ᠣᠶᠢᠷ᠎ᠠ ᠳᠤ᠂ ᠭᠦᠩ ᠵᠤ᠋ ᠭᠧᠩ ᠠᠴᠠ ᠪᠢᠷᠠᠭᠤ ᠬᠦᠷᠬᠦ ᠬᠡᠰᠡᠭ᠂ ᠳ᠋ᠠᠪᠠᠨ ᠠᠴᠠ ᠴᠠᠪ ᠤᠨ ᠲᠠᠯ᠎ᠠ ᠬᠦᠷᠬᠦ | ᠬᠡᠰᠡᠭ ᠤᠨ ᠬᠤᠷᠳᠤᠨ ᠤ ᠵᠠᠰᠠᠮᠠᠯ ᠵᠠᠮ ᠤᠨ ᠢᠨᠵᠧᠨᠧᠷᠢᠩ ᠨᠢ ᠪᠣᠯᠣᠮᠵᠢᠲᠤ ᠰᠤᠳᠤᠯᠭᠠᠨ ᠤ ᠮᠡᠳᠡᠭᠦᠯᠦᠯᠲᠡ ᠶᠢᠨ | ᠠᠩᠬᠠᠨ ᠤ ᠬᠢᠨᠠᠯᠲᠠ ᠶᠢ ᠬᠦᠯᠢᠶᠡᠪᠡ᠃ ᠭᠦᠩ ᠵᠤ᠋ ᠭᠧᠩ ᠠᠴᠠ ᠪᠢᠷᠠᠭᠤ ᠬᠦᠷᠬᠦ ᠬᠡᠰᠡᠭ ᠨᠢ ᠰᠢᠯᠢ ᠶᠢᠨ ᠭᠤᠣᠯ | ᠠᠶᠢᠮᠠᠭ ᠪᠣᠯᠣᠨ ᠤᠯᠠᠭᠠᠨᠬᠠᠳᠠ ᠬᠤᠲᠠ ᠶᠢᠨ ᠠᠭᠤᠯᠵᠠᠷ ᠠᠴᠠ ᠡᠭᠢᠯᠡᠵᠦ᠂ ᠮᠤᠵᠢ ᠶᠢᠨ ᠳᠡᠰ ᠤᠨ ᠰᠢᠭᠤᠳ ᠵᠠᠮ ᠤᠨ | ᠰᠢᠯᠢ ᠶᠢᠨ ᠭᠤᠣᠯ ᠠᠶᠢᠮᠠᠭ ᠤᠨ ᠬᠡᠰᠡᠭ ᠲᠠᠢ ᠵᠠᠯᠭᠠᠯᠳᠤᠵᠤ᠂ ᠪᠢᠷᠠᠭᠤ ᠪᠠᠯᠭᠠᠰᠤᠨ ᠳᠤ ᠬᠥᠷᠥᠨ᠎ᠡ᠂ ᠳ᠋ᠠᠨ | ᠳ᠋ᠦᠩ ᠠᠴᠠ ᠰᠢᠯᠢᠩᠬᠤᠲᠠ ᠬᠦᠷᠬᠦ ᠤᠯᠤᠰ ᠤᠨ ᠬᠤᠷᠳᠤᠨ ᠤ ᠵᠠᠰᠠᠮᠠᠯ ᠵᠠᠮ ᠳ᠋ᠠᠪᠠᠨ ᠠᠴᠠ ᠪᠢᠷᠠᠭᠤ ᠬᠦᠷᠬᠦ | ᠬᠡᠰᠡᠭ ᠤᠨ ᠲᠥᠷᠥᠯ ᠵᠦᠢᠯ ᠲᠠᠢ ᠵᠠᠯᠭᠠᠯᠳᠤᠳᠠᠭ︔ ᠵᠠᠮ ᠤᠨ ᠪᠦᠬᠦ ᠤᠷᠲᠤ ᠨᠢ ᠪᠠᠷᠤᠭ 62 ᠺᠢᠯᠣᠮᠧᠲᠷ᠂ ᠵᠢᠷᠤᠵᠤ | ᠲᠥᠯᠥᠪᠯᠡᠭᠰᠡᠨ ᠬᠤᠷᠳᠤᠴᠠ ᠨᠢ ᠴᠠᠭ ᠪᠦᠷᠢ 100 ᠺᠢᠯᠣᠮᠧᠲᠷ᠂ ᠲᠥᠷᠥᠯ ᠵᠦᠢᠯ ᠢ 2017 ᠣᠨ ᠠᠴᠠ ᠡᠬᠢᠯᠡᠨ | ᠪᠦᠲᠦᠭᠡᠨ ᠪᠠᠶᠢᠭᠤᠯᠵᠤ᠂ 2019 ᠣᠨ ᠤ ᠵᠢᠯ ᠤᠨ ᠰᠡᠭᠦᠯᠴᠢ ᠪᠠᠷ ᠳᠠᠭᠤᠰᠬᠠᠬᠤ ᠪᠠᠷ ᠵᠢᠱᠢᠵᠦ ᠪᠤᠢ᠃ ᠳ᠋ᠠᠪᠠᠨᠡᠴᠠ | ᠴᠠᠪ ᠤᠨ ᠲᠠᠯ᠎ᠠ ᠬᠦᠷᠬᠦ ᠬᠡᠰᠡᠭ ᠨᠢ ᠮᠤᠵᠢ ᠶᠢᠨ ᠳᠡᠰ ᠤᠨ ᠵᠠᠮ ᠪᠣᠯᠣᠨ ᠳ᠋ᠠᠨ ᠰᠢ ᠬᠤᠷᠳᠤᠨ ᠤ ᠰᠢᠭᠤᠳ ᠵᠠᠮ ᠤᠨ | ᠳ᠋ᠠᠨ ᠳ᠋ᠦᠩ ᠠᠴᠠ ᠰᠢᠯᠢ ᠶᠢᠨ ᠬᠤᠲᠠ ᠬᠦᠷᠬᠦ ᠰᠢᠭᠤᠳ ᠬᠤᠷᠳᠤᠨ ᠤ ᠵᠠᠮ ᠤᠨ ᠵᠠᠯᠭᠠᠯᠳᠤᠭᠰᠠᠨ ᠴᠠᠭᠠᠨᠬᠤᠸᠠ ᠠᠴᠠ | ᠡᠬᠢᠯᠡᠵᠦ᠂ ᠴᠠᠪ ᠤᠨ ᠲᠠᠯ᠎ᠠ ᠳᠤ ᠬᠦᠷᠴᠦ᠂ ᠮᠤᠵᠢ ᠶᠢᠨ ᠳᠡᠰ ᠤᠨ ᠵᠠᠮ ᠲᠦᠩᠯᠢᠶᠣᠣ ᠶᠢᠨ ᠬᠡᠰᠡᠭ ᠲᠠᠢ ᠵᠠᠯᠭᠠᠨ᠎ᠠ᠂ | ᠵᠠᠮ ᠤᠨ ᠪᠦᠬᠦ ᠤᠷᠲᠤ ᠨᠢ ᠪᠠᠷᠤᠭ 211 ᠺᠢᠯᠣᠮᠧᠲᠷ᠂ ᠵᠢᠷᠤᠵᠤ ᠲᠥᠯᠥᠪᠯᠡᠭᠰᠡᠨ ᠬᠤᠷᠳᠤᠴᠠ ᠨᠢ ᠴᠠᠭ ᠪᠦᠷᠢ | 100 ᠺᠢᠯᠣᠮᠧᠲᠷ᠂ ᠲᠥᠷᠥᠯ ᠵᠦᠢᠯ ᠢ 2017 ᠣᠨ ᠠᠴᠠ ᠡᠬᠢᠯᠡᠨ ᠪᠦᠲᠦᠭᠡᠨ ᠪᠠᠶᠢᠭᠤᠯᠵᠤ᠂ 2019 ᠣᠨ ᠤ | ᠵᠢᠯ ᠤᠨ ᠰᠡᠭᠦᠯᠴᠢ ᠪᠠᠷ ᠳᠠᠭᠤᠰᠬᠠᠬᠤ ᠪᠠᠷ ᠵᠢᠱᠢᠵᠦ ᠪᠤᠢ᠃ |