| 12 ᠳ᠋ᠤᠭᠠᠷ ᠰᠠᠷ᠎ᠠ ᠶᠢᠨ 11 ᠤ ᠡᠳᠦᠷ᠂ ︽12· 5︾ ᠶᠢᠨ ᠬᠤᠭᠤᠴᠠᠭᠠᠨ ᠳᠠᠬᠢ ᠪᠥᠬᠦ ᠣᠷᠣᠨ ᠤ | ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠪᠣᠯᠤᠨ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳ᠋ᠦᠩᠨᠡᠨ ᠰᠠᠶᠢᠰᠢᠶᠠᠬᠤ ᠬᠤᠷᠠᠯ ᠵᠢᠴᠢ ᠪᠥᠬᠦ | ᠣᠷᠣᠨ ᠤ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ︽13· 5︾ ᠶᠢᠨ ᠬᠤᠭᠤᠴᠠᠭᠠᠨ ᠤ ᠴᠢᠳᠠᠪᠤᠷᠢᠲᠠᠨ | ᠬᠥᠮᠦᠵᠢᠭᠦᠯᠬᠦ ᠠᠵᠢᠯ ᠤᠨ ᠲᠤᠰᠬᠠᠶ ᠰᠡᠳᠦᠪᠲᠦ ᠲᠥᠯᠥᠪᠵᠢᠭᠦᠯᠭᠡ ᠶᠢ ᠰᠤᠳᠤᠯᠤᠨ ᠶᠠᠷᠢᠯᠴᠠᠬᠤ ᠬᠤᠷᠠᠯ | ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠭᠡᠳᠦ | ᠰᠤᠷᠭᠠᠭᠤᠯᠢ ᠶᠢᠨ ᠠᠵᠢᠯ ᠤᠨ ᠬᠤᠷᠢᠶ᠎ᠠ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠤᠨ ᠳᠡᠳ᠋ ᠳᠠᠷᠤᠭ᠎ᠠ ︵ᠵᠢᠩᠬᠢᠨᠢ ᠲᠢᠩᠬᠢᠮ ᠤᠨ ᠲᠡᠰ︶ ᠵᠠᠩ ᠶᠠ ᠮᠢᠨ ᠳ᠋ᠦᠩᠨᠡᠨ ᠰᠠᠶᠢᠰᠢᠶᠠᠬᠤ ᠬᠤᠷᠠᠯ ᠳᠤ | ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠶ᠃ ᠥᠪᠥᠷ ᠮᠣᠩᠭᠤᠯ ᠤᠨ ᠶᠡᠭᠡ ᠰᠤᠷᠭᠠᠭᠤᠯᠢ ᠵᠡᠷᠭᠡ 8 ᠳᠡᠭᠡᠳᠦ | ᠰᠤᠷᠭᠠᠭᠤᠯᠢ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ | ᠰᠤᠷᠭᠠᠨ ᠬᠥᠮᠦᠵᠢᠯ ᠤᠨ ᠨᠡᠶᠢᠭᠡᠮᠯᠢᠭ ᠤᠨ ᠳᠠᠷᠤᠭ᠎ᠠ ᠮᠠᠨᠳᠠ ᠤᠷᠢᠯᠭ᠎ᠠ ᠪᠠᠷ ᠬᠤᠷᠠᠯ ᠳᠤ ᠣᠷᠣᠯᠴᠠᠪᠠ᠃ ᠪᠦᠬᠦ | ᠣᠷᠣᠨ ᠤ 51 ᠳᠡᠭᠡᠳᠦ ᠰᠤᠷᠭᠠᠭᠤᠯᠢ ᠠᠴᠠ ᠢᠷᠡᠭᠰᠡᠨ ᠵᠢᠭᠠᠨ ᠰᠤᠷᠭᠠᠬᠤ ᠠᠵᠢᠯ ᠢ ᠬᠤᠪᠢᠳᠠᠨ ᠬᠠᠮᠢᠶᠠᠷᠴᠤ | ᠪᠠᠶᠢᠭ᠎ᠠ ᠤᠳᠤᠷᠢᠳᠤᠯᠭ᠎ᠠ ᠪᠣᠯᠣᠨ ᠵᠢᠭᠠᠨ ᠰᠤᠷᠭᠠᠬᠤ ᠭᠠᠵᠠᠷ ᠤᠨ ᠳᠠᠷᠤᠭ᠎ᠠ ᠬᠢᠭᠡᠳ ᠬᠥᠬᠢᠭᠦᠯᠦᠯ ᠭᠥᠷᠳᠡᠭᠰᠡᠨ | ᠲᠡᠷᠢᠭᠦᠨ ᠤ ᠬᠤᠪᠢ ᠬᠥᠮᠥᠨ ᠨᠡᠶᠢᠲᠡ 170 ᠬᠥᠮᠦᠨ ᠳ᠋ᠦᠩᠨᠡᠨ ᠰᠠᠶᠢᠰᠢᠶᠠᠬᠤ ᠬᠤᠷᠠᠯ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠠᠵᠢᠯᠲᠠᠨ ᠤ ᠶᠠᠪᠤᠳᠠᠯ ᠤᠨ | ᠭᠠᠵᠠᠷ ᠤᠨ ᠳᠠᠷᠤᠭ᠎ᠠ ᠯᠢᠶᠠᠨ ᠢᠦᠢ ᠫᠢᠩ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠨᠡᠶᠢᠲᠡᠯᠡᠵᠡᠶ᠃ ᠲᠤᠰ | ᠤᠳᠠᠭᠠᠨ ᠤ ᠰᠠᠶᠢᠰᠢᠶᠠᠯ ᠬᠦᠬᠢᠭᠦᠯᠦᠯ ᠬᠦᠷᠲᠡᠭᠴᠢᠳ ᠪᠣᠯ ︽12· 5︾ ᠶᠢᠨ ᠲᠥᠯᠥᠪᠵᠢᠭᠦᠯᠭᠡ ᠶᠢᠨ | ᠬᠤᠭᠤᠴᠠᠭᠠᠨ ᠳᠤ ᠪᠥᠬᠦ ᠣᠷᠣᠨ ᠤ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠪᠣᠯᠤᠨ | ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠳᠤᠮᠳᠠ | ᠴᠣᠯᠭᠤᠷᠠᠨ ᠭᠠᠷᠤᠭᠰᠠᠨ 69 ᠲᠡᠷᠢᠭᠦᠨ ᠤ ᠬᠠᠮᠲᠤ ᠨᠡᠶᠢᠲᠡ ᠪᠣᠯᠣᠨ 80 ᠲᠡᠷᠢᠭᠦᠨ ᠤ ᠬᠤᠪᠢ ᠬᠥᠮᠥᠨ ᠪᠣᠯᠣᠨ᠎ᠠ᠃ | ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ︽13· 5︾ | ᠶᠢᠨ ᠬᠤᠭᠤᠴᠠᠭᠠᠨ ᠤ ᠴᠢᠳᠠᠪᠤᠷᠢᠲᠠᠨ ᠢ ᠬᠥᠮᠦᠵᠢᠭᠦᠯᠬᠦ ᠲᠥᠯᠥᠪᠵᠢᠭᠦᠯᠭᠡ ᠶᠢᠨ ᠲᠣᠬᠠᠢ ᠶᠠᠷᠢᠯᠴᠠᠭᠰᠠᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠭᠠᠵᠠᠷ ᠤᠨ ᠳᠠᠷᠤᠭ᠎ᠠ ᠴᠧᠨ ᠵᠢᠶᠦ᠋ᠨ ᠵᠢᠶᠧ ᠬᠤᠷᠠᠯ ᠢ ᠡᠷᠭᠢᠯᠡᠪᠡ᠃ | |