ᠥᠪᠥᠷ ᠮᠣᠩᠭᠤᠯ ᠤᠨ ᠬᠢᠯᠢ ᠳᠣᠲᠣᠷᠠᠬᠢ ︽ᠬᠤᠶᠠᠷ ᠬᠤᠪᠢᠰᠤᠮᠠᠯ ᠬᠤᠶᠠᠷ ᠲᠣᠭᠲᠠᠮᠠᠯ︾ ᠣᠨᠴᠠ ᠥᠨᠳᠥᠷ ᠬᠦᠴᠦᠳᠡᠯᠲᠦ ᠴᠠᠬᠢᠯᠭᠠᠨ ᠤ ᠢᠨᠵᠧᠨᠧᠷᠢᠩ ᠥᠴᠥᠭᠡᠳᠦᠷ ᠠᠵᠢᠯ ᠡᠬᠢᠯᠡᠪᠡ
ᠨᠡᠶᠢᠲᠡᠯᠡᠭᠰᠡᠨ ᠴᠠᠭ᠄
2015/12/16
     12 ᠳ᠋ᠤᠭᠠᠷ ᠰᠠᠷ᠎ᠠ ᠶᠢᠨ 15᠎ ᠤ ᠡᠳᠦᠷ ᠤᠨ ᠦᠳᠡ ᠶᠢᠨ ᠡᠮᠦᠨ᠎ᠡ᠂ ᠤᠯᠤᠰ ᠤᠨ ᠴᠠᠬᠢᠯᠭᠠᠨ ᠲᠣᠣᠷ ᠤᠨ ᠺᠣᠮᠫᠠᠨᠢ ᠶᠢᠨ ︽ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠥᠯᠥᠪᠯᠡᠭᠡ ︿ᠳᠥᠷᠪᠡᠨ ᠬᠤᠪᠢᠰᠤᠮᠠᠯ ᠳᠥᠷᠪᠡᠨ ᠲᠣᠭᠲᠠᠮᠠᠯ﹀ ᠣᠨᠴᠠ ᠥᠨᠳᠥᠷ ᠬᠦᠴᠦᠳᠡᠯᠲᠦ ᠴᠠᠬᠢᠯᠭᠠᠨ ᠤ ᠢᠨᠵᠧᠨᠧᠷᠢᠩ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠵᠢᠴᠢ ︿ᠬᠤᠶᠠᠷ ᠲᠣᠭᠲᠠᠮᠠᠯ﹀ ᠴᠠᠬᠢᠯᠭᠠᠨ ᠤ ᠢᠨᠵᠧᠨᠧᠷᠢᠩ ᠤᠨ ᠠᠵᠢᠯ ᠡᠬᠢᠯᠡᠬᠦ ᠳᠠᠶᠢᠴᠢᠯᠠᠯᠲᠠ ᠶᠢᠨ ᠶᠡᠭᠡ ᠬᠤᠷᠠᠯ︾ ᠪᠡᠭᠡᠵᠢᠩ ᠳᠤ ᠬᠤᠷᠠᠯᠳᠤᠪᠠ᠃  ᠡᠭᠦᠨ ᠠᠴᠠ ᠡᠬᠢᠯᠡᠭᠡᠳ᠂ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠥᠯᠥᠪᠯᠡᠭᠡ ᠶᠢᠨ 12 ᠵᠣᠷᠪᠣᠰ ᠭᠤᠣᠯᠳᠠᠯᠭ᠎ᠠ ᠲᠠᠢ ᠴᠠᠬᠢᠯᠭᠠᠨ ᠬᠦᠷᠭᠡᠬᠦ ᠵᠠᠮ ᠱᠤᠭᠤᠮ ᠤᠨ ᠲᠣᠲᠣᠷ᠎ᠠ᠂ ᠥᠪᠥᠷ ᠮᠣᠩᠭᠤᠯ ᠤᠨ ᠬᠢᠯᠢ ᠳᠣᠲᠣᠷᠠᠬᠢ ︽ᠬᠤᠶᠠᠷ ᠬᠤᠪᠢᠰᠤᠮᠠᠯ ᠬᠤᠶᠠᠷ ᠲᠣᠭᠲᠠᠮᠠᠯ︾ ᠣᠨᠴᠠ ᠥᠨᠳᠥᠷ ᠬᠦᠴᠦᠳᠡᠯᠲᠦ ᠴᠠᠬᠢᠯᠭᠠᠨ ᠤ ᠢᠨᠵᠧᠨᠧᠷᠢᠩ ᠴᠦᠮ ᠪᠦᠲᠦᠭᠡᠨ ᠪᠠᠶᠢᠭᠤᠯᠤᠯᠲᠠ ᠶᠢᠨ ᠠᠵᠢᠯ ᠢᠶᠠᠨ ᠡᠬᠢᠯᠡᠭᠦᠯᠪᠡ᠃      ᠬᠤᠶᠠᠷ ᠲᠣᠭᠲᠠᠮᠠᠯ ᠬᠦᠶᠦᠳᠡᠯᠲᠦ ᠴᠠᠬᠢᠯᠭᠠᠨ ᠤ ᠢᠨᠵᠧᠨᠧᠷᠢᠩ ᠎ ᠳᠠᠬᠢ ᠰᠢᠯᠢ ᠶᠢᠨ ᠭᠤᠣᠯ ᠠᠶᠢᠮᠠᠭ — ᠳᠠᠶᠢᠵᠸᠤ ᠬᠦᠷᠬᠦ ±800 ᠺᠢᠯᠤᠸᠣᠯᠲ ᠤᠨ ᠥᠨᠳᠥᠷ ᠬᠦᠴᠦᠳᠡᠯᠲᠦ ᠲᠣᠭᠲᠠᠮᠠᠯ ᠭᠦᠶᠦᠳᠡᠯ ᠤᠨ ᠴᠠᠬᠢᠯᠭᠠᠨ ᠬᠦᠷᠭᠡᠬᠦ ᠢᠨᠵᠧᠨᠧᠷᠢᠩ ᠪᠣᠯ ᠤᠯᠤᠰ ᠤᠨ ᠴᠠᠬᠢᠯᠭᠠᠨ ᠤ ᠲᠣᠣᠷ ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠤ ᠭᠤᠣᠯᠯᠠᠭᠴᠢ ᠲᠣᠣᠷ ᠱᠤᠭᠤᠮ ᠤᠨ ᠴᠢᠬᠤᠯᠠ ᠪᠦᠷᠢᠯᠳᠦᠬᠦᠨ ᠬᠡᠰᠡᠭ ᠨᠢ ᠮᠥᠨ᠃ ᠲᠤᠰ ᠢᠨᠵᠧᠨᠧᠷᠢᠩ ᠨᠢ ᠥᠪᠥᠷ ᠮᠣᠩᠭᠤᠯ ᠤᠨ ᠰᠢᠯᠢ ᠶᠢᠨ ᠬᠤᠲᠠ ᠶᠢᠨ ᠬᠢᠯᠢ ᠲᠤᠲᠤᠷ ᠠᠴᠠ ᠡᠬᠢ ᠠᠪᠴᠤ᠂ ᠥᠪᠥᠷ ᠮᠣᠩᠭᠤᠯ᠂ ᠡᠾᠧᠪᠸᠢ᠂ ᠲᠢᠶᠠᠨᠵᠢᠨ᠂ ᠱᠠᠨᠳᠦ᠋ᠩ᠂ ᠵᠢᠶᠠᠩᠰᠦ ᠵᠡᠷᠭᠡ 5 ᠮᠤᠵᠢ ︵ᠣᠷᠣᠨ︶᠎ ᠪᠠᠷ  ᠳᠠᠭᠠᠷᠢᠵᠤ᠂ ᠵᠢᠶᠠᠩᠰᠦ ᠮᠤᠵᠢ ᠶᠢᠨ ᠶᠡᠡᠴᠸᠡᠭ ᠬᠤᠳᠠ ᠶᠢᠨ ᠳᠠᠶᠢᠵᠸᠤ ᠶᠢᠨ ᠭᠦᠶᠦᠳᠡᠯ ᠰᠣᠯᠢᠬᠤ ᠦᠷᠳᠡᠭᠡ  ᠎ ᠳᠤ ᠲᠤᠯᠤᠭᠰᠠᠨ ᠥᠪᠥᠷ ᠮᠣᠩᠭᠤᠯ ᠤᠨ ᠬᠢᠯᠢ ᠳᠣᠲᠣᠷᠠᠬᠢ ᠠᠩᠬᠠᠳᠤᠭᠠᠷ ᠵᠣᠷᠪᠤᠰ ᠣᠨᠴᠠ ᠥᠨᠳᠥᠷ ᠬᠦᠴᠦᠳᠡᠯᠲᠦ ᠲᠣᠭᠲᠠᠮᠠᠯ ᠭᠦᠶᠦᠳᠡᠯ ᠤᠨ ᠴᠠᠬᠢᠯᠭᠠᠨ ᠬᠦᠷᠭᠡᠬᠦ ᠢᠨᠵᠧᠨᠧᠷᠢᠩ ᠪᠣᠯᠣᠨ᠎ᠠ᠃ ᠱᠠᠩᠬᠠᠶ ᠶᠢᠨ ᠰᠦᠮ᠎ᠡ — ᠱᠠᠨᠳᠦ᠋ᠩ ᠬᠦᠷᠬᠦ±800 ᠺᠢᠯᠤᠸᠣᠯᠲ ᠤᠨ ᠥᠨᠳᠥᠷ ᠬᠦᠴᠦᠳᠡᠯᠲᠦ ᠲᠣᠭᠲᠠᠮᠠᠯ ᠭᠦᠶᠦᠳᠡᠯ ᠤᠨ ᠴᠠᠬᠢᠯᠭᠠᠨ ᠤ ᠢᠨᠵᠧᠨᠧᠷᠢᠩ ᠨᠢ ᠥᠪᠥᠷ ᠮᠣᠩᠭᠤᠯ᠂ ᠱᠠᠨᠰᠢ᠂ ᠱᠠᠨ ᠰᠢ᠂ ᠡᠾᠧᠪᠸᠢ᠂ ᠾᠧᠨᠠᠨ᠂ ᠱᠠᠨᠳᠦ᠋ᠩ ᠵᠡᠷᠭᠡ 6 ᠮᠤᠵᠢ ︵ᠣᠷᠣᠨ︶᠎ ᠪᠠᠷ ᠥᠩᠭᠡᠷᠡᠨ᠎ᠡ᠃      ︽ᠬᠤᠶᠠᠷ ᠬᠤᠪᠢᠰᠤᠮᠠᠯ ᠬᠤᠶᠠᠷ ᠲᠣᠭᠲᠠᠮᠠᠯ︾ ᠣᠨᠴᠠ ᠥᠨᠳᠥᠷ ᠬᠦᠴᠦᠳᠡᠯᠲᠦ ᠴᠠᠬᠢᠯᠭᠠᠨ ᠤ ᠢᠨᠵᠧᠨᠧᠷᠢᠩ ᠤᠨ ᠲᠥᠯᠥᠪᠯᠡᠭᠡ ᠪᠣᠯ 2017 ᠣᠨ ᠳᠤ ᠪᠦᠬᠦᠨ ᠢ ᠠᠰᠢᠭᠯᠠᠯᠲᠠ ᠳᠤ ᠣᠷᠣᠭᠤᠯᠤᠨ᠎ᠠ᠂ ᠪᠠᠶᠢᠭᠤᠯᠤᠭᠰᠠᠨ ᠤ ᠳᠠᠷᠠᠭ᠎ᠠ ᠥᠪᠥᠷ ᠮᠣᠩᠭᠤᠯ ᠤᠨ ᠴᠠᠬᠢᠯᠭᠠᠨ ᠬᠦᠴᠦ ᠶᠢ ᠭᠠᠳᠠᠭᠰᠢ ᠬᠦᠷᠭᠡᠬᠦ ᠴᠢᠳᠠᠪᠤᠷᠢ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ︽ᠥᠪᠥᠷ ᠮᠣᠩᠭᠤᠯ ᠤᠨ ᠴᠠᠬᠢᠯᠭᠠᠨ ᠢ ᠭᠠᠳᠠᠭᠰᠢ ᠬᠦᠷᠭᠡᠬᠦ︾ ᠪᠠᠶᠢᠯᠳᠤᠬᠤ ᠪᠤᠳᠤᠯᠭ᠎ᠠ ᠶᠢ ᠪᠡᠶᠡᠯᠡᠭᠦᠯᠬᠦ᠂ ᠥᠪᠥᠷ ᠮᠣᠩᠭᠤᠯ ᠤᠨ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠶ ᠶᠢᠨ ᠳᠠᠪᠠᠭᠤᠯᠢᠭ ᠪᠣᠯᠭᠠᠨ ᠲᠥᠷᠭᠡᠨ ᠬᠤᠪᠢᠷᠠᠭᠤᠯᠬᠤ ᠳᠤ ᠲᠦᠢᠯ ᠤᠨ ᠶᠡᠭᠡ ᠠᠬᠢᠭᠤᠯᠬᠤ ᠦᠢᠯᠡᠳᠦᠯ ᠦᠵᠡᠭᠦᠯᠬᠦ ᠪᠣᠯᠣᠨ᠎ᠠ᠃ ᠤᠮᠠᠷᠠᠲᠤ ᠣᠷᠣᠨ᠂ ᠳᠣᠷᠣᠨᠠᠲᠤ ᠣᠷᠣᠨ ᠤ ᠡᠨᠧᠷᠭᠢ ᠶᠢᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠪᠣᠯᠣᠨ ᠠᠭᠠᠷ ᠮᠠᠨᠳᠠᠯ ᠤᠨ ᠪᠣᠬᠢᠷᠲᠤᠯ ᠤᠨ ᠳᠠᠷᠤᠯᠲᠠ ᠶᠢ  ᠨᠠᠮᠳᠠᠭᠤᠯᠵᠤ᠂ ᠲᠤᠰ ᠣᠷᠣᠨ ᠤ ᠪᠠᠨ ᠴᠠᠬᠢᠯᠭᠠᠨ ᠬᠦᠴᠦ ᠶᠢᠨ ᠬᠡᠷᠡᠭᠴᠡᠭᠡ ᠱᠠᠭᠠᠷᠳᠠᠯᠭ᠎ᠠ ᠪᠣᠯᠣᠨ ᠠᠵᠤ ᠠᠬᠤᠶ ᠶᠢᠨ ᠬᠥᠭᠵᠢᠯᠲᠡ ᠶᠢᠨ ᠬᠡᠷᠡᠭᠴᠡᠭᠡ ᠶᠢ ᠬᠠᠩᠭᠠᠬᠤ ᠳᠤ ᠲᠤᠰᠠ ᠦᠵᠡᠭᠦᠯᠬᠦ ᠪᠣᠯᠣᠨ᠎ᠠ᠃      ︽13· 5︾᠎ ᠶᠢᠨ ᠬᠤᠭᠤᠴᠠᠭᠠᠨ ᠳᠤ᠂ ᠤᠯᠤᠰ ᠤᠨ ᠴᠠᠬᠢᠯᠭᠠᠨ ᠲᠣᠣᠷ ᠤᠨ ᠺᠣᠮᠫᠠᠨᠢ ᠨᠢ ᠥᠪᠥᠷ ᠮᠣᠩᠭᠤᠯ ᠤᠨ ᠬᠢᠯᠢ ᠳᠣᠲᠣᠷᠠᠬᠢ ︽ᠠᠷᠪᠠᠨ ᠲᠠᠪᠤᠨ ᠬᠤᠪᠢᠰᠤᠮᠠᠯ ᠨᠢᠭᠡ ᠲᠣᠭᠲᠠᠮᠠᠯ︾ ᠰᠠᠬᠢᠯᠭᠠᠨ ᠤ ᠰᠡᠯᠭᠦᠯᠲᠡ ᠎ ᠶᠢᠨ ᠣᠨᠴᠠ ᠥᠨᠳᠥᠷ ᠬᠦᠴᠦᠳᠡᠯᠲᠦ ᠴᠠᠬᠢᠯᠭᠠᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ 2020 ᠣᠨ ᠪᠣᠯᠬᠤ ᠳᠤ᠂ ᠥᠪᠥᠷ ᠮᠣᠩᠭᠤᠯ ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠤ ᠭᠤᠣᠯᠯᠠᠭᠴᠢ ᠲᠣᠣᠷ ᠱᠤᠭᠤᠮ ᠢ ᠪᠠᠶᠢᠭᠤᠯᠵᠤ᠂ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠪᠦᠷᠢᠨ ᠭᠦᠢᠴᠡᠳ ᠲᠣᠣᠷ ᠢ ᠪᠣᠢ ᠪᠣᠯᠭᠠᠵᠤ᠂ ᠥᠪᠥᠷ ᠮᠣᠩᠭᠤᠯ ᠤᠨ ᠴᠠᠬᠢᠯᠭᠠᠨ ᠬᠦᠴᠦ ᠶᠢ ᠭᠠᠳᠠᠭᠰᠢ ᠬᠦᠷᠭᠡᠬᠦ ᠪᠠ ᠴᠡᠪᠡᠷ ᠡᠨᠧᠷᠭᠢ ᠶᠢ ᠶᠡᠭᠡ  ᠬᠡᠪᠴᠢᠶ᠎ᠡ ᠪᠠᠷ ᠬᠥᠭᠵᠢᠭᠦᠯᠬᠦ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠪᠣᠯᠣᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号