ᠦᠪᠦᠷ ᠮᠣᠩᠭᠤᠯ ᠤᠨ 20 ᠬᠢᠯᠢ ᠬᠢᠵᠠᠭᠠᠷ ᠬᠤᠰᠢᠭᠤ ᠬᠤᠲᠠ ᠲᠣᠭᠤᠷᠢᠭ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ ᠦᠢᠯᠡᠴᠢᠯᠡᠭᠡᠨ ᠢ ᠪᠦᠷᠢᠨ ᠪᠦᠷᠬᠦᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2015/12/16
     12 ᠳ᠋ᠤᠭᠠᠷ ᠰᠠᠷ᠎ᠠ ᠶᠢᠨ 15᠎ ᠤ ᠡᠳᠦᠷ᠂ ᠥᠪᠥᠷ ᠮᠣᠩᠭᠤᠯ ᠤᠨ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠢᠶᠠᠷ ᠬᠢᠵᠠᠭᠠᠷ ᠣᠷᠣᠨ ᠢᠶᠠᠨ ᠪᠠᠬᠢᠵᠢᠭᠦᠯᠬᠦ ᠢᠨᠵᠧᠨᠧᠷᠢᠩ ᠢ ᠳᠥᠯᠭᠢᠨ ᠠᠬᠢᠭᠤᠯᠬᠤ ᠬᠤᠷᠠᠯ ᠡᠷᠢᠶᠡᠨ ᠬᠤᠲᠠ ᠳᠤ ᠬᠤᠷᠠᠯᠳᠤᠵᠤ᠂ ᠬᠤᠷᠠᠯ ᠨᠢ ᠪᠦᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠢᠶᠠᠷ ᠬᠢᠵᠠᠭᠠᠷ ᠣᠷᠣᠨ ᠢᠶᠠᠨ ᠪᠠᠬᠢᠵᠢᠭᠦᠯᠬᠦ ᠢᠨᠵᠧᠨᠧᠷᠢᠩ ᠢ ᠱᠠᠳᠤ ᠦᠶ᠎ᠡ ᠶᠢᠨ ᠴᠢᠨᠠᠷᠲᠠᠶ ᠳ᠋ᠦᠩᠨᠡᠭᠰᠡᠨ ᠪᠦᠭᠡᠳ ᠲᠡᠷᠡᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠭᠤᠯᠪᠡ᠃ ᠥᠪᠡᠷᠲᠡᠭᠡᠨ ᠵᠠᠰᠠᠬᠤ  ᠣᠷᠣᠨ  ᠤ  ᠳᠡᠳ᠋  ᠲᠡᠷᠢᠭᠦᠯᠡᠭᠴᠢ  ᠯᠢᠦ ᠰᠢᠨ ᠯᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃      ᠯᠢᠦ ᠰᠢᠨ ᠯᠧ ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠲᠡᠦᠬᠡ᠂ ᠭᠠᠵᠠᠷ ᠵᠦᠢ᠂ ᠪᠠᠶᠢᠭᠠᠯᠢ ᠶᠢᠨ ᠵᠡᠷᠭᠡ ᠰᠢᠯᠲᠠᠭᠠᠨ ᠠᠴᠠ ᠪᠣᠯᠵᠤ᠂ ᠬᠢᠯᠢ ᠬᠢᠵᠠᠭᠠᠷ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡᠨ ᠪᠠᠰᠠ ᠲᠡᠭᠦᠯᠳᠡᠷ ᠪᠤᠰᠤ ᠪᠠᠶᠢᠨ᠎ᠠ᠃ ᠡᠨᠡᠬᠦ ᠪᠣᠳᠠᠲᠤ ᠪᠠᠶᠢᠳᠠᠯ ᠳᠤ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ ᠠᠴᠠ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ ᠦᠢᠯᠡᠴᠢᠯᠡᠭᠡᠨ ᠢ ᠬᠢᠯᠢ ᠳᠤ ᠬᠦᠷᠦᠭᠦᠯᠬᠦ᠂ ᠪᠣᠭᠤᠮᠲᠠ ᠳᠤ ᠬᠦᠷᠦᠭᠦᠯᠬᠦ᠂ ᠴᠡᠷᠢᠭ ᠤᠨ ᠬᠤᠸᠠᠷᠠᠨ ᠬᠠᠷᠠᠭᠤᠯ ᠤᠨ ᠭᠠᠵᠠᠷ ᠲᠤ ᠬᠦᠷᠦᠭᠦᠯᠬᠦ ᠬᠢᠵᠠᠭᠠᠷ ᠣᠷᠣᠨ ᠢᠶᠠᠨ ᠪᠠᠬᠢᠵᠢᠭᠦᠯᠬᠦ ᠢᠨᠵᠧᠨᠧᠷᠢᠩ ᠢ ᠡᠬᠢᠯᠡᠭᠦᠯᠪᠡ᠃ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠢᠶᠠᠷ ᠬᠢᠵᠠᠭᠠᠷ ᠣᠷᠣᠨ ᠢᠶᠠᠨ ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠬᠦ ᠪᠣᠯ ᠬᠢᠯᠢ ᠬᠢᠵᠠᠭᠠᠷ ᠢᠶᠠᠨ ᠠᠮᠤᠷ ᠲᠣᠭᠲᠠᠭᠤᠨ ᠪᠠᠶᠢᠯᠭᠠᠬᠤ᠂ ᠰᠣᠶᠣᠯ ᠭᠡᠭᠡᠷᠡᠯ ᠴᠡᠴᠡᠭᠯᠡᠨ ᠬᠦᠭᠵᠢᠭᠰᠡᠨ ᠦᠵᠡᠮᠵᠢᠲᠦ ᠤᠷᠤᠨ ᠢ ᠴᠣᠭᠴᠠᠯᠠᠬᠤ ᠶᠢᠨ ᠴᠢᠬᠤᠯᠠ ᠠᠷᠭ᠎ᠠ ᠬᠡᠮᠵᠢᠶ᠎ᠡ ᠮᠦᠨ᠂ ᠮᠦᠨᠴᠦ ︽ᠠᠷᠪᠠ ᠶᠢ ᠪᠦᠷᠢᠨ ᠪᠦᠷᠬᠦᠭᠦᠯᠬᠦ︾ ᠢᠨᠵᠧᠨᠧᠷᠢᠩ ᠢ ᠲᠦᠯᠬᠢᠨ ᠠᠬᠢᠭᠤᠯᠵᠤ᠂ ᠬᠢᠯᠢ ᠬᠢᠵᠠᠭᠠᠷ ᠣᠷᠣᠨ ᠤ ᠠᠷᠠᠳ ᠤᠯᠠᠨ ᠤ ᠰᠣᠶᠣᠯ ᠤᠨ ᠦᠨᠳᠦᠰᠦᠨ ᠡᠷᠬᠡ ᠠᠰᠢᠭ ᠢ ᠪᠠᠲᠤᠯᠠᠬᠤ ᠪᠣᠳᠠᠲᠤ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠲᠠᠨᠢᠯᠲᠠ ᠪᠠᠨ ᠤᠯᠠᠮ ᠳᠡᠭᠡᠭᠰᠢᠯᠡᠭᠦᠯᠦᠨ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠷᠠᠭᠤᠯᠵᠤ᠂ ᠯᠠᠪᠳᠠᠭᠤᠨ ᠪᠠᠲᠤᠲᠠᠶ ᠠᠵᠢᠯᠯᠠᠨ᠂ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃      ᠪᠦᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠢᠶᠠᠷ ᠬᠢᠵᠠᠭᠠᠷ ᠣᠷᠣᠨ ᠢᠶᠠᠨ ᠪᠠᠬᠢᠵᠢᠭᠦᠯᠬᠦ ᠢᠨᠵᠧᠨᠧᠷᠢᠩ ᠤᠨ ᠲᠦᠯᠦᠪᠯᠡᠭᠡ ᠨᠢ ᠮᠠᠨ ᠤ ᠣᠷᠣᠨ ᠤ 20 ᠬᠢᠯᠢ ᠶᠢᠨ ᠬᠤᠰᠢᠭᠤ ᠬᠤᠲᠠ ᠲᠣᠭᠤᠷᠢᠭ ᠤᠨ ᠭᠠᠴᠠᠭ᠎ᠠ ᠲᠣᠰᠬᠤᠨ᠂ ᠮᠠᠯᠵᠢᠬᠤ ᠲᠠᠷᠢᠶᠠᠯᠠᠬᠤ ᠡᠷᠦᠬᠡ᠂ ᠪᠣᠭᠤᠮᠲᠠ᠂ ᠬᠢᠯᠢ ᠶᠢᠨ ᠰᠡᠷᠭᠡᠶᠢᠯᠡᠯᠲᠡ ᠶᠢᠨ ᠬᠠᠷᠠᠭᠤᠯ ᠤᠨ ᠭᠠᠵᠠᠷ ᠲᠤ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ ᠦᠢᠯᠡᠴᠢᠯᠡᠭᠡᠨ ᠢ ᠪᠦᠷᠢᠨ ᠪᠦᠷᠬᠦᠭᠦᠯᠬᠦ ᠶᠢ ᠬᠡᠷᠡᠭᠵᠢᠭᠦᠯᠪᠡ᠃ ᠢᠨᠵᠧᠨᠧᠷᠢᠩ ᠢ ᠡᠨᠡ ᠵᠢᠯ ᠡᠬᠢᠯᠡᠭᠦᠯᠦᠭᠰᠡᠨ ᠠᠴᠠ ᠨᠠᠰᠢ᠂ ᠨᠡᠶᠢᠲᠡ 2.05 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠵᠤ᠂ 5.89 ᠲᠦᠮᠡᠨ ᠡᠷᠦᠬᠡ ᠳᠤ ᠷᠠᠳᠢᠣ᠋ ᠨᠡᠪᠲᠡᠷᠡᠭᠦᠯᠭᠡ ᠲᠧᠯᠸᠢᠰ ᠢ ᠡᠷᠦᠬᠡ ᠪᠦᠬᠦᠨ ᠳᠤ ᠬᠦᠯᠢᠶᠡᠨ ᠠᠪᠬᠤ ᠲᠥᠬᠦᠭᠡᠷᠦᠮᠵᠢ ᠶᠢ ᠨᠡᠪᠲᠡᠷᠡᠭᠦᠯᠵᠦ᠂ 1340 ᠭᠠᠴᠠᠭ᠎ᠠ ᠪᠦᠬᠦᠨ ᠳᠤ ᠦᠵᠦᠭᠦᠷᠯᠢᠭ ᠲᠥᠬᠦᠭᠡᠷᠦᠮᠵᠢ᠂ 19 ᠲᠤᠭᠠᠴᠠᠯᠠᠭᠰᠡᠨ ᠺᠢᠨᠣ᠋ ᠭᠠᠷᠭᠠᠬᠤ ᠮᠠᠰᠢᠨ ᠢ ᠤᠭᠰᠠᠷᠠᠬᠤ ᠪᠠ ᠲᠣᠬᠢᠷᠠᠭᠤᠯᠤᠨ ᠥᠭᠪᠡ᠃ ᠥᠨᠳᠥᠷ ᠠᠭᠤᠯᠠ ᠶᠢᠨ ᠷᠠᠳᠢᠣ᠋ ᠰᠠᠴᠤᠷᠠᠭᠤᠯᠬᠤ ᠥᠷᠳᠡᠭᠡ᠂ 31 ᠥᠪᠡᠷᠲᠡᠭᠡᠨ ᠵᠠᠰᠠᠬᠤ ᠣᠷᠣᠨ ᠤ ᠭᠠᠵᠠᠷ ᠳᠡᠭᠡᠷᠡᠬᠢ ᠲᠤᠭᠠᠴᠠᠯᠠᠭᠰᠡᠨ ᠲᠧᠯᠸᠢᠰ ᠤᠨ ᠪᠦᠷᠬᠦᠭᠦᠯᠬᠦ 7 ᠦᠷᠲᠡᠭᠡ᠂ ᠲᠤᠭᠠᠴᠠᠯᠠᠭᠰᠡᠨ ᠨᠣᠮ ᠤᠨ ᠦᠷᠦᠭᠡ 500᠎ ᠶᠢ ᠰᠢᠨ᠎ᠡ ᠪᠠᠷ ᠪᠠᠶᠢᠭᠤᠯᠪᠠ᠃ ᠡᠭᠦᠨ ᠠᠴᠠ ᠭᠠᠳᠠᠨ᠎ᠠ ᠪᠠᠰᠠ 5000 ᠢᠵᠢ ᠵᠠᠭᠤᠨ ᠪᠦᠯᠦᠭ ᠤᠨ ᠮᠣᠩᠭᠤᠯ ᠬᠡᠯᠡᠨ ᠤ ᠰᠤᠩᠭᠤᠳᠠᠭ ᠬᠡᠷᠡᠭᠯᠡᠭᠡᠨ ᠤ ᠨᠣᠮ ᠪᠢᠴᠢᠭ ᠢ ᠮᠠᠯᠴᠢᠳ ᠲᠤ ᠲᠠᠷᠬᠠᠭᠠᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号