ᠥᠪᠥᠷ ᠵᠠᠰᠠᠭ ᠲᠠᠷᠬᠠᠭᠠᠭᠰᠠᠨ ﹇2015﹈ 66 ᠳ᠋ᠦ᠋ᠭᠠᠷ ᠲᠤᠭᠠᠳᠤ | 2015 ᠤᠨ ᠤ 6 ᠳ᠋ᠤᠭᠠᠷ ᠰᠠᠷ᠎ᠠ ᠶᠢᠨ 17 ᠤ ᠡᠳᠥᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠮᠠᠨᠵᠤᠤᠷ ᠬᠤᠲᠠ᠂ ᠡᠷᠢᠶᠡᠨ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ | ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ | ᠠᠬᠤᠶᠢᠯᠠᠯ᠂ ᠠᠵᠢᠯ ᠦᠢᠯᠡᠰ ᠤᠨ ᠨᠢᠭᠡᠴᠨ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ᠶᠢ ᠡᠳᠣᠭᠡ ᠳᠠᠨᠠᠷ ᠲᠤ ᠳᠠᠷᠤᠮᠠᠯᠯᠠᠨ ᠶᠠᠪᠣᠭᠤᠯᠪᠠ᠂ | ᠨᠠᠷᠢᠨ ᠬᠢᠨᠠᠮᠠᠭᠠᠶ ᠵᠢᠷᠤᠮᠯᠠᠨ ᠬᠡᠷᠡᠭᠵᠢᠭᠦᠯᠳᠣᠭᠡᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ | | ᠨᠢᠭᠡᠳᠣᠭᠡᠷ ᠪᠦᠯᠦᠭ ᠶᠡᠷᠦᠩᠭᠡᠢ ᠳᠦᠷᠢᠮ | ᠨᠢᠭᠡᠳᠣᠭᠡᠷ ᠵᠦᠢᠯ ᠪᠦᠬᠦ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ | ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠣ᠂ ᠣᠶ ᠰᠢᠭᠤᠶ ᠨᠤᠲᠤᠭ ᠪᠡᠯᠴᠢᠭᠡᠷ ᠤᠨ ᠡᠬᠢ | ᠪᠠᠶᠠᠯᠢᠭ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠣ᠂ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠣᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ | ᠨᠡᠶᠢᠭᠡᠮ ᠤᠨ ᠦᠷᠭᠦᠯᠵᠢᠯᠡᠨ ᠬᠥᠭᠵᠢᠭᠦ ᠶᠢ ᠠᠬᠢᠭᠤᠯᠬᠤ ᠶᠢᠨ ᠲᠣᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠨᠤᠲᠤᠭ ᠪᠡᠯᠴᠢᠭᠡᠷ ᠤᠨ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ | ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ | ᠬᠠᠤᠯᠢ︾᠂ ︽ᠣᠶ ᠰᠢᠭᠤᠶ ᠶᠢᠨ ᠭᠠᠯ ᠰᠡᠷᠭᠡᠶᠢᠯᠡᠬᠦ ᠳᠦᠷᠢᠮ︾᠂ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠳᠦᠷᠢᠮ︾᠂ ︽ᠠᠶᠣᠯ ᠦᠭᠡᠢ ᠶᠢᠨ ᠣᠨᠴᠠ ᠶᠡᠭᠡ ᠡ᠊ᠨᠳᠡᠯ ᠤᠨ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ | ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ᠪᠠ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠵᠡᠷᠭᠡ ᠬᠤᠯᠪᠣᠭᠳᠠᠯ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠣᠰᠣᠯᠡᠵᠣ᠂ ᠥᠪᠡᠷᠲᠡᠭᠡᠨ ᠵᠠᠰᠠᠬᠤ ᠣᠷᠣᠨ ᠤ ᠪᠣᠳᠠᠳᠠᠢ ᠲᠠᠢ ᠪᠠᠨ | ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃ | ᠬᠤᠶᠠᠳᠣᠭᠠᠷ ᠵᠦᠢᠯ ᠲᠤᠰ ᠠᠷᠭ᠎ᠠ ᠨᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠬᠤᠯᠪᠣᠭᠳᠠᠯ | ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠨ ᠬᠢᠭᠡᠣᠨ ᠲᠡᠭᠦᠨ ᠤ | ᠤᠳᠤᠷᠢᠳᠬᠤ ᠺᠠᠳ᠋ᠷ ᠪᠣᠯᠤᠨ ᠠᠵᠢᠯᠲᠠᠨ᠂ ᠵᠢᠴᠢ ᠭᠠᠴᠠᠭ᠎ᠠ ᠲᠣᠰᠬᠤᠨ ︵ᠲᠣᠰᠬᠤᠨ ᠤ ᠠᠷᠠᠳ ᠤᠨ ᠵᠥᠪᠯᠡᠯ︶ ᠤ | ᠬᠠᠷᠢᠭᠤᠴᠠᠯᠭᠠᠳᠠᠨ ᠳᠤ ᠲᠣᠬᠢᠷᠠᠨ᠎ᠠ᠃ | ᠭᠤᠷᠪᠠᠳᠤᠭᠠᠷ ᠵᠦᠢᠯ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠣᠷᠣᠨ | ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ | ᠳᠦᠷᠢᠮ ᠢ ᠬᠡᠷᠡᠭᠵᠢᠭᠦᠯᠦᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠢᠭᠡᠣᠨ ᠲᠡᠭᠦᠨ ᠤ ᠬᠤᠯᠪᠣᠭᠳᠠᠯ | ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠨᠢᠭᠡᠴᠨ ᠶᠢᠨ ᠬᠠᠤᠯᠢ ᠳᠤ ᠲᠣᠭᠲᠠᠭᠠᠭᠰᠠᠨ ᠲᠥᠯᠥᠭᠡᠯᠡᠭᠴᠢ ᠪᠤᠶᠤ | ᠭᠤᠣᠯ ᠬᠠᠷᠢᠭᠤᠴᠠᠯᠭᠠᠲᠠᠨ ᠪᠣᠯ ᠲᠤᠰ ᠵᠠᠰᠠᠭ ᠵᠠᠬᠢᠷᠭᠠᠨ ᠤ ᠣᠷᠣᠨ᠂ ᠲᠤᠰ ᠰᠠᠯᠠᠭ᠎ᠠ ᠮᠥᠴᠢᠷ ᠪᠤᠶᠤ ᠲᠤᠰ | ᠨᠢᠭᠡᠴᠨ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠨᠢᠭᠡᠳᠦᠭᠡᠷ ᠬᠠᠷᠢᠭᠤᠴᠠᠯᠭ᠎ᠠ ᠲᠠᠢ | ᠭᠦᠮᠣᠨ ᠪᠠᠶᠢᠵᠣ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠭᠤᠣᠯ ᠤᠳᠤᠷᠢᠳᠬᠤ | ᠬᠠᠷᠢᠭᠤᠴᠠᠯᠭ᠎ᠠ ᠶᠢ ᠡᠭᠦᠷᠭᠡᠯᠡᠨ᠎ᠠ︔ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠢᠭᠡᠣᠨ ᠲᠡᠭᠦᠨ ᠤ | ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ | ᠬᠤᠯᠪᠣᠭᠳᠠᠯ ᠪᠦᠬᠦᠢ ᠨᠢᠭᠡᠴᠨ ᠶᠢᠨ ᠲᠣᠭᠳᠠᠭᠠᠭᠰᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠠᠵᠢᠯ ᠤᠨ ᠬᠠᠷᠢᠭᠤᠴᠠᠯᠭ᠎ᠠ ᠲᠠᠢ ᠬᠥᠮᠦᠨ ᠨᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ | ᠰᠢᠭᠤᠳ ᠬᠠᠷᠢᠭᠤᠴᠠᠯᠭ᠎ᠠ ᠶᠢ ᠡᠭᠦᠷᠭᠡᠯᠡᠨ᠎ᠠ᠃ | ᠳᠥᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠣᠭᠰᠠᠨ | ᠪᠠᠶᠢᠳᠠᠯ ᠢᠶᠠᠨ ᠵᠠᠰᠠᠭ ᠤᠨ ᠣᠷᠳᠣᠨ ᠤ ᠬᠠᠷᠠᠯᠲᠠᠲᠤ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠵᠣ᠂ ᠲᠣᠭᠲᠠᠮᠠᠯ | ᠬᠤᠭᠤᠴᠠᠭ᠎ᠠ ᠲᠠᠢ ᠪᠠᠷ ᠰᠢᠯᠭᠠᠨ ᠬᠢᠨᠠᠬᠤ ᠬᠡᠷᠡᠭᠲᠡᠶ᠃ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠨᠢ | ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠬᠡᠮᠵᠢᠶᠠᠵᠢᠭᠦᠯᠣᠨ ᠰᠢᠯᠭᠠᠨ ᠬᠢᠨᠠᠬᠤ ᠶᠢ ᠬᠡᠷᠡᠭᠵᠢᠭᠦᠯᠵᠣ | ᠂ ᠰᠢᠯᠭᠠᠨ ᠬᠢᠨᠠᠵᠣ ᠮᠠᠭᠠᠳᠯᠠᠨ ᠲᠣᠭᠲᠠᠭᠠᠬᠤ ᠠᠵᠢᠯ ᠢ ᠪᠣᠯ ᠳᠡᠭᠡᠳᠦ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ | ᠭᠡᠷ ᠠᠴᠠ ᠬᠠᠷᠢᠭᠤᠴᠠᠨ᠂ ᠰᠢᠯᠭᠠᠨ ᠬᠢᠨᠠᠵᠣ ᠮᠠᠭᠠᠣᠡᠯᠠᠨ ᠲᠣᠭᠳᠠᠭᠠᠭᠰᠠᠨ ᠦᠷ᠎ᠡ ᠳ᠋ᠦᠩ ᠢᠶᠠᠨ ᠠᠳᠠᠯᠢ ᠱᠠᠲᠤᠨ ᠤ | ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠭᠦ ᠬᠡᠷᠩᠳᠠᠢ᠃ ᠡᠯ᠎ᠡ ᠨᠢᠭᠡᠴᠨ ᠨᠦᠭᠦᠳ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠣᠭᠰᠠᠨ | ᠪᠠᠶᠢᠳᠠᠯ ᠢᠶᠠᠨ ᠲᠤᠰ ᠨᠢᠭᠡᠴᠨ ᠶᠢᠨ ᠣᠨ ᠤ ᠰᠢᠯᠭᠠᠨ ᠬᠢᠨᠠᠬᠤ ᠠᠭᠤᠯᠭ᠎ᠠ ᠳᠤ ᠣᠷᠣᠭᠤᠯᠬᠤ ᠬᠡᠷᠡᠭᠲᠡᠶ᠃ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠨᠢᠭᠡᠴᠨ ᠶᠢᠨ ᠰᠢᠯᠭᠠᠨ ᠬᠢᠨᠠᠭᠰᠠᠨ ᠦᠷ᠎ᠡ ᠳ᠋ᠦᠩ ᠢ | ᠦᠨᠳᠦᠰᠦᠯᠡᠨ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠤᠯᠢ ᠴᠠᠭᠠᠵᠠ᠂ ᠬᠠᠤᠯᠢ | ᠲᠣᠭᠲᠠᠭᠠᠯ ᠪᠠ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ ᠶᠣᠰᠣᠭᠠᠷ ᠱᠠᠩᠨᠠᠵᠤ ᠲᠣᠷᠭᠠᠬᠤ ᠬᠡᠷᠡᠭᠲᠡᠶ᠃ | ᠲᠠᠪᠤᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ | ᠨᠢᠭᠡᠴᠨ ᠨᠦᠭᠦᠳ ᠱᠠᠲᠤ ᠳᠠᠷᠠᠭᠠᠯᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ | ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠣᠬᠤ ᠬᠡᠷᠡᠭᠲᠡᠶ︔ ᠰᠤᠮᠤ ᠰᠢᠶᠠᠩ ᠪᠠᠯᠭᠠᠰᠤ ᠨᠢ ᠲᠤᠰ | ᠵᠠᠰᠠᠭ ᠵᠠᠬᠢᠷᠭᠠᠨ ᠤ ᠣᠷᠣᠨ ᠤ ᠬᠠᠷᠢᠶ᠎ᠠ ᠳᠠᠬᠢ ᠭᠠᠴᠠᠭ᠎ᠠ ᠲᠣᠰᠬᠤᠨ ︵ᠲᠣᠰᠬᠤᠨ ᠤ ᠠᠷᠠᠳ ᠤᠨ ᠵᠥᠪᠯᠡᠯ︶ ᠯᠤᠭ᠎ᠠ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ | ᠦᠰᠦᠭ ᠵᠢᠷᠣᠬᠤ ᠬᠡᠷᠡᠭᠲᠡᠶ᠃ | ᠵᠢᠷᠭᠤᠳᠤᠭᠠᠷ ᠵᠦᠢᠯ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ | ᠨᠡᠬᠡᠮᠵᠢᠯᠡᠬᠦ ᠠᠵᠢᠯ ᠨᠢ ᠦᠨᠡᠨ ᠠᠴᠠ ᠵᠥᠪ ᠢ ᠡᠷᠢᠬᠦ᠂ ᠪᠤᠰᠤᠳᠴᠢ ᠲᠥᠪ ᠭᠤᠣᠯᠴᠢ᠂ ᠬᠠᠷᠢᠭᠤᠴᠠᠯᠭ᠎ᠠ ᠪᠠᠶᠢᠪᠡᠯ | ᠵᠠᠪᠠᠯ ᠨᠡᠬᠡᠮᠵᠢᠯᠡᠬᠦ ᠵᠢᠴᠢ ᠰᠤᠷᠭᠠᠨ ᠬᠥᠮᠦᠵᠢᠭᠦᠯᠭᠦ ᠪᠠ ᠵᠠᠯᠬᠠᠭᠠᠨ ᠴᠡᠭᠡᠷᠯᠡᠭᠦᠯᠬᠦ ᠶᠢ ᠤᠶᠠᠯᠳᠤᠭᠤᠯᠬᠤ ᠵᠠᠷᠴᠢᠮ ᠢ | ᠪᠠᠷᠢᠮᠳᠠᠯᠠᠨ᠂ ᠬᠠᠷᠢᠶᠠᠳᠣ ᠣᠷᠣᠨ ᠬᠠᠮᠢᠶᠠᠷᠬᠤ᠂ ᠱᠠᠲᠤ ᠬᠤᠪᠢᠶᠠᠨ ᠬᠠᠷᠢᠭᠤᠴᠠᠬᠤ᠂ ᠬᠡᠨ ᠭᠤᠣᠯᠴᠢᠯᠠᠨ ᠬᠠᠮᠢᠶᠠᠷᠴᠣ | ᠪᠠᠶᠢᠪᠡᠯ ᠭᠡᠨ ᠬᠠᠷᠢᠭᠤᠴᠠᠬᠤ ᠶᠢ ᠬᠡᠷᠩᠵᠢᠭᠦᠯᠣᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶᠂ ᠰᠤᠮᠤ ᠰᠢᠶᠠᠩ ᠪᠠᠯᠭᠠᠰᠤ ᠪᠠ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ | ᠬᠥᠮᠦᠨ ᠬᠢᠭᠡᠣᠨ ᠭᠠᠴᠠᠭ᠎ᠠ ᠲᠣᠰᠬᠤᠨ ︵ᠲᠣᠰᠬᠤᠨ ᠤ ᠠᠷᠠᠳ ᠤᠨ ᠵᠥᠪᠯᠡᠯ︶ ᠤ ᠬᠠᠷᠢᠭᠤᠴᠠᠯᠭ᠎ᠠ ᠲᠠᠢ | ᠭᠦᠮᠣᠨ ᠠᠴᠠ ᠬᠠᠷᠢᠭᠤᠴᠠᠯᠭ᠎ᠠ ᠨᠡᠬᠡᠮᠵᠢᠯᠡᠬᠦ ᠳᠤ ᠳᠡᠭᠡᠳᠣ ᠨᠢᠭᠡ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ | ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠠᠰᠠᠭ | ᠵᠠᠬᠢᠷᠭᠠᠨ ᠤ ᠬᠢᠨᠠᠨ ᠪᠠᠶᠢᠴᠠᠭᠠᠬᠤ ᠪᠠᠶᠢᠭᠤᠯᠭ᠎ᠠ ᠲᠠᠢ ᠬᠠᠮᠵᠢᠯᠴᠠᠨ ᠪᠠᠶᠢᠴᠠᠭᠠᠨ ᠰᠢᠢᠣᠡᠪᠣᠷᠢᠯᠡᠭᠦ ᠬᠡᠷᠡᠭᠲᠡᠶ᠃ ᠡᠯ᠎ᠡ | ᠱᠠᠲᠤᠨ ᠤ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠᠶᠢᠭᠤᠯᠭ᠎ᠠ ᠨᠤᠭᠤᠳ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠬᠠᠤᠯᠢ︾ ᠶᠢᠨ ᠲᠣᠭᠲᠠᠭᠠᠯ ᠶᠣᠰᠣᠭᠠᠷ᠂ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠲᠡᠭᠦᠨ ᠤ | ᠠᠵᠢᠯᠲᠠᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠮᠢᠶᠠᠷᠤᠯᠲᠠ ᠶᠢᠨ ᠲᠤᠰᠢᠶᠠᠯ | ᠬᠠᠷᠢᠭᠤᠴᠠᠯᠭ᠎ᠠ ᠪᠠ ᠡᠭᠦᠷᠭᠡ ᠪᠠᠨ ᠭᠦᠢᠴᠡᠳᠬᠡᠭᠰᠡᠨ ᠪᠠᠶᠢᠳᠠᠯ ᠢ ᠬᠢᠨᠠᠨ ᠪᠠᠶᠢᠴᠠᠭᠠᠬᠤ ᠶᠢᠨ ᠬᠠᠮᠳᠣ᠂ ᠺᠠᠳ᠋ᠷ ᠢ | ᠬᠠᠮᠢᠶᠠᠷᠬᠤ ᠡᠷᠬᠡ ᠶᠢᠨ ᠬᠡᠪᠴᠢᠶ᠎ᠡ ᠶᠣᠰᠣᠭᠠᠷ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ | ᠬᠠᠮᠢᠶ᠎ᠠ ᠪᠦᠬᠦᠢ ᠬᠠᠷᠢᠭᠤᠴᠠᠯᠭ᠎ᠠ ᠲᠠᠢ ᠬᠥᠮᠦᠨ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠵᠠᠰᠠᠭ ᠵᠠᠬᠢᠷᠭᠠᠨ ᠤ | ᠬᠢᠨᠠᠨ ᠪᠠᠶᠢᠴᠠᠭᠠᠬᠤ ᠡᠳᠡᠭᠡᠣᠨ ᠤᠨ ᠪᠣᠰᠣ ᠬᠠᠷᠢᠭᠤᠴᠠᠯᠭ᠎ᠠ ᠲᠠᠢ ᠬᠥᠮᠦᠨ ᠪᠣᠯ᠂ ᠲᠡᠭᠦᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ᠬᠤᠶᠠᠳᠤᠭᠠᠷ ᠪᠦᠯᠦᠭ ᠭᠤᠣᠯ ᠡᠭᠦᠷᠭᠡ ᠬᠠᠷᠢᠭᠤᠴᠠᠯᠭ᠎ᠠ | ᠳᠣᠯᠣᠳᠤᠭᠠᠷ ᠵᠦᠢᠯ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠲᠤᠰ ᠵᠠᠰᠠᠭ | ᠵᠠᠬᠢᠷᠭᠠᠨ ᠤ ᠣᠷᠣᠨ ᠤ ᠬᠠᠷᠢᠶ᠎ᠠ ᠳᠠᠬᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ | ᠬᠠᠷᠢᠭᠤᠴᠠᠬᠤ ᠳᠠᠭᠠᠨ ᠲᠣᠣᠷ᠎ᠡ ᠵᠢᠭᠰᠠᠭᠠᠭᠰᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠠᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠣᠬᠠᠢ ᠮᠡᠳᠡᠯᠭᠡ ᠶᠢ ᠤᠬᠠᠭᠤᠯᠵᠣ᠂ ᠠᠷᠠᠳ ᠢᠷᠭᠡᠳ ᠤᠨ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠦᠵᠡᠯ ᠤᠬᠠᠮᠰᠠᠷ ᠢ ᠴᠢᠩᠭᠠᠣᠠᠬᠠᠨ᠎ᠠ︔ | ︵ᠬᠤᠶᠠᠷ︶ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠪᠠᠶᠢᠭᠤᠯᠤᠮᠵᠢ ᠶᠢ | ᠪᠠᠶᠢᠭᠤᠯᠤᠨ ᠪᠦᠷᠢᠨᠰᠢᠭᠦᠯᠵᠣ᠂ ᠣᠷᠣᠨ ᠲᠤᠭ᠎ᠠ ᠶᠢ ᠬᠠᠷᠭᠤᠭᠤᠯᠣᠨ ᠲᠣᠭᠲᠠᠭᠠᠬᠤ ᠶᠢᠨ ᠬᠠᠮᠳᠣ ᠲᠤᠰᠬᠠᠶ ᠠᠵᠢᠯᠲᠠᠨ | ᠲᠣᠬᠢᠷᠠᠭᠤᠯᠣᠨ ᠡᠳᠦᠷ ᠲᠤᠲᠤᠮ ᠤᠨ ᠠᠵᠢᠯ ᠢ ᠬᠠᠷᠢᠭᠤᠴᠠᠭᠤᠯᠣᠨ᠎ᠠ︔ | ︵ᠭᠤᠷᠪᠠ︶ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠰᠠᠭᠤᠷᠢ ᠪᠡᠯᠡᠣᠡᠭᠡᠮᠵᠢ ᠶᠢᠨ | ᠪᠦᠲᠦᠭᠡᠨ ᠪᠠᠶᠢᠭᠤᠯᠤᠯᠲᠠ ᠶᠢ ᠲᠤᠬᠠᠶ ᠶᠢᠨ ᠭᠠᠵᠠᠷ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠣᠨ᠂ ᠲᠤᠬᠠᠶ ᠶᠢᠨ ᠭᠠᠵᠠᠷ ᠤᠨ ᠣᠶ ᠰᠢᠭᠤᠶ᠂ ᠨᠤᠲᠤᠭ | ᠪᠡᠯᠴᠢᠭᠡᠷ ᠤᠨ ᠬᠥᠭᠵᠢᠯᠳᠠ ᠶᠢᠨ ᠶᠡᠷᠦᠩᠬᠡᠶ ᠲᠥᠯᠥᠪᠵᠢᠭᠦᠯᠭᠡ ᠳᠤ ᠣᠷᠣᠭᠤᠯᠵᠣ᠂ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠪᠠ ᠠᠵᠤ ᠠᠬᠤᠶ | ᠨᠡᠶᠢᠭᠡᠮ ᠤᠨ ᠬᠥᠭᠵᠢᠯᠲᠡ ᠯᠦᠭᠡ ᠬᠠᠷᠢᠯᠴᠠᠨ ᠵᠣᠬᠢᠴᠠᠭᠤᠯᠤᠨ᠎ᠠ︔ | ︵ᠳᠥᠷᠪᠡ︶ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ | ᠤᠨᠲᠠᠷᠠᠭᠠᠬᠤ ᠵᠠᠷᠤᠳᠠᠯ ᠢ ᠲᠤᠬᠠᠶ ᠶᠢᠨ ᠭᠠᠵᠠᠷ ᠤᠨ ᠣᠨ ᠤ ᠣᠯᠠᠨ ᠨᠡᠶᠢᠲᠡ ᠶᠢᠨ ᠡᠳ᠋ ᠤᠨ ᠵᠠᠰᠠᠭ ᠤᠨ | ᠲᠥᠰᠦᠪ ᠲᠤ ᠣᠷᠣᠭᠤᠯᠵᠣ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠠᠷᠤᠳᠠᠯ ᠤᠨ | ᠪᠣᠳᠠᠲᠠᠶ ᠠᠵᠢᠯ ᠤᠨ ᠱᠠᠭᠠᠠᠷᠳᠠᠯᠭᠠ ᠶᠢ ᠬᠠᠩᠭᠠᠬᠤ ᠪᠠᠨ ᠪᠠᠲᠤᠯᠠᠬᠤ ᠬᠡᠷᠡᠭᠲᠡᠶ︔ | ︵ᠲᠠᠪᠤ︶ ᠤᠯᠤᠰ ᠤᠨ ᠨᠢᠭᠡᠳᠦᠭᠡᠷ᠂ ᠬᠤᠶᠠᠳᠤᠭᠠᠷ ᠳᠡᠰ ᠤᠨ ᠪᠠ ᠥᠪᠡᠷᠲᠡᠭᠡᠨ ᠵᠠᠰᠠᠬᠤ ᠣᠷᠣᠨ ᠤ | ᠭᠤᠣᠯᠳᠠᠯᠭ᠎ᠠ ᠪᠣᠯᠬᠤ ᠣᠶ ᠰᠢᠭᠤᠶ᠂ ᠨᠤᠲᠤᠭ ᠪᠡᠯᠴᠢᠭᠡᠷ ᠤᠨ ᠭᠠᠯ ᠤᠨ ᠠᠶᠤᠯ ᠲᠠᠢ ᠣᠷᠣᠨ ᠤ ᠬᠤᠪᠢᠶᠠᠷᠢᠯᠠᠯ ᠳᠤ | ᠣᠷᠣᠭᠤᠯᠤᠭᠰᠠᠨ ᠬᠤᠰᠢᠭᠤ ᠰᠢᠶᠠᠨ ︵ᠬᠤᠲᠠ᠂ ᠲᠣᠭᠤᠷᠢᠭ︶ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠨ ᠪᠦᠭᠦᠨ ᠨᠢ᠂ ᠶᠠᠳᠠᠬᠤ ᠳᠠᠭᠠᠨ 1 ᠰᠠᠯᠠᠭ᠎ᠠ ᠲᠤᠰᠬᠠᠶ ᠠᠵᠢᠯ ᠤᠨ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠩᠨᠡᠭᠡ ᠶᠢ ᠪᠠᠶᠢᠭᠤᠯᠵᠤ᠂ ᠡᠩᠨᠡᠭᠡ ᠶᠢᠨ ᠲᠤᠭ᠎ᠠ ᠬᠡᠮᠵᠢᠶ᠎ᠡ | ᠪᠠ ᠠᠵᠢᠯᠲᠠᠨ ᠢ ᠲᠤᠬᠠᠶ ᠶᠢᠨ ᠭᠠᠵᠠᠷ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ | ᠬᠡᠷᠡᠭᠴᠡᠭᠡ ᠶᠢ ᠬᠠᠩᠭᠠᠬᠤ ᠪᠠᠷ ᠪᠠᠷᠢᠮᠵᠢᠶ᠎ᠠ ᠪᠣᠯᠭᠠᠵᠣ ︵20 ᠲᠦᠮᠡᠨ ᠮᠥ ᠣᠶ ᠰᠢᠭᠤᠶ ᠶᠢᠨ ᠲᠠᠯᠠᠪᠠᠶ ᠪᠤᠶᠤ 50 | ᠲᠦᠮᠡᠨ ᠮᠥ ᠨᠤᠲᠤᠭ ᠪᠡᠯᠴᠢᠭᠡᠷ ᠤᠨ ᠲᠠᠯᠠᠪᠠᠶ ᠠᠴᠠ ᠳᠠᠪᠠᠭ᠋ᠣ ᠪᠦᠷᠢ 1 ᠰᠠᠯᠠᠭ᠎ᠠ 20 ᠬᠥᠮᠦᠨ ᠠᠴᠠ ᠳᠡᠭᠡᠭᠰᠢ ᠣᠶ | ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠡᠩᠨᠡᠭᠡ ᠪᠠᠶᠢᠭᠤᠯᠬᠤ ᠪᠠᠷ ᠰᠠᠨᠠᠭᠤᠯᠣᠨ᠎ᠠ︶᠂ | ᠰᠤᠮᠤ ᠰᠢᠶᠠᠩ ᠪᠠᠯᠭᠠᠰᠣ ᠨᠢ ᠬᠠᠭᠠᠰ ᠲᠤᠰᠬᠠᠶ ᠠᠵᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ ᠡᠩᠨᠡᠭᠡ ᠶᠢ ᠪᠠᠶᠢᠭᠤᠯᠪᠡᠯ ᠵᠣᠬᠢᠨ᠎ᠠ ︵10 ᠠᠴᠠ 20 ᠲᠦᠮᠡᠨ ᠮᠥ ᠣᠶ ᠰᠢᠭᠤᠶ ᠶᠢᠨ ᠲᠠᠯᠠᠪᠠᠶ ᠪᠤᠶᠤ | 25 ᠠᠴᠠ 50 ᠲᠦᠮᠡᠨ ᠮᠥ ᠨᠤᠲᠤᠭ ᠪᠡᠯᠴᠢᠭᠡᠷ ᠤᠨ ᠲᠠᠯᠠᠪᠠᠶ ᠪᠦᠷᠢ ᠳᠤ 1 ᠰᠠᠯᠠᠭ᠎ᠠ 10 ᠠᠴᠠ 15 ᠬᠥᠮᠦᠨ ᠤ | ᠬᠠᠭᠠᠰ ᠲᠤᠰᠬᠠᠶ ᠠᠵᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠡᠩᠨᠡᠭᠡ ᠪᠠᠶᠢᠭᠤᠯᠬᠤ ᠪᠠᠷ | ᠰᠠᠨᠠᠭᠤᠯᠣᠨ᠎ᠠ︶᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢ ᠲᠤᠰᠬᠠᠶ ᠠᠵᠢᠯ ᠤᠨ ᠪᠠ ᠬᠠᠭᠠᠰ ᠲᠤᠰᠬᠠᠶ ᠠᠵᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠨ ᠤᠨᠲᠠᠷᠠᠭᠠᠬᠤ ᠡᠩᠨᠡᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠭᠤᠯᠬᠤ ᠪᠠ ᠰᠣᠷᠢᠯᠲᠠ ᠬᠢᠯᠭᠡᠭᠦ | ᠬᠡᠷᠩᠳᠠᠢ︔ | ︵ᠵᠢᠷᠭᠤᠭ᠎ᠠ︶ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠭᠦᠷᠭᠡ ᠲᠠᠢ ᠬᠤᠰᠢᠭᠤ ᠰᠢᠶᠠᠨ ︵ | ᠬᠤᠲᠠ᠂ ᠲᠣᠭᠤᠷᠢᠭ︶ ᠪᠦᠭᠦᠨ ᠨᠢ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠶᠢᠨ ᠤᠷᠢᠳᠴᠢᠯᠠᠨ | ᠰᠡᠷᠡᠮᠵᠢᠯᠡᠭᠦᠯᠵᠣ ᠬᠢᠨᠠᠨ ᠰᠢᠨᠵᠢᠭᠦ ᠪᠠ ᠮᠡᠳᠡᠭᠡ ᠵᠠᠩᠭᠢ ᠶᠢᠨ ᠵᠢᠯᠣᠭᠤᠳᠬᠤ ᠰᠢᠰᠲ᠋ᠧᠮ ᠶᠢ ᠪᠠᠶᠢᠭᠤᠯᠬᠤ ᠬᠡᠷᠡᠭᠲᠡᠶ᠂ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠭᠦᠷᠭᠡ ᠶᠢᠨ ᠱᠠᠭᠠᠷᠳᠠᠯᠭ᠎ᠠ ᠶᠢ ᠬᠠᠩᠭᠠᠵᠣ ᠳᠡᠶᠢᠯᠭᠦ ᠣᠶ | ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠵᠢᠯᠣᠭᠤᠳᠬᠤ᠂ ᠭᠠᠯ ᠤᠨᠲᠠᠷᠠᠭᠠᠬᠤ᠂ ᠴᠡᠷᠢᠭ | ᠵᠥᠭᠡᠭᠡᠪᠣᠷᠢᠯᠡᠭᠦ ᠵᠡᠷᠭᠡ ᠲᠡᠷᠭᠡ ᠭᠦᠰᠭᠡ ᠪᠠ ᠣᠳᠣᠬᠢᠴᠢᠯᠠᠭᠰᠠᠨ ᠭᠠᠯ ᠰᠡᠷᠭᠡᠶᠢᠯᠡᠨ ᠤᠨᠲᠠᠷᠠᠭᠠᠬᠤ ᠮᠠᠰᠢᠨ ᠪᠠᠭᠠᠵᠢ᠂ | ᠲᠣᠨᠤᠭ ᠲᠦᠭᠦᠭᠡᠷᠣᠮᠵᠢ ᠶᠢ ᠲᠣᠬᠢᠷᠠᠭᠤᠯᠵᠣ᠂ ᠭᠠᠯ ᠰᠡᠷᠭᠡᠶᠢᠯᠡᠨ ᠤᠨᠲᠠᠷᠠᠭᠠᠬᠤ ᠪᠣᠳᠠᠰ ᠢ ᠬᠦᠷᠦᠯᠴᠡᠬᠦ᠋ᠢᠴᠡ | ᠨᠥᠭᠡᠴᠡᠯᠡᠭᠦ ᠬᠡᠷᠩᠳᠠᠢ︔ | ︵ᠳᠣᠯᠤᠭ᠎ᠠ︶ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠡᠳᠦᠷ ᠲᠤᠲᠤᠮ ᠤᠨ ᠭᠤᠣᠯ ᠵᠥᠪᠯᠡᠬᠦ ᠵᠦᠢᠯ ᠳᠡᠭᠡᠨ ᠣᠷᠣᠭᠤᠯᠵᠤ᠂ ᠣᠶ | ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠪᠠᠶᠢᠳᠠᠯ ᠢ ᠴᠠᠭ ᠲᠤᠬᠠᠶ ᠳᠤᠨᠢ ᠵᠠᠳᠠᠯᠤᠨ᠂ ᠣᠶ | ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠳᠤ ᠣᠷᠣᠰᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠢ | ᠰᠤᠳᠤᠯᠤᠨ ᠰᠢᠢᠣᠡᠪᠣᠷᠢᠯᠡᠭᠦ ᠬᠡᠷᠡᠭᠲᠡᠶ︔ | ︵ᠨᠠᠢᠮᠠ︶ ᠭᠠᠯ ᠰᠡᠷᠭᠡᠶᠢᠯᠡᠬᠦ ᠬᠤᠭᠤᠴᠠᠭᠠᠨ ᠳᠤ ᠬᠡᠭᠡᠷ᠎ᠡ ᠭᠠᠳᠠᠨᠠᠬᠢ ᠭᠠᠯ ᠤᠨ ᠡᠬᠢ ᠢᠷᠡᠯᠳᠡ ᠶᠢ | ᠬᠠᠮᠢᠶᠠᠷᠤᠨ ᠡᠵᠡᠮᠳᠡᠭᠦ ᠪᠠᠨ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠴᠢᠬᠤᠯᠠ ᠶᠡᠭᠡ ᠪᠠᠶᠠᠷ ᠳᠤᠷᠠᠰᠬᠠᠯ ᠠᠮᠠᠷᠠᠯᠲᠠ ᠶᠢᠨ ᠡᠳᠦᠷ | ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠣᠯᠠᠨᠲᠠ ᠡᠭᠦᠰᠭᠦ ᠤᠯᠠᠷᠢᠯ ᠳᠤ ᠪᠠᠶᠢᠴᠠᠭᠠᠬᠤ | ᠡᠷᠴᠢᠮ ᠢᠶᠠᠨ ᠴᠢᠩᠭᠠᠷᠠᠭᠤᠯᠣᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠭᠠᠯ ᠤᠨ ᠭᠠᠮᠰᠢᠭ ᠡᠭᠦᠰᠭᠦ ᠳᠠᠯᠳᠠ | ᠭᠡᠮ ᠰᠣᠭᠤᠭ ᠢ ᠠᠷᠢᠯᠭᠠᠬᠤ ᠬᠡᠷᠩᠳᠠᠢ︔ | ︵ᠶᠢᠰᠦ︶ ᠬᠦᠨᠳᠦ ᠶᠡᠭᠡ ᠭᠠᠯ ᠤᠨ ᠭᠠᠮᠰᠢᠭ ᠡᠭᠦᠰᠭᠦ ᠳᠠᠯᠳᠠ ᠭᠡᠮ ᠰᠣᠭᠤᠭ ᠣᠷᠣᠰᠢᠵᠣ ᠪᠠᠶᠢᠬᠤ ᠠᠴᠠ | ᠪᠣᠯᠵᠣ ᠠᠵᠢᠯ ᠦᠢᠯᠡᠳᠪᠦᠷᠢᠯᠡᠯ ᠢ ᠨᠢ ᠵᠣᠭᠰᠣᠭᠠᠵᠣ ᠰᠢᠢᠣᠡᠪᠣᠷᠢᠯᠡᠭᠦ ᠪᠠᠷ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠪᠠᠶᠢᠭᠤᠯᠤᠮᠵᠢ ᠶᠢᠨ ᠮᠡᠳᠡᠭᠦᠯᠣᠭ᠍ᠰᠡᠨ ᠵᠢᠭᠠᠪᠣᠷᠢ ᠠᠪᠬᠤ ᠵᠦᠢᠯᠡᠰ ᠲᠤ᠂ ᠬᠠᠤᠯᠢ ᠲᠣᠭᠲᠠᠭᠠᠯ ᠶᠣᠰᠣᠭᠠᠷ | ᠴᠠᠭ ᠲᠤᠬᠠᠶ ᠳᠤᠨᠢ ᠵᠥᠪᠰᠢᠶᠡᠷᠡᠬᠦ ᠡᠰᠡᠬᠦ ᠶᠢᠨ ᠰᠢᠢᠣᠡᠪᠣᠷᠢ ᠭᠠᠷᠭᠠᠬᠤ ᠬᠡᠷᠡᠭᠲᠡᠶ︔ | ︵ᠠᠷᠪᠠ︶ ᠲᠤᠰ ᠭᠠᠵᠠᠷ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠪᠠᠴᠢᠮ | ᠪᠠᠶᠢᠳᠠᠯ ᠢ ᠠᠷᠭᠠᠴᠠᠬᠤ ᠪᠡᠯᠡᠣᠡᠭᠡᠯ ᠲᠥᠰᠦᠯ ᠬᠢᠭᠡᠣᠨ ᠪᠠᠴᠢᠮ ᠪᠠᠶᠢᠳᠠᠯ ᠢ ᠠᠷᠭᠠᠴᠠᠨ ᠰᠢᠢᠤᠡᠪᠣᠷᠢᠯᠡᠭᠦ ᠠᠷᠭ᠎ᠠ ᠶᠢ | ᠲᠣᠭᠳᠠᠭᠠᠵᠣ᠂ ᠬᠢᠯᠢ ᠬᠢᠵᠠᠭᠠᠷ ᠣᠷᠣᠨ ᠨᠢ ᠪᠠᠰᠠ ᠬᠢᠯᠢ ᠶᠢᠨ ᠭᠠᠳᠠᠨᠠᠬᠢ ᠭᠠᠯ ᠢ ᠬᠠᠰᠢᠵᠤ ᠤᠨᠲᠠᠷᠠᠭᠠᠬᠤ ᠲᠤᠰᠬᠠᠶ | ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠣᠡᠭᠡᠯ ᠲᠥᠰᠦᠯ ᠲᠣᠭᠲᠠᠭᠠᠬᠤ ᠬᠡᠷᠡᠭᠲᠡᠶ︔ | ︵ᠠᠷᠪᠠᠨ ᠨᠢᠭᠡ︶ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠤᠨᠲᠠᠷᠠᠭᠠᠬᠤ ᠵᠢᠴᠢ | ᠭᠠᠮᠰᠢᠭ ᠤᠨ ᠳᠠᠷᠠᠭᠠᠬᠢ ᠰᠢᠢᠣᠡᠪᠣᠷᠢᠯᠡᠭᠦ ᠠᠵᠢᠯ ᠢ ᠵᠣᠬᠢᠶᠠᠨ ᠪᠠᠶᠢᠭᠤᠯᠬᠤ ᠬᠡᠷᠩᠳᠠᠢ᠃ | ᠨᠠᠢᠮᠠᠳᠤᠭᠠᠷ ᠵᠦᠢᠯ ᠰᠤᠮᠤ ᠰᠢᠶᠠᠩ ᠪᠠᠯᠭᠠᠰᠤ᠂ ᠣᠶ ᠰᠢᠭᠤᠶ ᠶᠢᠨ ᠲᠠᠯᠠᠪᠠᠶ᠂ ᠲᠠᠷᠢᠶᠠᠯᠠᠩ ᠮᠠᠯᠵᠢᠯ ᠤᠨ | ᠲᠠᠯᠠᠪᠠᠢ ᠵᠡᠷᠭᠡ ᠨᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠡᠷᠡᠭ ᠡᠷᠬᠢᠯᠡᠭᠦ | ᠪᠠᠶᠢᠭᠤᠯᠤᠮᠵᠢ ᠪᠠᠶᠢᠭᠤᠯᠬᠤ ᠳᠠᠭᠠᠨ ᠡᠮᠦᠨᠡᠬᠢ ᠵᠦᠢᠯ ᠤᠳ ᠤᠨ ︵ᠨᠢᠭᠡ︶᠂ ︵ᠬᠤᠶᠠᠷ︶᠂ ︵ᠲᠣᠯᠤᠭ᠎ᠠ︶᠂ ︵ | ᠨᠠᠢᠮᠨ︶᠂ ︵ᠶᠢᠰᠦ︶᠂ ︵ᠠᠷᠪᠠ︶᠂ ︵ᠠᠷᠪᠠᠨ ᠨᠢᠭᠡ︶ ᠵᠡᠷᠭᠡ ᠵᠦᠢᠯ ᠤᠨ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠬᠦ ᠬᠡᠷᠩᠳᠠᠢ᠃ | ᠶᠢᠰᠦᠳᠦᠭᠡᠷ ᠵᠦᠢᠯ ᠭᠠᠴᠠᠭ᠎ᠠ ᠲᠣᠰᠬᠤᠨ ︵ᠲᠣᠰᠬᠤᠨ ᠤ ᠠᠷᠠᠳ ᠤᠨ ᠵᠥᠪᠯᠡᠯ︶ ᠨᠢ ᠲᠣᠣᠷ᠎ᠡ | ᠵᠢᠭᠰᠠᠭᠠᠭᠰᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ | ᠬᠡᠷᠩᠳᠠᠢ᠄ | ︵ᠨᠢᠭᠡ︶ ᠭᠠᠴᠠᠭ᠎ᠠ ᠲᠣᠰᠬᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠣᠬᠢᠶᠠᠨ | ᠪᠠᠶᠢᠭᠤᠯᠤᠯᠲᠠ ᠶᠢ ᠪᠠᠶᠢᠭᠤᠯᠵᠤ᠂ ᠲᠤᠰ ᠭᠠᠴᠠᠭ᠎ᠠ ᠲᠣᠰᠬᠤᠨ ᠤ ᠣᠯᠠᠨ ᠲᠦᠮᠡᠨᠴᠢ ᠴᠢᠨᠠᠷᠲᠠᠶ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠰᠠᠶᠢᠳᠣᠷ ᠬᠢᠵᠣ᠂ ᠲᠤᠬᠠᠶ ᠶᠢᠨ ᠭᠠᠵᠠᠷ ᠤᠨ ᠣᠶ ᠰᠢᠭᠤᠶ ᠨᠤᠲᠤᠭ | ᠪᠡᠯᠴᠢᠭᠡᠷ ᠤᠨ ᠠᠮᠣᠷ ᠲᠦᠪᠰᠢᠨ ᠢ ᠬᠠᠮᠠᠭᠠᠯᠠᠬᠤ ᠬᠡᠷᠩᠳᠠᠢ︔ | ︵ᠬᠤᠶᠠᠷ︶ ᠭᠠᠴᠠᠭ᠎ᠠ ᠲᠣᠰᠬᠤᠨ ᠳᠤ ᠬᠠᠷᠢᠶᠠᠯᠠᠭᠳᠠᠬᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠶᠢ | ᠰᠢᠮᠳᠠᠭᠤᠯᠣᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ︔ | ︵ᠭᠤᠷᠪᠠ︶ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠨᠡᠶᠢᠲᠡ ᠶᠢᠨ ᠭᠡᠷ᠎ᠡ | ᠲᠣᠭᠲᠠᠭᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠬᠥᠮᠦᠵᠢᠯ ᠢ | ᠥᠷᠨᠢᠭᠦᠯᠭᠦ ᠬᠡᠷᠩᠳᠠᠢ︔ | ︵ᠳᠥᠷᠪᠡ︶ ᠦᠢᠯᠡᠳᠪᠦᠷᠢᠯᠡᠯ ᠤᠨ ᠤᠯᠠᠷᠢᠯ ᠢ ᠦᠨᠳᠣᠰᠣᠯᠡᠵᠣ᠂ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠠᠵᠢᠯ ᠤᠨ ᠪᠠᠶᠢᠴᠠᠭᠠᠯᠳᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠯ ᠤᠨ ᠭᠠᠮᠰᠢᠭ ᠡᠭᠦᠰᠭᠦ | ᠳᠠᠯᠳᠠ ᠭᠡᠮ ᠰᠣᠭᠤᠭ ᠢ ᠠᠷᠢᠯᠭᠠᠬᠤ ᠬᠡᠷᠩᠳᠠᠢ︔ | ︵ᠲᠠᠪᠤ︶ ᠣᠯᠠᠨ ᠲᠦᠮᠡᠨᠴᠢ ᠴᠢᠨᠠᠷᠲᠠᠶ ᠭᠠᠯ ᠤᠨᠳᠠᠷᠭᠠᠬᠤ ᠡᠩᠨᠡᠭᠡ ᠶᠢ ᠪᠠᠶᠢᠭᠤᠯᠵᠤ᠂ ᠠᠶᠣᠯ ᠦᠭᠡᠢ ᠪᠠᠷ | ᠭᠠᠯ ᠤᠨᠲᠠᠷᠠᠭᠠᠬᠤ ᠪᠠ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠣᠯ ᠭᠦᠷᠳᠡᠭᠡᠭᠦ ᠬᠡᠷᠩᠳᠠᠢ︔ | ︵ᠵᠢᠷᠭᠤᠭ᠎ᠠ︶ ᠣᠶ ᠰᠢᠭᠤᠶ ᠨᠤᠲᠤᠭ ᠪᠡᠯᠴᠢᠭᠡᠷ ᠤᠨ ᠭᠠᠯ ᠭᠠᠷᠣᠭᠰᠠᠨ ᠪᠠᠶᠢᠳᠠᠯ ᠢ ᠮᠡᠳᠡᠪᠡᠯ᠂ ᠴᠠᠭ | ᠲᠤᠬᠠᠶ ᠳᠤᠨᠢ ᠳᠡᠭᠡᠳᠦ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠰᠠᠯᠠᠭ᠎ᠠ | ᠮᠥᠴᠢᠷ ᠲᠤ ᠮᠡᠳᠡᠭᠦᠯᠬᠦ ᠶᠢᠨ ᠬᠠᠮᠲᠤ᠂ ᠲᠤᠰ ᠰᠤᠮᠤ ᠰᠢᠶᠠᠩ ᠪᠠᠯᠭᠠᠰᠣ ᠶᠢᠨ ᠣᠶ ᠰᠢᠭᠤᠶ ᠨᠤᠲᠤᠭ ᠪᠡᠯᠴᠢᠭᠡᠷ ᠤᠨ | ᠭᠠᠯ ᠭᠠᠷᠤᠭᠰᠠᠨ ᠪᠠᠴᠢᠮ ᠪᠠᠶᠢᠳᠠᠯ ᠢ ᠠᠷᠭᠠᠴᠠᠨ ᠰᠢᠢᠤᠡᠪᠣᠷᠢᠯᠡᠭᠦ ᠠᠷᠭ᠎ᠠ ᠪᠠᠷ ᠬᠦᠮᠣᠰ ᠢ ᠵᠣᠬᠢᠶᠠᠨ ᠪᠠᠶᠢᠭᠤᠯᠵᠤ ᠭᠠᠯ | ᠤᠨᠲᠠᠷᠠᠭᠠᠬᠤ ᠬᠡᠷᠡᠭᠲᠡᠶ᠃ | ᠠᠷᠪᠠᠳᠤᠭᠠᠷ ᠵᠦᠢᠯ ᠰᠢᠭᠤᠶᠢᠲᠤ ᠣᠷᠣᠨ᠂ ᠮᠠᠯᠵᠢᠬᠤ ᠳᠠᠷᠢᠶᠠᠯᠠᠬᠤ ᠣᠷᠣᠨ ᠤ ᠨᠠᠷᠠᠳᠣ ᠦᠵᠡᠮᠵᠢ ᠶᠢᠨ | ᠣᠷᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠰᠠᠭᠤᠭᠠᠯᠢ | ᠠᠷᠠᠳ ᠤᠨ ᠲᠣᠭᠤᠷᠢᠭ᠂ ᠴᠡᠷᠢᠭ ᠤᠨ ᠶᠠᠪᠤᠳᠠᠯ ᠤᠨ ᠬᠠᠮᠢᠶᠠᠷᠤᠯᠲᠠ ᠶᠢᠨ ᠣᠷᠣᠨ᠂ ᠣᠶ ᠰᠢᠭᠤᠶ ᠶᠢᠨ ᠴᠡᠴᠡᠷᠯᠢᠭ᠂ | ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠲᠦᠷᠣᠯ ᠵᠦᠢᠯ ᠤᠨ ᠣᠷᠣᠨ᠂ ᠲᠡᠮᠦᠷ ᠵᠠᠮ᠂ ᠴᠠᠬᠢᠯᠭᠠᠨ ᠬᠦᠴᠦ᠂ | ᠴᠠᠬᠢᠯᠭᠠᠨ ᠬᠤᠯᠪᠣᠭ᠎ᠠ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠵᠡᠷᠭᠡ ᠶᠢ ᠡᠵᠡᠩᠨᠡᠵᠣ ᠪᠦᠭᠦᠢ᠂ | ᠪᠠᠷᠢᠯᠭ᠎ᠠ ᠶᠢᠨ ᠠᠵᠢᠯ ᠡᠷᠬᠢᠯᠡᠭᠦ ᠪᠦᠭᠦᠢ ᠨᠢᠭᠡᠴᠨ ᠵᠢᠴᠢ ᠪᠤᠰᠤᠳ ᠦᠢᠯᠡᠳᠪᠦᠷᠢ ᠠᠭᠤᠷᠬᠠᠶ ᠠᠵᠤ ᠠᠬᠤᠶᠢᠯᠠᠯ ᠤᠳ | ᠴᠦᠮ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ | ᠪᠠᠶᠢᠭᠤᠯᠵᠣ᠂ ᠲᠣᠣᠷ᠎ᠡ ᠵᠢᠭᠰᠠᠭᠠᠭᠰᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠬᠦ ᠬᠡᠷᠩᠳᠠᠢ᠄ | ︵ᠨᠢᠭᠡ︶ ᠲᠤᠰ ᠨᠢᠭᠡᠴᠨ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ | ᠵᠣᠬᠢᠶᠠᠨ ᠪᠠᠶᠢᠭᠤᠯᠤᠯᠲᠠ ᠶᠢ ᠴᠣᠭᠴᠠᠯᠠᠵᠣ᠂ ᠲᠣᠰ ᠨᠢᠭᠡᠴᠨ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠲᠠᠢ ᠬᠥᠮᠦᠨ ᠪᠠ ᠬᠠᠷᠢᠭᠤᠴᠠᠯᠭ᠎ᠠ ᠲᠠᠢ ᠣᠷᠣᠨ ᠢ ᠲᠣᠭᠲᠠᠭᠠᠬᠤ ᠬᠡᠷᠩᠳᠠᠢ︔ | | ︵ᠬᠤᠶᠠᠷ︶ ᠲᠤᠰ ᠨᠢᠭᠡᠴᠨ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠠᠶᠣᠯ | ᠦᠭᠡᠢ ᠶᠢᠨ ᠳᠦᠷᠢᠮ ᠢ ᠲᠣᠭᠲᠠᠭᠠᠬᠤ ᠬᠡᠷᠩᠳᠠᠢ︔ | ︵ᠭᠤᠷᠪᠠ︶ ᠲᠣᠭᠲᠠᠮᠠᠯ ᠬᠤᠭᠤᠴᠠᠭ᠎ᠠ ᠲᠠᠢ ᠪᠠᠷ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠠᠵᠢᠯ ᠤᠨ ᠤᠬᠠᠭᠤᠯᠭ᠎ᠠ ᠪᠠ ᠠᠮᠣᠷ ᠲᠦᠪᠰᠢᠨ ᠤ ᠪᠠᠶᠢᠴᠠᠭᠠᠯᠲᠠ ᠬᠢᠵᠣ᠂ ᠭᠠᠯ ᠤᠨ ᠭᠠᠮᠰᠢᠭ ᠡᠭᠦᠰᠭᠦ ᠳᠠᠯᠳᠠ ᠭᠡᠮ | ᠰᠣᠭᠤᠭ ᠢ ᠴᠠᠭ ᠲᠤᠬᠠᠶ ᠳᠤᠨᠢ ᠠᠷᠢᠯᠭᠠᠬᠤ ᠬᠡᠷᠩᠳᠠᠢ︔ | ︵ᠳᠥᠷᠪᠡ︶ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠮᠡᠷᠭᠡᠵᠢᠯ ᠤᠨ ᠵᠢᠷᠣᠮᠵᠢᠯ | ᠶᠣᠰᠣᠭᠠᠷ᠂ ᠴᠢᠬᠤᠯᠠ ᠪᠦᠬᠦᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠲᠣᠨᠤᠭ | ᠲᠦᠭᠦᠭᠡᠷᠣᠮᠵᠢ ᠪᠠᠭᠠᠵᠢ ᠬᠡᠷᠡᠭᠰᠡᠯ ᠢ ᠲᠣᠬᠢᠷᠠᠭᠤᠯᠵᠣ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠠᠵᠢᠯ ᠤᠨ ᠤᠬᠠᠭᠤᠯᠣᠨ ᠰᠡᠷᠡᠮᠵᠢᠯᠡᠭᠦᠯᠬᠦ ᠲᠡᠮᠳᠡᠭ ᠪᠠᠶᠢᠷᠢᠯᠠᠭᠤᠯᠬᠤ ᠶᠢᠨ ᠬᠠᠮᠳᠣ᠂ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠵᠤ᠂ ᠬᠠᠮᠠᠭᠠᠯᠠᠵᠤ᠂ ᠪᠡᠯᠡᠣᠡᠭᠡᠮᠵᠢ ᠪᠠ ᠪᠠᠭᠠᠵᠢ ᠬᠡᠷᠡᠭᠰᠡᠯ ᠤᠨ ᠪᠦᠷᠢᠨ ᠪᠦᠲᠦᠨ᠂ | ᠦᠷ᠎ᠡ ᠪᠦᠳᠣᠮᠵᠢ ᠲᠠᠢ ᠪᠠᠶᠢᠬᠤ ᠶᠢ ᠦᠨᠡᠡᠭᠦ ᠪᠠᠲᠤᠯᠠᠬᠤ ᠬᠡᠷᠩᠳᠠᠢ᠃ | ᠠᠷᠪᠠᠨ ᠨᠢᠭᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠨᠢ ᠲᠤᠰ ᠵᠠᠰᠠᠭ ᠵᠠᠬᠢᠷᠭᠠᠨ ᠤ ᠣᠷᠣᠨ ᠤ | ᠬᠡᠪᠴᠢᠶᠠᠨ ᠳᠠᠬᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠣᠬᠢᠶᠠᠨ ᠪᠠᠶᠢᠭᠤᠯᠬᠤ᠂ | ᠬᠠᠮᠢᠶᠠᠷᠬᠤ᠂ ᠵᠣᠬᠢᠴᠠᠭᠤᠯᠬᠤ ᠪᠠ ᠵᠢᠯᠣᠭᠤᠣᠠᠬᠤ ᠶᠢ ᠬᠠᠷᠢᠭᠤᠴᠠᠵᠣ᠂ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠠᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠭᠠᠯ ᠤᠨ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠣᠡᠭᠡᠯ ᠲᠥᠰᠦᠯ ᠤᠨ ᠲᠣᠭᠲᠠᠭᠠᠯ ᠶᠣᠰᠣᠭᠠᠷ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ | ᠰᠠᠶᠢᠳᠣᠷ ᠭᠦᠢᠴᠡᠳᠬᠡᠬᠦ ᠬᠡᠷᠩᠳᠠᠢ︔ ᠡᠯ᠎ᠡ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠠᠵᠢᠯ ᠤᠨ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ | ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠣᠶ ᠰᠢᠭᠤᠶ ᠨᠤᠲᠤᠭ ᠪᠡᠯᠴᠢᠭᠡᠷ ᠤᠨ | ᠭᠠᠯ ᠰᠡᠷᠭᠡᠶᠢᠯᠡᠬᠦ ᠠᠵᠢᠯ ᠢᠶᠠᠨ ᠰᠠᠶᠢᠲᠤᠷ ᠬᠢᠬᠦ ᠬᠡᠷᠡᠭᠲᠡᠶ᠃ | ᠠᠷᠪᠠᠨ ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠨᠢ ᠣᠶ ᠰᠢᠭᠤᠶ ᠨᠤᠲᠤᠭ ᠪᠡᠯᠴᠢᠭᠡᠷ ᠤᠨ | ᠭᠠᠯ ᠤᠨ ᠭᠠᠮᠰᠢᠭ ᠤᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ᠂ ᠵᠣᠬᠢᠬᠤ ᠣᠶ ᠰᠢᠭᠤᠶ ᠨᠤᠲᠤᠭ ᠪᠡᠯᠴᠢᠭᠡᠷ ᠤᠨ | ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠣᠡᠭᠡᠯ ᠲᠥᠰᠦᠯ ᠢ ᠲᠡᠷᠡ ᠳᠠᠷᠤᠶ ᠳᠤᠨᠢ ᠡᠬᠢᠯᠡᠨ | ᠬᠡᠷᠩᠵᠢᠭᠦᠯᠵᠣ᠂ ᠬᠥᠮᠣᠰ ᠢ ᠵᠣᠬᠢᠶᠠᠨ ᠪᠠᠶᠢᠭᠤᠯᠣᠨ ᠭᠠᠯ ᠤᠨᠲᠠᠷᠠᠭᠠᠬᠤ ᠬᠡᠷᠡᠭᠲᠡᠶ᠃ ᠡᠩ ᠤᠨ ᠭᠠᠯ ᠤᠨ | ᠭᠠᠮᠰᠢᠭ ᠢᠶᠠᠷ ᠠᠩᠬ᠎ᠠ ᠠᠯᠬᠤᠮ ᠲᠣᠳᠣᠯᠠᠭᠰᠠᠨ ᠪᠠᠶᠢᠪᠡᠯ᠂ ᠭᠠᠯ ᠤᠨ ᠭᠠᠮᠰᠢᠭ ᠡᠭᠦᠰᠣᠭ᠍ᠰᠡᠨ ᠭᠠᠵᠠᠷ ᠤᠨ ᠰᠤᠮᠤ | ᠰᠢᠶᠠᠩ ᠪᠠᠯᠭᠠᠰᠣ ᠶᠢᠨ ᠭᠤᠣᠯ ᠤᠳᠤᠷᠢᠳᠤᠯᠭ᠎ᠠ ᠨᠢ ᠡᠷᠬᠡᠪᠰᠢ ᠳᠡᠷᠨ ᠳᠠᠷᠤᠶ ᠳᠤᠨᠢ ᠭᠠᠯ ᠭᠠᠷᠤᠭᠰᠠᠨ ᠲᠤᠬᠠᠶ ᠶᠢᠨ | ᠭᠠᠵᠠᠷ ᠲᠤ ᠭᠦᠷᠴᠣ ᠭᠠᠯ ᠤᠨᠲᠠᠷᠠᠭᠠᠬᠤ ᠶᠢ ᠵᠣᠬᠢᠶᠠᠨ ᠪᠠᠶᠢᠭᠤᠯᠵᠣ ᠵᠢᠯᠣᠭᠤᠣᠠᠬᠤ ᠶᠢᠨ ᠬᠠᠮᠳᠣ᠂ ᠭᠠᠯ ᠤᠨᠳᠠᠷᠭᠠᠬᠤ | ᠡᠮᠦᠨ᠎ᠡ ᠹᠷᠣᠨᠲ ᠤᠨ ᠵᠢᠯᠣᠭᠤᠳᠬᠤ ᠭᠠᠵᠠᠷ ᠪᠠᠶᠢᠭᠤᠯᠬᠤ ᠬᠡᠷᠩᠳᠠᠢ︔ ᠨᠡᠯᠢᠶᠡᠳ ᠶᠡᠭᠡ ᠭᠠᠯ ᠤᠨ ᠭᠠᠮᠰᠢᠭ ᠢᠶᠠᠷ | ᠠᠩᠬ᠎ᠠ ᠠᠯᠬᠤᠮ ᠲᠣᠳᠣᠯᠠᠭᠰᠠᠨ ᠪᠠᠶᠢᠪᠡᠯ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠭᠤᠣᠯ | ᠤᠳᠤᠷᠢᠳᠤᠯᠭ᠎ᠠ ᠨᠢ ᠡᠷᠬᠡᠪᠰᠢ ᠭᠠᠯ ᠭᠠᠷᠤᠭᠰᠠᠨ ᠲᠤᠬᠠᠶ ᠶᠢᠨ ᠭᠠᠵᠠᠷ ᠲᠤ ᠬᠦᠷᠴᠦ ᠭᠠᠯ ᠤᠨᠲᠠᠷᠠᠭᠠᠬᠤ ᠠᠵᠢᠯ ᠢ | ᠵᠣᠬᠢᠶᠠᠨ ᠪᠠᠶᠢᠭᠤᠯᠣᠨ ᠵᠢᠯᠣᠭᠤᠳᠬᠤ ᠬᠡᠷᠩᠳᠠᠢ︔ ᠭᠦᠨᠳᠣ ᠶᠡᠭᠡ᠂ ᠣᠨᠴᠠᠭᠠᠶ ᠬᠦᠨᠳᠦ ᠶᠡᠭᠡ ᠭᠠᠯ ᠤᠨ | ᠭᠠᠮᠰᠢᠭ ᠢᠶᠠᠷ ᠠᠩᠬ᠎ᠠ ᠠᠯᠬᠤᠮ ᠲᠣᠳᠣᠯᠠᠭᠰᠠᠨ ᠪᠠᠶᠢᠪᠡᠯ᠂ ᠠᠶᠢᠮᠠᠭ ᠬᠤᠲᠠ ᠶᠢᠨ ᠭᠤᠣᠯ ᠤᠳᠤᠷᠢᠳᠤᠯᠭ᠎ᠠ ᠨᠢ | ᠡᠷᠬᠡᠪᠰᠢ ᠭᠠᠯ ᠭᠠᠷᠤᠭᠰᠠᠨ ᠲᠤᠬᠠᠶ ᠶᠢᠨ ᠭᠠᠵᠠᠷ ᠲᠤ ᠭᠦᠷᠴᠣ ᠭᠠᠯ ᠤᠨᠲᠠᠷᠠᠭᠠᠬᠤ ᠠᠵᠢᠯ ᠢ ᠵᠣᠬᠢᠶᠠᠨ ᠪᠠᠶᠢᠭᠤᠯᠣᠨ | ᠵᠢᠯᠣᠭᠤᠳᠬᠤ ᠬᠡᠷᠡᠭᠲᠡᠶ᠃ ᠡᠭᠦᠨ ᠤ ᠬᠠᠮᠲᠤ ᠭᠠᠯ ᠤᠨ ᠪᠠᠶᠢᠳᠠᠯ ᠢ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠳᠡᠢ | ᠂ ᠨᠢᠭᠤᠵᠣ ᠮᠡᠳᠡᠭᠦᠯᠬᠦ ᠦᠭᠡᠶ᠂ ᠬᠤᠳᠠᠯ ᠢᠶᠠᠷ ᠮᠡᠳᠡᠭᠦᠯᠬᠦ ᠪᠤᠶᠤ ᠵᠣᠷᠢᠭᠤᠳᠠ ᠤᠳᠠᠭᠠᠰᠢᠷᠠᠭᠤᠯᠤᠨ ᠮᠡᠳᠡᠭᠦᠯᠵᠣ | ᠪᠣᠯᠬᠤ ᠦᠭᠡᠶ︔ ᠬᠢᠯᠢ ᠶᠢᠨ ᠱᠣᠭᠤᠮ ᠳᠤ ᠭᠠᠯ ᠤᠨ ᠭᠠᠮᠰᠢᠭ ᠭᠠᠷᠪᠡᠯ᠂ ᠲᠣᠭᠲᠠᠭᠠᠯ ᠶᠣᠰᠣᠭᠠᠷ ᠬᠥᠷᠰᠢ | ᠵᠡᠷᠭᠡᠯᠡᠳᠡᠭᠡ ᠭᠠᠵᠠᠷ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ | ᠭᠠᠵᠠᠷ ᠲᠤ ᠭᠠᠯ ᠤᠨ ᠪᠠᠶᠢᠳᠠᠯ ᠢ ᠮᠡᠳᠡᠭᠡᠯᠡᠭᠦ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠵᠢᠯ ᠳᠤ ᠡᠷᠬᠡᠪᠰᠢ | ︽ᠬᠥᠮᠦᠨ ᠢᠶᠠᠷ ᠦᠨᠳᠦᠰᠦ ᠪᠣᠯᠭᠠᠵᠣ᠂ ᠰᠢᠨᠵᠢᠯᠡᠬᠦ ᠤᠬᠠᠭᠠᠨᠴᠢ ᠪᠠᠷ ᠭᠠᠯ ᠤᠨᠲᠠᠷᠠᠭᠠᠬᠤ︾ ᠵᠠᠷᠴᠢᠮ ᠢ ᠪᠠᠷᠢᠮᠳᠠᠯᠠᠨ᠂ | ᠵᠡᠪᠰᠡᠭᠲᠦ ᠴᠠᠭᠳᠠᠭ᠎ᠠ ᠶᠢᠨ ᠣᠶ ᠰᠢᠭᠤᠶ ᠶᠢᠨ ᠴᠡᠷᠢᠭ ᠠᠩᠭᠢ ᠪᠣᠯᠣᠨ ᠣᠷᠣᠨ ᠨᠤᠲᠤᠭ ᠤᠨ ᠭᠠᠯ ᠤᠨᠳᠠᠷᠭᠠᠬᠤ | ᠲᠤᠰᠬᠠᠶ ᠠᠩᠭᠢ ᠪᠠᠷ ᠭᠤᠣᠯ ᠬᠦᠴᠦᠨ ᠪᠣᠯᠭᠠᠬᠤ ᠬᠡᠷᠩᠳᠠᠢ︔ ᠣᠯᠠᠨ ᠲᠦᠮᠡᠨᠴᠢ ᠴᠢᠨᠠᠷᠲᠠᠶ ᠭᠠᠯ ᠤᠨᠳᠠᠷᠭᠠᠬᠤ | ᠡᠩᠨᠡᠭᠡ ᠶᠢ ᠵᠣᠬᠢᠶᠠᠨ ᠪᠠᠶᠢᠭᠤᠯᠣᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠳᠤ ᠭᠦᠷᠪᠡᠯ᠂ | ᠡᠷᠭᠡᠪᠡᠰᠢ ᠪᠣᠯᠪᠠᠰᠤᠷᠠᠭᠤᠯᠣᠯ ᠭᠦᠷᠳᠡᠵᠣ ᠥᠩᠭᠡᠷᠡᠭᠰᠡᠨ ᠪᠥᠭᠡᠳ ᠵᠣᠬᠢᠬᠤ ᠬᠡᠮᠵᠢᠶᠠᠨ ᠤ ᠭᠠᠯ ᠰᠡᠷᠭᠡᠶᠢᠯᠡᠨ | ᠤᠨᠲᠠᠷᠠᠭᠠᠬᠤ ᠮᠡᠳᠡᠯᠭᠡ᠂ ᠮᠡᠷᠭᠡᠵᠢᠯ ᠴᠢᠳᠠᠪᠤᠷᠢ ᠪᠠ ᠥᠪᠡᠷ ᠢᠶᠠᠨ ᠠᠶᠤᠯ ᠠᠴᠠ ᠵᠠᠶᠢᠯᠠᠬᠤ ᠴᠢᠳᠠᠪᠤᠷᠢ ᠲᠠᠢ ᠬᠥᠮᠦᠰ ᠢ | ᠣᠷᠣᠯᠴᠠᠭᠤᠯᠣᠭᠰᠠᠨ ᠪᠠᠶᠢᠬᠤ ᠬᠡᠷᠩᠳᠠᠢ᠂ ᠵᠡᠮᠳᠡᠭ ᠬᠥᠮᠦᠨ᠂ ᠵᠢᠷᠮᠦᠰᠦᠨ ᠡᠮᠡᠭᠲᠡᠶ᠂ ᠨᠠᠰᠤᠨ ᠳᠤ ᠥᠯᠥ ᠬᠦᠷᠦᠭᠰᠡᠳ | ᠂ ᠨᠠᠰᠤᠲᠠᠶᠢᠴᠤᠳ ᠪᠠ ᠭᠠᠯ ᠤᠨᠲᠠᠷᠠᠭᠠᠬᠤ ᠳᠤ ᠣᠷᠣᠯᠴᠠᠬᠤ ᠳᠤ ᠦᠯᠣ ᠲᠣᠬᠢᠷᠠᠬᠤ ᠪᠣᠰᠣᠣᠨ ᠭᠦᠮᠣᠰ ᠭᠠᠯ | ᠤᠨᠲᠠᠷᠠᠭᠠᠬᠤ ᠡᠭᠦᠷᠭᠡ ᠳᠤ ᠣᠷᠣᠯᠴᠠᠬᠤ ᠶᠢ ᠴᠢᠩᠭ᠎ᠠ ᠴᠠᠭᠠᠵᠠᠯᠠᠵᠣ᠂ ᠬᠥᠮᠦᠨ ᠬᠠᠷ᠎ᠠ ᠠᠳᠡᠵᠦ ᠰᠢᠷᠬᠠᠲᠤᠬᠰᠠᠨ | ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠭᠦ ᠬᠡᠷᠩᠳᠠᠢ᠃ ᠢᠯᠡ ᠭᠠᠯ ᠢ ᠤᠨᠲᠠᠷᠠᠭᠠᠬᠰᠠᠨ ᠤ ᠳᠠᠷᠠᠭ᠎ᠠ᠂ ᠭᠠᠯ | ᠭᠠᠷᠣᠭᠰᠠᠨ ᠭᠠᠵᠡᠷ ᠲᠤ ᠬᠠᠷᠠᠵᠣ ᠰᠠᠬᠢᠬᠤ ᠭᠦᠮᠣᠨ ᠢ ᠡᠷᠬᠡᠪᠰᠢ ᠭᠦᠢᠴᠡᠳ ᠦᠯᠡᠳᠡᠭᠡᠵᠣ᠂ ᠬᠠᠷᠢᠭᠤᠴᠠᠯᠭ᠎ᠠ ᠶᠢ ᠨᠢ | ᠲᠣᠳᠣᠷᠬᠠᠶᠢᠯᠠᠨ᠂ ᠳᠠᠯᠳᠠ ᠭᠡᠮ ᠰᠣᠭᠤᠭ ᠢ ᠲᠦᠢᠯᠪᠤᠷᠢᠲᠠᠶ ᠠᠷᠢᠯᠭᠠᠵᠤ᠂ ᠳᠠᠬᠢᠨ ᠨᠣᠴᠣᠬᠤ ᠶᠢ ᠴᠢᠩᠭ᠎ᠠ | ᠰᠡᠷᠭᠡᠶᠢᠯᠡᠬᠦ ᠬᠡᠷᠡᠭᠲᠡᠶ᠃ | ᠭᠤᠷᠪᠠᠳᠤᠭᠠᠷ ᠪᠦᠯᠦᠭ ᠬᠠᠷᠢᠭᠤᠴᠠᠯᠭ᠎ᠠ ᠨᠡᠬᠡᠮᠵᠢᠯᠡᠬᠦ | ᠠᠷᠪᠠᠨ ᠳᠥᠷᠪᠡᠳᠦᠭᠡᠷ ᠵᠦᠢᠯ ᠲᠤᠰ ᠠᠷᠭ᠎ᠠ ᠶᠢ ᠵᠥᠷᠢᠴᠡᠭᠰᠡᠨ ᠨᠢᠭᠡᠴᠨ ᠪᠠ ᠬᠤᠪᠢ ᠬᠥᠮᠦᠨ ᠤ ᠦᠢᠯᠨ | ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ ᠲᠣᠣᠷ᠎ᠡ ᠵᠢᠭᠰᠠᠭᠠᠭᠰᠠᠨ ᠬᠠᠷᠢᠭᠤᠴᠠᠯᠭ᠎ᠠ ᠶᠢ ᠨᠡᠬᠡᠮᠵᠢᠯᠡᠨ᠎ᠠ | ︔ ᠬᠠᠷᠢᠭᠤᠴᠠᠯᠭ᠎ᠠ ᠨᠡᠬᠡᠮᠵᠢᠯᠡᠭᠳᠡᠭᠰᠡᠨ ᠪᠠᠶᠢᠪᠡᠯ᠂ ᠣᠨ ᠤ ᠰᠢᠯᠢᠳᠡᠭ ᠳᠡᠷᠢᠭᠦᠨ ᠤ ᠰᠢᠯᠭᠠᠷᠠᠭᠤᠯᠣᠯᠳᠠ ᠶᠢᠨ | ᠠᠵᠢᠯᠯᠠᠭ᠎ᠠ ᠳᠤ ᠣᠷᠣᠯᠴᠠᠬᠤ ᠬᠢᠷᠢ ᠬᠡᠮ ᠢ ᠨᠢ ᠬᠠᠰᠣᠨ᠎ᠠ᠄ | ︵ᠨᠢᠭᠡ︶ ᠬᠠᠤᠯᠢ ᠶᠣᠰᠣᠭᠠᠷ ᠵᠠᠰᠠᠭ ᠵᠠᠬᠢᠷᠭᠠᠨ ᠤ ᠰᠠᠬᠢᠯᠭ᠎ᠠ ᠪᠠᠲᠤ ᠶᠢᠨ ᠰᠢᠳᠬᠡᠯ ᠣᠯᠭᠤᠨ᠎ᠠ︔ | ︵ᠬᠤᠶᠠᠷ︶ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠣᠡᠭᠡᠯ ᠲᠣᠷᠭᠠᠭᠤᠯᠢ ᠣᠯᠭᠤᠨ᠎ᠠ︔ | ︵ᠭᠤᠷᠪᠠ︶ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠠᠷᠪᠠᠨ ᠲᠠᠪᠤᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠢ ᠵᠥᠷᠢᠴᠡᠵᠦ᠂ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠵᠢᠴᠢ ᠲᠡᠭᠦᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ | ᠵᠢᠯᠣᠭᠤᠳᠬᠤ ᠭᠠᠵᠠᠷ᠂ ᠣᠶ ᠰᠢᠭᠤᠢ᠂ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠪᠤᠶᠤ ᠪᠤᠰᠤᠳ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠣᠨ ᠲᠤ ᠲᠣᠣᠷ᠎ᠡ ᠵᠢᠭᠰᠠᠭᠠᠭᠰᠠᠨ ᠦᠢᠯᠡ | ᠠᠵᠢᠯᠯᠠᠭ᠎ᠠ ᠶᠢᠨ ᠨᠢᠭᠡ ᠨᠢ ᠪᠠᠶᠢᠪᠠᠯ᠂ ᠳᠡᠭᠡᠳᠦ ᠱᠠᠲᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠵᠠᠯᠠᠷᠠᠭᠤᠯᠬᠤ ᠪᠠᠷ ᠵᠠᠷᠯᠢᠭᠳᠠᠨ᠎ᠠ︔ ᠦᠢᠯᠨ ᠪᠠᠶᠢᠳᠠᠯ ᠨᠢ | ᠬᠦᠨᠳᠦ ᠨᠣᠴᠢᠲᠠᠶ ᠪᠠᠶᠢᠪᠠᠯ᠂ ᠰᠢᠭᠤᠳ ᠬᠠᠷᠢᠭᠤᠴᠠᠯᠭ᠎ᠠ ᠲᠠᠢ ᠭᠤᠣᠯᠴᠢᠯᠠᠨ ᠬᠠᠮᠢᠶᠠᠷᠴᠣ ᠪᠦᠭᠦᠢ ᠬᠥᠮᠦᠨ ᠪᠠ | ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠦᠨ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠣᠯᠭᠤᠨ᠎ᠠ︔ | ᠶᠠᠯ᠎ᠠ ᠳᠤ ᠭᠦᠷᠣᠭ᠍ᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ︵ᠨᠢᠭᠡ︶ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠶᠢᠨ | ᠳᠦᠷᠢᠮ ᠢ ᠨᠠᠶᠢᠳᠠᠪᠤᠷᠢᠵᠢᠭᠤᠯᠬᠤ ᠦᠭᠡᠶ᠂ ᠠᠪᠣᠭᠰᠠᠨ ᠠᠷᠭ᠎ᠠ ᠬᠡᠮᠵᠢᠶ᠎ᠡ ᠨᠢ ᠬᠦᠴᠦᠨ ᠦᠭᠡᠶ᠂ ᠬᠢᠨᠠᠯᠲᠠ ᠲᠠᠯᠪᠢᠵᠤ | ᠪᠠᠶᠢᠴᠠᠭᠠᠬᠤ ᠠᠵᠢᠯ ᠨᠢ ᠪᠣᠳᠠᠳᠠᠢ ᠪᠢᠰᠢ ᠠᠴᠠ ᠪᠣᠯᠵᠣ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ | ᠪᠤᠶ ᠪᠣᠯᠭᠠᠭᠰᠠᠨ︔ | ︵ᠬᠤᠶᠠᠷ︶ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ | ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠣᠡᠭᠡᠯ ᠲᠥᠰᠦᠯ ᠢ ᠨᠠᠶᠢᠷᠠᠭᠤᠯᠤᠨ ᠵᠣᠬᠢᠶᠠᠭᠰᠠᠨ ᠦᠭᠡᠶ︔ | ︵ᠭᠤᠷᠪᠠ︶ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠭᠦ ᠳᠠᠯᠳᠠ ᠭᠡᠮ ᠰᠣᠭᠤᠭ ᠢ | ᠮᠡᠳᠡᠵᠣ ᠪᠠᠶᠢᠭᠠᠣᠨ ᠴᠠᠭ ᠲᠤᠬᠠᠶ ᠳᠤᠨᠢ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠭᠦ ᠳᠠᠯᠳᠠ | ᠭᠡᠮ ᠰᠣᠭᠤᠭ ᠢ ᠴᠡᠭᠴᠡᠯᠡᠨ ᠵᠠᠰᠠᠬᠤ ᠮᠡᠳᠡᠭᠳᠡᠯ ᠤᠨ ᠪᠢᠴᠢᠭ ᠪᠠᠭᠤᠯᠭᠠᠬᠰᠠᠨ ᠦᠭᠡᠶ︔ | ︵ᠳᠥᠷᠪᠡ︶ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠱᠠᠭᠠᠷᠳᠠᠯᠭ᠎ᠠ ᠳᠤ ᠦᠯᠣ | ᠨᠡᠶᠢᠴᠡᠬᠦ ᠬᠡᠭᠡᠷ᠎ᠡ ᠭᠠᠳᠠᠨ᠎ᠠ ᠭᠠᠯ ᠬᠡᠷᠡᠭᠯᠡᠬᠦ ᠪᠤᠶᠤ ᠦᠨᠡᠨ ᠰᠣᠮᠣᠨ ᠤ ᠰᠣᠷᠢᠯᠲᠠ ᠬᠢᠭᠦ᠂ ᠳᠡᠯᠪᠡᠴᠢᠬᠦ ᠵᠡᠷᠭᠡ | ᠠᠵᠢᠯᠯᠠᠭ᠎ᠠ ᠶᠢ ᠵᠥᠪᠰᠢᠶᠡᠷᠡᠭᠰᠡᠨ︔ | ︵ᠲᠠᠪᠤ︶ ᠨᠥᠬᠦᠴᠡᠯ ᠳᠤ ᠦᠯᠣ ᠨᠡᠶᠢᠴᠡᠬᠦ ᠲᠡᠷᠭᠡ ᠭᠦᠰᠭᠡ ᠳᠤ ᠭᠠᠯ ᠰᠡᠷᠭᠡᠶᠢᠯᠡᠬᠦ ᠵᠠᠮ ᠨᠡᠪᠲᠡᠷᠡᠭᠦᠯᠭᠡ ᠶᠢᠨ | ᠦᠨᠡᠮᠯᠡᠯ ᠣᠯᠭᠤᠭᠰᠠᠨ︔ | ︵ᠵᠢᠷᠭᠤᠭ᠎ᠠ︶ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠣᠭ᠍ᠰᠡᠨ ᠤ ᠳᠠᠷᠠᠭ᠎ᠠ᠂ ᠣᠶ | ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠨᠢᠭᠤᠵᠣ ᠮᠡᠳᠡᠭᠦᠯᠣᠭ᠍ᠰᠡᠨ ᠦᠭᠡᠢ᠂ ᠬᠤᠳᠠᠯ ᠢᠶᠠᠷ | ᠮᠡᠳᠡᠭᠦᠯᠣᠭ᠍ᠰᠡᠨ ᠪᠤᠶᠤ ᠮᠡᠳᠡᠭᠦᠯᠬᠦ ᠶᠢ ᠵᠣᠷᠢᠭᠤᠳᠠ ᠤᠳᠠᠭᠠᠰᠢᠷᠠᠭᠤᠯᠣᠭᠰᠠᠨ︔ | ︵ᠳᠣᠯᠤᠭ᠎ᠠ︶ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠣᠭ᠍ᠰᠡᠨ ᠤ ᠳᠠᠷᠠᠭ᠎ᠠ᠂ ᠴᠠᠭ | ᠲᠤᠬᠠᠶ ᠳᠤᠨᠢ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠷᠭ᠎ᠠ ᠬᠡᠮᠵᠢᠶ᠎ᠡ ᠠᠪᠣᠭᠰᠠᠨ ᠦᠭᠡᠶ︔ | ︵ᠨᠠᠢᠮᠠ︶ ᠭᠠᠯ ᠤᠨᠲᠠᠷᠠᠭᠠᠬᠤ ᠶᠢ ᠵᠢᠯᠣᠭᠤᠳᠬᠤ ᠠᠵᠢᠯ ᠨᠢ ᠭᠦᠴᠣᠨ ᠦᠭᠡᠶ ᠠᠴᠠ ᠪᠣᠯᠵᠣ ᠬᠥᠮᠦᠨ ᠬᠠᠷ᠎ᠠ | ᠠᠳᠡᠵᠦ ᠰᠢᠷᠬᠠᠲᠤᠭᠰᠠᠨ ᠪᠣᠶᠣ ᠬᠦᠨᠳᠣ ᠶᠡᠭᠡ ᠡᠳ᠋ ᠬᠥᠷᠥᠩᠭᠡ ᠶᠢᠨ ᠬᠤᠬᠢᠷᠠᠯ ᠤᠴᠠᠷᠠᠭᠤᠯᠤᠭᠰᠠᠨ︔ | ︵ᠶᠢᠰᠦ︶ ᠲᠣᠭᠲᠠᠭᠠᠯ ᠶᠣᠰᠣᠭᠠᠷ ᠭᠠᠯ ᠭᠠᠷᠣᠭᠰᠠᠨ ᠭᠠᠵᠡᠷ ᠢ ᠪᠠᠶᠢᠴᠠᠭᠠᠬᠰᠠᠨ ᠦᠭᠡᠢ᠂ ᠴᠡᠪᠡᠷᠯᠡᠨ | ᠠᠷᠢᠯᠭᠠᠭᠰᠠᠨ ᠦᠭᠡᠢ᠂ ᠬᠠᠷᠠᠵᠣ ᠰᠠᠬᠢᠭᠰᠠᠨ ᠦᠭᠡᠢ ᠠᠴᠠ ᠪᠣᠯᠵᠣ ᠳᠠᠬᠢᠨ ᠨᠣᠴᠣᠬᠰᠠᠨ︔ | ︵ᠠᠷᠪᠠ︶ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠦᠯᠣ ᠭᠦᠢᠴᠡᠳᠬᠡᠭᠰᠡᠨ ᠪᠤᠰᠤᠳ ᠦᠢᠯᠡ | ᠠᠵᠢᠯᠯᠠᠭ᠎ᠠ᠃ | ᠠᠷᠪᠠᠨ ᠵᠢᠷᠭᠤᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠲᠣᠣᠷ᠎ᠡ ᠵᠢᠭᠰᠠᠭᠠᠭᠰᠠᠨ | ᠪᠠᠶᠢᠳᠠᠯ ᠤᠨ ᠨᠢᠭᠡ ᠨᠢ ᠪᠠᠶᠢᠪᠠᠯ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠱᠠᠳᠣᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠤ ᠣᠶ ᠰᠢᠭᠤᠢ᠂ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠡᠷᠬᠡ ᠣᠯᠭᠤᠭᠰᠠᠨ ᠰᠠᠯᠠᠭ᠎ᠠ ᠮᠥᠴᠢᠷ ᠨᠢ ᠤᠯᠤᠰ ᠪᠠ ᠥᠪᠡᠷᠲᠡᠭᠡᠨ | ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠠᠰᠠᠭ ᠵᠠᠬᠢᠷᠭᠠᠨ ᠤ ᠬᠠᠤᠯᠢ | ᠲᠣᠭᠲᠠᠭᠠᠯ ᠳᠤ ᠲᠣᠭᠳᠠᠭᠠᠭᠰᠠᠨ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠰᠢᠳᠬᠡᠯ ᠣᠯᠭᠤᠨ᠎ᠠ︔ ᠶᠠᠯ᠎ᠠ ᠳᠤ | ᠬᠦᠷᠣᠭ᠍ᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠬᠦ ᠠᠵᠢᠯ ᠤᠨ ᠲᠦᠷᠣᠯ | ᠵᠦᠢᠯ ᠤᠨ ᠪᠡᠯᠡ ᠮᠥᠩᠭᠦ᠂ ᠪᠡᠯᠡᠳᠬᠡᠮᠵᠢ ᠲᠥᠬᠦᠭᠡᠷᠦᠮᠵᠢ᠂ ᠡᠳ᠋ ᠪᠠᠷᠠᠭ᠎ᠠ ᠶᠢ ᠱᠠᠮᠰᠢᠬᠰᠠᠨ᠂ ᠳᠠᠰᠣᠳᠠᠨ | ᠦᠯᠡᠳᠡᠭᠡᠭᠰᠡᠨ᠂ ᠨᠡᠭᠦᠯᠭᠡᠨ ᠬᠡᠷᠡᠭᠯᠡᠭᠰᠡᠨ ᠪᠤᠶᠤ ᠡᠵᠡᠯᠡᠨ ᠬᠡᠷᠡᠭᠯᠡᠭᠰᠡᠨ︔ | ︵ᠬᠤᠶᠠᠷ︶ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠢᠨᠠᠯᠲᠠ ᠲᠠᠯᠪᠢᠵᠤ | ᠪᠠᠶᠢᠴᠠᠭᠠᠬᠤ ᠠᠵᠢᠯᠲᠠᠨ ᠤ ᠭᠠᠯ ᠰᠡᠷᠭᠡᠶᠢᠯᠡᠬᠦ ᠠᠵᠢᠯ ᠤᠨ ᠪᠠᠶᠢᠴᠠᠭᠠᠯᠲᠠ ᠬᠢᠭᠦ ᠶᠢ ᠳᠡᠪᠴᠢᠭᠰᠡᠨ ᠪᠣᠶᠣ ᠬᠠᠷᠰᠢᠯᠠᠭᠰᠠᠨ | ︔ | ︵ᠭᠤᠷᠪᠠ︶ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠪᠡᠯᠡᠣᠡᠭᠡᠮᠵᠢ ᠪᠠ ᠠᠷᠭ᠎ᠠ | ᠬᠡᠮᠵᠢᠶ᠎ᠡ ᠶᠢ ᠦᠯᠣ ᠨᠠᠶᠢᠳᠠᠪᠤᠷᠢᠵᠢᠭᠤᠯᠵᠣ᠂ ᠭᠠᠯ ᠰᠡᠷᠭᠡᠶᠢᠯᠡᠨ ᠤᠨᠲᠠᠷᠠᠭᠠᠬᠤ ᠠᠶᠣᠯ ᠦᠭᠡᠢ ᠶᠢᠨ ᠪᠠᠶᠢᠴᠠᠭᠠᠯᠲᠠ ᠨᠢ | ᠬᠢᠷᠢ ᠲᠡᠩᠴᠡᠭᠦ ᠦᠭᠡᠶ᠂ ᠭᠠᠯ ᠤᠨ ᠭᠠᠮᠰᠢᠭ ᠡᠭᠦᠰᠭᠦ ᠳᠠᠯᠳᠠ ᠭᠡᠮ ᠰᠣᠭᠤᠭ ᠲᠠᠢ ᠪᠠᠶᠢᠳᠠᠯ᠎ᠠ᠂ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠠᠴᠠ ᠪᠠᠭᠤᠯᠭᠠᠭᠰᠠᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ | ᠭᠠᠮᠰᠢᠭ ᠡᠭᠦᠰᠭᠦ ᠳᠠᠯᠳᠠ ᠭᠡᠮ ᠰᠣᠭᠤᠭ ᠢ ᠴᠡᠭᠴᠡᠯᠡᠨ ᠵᠠᠰᠠᠬᠤ ᠮᠡᠳᠡᠭᠳᠡᠯ ᠤᠨ ᠲᠣᠭᠲᠠᠭᠠᠯ ᠶᠣᠰᠣᠭᠠᠷ ᠲᠣᠭᠳᠠᠭᠰᠠᠨ | ᠴᠠᠭ ᠬᠤᠭᠤᠴᠠᠭᠠᠨ ᠳᠤ ᠦᠯᠣ ᠵᠠᠯᠠᠷᠠᠭᠤᠯᠣᠭᠰᠠᠨ ᠪᠣᠶᠣ ᠦᠯᠦ ᠠᠷᠢᠯᠭᠠᠬᠰᠠᠨ︔ | ︵ᠳᠥᠷᠪᠡ︶ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠣᠶ ᠰᠢᠭᠤᠶ ᠨᠤᠲᠤᠭ ᠪᠡᠯᠴᠢᠭᠡᠷ ᠤᠨ | ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠨᠢᠭᠡᠳᠦᠯᠲᠡᠶ ᠵᠢᠯᠣᠭᠤᠳᠣᠯᠭ᠎ᠠ ᠶᠢ ᠲᠡᠪᠴᠢᠵᠣ | ᠬᠠᠷᠰᠢᠯᠠᠭᠰᠠᠨ ᠠᠴᠠ ᠪᠣᠯᠵᠣ ᠭᠠᠯ ᠤᠨᠲᠠᠷᠠᠭᠠᠬᠤ ᠶᠢ ᠰᠠᠭᠠᠲᠠᠭᠠᠭᠰᠠᠨ︔ | ︵ᠲᠠᠪᠤ︶ ᠣᠰᠣᠯ ᠡ᠊ᠨᠳᠡᠯ ᠠᠴᠠ ᠪᠣᠯᠵᠤ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ | ᠡᠭᠦᠰᠣᠭ᠍ᠰᠡᠨ︔ | ︵ᠵᠢᠷᠭᠤᠭ᠎ᠠ︶ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠦᠯᠣ ᠭᠦᠢᠴᠡᠳᠬᠡᠭᠰᠡᠨ ᠪᠤᠰᠤᠳ ᠦᠢᠯᠡ | ᠠᠵᠢᠯᠯᠠᠭ᠎ᠠ᠃ | ᠠᠷᠪᠠᠨ ᠳᠣᠯᠣᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ ᠨᠦᠭᠦᠳ ᠣᠶ | ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠯᠣ | ᠭᠦᠢᠴᠡᠳᠬᠡᠭᠰᠡᠨ ᠠᠴᠠ ᠪᠣᠯᠵᠣ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠨᠥᠯᠥᠭᠡᠯᠡᠭᠳᠡᠭᠰᠡᠨ | ᠪᠠᠶᠢᠪᠡᠯ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠳᠡᠭᠡᠳᠣ ᠨᠢᠭᠡ ᠱᠠᠲᠤᠨ ᠤ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠠᠴᠠ ᠳᠡᠳᠠᠨ ᠢ ᠵᠠᠷᠯᠢᠭᠳᠠᠨ | ᠪᠢᠴᠢᠭ ᠢᠶᠠᠷ ᠪᠠᠶᠢᠴᠠᠭᠠᠯᠳᠠ ᠬᠢᠯᠭᠡᠭᠦ ᠪᠤᠶᠤ ᠮᠡᠳᠡᠭᠡᠯᠡᠨ ᠰᠢᠭᠦᠮᠵᠢᠯᠡᠵᠦ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ | ᠰᠠᠯᠠᠭ᠎ᠠ ᠮᠥᠴᠢᠷ ᠨᠢ ᠬᠠᠤᠯᠢ ᠶᠣᠰᠣᠭᠠᠷ ᠬᠠᠷᠢᠭᠤᠴᠠᠯᠭ᠎ᠠ ᠲᠠᠢ ᠬᠥᠮᠦᠨ ᠠᠴᠠ ᠬᠠᠷᠢᠭᠤᠴᠠᠯᠭ᠎ᠠ ᠨᠡᠬᠡᠮᠵᠢᠯᠡᠨ᠎ᠠ᠃ | ᠠᠷᠪᠠᠨ ᠨᠠᠢᠮᠠᠳᠤᠭᠠᠷ ᠵᠦᠢᠯ ᠰᠢᠭᠤᠶᠢᠲᠤ ᠣᠷᠣᠨ᠂ ᠮᠠᠯᠵᠢᠬᠤ ᠳᠠᠷᠢᠶᠠᠯᠠᠬᠤ ᠣᠷᠣᠨ ᠤ ᠨᠠᠷᠠᠳᠣ | ᠦᠵᠡᠮᠵᠢ ᠶᠢᠨ ᠣᠷᠣᠨ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ | ᠰᠠᠭᠤᠭᠠᠯᠢ ᠠᠷᠠᠳ ᠤᠨ ᠲᠣᠭᠤᠷᠢᠭ᠂ ᠴᠡᠷᠢᠭ ᠤᠨ ᠶᠠᠪᠤᠳᠠᠯ ᠤᠨ ᠬᠠᠮᠢᠶᠠᠷᠤᠯᠲᠠ ᠶᠢᠨ ᠣᠷᠣᠨ᠂ ᠣᠶ ᠰᠢᠭᠤᠶ ᠶᠢᠨ | ᠴᠡᠴᠡᠷᠯᠢᠭ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠲᠦᠷᠣᠯ ᠵᠦᠢᠯ ᠤᠨ ᠣᠷᠣᠨ᠂ ᠲᠡᠮᠦᠷ ᠵᠠᠮ᠂ | ᠴᠠᠬᠢᠯᠭᠠᠨ ᠬᠦᠴᠦ᠂ ᠴᠠᠬᠢᠯᠭᠠᠨ ᠬᠤᠯᠪᠣᠭ᠎ᠠ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠵᠡᠷᠭᠡ ᠡᠵᠡᠩᠨᠡᠵᠣ | ᠪᠦᠭᠦᠢ᠂ ᠪᠠᠷᠢᠯᠭ᠎ᠠ ᠶᠢᠨ ᠠᠵᠢᠯ ᠡᠷᠬᠢᠯᠡᠵᠣ ᠪᠦᠭᠦᠢ ᠨᠢᠭᠡᠴᠨ ᠬᠢᠭᠡᠣᠨ ᠪᠤᠰᠤᠳ ᠦᠢᠯᠡᠳᠪᠦᠷᠢ ᠠᠭᠤᠷᠬᠠᠶ ᠠᠵᠤ | ᠠᠬᠤᠶᠢᠯᠠᠯ ᠤᠳ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠬᠤᠰᠢᠭᠤ ᠰᠢᠶᠠᠨ ︵ᠬᠤᠲᠠ᠂ | ᠲᠣᠭᠤᠷᠢᠭ︶ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠪᠠ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠣᠯᠭᠤᠬᠤ ᠶᠢᠨ ᠬᠠᠮᠳᠣ | ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠦᠨ ᠳᠤ ᠵᠠᠰᠠᠭ | ᠵᠠᠬᠢᠷᠭᠠᠨ ᠤ ᠰᠢᠳᠬᠡᠯ ᠣᠯᠭᠤᠨ᠎ᠠ︔ ᠶᠠᠯ᠎ᠠ ᠳᠤ ᠭᠦᠷᠣᠭ᠍ᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ᠳᠥᠷᠪᠡᠳᠦᠭᠡᠷ ᠪᠦᠯᠦᠭ ᠲᠠᠭᠠᠯᠳᠤᠭᠤᠯᠤᠯ ᠳᠦᠷᠢᠮ | ᠠᠷᠪᠠ ᠶᠢᠰᠦᠳᠦᠭᠡᠷ ᠵᠦᠢᠯ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠣᠶ ᠰᠢᠭᠤᠢ ᠶᠢᠨ | ᠬᠠᠮᠢᠶᠠᠷᠣᠯᠳᠠ ᠶᠢᠨ ᠲᠣᠪᠴᠢᠶ᠎ᠠ ᠵᠢᠴᠢ ᠰᠢᠭᠤᠳ ᠬᠠᠷᠢᠶ᠎ᠠ ᠣᠶ ᠰᠢᠭᠤᠶ ᠶᠢᠨ ᠲᠣᠪᠴᠢᠶ᠎ᠠ ᠨᠤᠭᠤᠳ ᠲᠤᠰ ᠠᠷᠭ᠎ᠠ ᠶᠢ | ᠯᠠᠪᠯᠠᠯᠲᠠ ᠪᠣᠯᠭᠠᠵᠤ ᠬᠡᠷᠡᠭᠵᠢᠭᠦᠯᠣᠨ᠎ᠠ᠃ | ᠬᠤᠷᠢᠳᠤᠭᠠᠷ ᠵᠦᠢᠯ ᠲᠤᠰ ᠠᠷᠭ᠎ᠠ ᠶᠢ 2015 ᠣᠨ ᠤ 8 ᠳ᠋ᠣᠭᠠᠷ ᠰᠠᠷ᠎ᠡ ᠶᠢᠨ 1 ᠤ ᠡᠳᠣᠷ ᠠᠴᠠ | ᠡᠬᠢᠯᠡᠵᠦ ᠬᠡᠷᠡᠭᠵᠢᠭᠦᠯᠦᠨ᠎ᠡ᠃ | | |