠨᠠᠨ ᠬᠠᠮᠢᠶᠠᠷᠬᠤ ᠲᠥᠪ ᠤᠨ ᠳᠡᠳ᠋ ᠡᠷᠬᠢᠯᠡᠭᠴᠢ ᠯᠢᠦ ᠵᠢᠶ᠋ᠨ ᠸᠧᠨ ᠨᠠᠷ ᠦᠪᠡᠷᠲᠡᠭᠡᠨ ᠵᠠᠰᠠᠬᠤ ᠤᠷᠤᠨ ᠤ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ᠂ ᠪᠠᠷᠠᠭᠤᠨ ᠣᠷᠤᠨ ᠤ ᠨᠡᠬᠡᠬᠡᠯᠲᠡ ᠶᠢᠨ ᠵᠤᠷᠭᠠᠨ ᠤ ᠡᠷᠬᠢᠯᠡᠭᠴᠢ ᠸᠠᠩ ᠷᠥ᠂ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠳᠡᠳ᠋ ᠳᠠᠷᠤᠭ᠎ᠠ ᠯᠢᠦ ᠶᠥᠩ ᡁᠢ ᠤᠨ ᠪᠠᠷ᠎ᠠ ᠪᠣᠯᠤᠯᠭ᠎ᠠ ᠲᠠᠢ ᠪᠠᠷ᠂ ᠮᠠᠨ ᠤ ᠠᠶᠢᠮᠠᠭ ᠲᠤ ᠢᠷᠡᠵᠦ ᠮᠠᠨ ᠤ ᠣᠷᠤᠨ ᠤ ᠵᠡᠭᠦᠨ ᠭᠤᠷᠪᠠᠨ ᠮᠤᠵᠢ ᠶᠢᠨ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠠᠵᠢᠯ ᠳᠤ ᠪᠠᠶᠢᠴᠠᠭᠠᠨ ᠰᠣᠳᠤᠯᠤᠯᠲᠠ ᠬᠢᠪᠡ᠃ ᠠᠶᠢᠮᠠᠭ ᠤᠨ ᠳᠡᠳ᠋ ᠳᠠᠷᠤᠭ᠎ᠠ ᠰᠦᠢ ᠸᠧᠶ ᠵᠢᠶᠦ᠋ᠨ ᠵᠢᠴᠢ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠤᠯᠴᠠᠪᠠ᠃      ᠰᠦᠢ ᠸᠧᠶ ᠵᠢᠶᠦ᠋ᠨ ᠶᠠᠭᠤᠨ ᠤ ᠡᠮᠦᠨ᠎ᠡ ᠪᠠᠶᠢᠴᠠᠭᠠᠨ ᠰᠣᠳᠣᠯᠠᠬᠤ ᠳᠤᠭᠤᠶᠢᠯᠠᠩ ᠳᠤ ᠮᠠᠨ ᠤ ᠠᠶᠢᠮᠠᠭ ᠤᠨ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠲᠠᠨᠢᠯᠴᠠᠭᠤᠯᠪᠠ᠃ ︽12᠂ 5︾᠎ ᠶᠢᠨ ᠬᠤᠭᠤᠴᠠᠭᠠᠨ ᠳᠤ᠂ ᠮᠠᠨ ᠤ ᠠᠶᠢᠮᠠᠭ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠢ ᠨᠡᠶᠢᠲᠡ 794 ᠲᠦᠮᠡᠨ ᠮᠦ ᠪᠡᠶᠡᠯᠡᠭᠦᠯᠵᠦ᠂ ᠡᠭᠦᠨ ᠳᠤ 540 ᠲᠦᠮᠡᠨ ᠮᠦ ᠬᠦᠷᠢᠶᠡᠯᠡᠵᠦ᠂ 173.5 ᠲᠦᠮᠡᠨ ᠮᠦ ᠡᠪᠡᠰᠦ ᠨᠦᠬᠦᠨ ᠲᠠᠷᠢᠵᠤ᠂ 80.5 ᠲᠦᠮᠡᠨ ᠮᠦ ᠡᠪᠡᠰᠦ ᠲᠠᠷᠢᠵᠤ᠂ 173.6 ᠲᠦᠮᠡᠨ ᠲᠡᠭᠰᠢ ᠳᠦᠷᠪᠡᠯᠵᠢᠨ ᠮᠧᠲᠷ ᠲᠠᠯᠠᠪᠠᠢ ᠪᠦᠬᠦᠢ 21700 ᠬᠠᠰᠢᠶ᠎ᠠ ᠰᠠᠷᠠᠪᠴᠢ ᠪᠠᠶᠢᠭᠤᠯᠪᠠ᠃ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠨ᠂ ᠤᠷᠭᠤᠮᠠᠯ ᠤᠨ ᠪᠦᠷᠬᠦᠴᠡ᠂ ᠤᠷᠭᠤᠮᠠᠯ ᠤᠨ ᠦᠨᠳᠦᠷᠴᠡ᠂ ᠮᠦ ᠪᠦᠷᠢ ᠶᠢᠨ ᠡᠪᠡᠰᠦᠨ ᠤ ᠤᠨᠠᠯᠲᠠ ᠶᠢ ᠢᠯᠡᠳᠲᠡ ᠳᠡᠭᠡᠭᠰᠢᠯᠡᠭᠦᠯᠪᠡ︔ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠲᠤ ᠬᠤᠪᠢᠷᠠᠯᠲᠠ ᠭᠠᠷᠴᠤ᠂ ᠪᠠᠶᠢᠭᠠᠯᠢ ᠶᠢᠨ ᠭᠠᠮᠰᠢᠭ ᠲᠠᠢ ᠲᠡᠮᠡᠴᠡᠬᠦ ᠴᠢᠳᠠᠪᠤᠷᠢ ᠢᠯᠡᠳᠲᠡ ᠳᠡᠭᠡᠭᠰᠢᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠡᠷᠴᠢᠮ ᠲᠠᠢ ᠠᠬᠢᠭᠤᠯᠪᠠ᠃      ᠶᠠᠷᠢᠯᠴᠠᠬᠤ ᠳᠤᠮᠳᠠ᠂ ᠬᠤᠷᠠᠯ ᠳᠤ ᠣᠷᠤᠯᠴᠠᠭᠰᠠᠳ ᠲᠤᠰ ᠭᠠᠵᠠᠷ ᠤᠷᠤᠨ ᠤ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠠᠵᠢᠯ ᠤᠨ ᠭᠤᠣᠯ ᠠᠷᠭ᠎ᠠ ᠬᠡᠮᠵᠢᠶ᠎ᠡ᠂ ᠣᠷᠤᠰᠢᠵᠤ ᠪᠠᠶᠢᠭ᠎ᠠ ᠠᠰᠠᠭᠤᠳᠠᠯ ᠤᠨ ᠲᠠᠯ᠎ᠠ ᠪᠠᠷ ᠳᠤ ᠲᠤᠰ ᠲᠤᠰ ᠶᠠᠷᠢᠶ᠎ᠠ ᠲᠠᠯᠪᠢᠵᠤ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠤᠨ ᠬᠠᠮᠢᠶ᠎ᠠ ᠪᠦᠬᠦᠢ ᠲᠥᠷᠦ ᠶᠢᠨ ᠪᠣᠳᠣᠯᠭ᠎ᠠ ᠶᠢ ᠬᠡᠷᠬᠢᠨ ᠴᠢᠨᠠᠭᠰᠢᠳᠠ ᠪᠦᠷᠢᠨᠰᠢᠭᠦᠯᠬᠦ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠤᠨ ︽13᠂ 5︾᠎ ᠶᠢᠨ ᠲᠦᠯᠦᠪᠵᠢᠭᠦᠯᠭᠡ ᠶᠢ ᠬᠡᠷᠬᠢᠨ ᠲᠣᠭᠲᠠᠭᠠᠬᠤ ᠲᠠᠯ᠎ᠠ ᠪᠠᠷ ᠪᠠᠶᠢᠴᠠᠭᠠᠨ ᠰᠣᠳᠤᠯᠬᠤ ᠳᠤᠭᠤᠶᠢᠯᠠᠩ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃      ᠪᠠᠶᠢᠴᠠᠭᠠᠨ ᠰᠣᠳᠤᠯᠬᠤ ᠳᠤᠭᠤᠶᠢᠯᠠᠩ ᠱᠠᠭᠠᠷᠳᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠪᠣᠳᠠᠲᠠᠢ ᠲᠠᠢ ᠤᠶᠠᠯᠳᠤᠭᠤᠯᠵᠤ᠂ ᠠᠷᠭ᠎ᠠ ᠬᠡᠮᠵᠢᠶ᠎ᠡ ᠠᠪᠴᠤ᠂ ᠬᠠᠮᠢᠶᠠᠷᠤᠯᠲᠠ ᠪᠠᠨ ᠴᠢᠩᠭᠠᠳᠬᠠᠵᠤ᠂ ᠢᠨᠵᠧᠨᠧᠷᠢᠩ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠤᠨ ᠠᠵᠢᠯᠯᠠᠭᠤᠯᠬᠤ ᠶᠢ ᠦᠨᠡᠨᠬᠦ ᠪᠠᠲᠤᠯᠠᠬᠤ ᠪᠦᠭᠡᠳ ᠲᠤᠷᠰᠢᠯᠭ᠎ᠠ ᠪᠠᠨ ᠳ᠋ᠦᠩᠨᠡᠵᠦ᠂ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠤᠨ ᠲᠦᠷᠥᠯ ᠵᠦᠢᠯ ᠢ ᠤᠯᠠᠮ ᠰᠠᠶᠢᠨ ᠬᠢᠬᠦ ᠬᠡᠷᠡᠭᠲᠡᠢ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号