ᠥᠪᠥᠷ ᠮᠣᠩᠭᠤᠯ ᠤᠨ ᠵᠡᠭᠦᠨ ᠬᠡᠰᠡᠭ ᠤᠨ ᠬᠤᠷᠳᠤᠨ ᠤ ᠵᠠᠰᠠᠮᠠᠯ ᠵᠠᠮ ᠳᠠᠷᠠᠭ᠎ᠠ ᠵᠢᠯ ᠤᠨ ᠰᠡᠭᠦᠯᠴᠢ ᠪᠠᠷ ETC᠎ ᠶᠢ ᠪᠦᠬᠦ ᠤᠯᠤᠰ ᠲᠠᠢ ᠰᠦᠯᠵᠢᠶᠡᠵᠢᠭᠦᠯᠬᠦ ᠶᠢ ᠪᠡᠶᠡᠯᠡᠭᠦᠯᠬᠦ ᠪᠣᠯᠣᠨ᠎ᠠ
ᠨᠡᠶᠢᠲᠡᠯᠡᠭᠰᠡᠨ ᠴᠠᠭ᠄
2015/12/15
     ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠬᠤᠷᠳᠤᠨ ᠤ ᠵᠠᠰᠠᠮᠠᠯ ᠵᠠᠮ 2015 ᠣᠨ ᠤ 6 ᠳ᠋ᠤᠭᠠᠷ ᠰᠠᠷ᠎ᠠ ᠳᠤ ᠰᠦᠯᠵᠢᠶᠡᠨ ᠳᠡᠭᠡᠷ᠎ᠡ ᠰᠦᠢᠳᠬᠡᠯ ᠬᠤᠷᠢᠶᠠᠬᠤ ᠶᠢ ᠪᠡᠶᠡᠯᠡᠭᠦᠯᠦᠭᠰᠡᠨ ᠪᠠ 9 ᠳ᠋ᠦ᠋ᠭᠡᠷ ᠰᠠᠷ᠎ᠠ ᠳᠤ ETC᠎ ᠶᠢ ᠪᠦᠬᠦ ᠤᠯᠤᠰ ᠲᠠᠢ ᠰᠦᠯᠵᠢᠶᠡᠵᠢᠭᠦᠯᠬᠦ ᠶᠢ ᠪᠡᠶᠡᠯᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠰᠦᠯᠵᠢᠶ᠎ᠡ ᠶᠢᠨ ᠲᠥᠪ ᠵᠠᠮ ᠲᠡᠭᠡᠭᠡᠪᠦᠷᠢ ᠶᠢᠨ ᠶᠠᠮᠤᠨ ᠪᠣᠯᠣᠨ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠲᠢᠩᠬᠢᠮ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠵᠡᠭᠦᠨ ᠬᠡᠰᠡᠭ ᠤᠨ ᠬᠤᠷᠳᠣᠨ ᠤ ᠵᠠᠰᠠᠮᠠᠯ ᠵᠠᠮ ᠢ ᠪᠠᠷᠠᠭᠤᠨ ᠬᠡᠰᠡᠭ ᠤᠨ ᠬᠤᠷᠳᠣᠨ ᠤ ᠵᠠᠰᠠᠮᠠᠯ ᠵᠠᠮ ᠲᠠᠢ ᠰᠦᠯᠵᠢᠶᠡᠵᠢᠭᠦᠯᠬᠦ ᠵᠢᠴᠢ ᠪᠦᠬᠦ ᠣᠷᠣᠨ ᠤ ᠬᠤᠷᠳᠣᠨ ᠤ ᠵᠠᠰᠠᠮᠠᠯ ᠵᠠᠮ ᠤᠨ ETC᠎ ᠶᠢ ᠪᠦᠬᠦ ᠤᠯᠤᠰ ᠲᠠᠢ ᠰᠦᠯᠵᠢᠶᠡᠵᠢᠭᠦᠯᠬᠦ ᠠᠵᠢᠯ ᠢ ᠪᠠᠴᠢᠮ ᠲᠥᠷᠭᠡᠨ ᠲᠥᠯᠥᠪᠵᠢᠭᠦᠯᠪᠡ᠃ ᠣᠳᠣᠬᠠᠨ ᠳᠤ᠂ ᠲᠣᠰ ᠠᠵᠢᠯ ᠨᠢᠭᠡᠨᠲᠡ ᠡᠬᠢᠯᠡᠪᠡ᠂ ᠵᠢᠱᠢᠯᠲᠡ ᠪᠠᠷ᠂ ᠳᠠᠷᠠᠭ᠎ᠠ ᠵᠢᠯ ᠤᠨ ᠰᠡᠭᠦᠯᠴᠢ ᠪᠠᠷ ᠪᠦᠬᠦ ᠣᠷᠣᠨ ᠤ ᠬᠤᠷᠳᠣᠨ ᠤ ᠵᠠᠰᠠᠮᠠᠯ ᠵᠠᠮ ᠤᠨ ᠰᠦᠯᠵᠢᠶᠡᠨ ᠳᠡᠭᠡᠷ᠎ᠡ ᠰᠦᠢᠳᠬᠡᠯ ᠬᠤᠷᠢᠶᠠᠬᠤ ᠪᠠ ETC᠎ ᠶᠢ ᠪᠦᠬᠦ ᠤᠯᠤᠰ ᠲᠠᠢ ᠰᠦᠯᠵᠢᠶᠡᠵᠢᠭᠦᠯᠬᠦ ᠶᠢ ᠪᠡᠶᠡᠯᠡᠭᠦᠯᠬᠦ ᠪᠣᠯᠣᠨ᠎ᠠ᠃      2015 ᠣᠨ ᠤ 10 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠲᠢᠩᠬᠢᠮ ᠲᠧᠭᠨᠢᠭ ᠤᠨ ᠵᠢᠷᠤᠵᠤ ᠲᠥᠯᠥᠪᠯᠡᠬᠦ ᠨᠢᠭᠡᠴᠡ ᠳᠠᠭᠠᠭᠠᠴᠢᠯᠠᠯᠲᠠ ᠵᠠᠷᠯᠠᠬᠤ ᠠᠵᠢᠯ ᠢ ᠳᠠᠭᠤᠰᠬᠠᠵᠤ᠂ ᠯᠢᠶᠤᠤᠨᠢᠩ ᠮᠤᠵᠢ ᠶᠢᠨ ᠵᠠᠮ ᠬᠠᠷᠢᠯᠴᠠᠭᠠᠨ ᠤ ᠲᠥᠯᠥᠪᠵᠢᠭᠦᠯᠭᠡ ᠶᠢᠨ ᠵᠢᠷᠤᠵᠤ ᠲᠥᠯᠥᠪᠯᠡᠬᠦ ᠬᠦᠷᠢᠶᠡᠯᠡᠩ ᠳᠠᠭᠠᠭᠠᠴᠢᠯᠠᠯᠲᠠ ᠬᠦᠯᠢᠶᠡᠪᠡ᠃ 11 ᠳ᠋ᠦ᠋ᠭᠡᠷ ᠰᠠᠷ᠎ᠠ ᠶᠢᠨ 4᠎ ᠤ ᠡᠳᠦᠷ ᠠᠴᠠ 19᠎ ᠤ ᠡᠳᠦᠷ ᠪᠣᠯᠲᠠᠯ᠎ᠠ᠂ ᠰᠦᠯᠵᠢᠶ᠎ᠡ ᠶᠢᠨ ᠲᠥᠪ ᠨᠢ ᠲᠧᠭᠨᠢᠭ ᠤᠨ ᠵᠢᠷᠤᠵᠤ ᠲᠥᠯᠥᠪᠯᠡᠬᠦ ᠨᠢᠭᠡᠴᠡ ᠶᠢ ᠵᠤᠬᠢᠶᠠᠨ ᠪᠠᠶᠢᠭᠤᠯᠵᠤ ᠵᠡᠭᠦᠨ ᠬᠡᠰᠡᠭ ᠤᠨ ᠭᠠᠵᠠᠷ ᠣᠷᠣᠨ ᠳᠤ ᠬᠦᠷᠴᠦ ᠬᠤᠷᠳᠣᠨ ᠤ ᠵᠠᠰᠠᠮᠠᠯ ᠵᠠᠮ ᠤᠨ ᠰᠦᠯᠵᠢᠶᠡᠨ ᠳᠡᠭᠡᠷ᠎ᠡ ᠰᠦᠢᠳᠬᠡᠯ ᠬᠤᠷᠢᠶᠠᠬᠤ᠂ ᠬᠢᠨᠠᠨ ᠡᠵᠡᠮᠳᠡᠬᠦ᠂ ᠴᠢᠮᠡᠭᠡ ᠬᠤᠯᠪᠣᠭᠠᠨ ᠤ ᠰᠢᠰᠲ᠋ᠧᠮ ᠵᠢᠴᠢ ETCᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠲᠤᠬᠠᠢ ᠶᠢᠨ ᠲᠠᠯᠠᠪᠠᠢ ᠶᠢᠨ ᠮᠡᠷᠭᠡᠵᠢᠯ ᠤᠨ ᠰᠤᠳᠤᠯᠤᠨ ᠪᠠᠶᠢᠴᠠᠭᠠᠯᠲᠠ ᠬᠢᠪᠡ᠂ 2015 ᠣᠨ ᠤ ᠵᠢᠯ ᠤᠨ ᠰᠡᠭᠦᠯᠴᠢ ᠪᠠᠷ ᠪᠠᠷᠢᠯᠭ᠎ᠠ ᠶᠢᠨ ᠲᠥᠷᠥᠯ ᠵᠦᠢᠯ ᠤᠨ ᠪᠤᠯᠤᠮᠵᠢᠲᠤ ᠰᠤᠳᠤᠯᠤᠯ ᠤᠨ ᠮᠡᠳᠡᠭᠦᠯᠦᠯᠲᠡ ᠶᠢ ᠪᠡᠶᠡᠯᠡᠭᠦᠯᠵᠦ᠂ 2016 ᠣᠨ ᠤ 1 ᠳ᠋ᠦ᠋ᠭᠡᠷ ᠰᠠᠷ᠎ᠠ ᠳᠤ ᠲᠢᠩᠬᠢᠮ ᠠᠴᠠ ᠮᠡᠷᠭᠡᠵᠢᠯᠲᠡᠳ ᠢ ᠵᠤᠬᠢᠶᠠᠨ ᠪᠠᠶᠢᠭᠤᠯᠤᠨ ᠬᠢᠨᠠᠨ ᠲᠣᠭᠲᠠᠭᠠᠯᠲᠠ ᠬᠢᠵᠦ ᠳᠠᠷᠠᠭ᠎ᠠ ᠪᠠᠷ᠂ ᠪᠠᠷᠢᠯᠭ᠎ᠠ ᠶᠢᠨ ᠵᠢᠷᠤᠭ ᠲᠥᠯᠥᠪᠯᠡᠭᠡ ᠪᠠ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠪᠠᠷ ᠲᠥᠯᠥᠪᠯᠡᠵᠡᠢ᠃ ᠡᠭᠦᠨ ᠤ ᠬᠠᠮᠲᠤ᠂ ᠰᠦᠯᠵᠢᠶ᠎ᠡ ᠶᠢᠨ ᠲᠥᠪ ᠶᠢ ᠲᠤᠰ ᠰᠠᠷ᠎ᠠ ᠳᠤ ᠬᠠᠮᠢᠶ᠎ᠠ ᠪᠦᠬᠦᠢ ᠬᠦᠮᠦᠰ ᠢ ᠵᠣᠬᠢᠶᠠᠨ ᠪᠠᠶᠢᠭᠤᠯᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠵᠦ᠂ ᠵᠡᠭᠦᠨ ᠬᠡᠰᠡᠭ ᠤᠨ ᠬᠤᠷᠳᠤᠨ ᠤ ᠵᠠᠰᠠᠮᠠᠯ ᠵᠠᠮ ᠤᠨ ᠰᠦᠯᠵᠢᠶᠡᠵᠢᠭᠦᠯᠬᠦ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠰᠠᠶᠢᠲᠤᠷ ᠪᠡᠯᠡᠳᠬᠡᠯ ᠬᠢᠪᠡ᠃      ᠤᠳᠤᠬᠠᠨ ᠳᠤ᠂ ᠵᠡᠭᠦᠨ ᠬᠡᠰᠡᠭ ᠤᠨ ᠭᠠᠵᠠᠷ ᠣᠷᠣᠨ ᠳᠤ ᠲᠡᠷᠭᠡ ᠨᠡᠪᠲᠡᠷᠡᠬᠦ ᠬᠤᠷᠳᠤᠨ ᠤ ᠵᠠᠰᠠᠮᠠᠯ ᠵᠠᠮ ᠨᠡᠶᠢᠲᠡ 10 ᠵᠤᠷᠪᠤᠰ ᠪᠠᠶᠢᠵᠤ᠂ ᠪᠦᠲᠦᠭᠡᠨ ᠪᠠᠶᠢᠭᠤᠯᠵᠤ ᠪᠠᠶᠢᠭ᠎ᠠ ᠬᠤᠷᠳᠤᠨ ᠤ ᠵᠠᠮ ᠨᠡᠶᠢᠲᠡ 4 ᠵᠤᠷᠪᠤᠰ ᠪᠠᠶᠢᠨ᠎ᠠ ᠃ ᠵᠡᠭᠦᠨ ᠬᠡᠰᠡᠭ ᠤᠨ ᠬᠤᠷᠳᠤᠨ ᠤ ᠵᠠᠰᠠᠮᠠᠯ ᠵᠠᠮ ᠤᠨ ᠰᠦᠯᠵᠢᠶ᠎ᠡ ᠨᠢ ᠳᠤᠮᠳᠠ ᠪᠠᠷᠠᠭᠤᠨ ᠬᠡᠰᠡᠭ ᠤᠨ ᠬᠤᠷᠳᠤᠨ ᠤ ᠵᠠᠰᠠᠮᠠᠯ ᠵᠠᠮ ᠤᠨ ᠰᠦᠯᠵᠢᠶᠡᠵᠢᠭᠦᠯᠬᠦ ᠳᠦᠷᠢᠮ ᠢ ᠬᠡᠷᠡᠭᠯᠡᠪᠡ᠂ ᠲᠤᠬᠠᠶᠢᠯᠠᠪᠡᠯ ᠰᠦᠯᠵᠢᠶ᠎ᠡ ᠶᠢᠨ ᠲᠥᠪ — ᠵᠠᠮ ᠤᠨ ᠬᠡᠰᠡᠭ ︵ᠠᠶᠢᠮᠠᠭ ᠬᠤᠲᠠ︶᠎ ᠤᠨ ᠰᠠᠯᠪᠤᠷᠢ ᠲᠥᠪ — ᠰᠦᠢᠳᠬᠡᠯ ᠬᠤᠷᠢᠶᠠᠬᠤ ᠥᠷᠲᠡᠭᠡ —ᠰᠦᠢᠳᠬᠡᠯ ᠬᠤᠷᠢᠶᠠᠬᠤ ᠲᠡᠷᠭᠡᠨ ᠵᠠᠮ ᠭᠠᠷᠭᠠᠨ᠎ᠠ᠂ ᠵᠡᠭᠦᠨ ᠬᠡᠰᠡᠭ ᠤᠨ ᠬᠤᠷᠳᠤᠨ ᠤ ᠵᠠᠰᠠᠮᠠᠯ ᠵᠠᠮ ᠤᠨ ᠮᠤᠵᠢ ᠶᠢᠨ ᠵᠠᠭᠠᠭ ᠤᠨ ᠰᠦᠢᠳᠬᠡᠯ ᠬᠤᠷᠢᠶᠠᠬᠤ ᠥᠷᠲᠡᠭᠡ ᠶᠢᠨ ETC ᠲᠡᠷᠭᠡᠨ ᠵᠠᠮ 2 ᠣᠷᠤᠬᠤ 2 ᠭᠠᠷᠬᠤ ᠵᠠᠮ ᠢ ᠲᠣᠬᠢᠷᠠᠭᠤᠯᠵᠤ᠂ ᠭᠤᠣᠯ ᠬᠤᠲᠠ ᠵᠢᠴᠢ ᠵᠢᠭᠤᠯᠴᠢᠯᠠᠯ ᠤᠨ ᠣᠷᠣᠨ ᠤ ᠰᠦᠢᠳᠬᠡᠯ ᠬᠤᠷᠢᠶᠠᠬᠤ ᠥᠷᠲᠡᠭᠡ ᠶᠢᠨ ETC ᠲᠡᠷᠭᠡᠨ ᠵᠠᠮ 2 ᠣᠷᠤᠬᠤ 2 ᠭᠠᠷᠬᠤ ᠵᠠᠮ ᠲᠣᠬᠢᠷᠠᠭᠤᠯᠵᠤ᠂ ᠪᠣᠰᠣᠳ ᠰᠦᠢᠳᠬᠡᠯ ᠬᠤᠷᠢᠶᠠᠬᠤ ᠥᠷᠲᠡᠭᠡ ᠶᠢᠨ ETC ᠲᠡᠷᠭᠡᠨ ᠵᠠᠮ 1ᠣᠷᠤᠬᠤ 1ᠭᠠᠷᠬᠤ ᠵᠠᠮ ᠲᠣᠬᠢᠷᠠᠭᠤᠯᠪᠠ᠃ ᠵᠡᠭᠦᠨ ᠣᠷᠣᠨ ᠤ 5 ᠠᠶᠢᠮᠠᠭ ᠬᠤᠲᠠ ᠳᠤ ᠤᠯᠠᠭᠠᠨᠬᠠᠳᠠ ᠬᠤᠲᠠ ᠪᠣᠯᠣᠨ ᠲᠦᠩᠯᠢᠶᠣᠣ ᠬᠤᠲᠠ ᠯᠠ ᠬᠤᠷᠳᠤᠨ ᠤ ᠵᠠᠰᠠᠮᠠᠯ ᠵᠠᠮ ᠤᠨ ᠰᠦᠯᠵᠢᠶᠡᠨ ᠤ ᠨᠡᠪᠲᠡᠷᠡᠯᠴᠡᠭᠡ ᠶᠢ ᠪᠡᠶᠡᠯᠡᠭᠦᠯᠦᠭᠰᠡᠨ ᠠᠴᠠ ᠭᠠᠳᠠᠨ᠎ᠠ ᠪᠣᠰᠣᠳ ᠬᠡᠳᠦᠨ ᠠᠶᠢᠮᠠᠭ ᠬᠤᠲᠠ ᠶᠢᠨ ᠬᠤᠷᠳᠤᠨ ᠤ ᠵᠠᠰᠠᠮᠠᠯ ᠵᠠᠮ ᠤᠨ ᠰᠦᠯᠵᠢᠶ᠎ᠡ ᠨᠡᠪᠲᠡᠷᠡᠯᠴᠡᠭᠡ ᠦᠭᠡᠢ ᠪᠠᠶᠢᠵᠤ᠂ ᠬᠠᠮᠢᠶᠠᠷᠤᠯᠲᠠ ᠨᠢ ᠣᠯᠠᠨ ᠡᠰᠢᠯᠡᠭᠰᠡᠨ᠂ ᠲᠥᠬᠦᠭᠡᠷᠦᠮᠵᠢ ᠶᠢᠨ ᠲᠥᠷᠥᠯ ᠎ ᠨᠢ ᠤᠯᠠᠨ ᠶᠠᠩᠵᠤ ᠶᠢᠨ ᠪᠠᠶᠢᠬᠤ ᠪᠠ ᠳᠡᠭᠡᠷ᠎ᠡ ᠨᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠴᠠᠭ ᠪᠠᠴᠢᠮ᠂ ᠡᠭᠦᠷᠭᠡ ᠬᠦᠨᠳᠦ ᠪᠠᠶᠢᠬᠤ ᠪᠤᠯᠬᠤᠷ᠂ ᠰᠦᠯᠵᠢᠶ᠎ᠡ ᠶᠢᠨ ᠲᠥᠪ ᠨᠢ ᠰᠢᠮᠳᠠᠭᠤᠯᠬᠤ ᠂ ᠵᠣᠬᠢᠴᠠᠭᠤᠯᠬᠤ ᠪᠠ ᠬᠠᠮᠢᠶᠠᠷᠬᠤ ᠬᠦᠴᠦᠯᠡᠴᠡ ᠪᠠᠨ ᠪᠦᠬᠦ ᠲᠠᠯ᠎ᠠ ᠪᠠᠷ ᠴᠢᠩᠭᠠᠷᠠᠭᠤᠯᠵᠤ᠂ ᠯᠠᠪᠳᠠᠭᠤᠨ ᠪᠠᠲᠤᠲᠠᠢ ᠠᠬᠢᠭᠤᠯᠵᠤ᠂ ᠲᠤᠭᠲᠠᠭᠰᠠᠨ ᠴᠠᠭ ᠎ ᠲᠤᠨᠢ ᠬᠠᠮᠢᠶ᠎ᠠ ᠪᠦᠬᠦᠢ ᠠᠵᠢᠯ ᠢ ᠳᠠᠭᠤᠰᠬᠠᠬᠤ ᠪᠠᠷ ᠴᠢᠷᠮᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号