ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠯᠬᠢᠨ ᠬᠦᠴᠦᠨ ᠤ ᠴᠠᠬᠢᠯᠭᠠᠨ / ᠭᠡᠷᠡᠯ ᠸᠣᠯᠲ ᠎ ᠤᠨ ᠪᠠᠷᠢᠮᠵᠢᠶᠠᠲᠤ ᠰᠢᠰᠲ᠋ᠧᠮᠵᠢ ᠶᠢᠨ ᠰᠤᠳᠤᠯᠤᠯ ᠬᠢᠭᠡᠳ ᠲᠣᠭᠲᠠᠭᠠᠯᠲᠠ ᠶᠢᠨ ᠲᠥᠷᠥᠯ ᠵᠦᠢᠯ ᠤᠨ ᠠᠵᠢᠯ ᠤᠨ ᠳᠤᠭᠤᠶᠢᠯᠠᠩ ᠤᠨ ᠬᠤᠷᠠᠯ ᠠᠮᠵᠢᠯᠲᠠᠲᠠᠢ ᠬᠤᠷᠠᠯᠳᠤᠪᠠ
ᠨᠡᠶᠢᠲᠡᠯᠡᠭᠰᠡᠨ ᠴᠠᠭ᠄
2015/12/16
   
    12 ᠳ᠋ᠤᠭᠠᠷ ᠰᠠᠷ᠎ᠠ ᠶᠢᠨ 11᠎ ᠤ ᠡᠳᠦᠷ᠂ ᠳᠤᠮᠳᠠᠳᠤ ᠤᠯᠤᠰ ᠤᠨ ᠲᠠᠷᠢᠶᠠᠯᠠᠩ ᠤᠨ ᠮᠠᠰᠢᠨᠴᠢᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠬᠤ ᠬᠦᠷᠢᠶᠡᠯᠡᠩ ᠤᠨ ᠬᠥᠬᠡᠬᠤᠲᠠ ᠳᠠᠬᠢ ᠬᠤᠪᠢᠶᠠᠷᠢ ᠬᠦᠷᠢᠶᠡᠯᠡᠩ ︵ᠪᠦᠬᠦ ᠤᠯᠤᠰ ᠤᠨ ᠰᠠᠯᠬᠢᠨ ᠬᠦᠴᠦᠨ ᠤ ᠮᠧᠬᠠᠨᠢᠭ ᠤᠨ ᠪᠠᠷᠢᠮᠵᠢᠶᠠᠵᠢᠭᠰᠠᠨ ᠮᠡᠷᠭᠡᠵᠢᠯ ᠤᠨ ᠺᠣᠮᠢᠰ︶᠎ ᠠᠴᠠ ᠬᠠᠷᠢᠭᠤᠴᠠᠵᠤ ᠰᠤᠳᠤᠯᠤᠨ ᠲᠣᠭᠲᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠰᠠᠯᠬᠢᠨ ᠬᠦᠴᠦᠨ ᠤ ᠴᠠᠬᠢᠯᠭᠠᠨ ᠤ ᠪᠠᠷᠢᠮᠵᠢᠶᠠᠲᠤ ᠰᠢᠰᠲ᠋ᠧᠮᠵᠢ ᠶᠢᠨ ᠰᠤᠳᠤᠯᠤᠯ ᠬᠢᠭᠡᠳ ᠲᠣᠭᠲᠠᠭᠠᠯᠲᠠ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠭᠡᠷᠡᠯ ᠸᠣᠯᠲ ᠤᠨ ᠪᠠᠷᠢᠮᠵᠢᠶᠠᠲᠤ ᠰᠢᠰᠲ᠋ᠧᠮᠵᠢ ᠶᠢᠨ ᠰᠤᠳᠤᠯᠤᠯ ᠬᠢᠭᠡᠳ ᠲᠣᠭᠲᠠᠭᠠᠯᠲᠠ︾ ᠬᠤᠶᠠᠷ ᠲᠥᠷᠥᠯ ᠵᠦᠢᠯ ᠤᠨ ᠠᠵᠢᠯ ᠤᠨ ᠳᠤᠭᠤᠶᠢᠯᠠᠩ ᠤᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠭᠤᠣ ᠶᠢᠩ ᠵᠢᠶᠧ᠂ ᠨᠠᠷᠢᠨ ᠪᠢᠴᠢᠭ ᠤᠨ ᠳᠠᠷᠤᠭ᠎ᠠ ᠪᠦᠭᠡᠳ ᠲᠥᠷᠥᠯ ᠵᠦᠢᠯ ᠤᠨ ᠬᠠᠷᠢᠭᠤᠴᠠᠯᠭᠠᠲᠠᠨ ᠸᠠᠩ ᠵᠢᠶᠠᠨ ᠫᠢᠩ ᠵᠢᠴᠢ ᠲᠥᠷᠥᠯ ᠵᠦᠢᠯ ᠳᠤ ᠣᠷᠣᠯᠴᠠᠭᠴᠢ ᠡᠯ᠎ᠡ ᠪᠠᠶᠢᠭᠤᠯᠭ᠎ᠠ ᠨᠢᠭᠡᠴᠡ ᠶᠢᠨ ᠮᠡᠷᠭᠡᠵᠢᠯᠲᠡᠳ ᠬᠤᠷᠠᠯ ᠳᠤ ᠣᠷᠣᠯᠴᠠᠪᠠ᠃ ᠨᠠᠷᠢᠨ ᠪᠢᠴᠢᠭ ᠤᠨ ᠳᠠᠷᠤᠭ᠎ᠠ ᠪᠦᠭᠡᠳ ᠲᠥᠷᠥᠯ ᠵᠦᠢᠯ ᠤᠨ ᠬᠠᠷᠢᠭᠤᠴᠠᠯᠭᠠᠲᠠᠨ ᠸᠠᠩ ᠵᠢᠶᠠᠨ ᠫᠢᠩ ᠬᠤᠷᠠᠯ ᠡᠷᠬᠢᠯᠡᠪᠡ᠃     ᠬᠤᠷᠠᠯ ᠤᠨ ᠡᠩ ᠲᠡᠷᠢᠭᠦᠨ ᠳᠤ ᠬᠤᠶᠠᠷ ᠲᠥᠷᠥᠯ ᠵᠦᠢᠯ ᠤᠨ ᠠᠬᠢᠯᠲᠠ ᠶᠢᠨ ᠪᠠᠶᠢᠳᠠᠯ ᠢ ᠲᠠᠨᠢᠯᠴᠠᠭᠤᠯᠵᠤ᠂ ᠬᠤᠷᠠᠯ ᠳᠤ ᠣᠷᠣᠯᠴᠠᠭᠰᠡᠨ ᠮᠡᠷᠭᠡᠵᠢᠯᠲᠡᠳ ᠠᠴᠠ ᠱᠠᠲᠤᠴᠢ ᠴᠢᠨᠠᠷᠲᠠᠢ ᠥᠷ᠎ᠡ ᠪᠦᠲᠦᠮᠵᠢ ᠳᠤ ᠶᠠᠷᠢᠯᠴᠠᠭ᠎ᠠ ᠥᠷᠨᠢᠭᠦᠯᠵᠦ᠂ ᠠᠷᠭ᠎ᠠ ᠪᠣᠳᠣᠯᠭ᠎ᠠ ᠳᠡᠪᠰᠢᠭᠦᠯᠦᠨ᠂ ᠦᠨᠡᠲᠦ ᠰᠠᠨᠠᠯ ᠰᠠᠨᠠᠭᠤᠯᠭ᠎ᠠ ᠳᠤᠷᠠᠳᠴᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠯᠬᠢᠨ᠂ ᠭᠡᠷᠡᠯ ᠤᠨ ᠡᠬᠢ ᠪᠠᠶᠠᠯᠢᠭ ᠵᠢᠴᠢ ᠣᠷᠴᠢᠨ ᠲᠣᠭᠤᠷᠢᠨ ᠤ ᠣᠨᠴᠠᠯᠢᠭ ᠲᠤ ᠬᠠᠨᠳᠤᠭᠤᠯᠵᠤ᠂ ᠮᠡᠷᠭᠡᠵᠢᠯᠲᠡᠳ ᠠᠴᠠ ᠪᠠᠴᠢᠮ ᠰᠤᠳᠤᠯᠤᠨ ᠲᠣᠭᠲᠠᠭᠠᠬᠤ ᠴᠢᠬᠤᠯᠠ ᠪᠠᠷᠢᠮᠵᠢᠶ᠎ᠠ ᠶᠢᠨ ᠲᠠᠯ᠎ᠠ ᠪᠠᠷ ᠰᠠᠨᠠᠭᠤᠯᠭ᠎ᠠ ᠳᠤᠷᠠᠳᠪᠠ᠃      ᠭᠤᠤ ᠶᠢᠩ ᠵᠢᠶᠧ ᠠᠴᠠ ᠰᠠᠯᠬᠢᠨ ᠬᠦᠴᠦᠨ᠂ ᠭᠡᠷᠡᠯ ᠸᠣᠯᠲ ᠤᠨ ᠠᠵᠢᠯ ᠤᠨ ᠳᠤᠭᠤᠶᠢᠯᠠᠩ ᠤᠨ ᠠᠵᠢᠯ ᠤᠨ ᠠᠬᠢᠯᠲᠠ ᠪᠠ ᠠᠵᠢᠯ ᠤᠨ ᠶᠠᠰᠤ ᠴᠢᠨᠠᠷ ᠢ ᠳᠡᠭᠡᠳᠦ ᠬᠡᠮᠵᠢᠶ᠎ᠡ ᠪᠠᠷ ᠨᠤᠲᠠᠯᠠᠪᠡ᠂ ᠲᠡᠷᠡ ᠢᠯᠡᠳᠭᠡᠬᠦ ᠳᠡᠭᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢᠨ᠎ᠡ ᠬᠦᠴᠦᠨ ᠤ ᠲᠠᠯ᠎ᠠ ᠪᠠᠷ ᠣᠨᠴᠠ ᠨᠥᠬᠦᠴᠡᠯ ᠲᠠᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠯᠬᠢᠨ ᠬᠦᠴᠦᠨ ᠤ ᠴᠠᠬᠢᠯᠭᠠᠨ᠂ ᠭᠡᠷᠡᠯ ᠸᠣᠯᠲ ᠤᠨ ᠪᠠᠷᠢᠮᠵᠢᠶᠠᠲᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠨᠢ ᠥᠪᠡᠷᠲᠡᠭᠡᠨ ᠵᠠᠰᠠᠬᠤ ᠣᠷᠣᠨ ᠤ ᠰᠠᠯᠬᠢᠨ ᠬᠦᠴᠦᠨ ᠤ ᠴᠠᠬᠢᠯᠭᠠᠨ᠂ ᠭᠡᠷᠡᠯ ᠸᠣᠯᠲ ᠤᠨ ᠠᠵᠤ ᠦᠢᠯᠡᠰ ᠤᠨ ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ ᠪᠦᠭᠡᠳ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠪᠦᠲᠦᠴᠡ ᠶᠢᠨ ᠲᠣᠬᠢᠷᠠᠭᠤᠯᠤᠯᠲᠠ ᠪᠠ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠬᠤ ᠳᠤ ᠠᠰᠢᠭᠲᠠᠢ ᠶᠤᠮ ᠬᠡᠪᠡ᠃      ᠬᠠᠮᠤᠭ ᠡᠴᠦᠰ ᠲᠤ᠂ ᠠᠵᠢᠯ ᠤᠨ ᠳᠤᠭᠤᠶᠢᠯᠠᠩ ᠳᠠᠷᠠᠭᠠᠴᠢ ᠶᠢᠨ ᠠᠵᠢᠯ ᠤᠨ ᠭᠤᠣᠯᠳᠠᠯᠭ᠎ᠠ ᠶᠢ ᠳᠤᠷᠠᠳᠤᠭᠰᠠᠨ ᠤ ᠬᠠᠮᠲᠤ ᠡᠯ᠎ᠡ ᠣᠷᠣᠯᠴᠠᠭᠰᠠᠨ ᠨᠢᠭᠡᠴᠡ ᠳᠤ ᠠᠵᠢᠯ ᠤᠨ ᠡᠭᠦᠷᠭᠡ ᠶᠢ ᠬᠤᠪᠢᠶᠠᠷᠢᠯᠠᠨ ᠲᠣᠬᠢᠷᠠᠭᠤᠯᠵᠤ᠂ ᠡᠯ᠎ᠡ ᠣᠷᠣᠯᠴᠠᠭᠰᠠᠨ ᠨᠢᠭᠡᠴᠡ ᠬᠤᠶᠠᠷ ᠪᠠᠷᠢᠮᠵᠢᠶᠠᠲᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠦᠨᠡᠨ ᠬᠦ ᠣᠷᠣᠯᠴᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠯᠬᠢᠨ ᠬᠦᠴᠦᠨ ᠤ ᠴᠠᠬᠢᠯᠭᠠᠨ᠂ ᠭᠡᠷᠡᠯ ᠸᠣᠯᠲ ᠤᠨ ᠠᠵᠢᠯ ᠲᠥᠷᠥᠯ ᠤᠨ ᠡᠷᠡᠭᠦᠯ  ᠪᠥᠭᠡᠳ ᠡᠮᠬᠢ ᠵᠢᠷᠤᠮ ᠲᠠᠢ ᠬᠥᠭᠵᠢᠯᠲᠡ ᠳᠤ ᠬᠤᠪᠢ ᠨᠡᠮᠡᠭᠦᠷᠢ ᠪᠠᠨ ᠦᠵᠡᠭᠦᠯᠬᠦ ᠶᠢ ᠬᠦᠰᠡᠪᠡ᠃      ᠲᠣᠰ ᠤᠳᠠᠭᠠᠨ ᠤ ᠠᠵᠢᠯ ᠤᠨ ᠳᠤᠭᠤᠶᠢᠯᠠᠩ ᠤᠨ ᠬᠤᠷᠠᠯ ᠠᠮᠵᠢᠯᠲᠠᠲᠠᠢ ᠪᠠᠷ ᠬᠤᠷᠠᠯᠳᠤᠭᠰᠠᠨ ᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠯᠬᠢᠨ ᠬᠥᠴᠦᠨ ᠤ ᠴᠠᠬᠢᠯᠭᠠᠨ ᠪᠠ ᠭᠡᠷᠡᠯ ᠸᠤᠯᠲ ᠬᠤᠶᠠᠷ ᠪᠠᠷᠢᠮᠵᠢᠶᠠᠲᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠷᠤᠭᠰᠢᠲᠠᠢ ᠶᠠᠪᠤᠭᠳᠠᠬᠤ ᠶᠢ ᠲᠦᠯᠬᠢᠨ ᠠᠬᠢᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号