| | | ᠰᠣᠷᠪᠤᠯᠵᠢᠯᠠᠭᠰᠠᠨ ᠴᠠᠭ᠄ | 2015 ᠣᠨ ᠤ 11 ᠳ᠋ᠤᠭᠡᠷ ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ ᠶᠢᠨ 3 ᠴᠠᠭ | ᠰᠣᠷᠪᠤᠯᠵᠢᠯᠠᠭᠰᠠᠨ ᠵᠣᠴᠢᠨ᠄ | ᠣᠷᠳᠣᠰ ᠬᠤᠲᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠡᠾᠧ ᠲᠣᠣ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠨᠢ ᠲᠥᠭ | ᠲᠦᠮᠡᠨ ᠠᠶᠢᠯ ᠡᠷᠤᠬᠡ ᠶᠢᠨ ᠡᠷᠡᠭᠦᠯ ᠮᠡᠨᠳᠦ ᠠᠵᠠ ᠵᠢᠷᠭᠠᠯ ᠲᠠᠢ ᠬᠤᠯᠪᠤᠭᠳᠠᠬᠤ ᠠᠷᠠᠳ ᠤᠨ ᠠᠮᠢᠳᠤᠷᠠᠯ ᠤᠨ | ᠴᠢᠬᠤᠯᠠ ᠢᠨᠵᠧᠨᠧᠷᠢᠩ ᠮᠦᠨ ᠪᠥᠭᠡᠳ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠬᠦᠴᠢᠷᠲᠡᠶ᠂ ᠡᠪᠡᠳᠴᠢᠨ | ᠦᠵᠡᠭᠦᠯᠬᠦ ᠳᠤ ᠦᠨᠡᠲᠡᠶ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ ᠵᠠᠩᠭᠢᠯᠠᠭ᠎ᠠ ᠪᠣᠯᠵᠤ᠂ ᠨᠡᠶᠢᠭᠡᠮ ᠨᠡᠶᠢᠲᠡ ᠶᠢᠨ | ᠡᠯ᠎ᠡ ᠡᠲᠡᠭᠡᠳ ᠤᠨ ᠬᠢᠨ ᠤ ᠠᠩᠬᠠᠷᠤᠯ ᠢ ᠶᠡᠬᠡᠪᠡᠷ ᠲᠠᠲᠠᠵᠤ ᠪᠠᠶᠢᠨ᠎ᠠ᠃ ᠣᠶᠢᠷ᠎ᠠ ᠳᠤ᠂ ᠪᠢᠳᠡ ᠣᠷᠳᠣᠰ | ᠬᠤᠲᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠡᠷᠬᠢᠯᠡᠭᠴᠢ ᠡᠾᠧ ᠲᠣᠣ ᠶᠢ ᠤᠷᠢᠨ ᠵᠠᠯᠠᠵᠦ ᠤᠷᠳᠤᠰ ᠬᠤᠳᠠ ᠶᠢᠨ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠬᠠᠮᠢᠶ᠎ᠡ ᠪᠦᠬᠦᠢ ᠪᠠᠶᠢᠳᠠᠯ ᠤᠨ ᠲᠤᠬᠠᠢ | ᠰᠦᠯᠵᠢᠶᠡᠨ ᠳᠡᠭᠡᠷ᠎ᠡ ᠲᠠᠶᠢᠯᠤᠮᠵᠢ ᠬᠢᠯᠬᠡᠬᠦ ᠪᠠᠷ ᠪᠤᠯᠪᠠ᠂ ᠲᠤᠬᠠᠢ ᠶᠢᠨ ᠴᠠᠭ ᠲᠤ ᠰᠦᠯᠵᠢᠶᠡᠨ ᠠᠨᠳᠠ ᠨᠠᠷ | ᠢᠳᠡᠪᠬᠢᠲᠡᠢ ᠤᠷᠤᠯᠴᠠᠬᠤ ᠪᠤᠯᠪᠠᠤ︕ | ᠰᠤᠷᠪᠤᠯᠵᠢᠯᠠᠨ ᠶᠠᠷᠢᠯᠴᠠᠭᠰᠠᠨ ᠲᠣᠪᠴᠢ᠄ | ᠬᠦᠳᠤᠯᠦᠭᠴᠢ᠄ | ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨᠤ︖ ᠲᠠ ᠪᠦᠬᠦᠨ ︽ᠳᠤᠮᠳᠠᠳᠤ ᠤᠯᠤᠰ ᠦᠪᠤᠷ | ᠮᠤᠩᠭᠤᠯ︾ ᠰᠦᠯᠵᠢᠶᠡᠨ ᠤ ᠰᠤᠷᠪᠤᠯᠵᠢᠯᠠᠭ᠎ᠠ ᠶᠠᠷᠢᠯᠴᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ | ᠤᠭᠳᠤᠵᠦ ᠪᠠᠶᠢᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠨᠢ ᠲᠥᠭ ᠲᠦᠮᠡᠨ ᠠᠶᠢᠯ ᠡᠷᠤᠬᠡ ᠶᠢᠨ ᠡᠷᠡᠭᠦᠯ ᠮᠡᠨᠳᠦ ᠠᠵᠠ ᠵᠢᠷᠭᠠᠯ ᠲᠠᠢ ᠬᠤᠯᠪᠤᠭᠳᠠᠬᠤ | ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠮᠦᠨ ᠪᠥᠭᠡᠳ᠂ ᠤᠯᠠᠨ ᠲᠦᠮᠡᠨ ᠤ ᠡᠪᠡᠳᠴᠢᠨ | ᠦᠵᠡᠭᠦᠯᠬᠦ ᠳᠤ ᠬᠦᠴᠢᠷᠲᠡᠶ᠂ ᠡᠪᠡᠳᠴᠢᠨ ᠦᠵᠡᠭᠦᠯᠬᠦ ᠳᠤ ᠦᠨᠡᠲᠡᠶ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ | ᠵᠠᠩᠭᠢᠯᠠᠭ᠎ᠠ ᠪᠣᠯᠵᠤ᠂ ᠨᠡᠶᠢᠭᠡᠮ ᠨᠡᠶᠢᠲᠡ ᠶᠢᠨ ᠡᠯ᠎ᠡ ᠡᠲᠡᠭᠡᠳ ᠤᠨ ᠬᠢᠨ ᠤ ᠠᠩᠬᠠᠷᠤᠯ ᠢ ᠶᠡᠬᠡᠪᠡᠷ ᠲᠠᠲᠠᠵᠤ ᠪᠠᠶᠢᠨ᠎ᠠ᠃ | ᠦᠨᠦᠳᠤᠷ ᠪᠢᠳᠡᠨ ᠤ ᠤᠷᠢᠨ ᠵᠠᠯᠠᠭᠰᠠᠨ ᠵᠤᠴᠢᠨ ᠪᠤᠯ ᠣᠷᠳᠣᠰ ᠬᠤᠲᠠ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ | ᠦᠷᠡᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠡᠾᠧ ᠲᠣᠣ ᠪᠤᠯᠤᠨ᠎ᠠ | ᠂ ᠳᠡᠷᠡ ᠤᠳᠤ ᠤᠷᠳᠤᠰ ᠬᠤᠳᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠥᠭᠡᠷᠡᠴᠢᠯᠡᠯᠲᠡ ᠶᠢᠨ ᠬᠠᠮᠢᠶ᠎ᠡ ᠪᠥᠬᠦᠢ ᠪᠠᠶᠢᠳᠠᠯ ᠢ ᠪᠢᠳᠡᠨᠠᠷ ᠲᠤ ᠲᠠᠨᠢᠯᠴᠠᠭᠤᠯᠬᠤ ᠪᠣᠯᠣᠨ᠎ᠠ᠃ ᠡᠾᠧ ᠡᠷᠬᠢᠯᠡᠭᠴᠢ ᠡ᠂ | ᠲᠠᠨ ᠢ ᠪᠠᠶᠠᠷᠯᠠᠨ ᠤᠭᠳᠤᠵᠦ ᠪᠠᠶᠢᠨ᠎ᠠ︕ | ᠡᠾᠧ ᠲᠣᠣ᠄ | ᠬᠦᠳᠤᠯᠦᠭᠴᠢ ᠰᠠᠶᠢᠨ ᠤᠤ︖ ᠰᠦᠯᠵᠢᠶᠡᠨ ᠠᠨᠳᠠ ᠨᠠᠷ ᠰᠠᠶᠢᠨ ᠪᠠᠶᠢᠴᠠᠭᠠᠨᠠᠤ︖ ︽ᠳᠤᠮᠳᠠᠳᠤ ᠤᠯᠤᠰ | ᠦᠪᠤᠷ ᠮᠤᠩᠭᠤᠯ︾ ᠰᠦᠯᠵᠢᠶᠡᠨ ᠤ ᠰᠤᠷᠪᠤᠯᠵᠢᠯᠠᠭ᠎ᠠ ᠶᠠᠷᠢᠯᠴᠠᠭ᠎ᠠ ᠶᠢᠨ ᠪᠤᠯᠤᠩ ᠳᠤ ᠤᠷᠢᠭᠳᠠᠵᠤ ᠲᠠ ᠨᠠᠷ ᠲᠠᠢ | ᠰᠠᠨᠠᠯ ᠢᠶᠠᠨ ᠰᠣᠯᠢᠯᠴᠠᠬᠤ ᠪᠣᠯᠣᠭᠰᠠᠨ ᠳᠠᠭᠠᠨ ᠮᠠᠰᠢ ᠪᠠᠶᠠᠷᠲᠠᠢ ᠪᠠᠶᠢᠨ᠎ᠠ︕ | ᠬᠦᠳᠦᠯᠦᠭᠴᠢ᠄ | ᠡᠾᠧ ᠡᠷᠬᠢᠯᠡᠭᠴᠢ ᠡ᠂ ᠲᠠ ᠶᠠᠭᠤᠨ ᠤ ᠤᠷᠢᠳ ᠣᠷᠳᠣᠰ ᠬᠤᠲᠠ ᠶᠢᠨ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠠᠬᠢᠴᠠ ᠶᠢ ᠲᠠᠨᠢᠯᠴᠠᠭᠤᠯᠤᠭᠠᠳ | ᠦᠭᠬᠦᠨᠡᠤ︖ | ᠡᠾᠧ ᠲᠣᠣ᠄ | 2009 ᠣᠨ ᠳᠤ ᠤᠯᠤᠰ ᠠᠴᠠ ᠰᠢᠨ᠎ᠡ ᠨᠢᠭᠡᠨ ᠡᠭᠡᠯᠵᠢ ᠶᠢᠨ ᠡᠮ ᠡᠮᠨᠡᠯᠭᠡ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠡᠬᠢᠯᠡᠭᠦᠯᠦᠭᠰᠡᠨ ᠠᠴᠠ ᠨᠠᠰᠢ᠂ ᠤᠷᠳᠤᠰ ᠬᠤᠳᠠ ᠨᠢ ᠬᠤᠳᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ ︽ᠦᠨᠳᠦᠰᠦᠨ ᠵᠦᠢᠯ ᠢ ᠪᠠᠲᠤᠯᠠᠬᠤ᠂ ᠦᠨᠳᠦᠰᠦᠨ | ᠱᠠᠳᠤ ᠶᠢ ᠬᠦᠴᠦᠷᠬᠡᠭᠵᠢᠭᠦᠯᠬᠦ᠂ ᠲᠣᠭᠲᠠᠴᠠ ᠪᠠᠶᠢᠭᠤᠯᠬᠤ︾ ᠦᠨᠳᠦᠰᠦᠨ ᠵᠠᠷᠴᠢᠮ ᠶᠣᠰᠤᠭᠠᠷ᠂ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ᠂ ᠲᠦᠷᠢᠮ ᠲᠣᠭᠲᠠᠭᠠᠯ ᠢ ᠪᠦᠷᠢᠨᠰᠢᠭᠦᠯᠵᠦ᠂ ᠣᠷᠣᠭᠤᠯᠤᠯᠲᠠ ᠪᠠᠨ ᠨᠡᠮᠡᠭᠳᠡᠭᠦᠯᠦᠨ | ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠢᠯᠡᠳᠲᠡ ᠠᠬᠢᠴᠠ | ᠲᠠᠢ ᠪᠣᠯᠣᠭᠰᠠᠨ ᠠᠩᠬ᠎ᠠ ᠠᠯᠬᠤᠮ ᠤᠨ ᠦᠷ᠎ᠡ ᠪᠥᠲᠦᠮᠵᠢ ᠣᠯᠪᠠ᠃ 2011 ᠣᠨ ᠳᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠠᠴᠠ ᠣᠷᠳᠣᠰ ᠬᠤᠲᠠ ᠶᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠬᠤᠲᠠ ᠪᠠᠷ ᠲᠣᠭᠲᠠᠭᠠᠵᠠᠢ᠃ 2014 ᠣᠨ ᠳᠤ᠂ | ᠤᠯᠤᠰ ᠠᠴᠠ ᠤᠷᠳᠤᠰ ᠬᠤᠳᠠ ᠶᠢ ᠪᠦᠬᠦ ᠤᠯᠤᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠥᠭᠡᠷᠡᠴᠢᠯᠡᠯᠲᠡ ᠶᠢᠨ ᠬᠤᠶᠠᠳᠤᠭᠠᠷ ᠪᠦᠯᠦᠭ ᠤᠨ ᠲᠤᠷᠰᠢᠯᠲᠠ ᠶᠢᠨ ᠬᠤᠳᠠ ᠪᠠᠷ ᠲᠣᠭᠲᠠᠭᠠᠵᠠᠢ᠃ ᠡᠨᠡ ᠨᠢ ᠮᠠᠨ ᠤ | ᠥᠭᠡᠷᠡᠴᠢᠯᠡᠯᠲᠡ ᠶᠢᠨ ᠢᠲᠡᠭᠡᠯ ᠵᠣᠷᠢᠭ ᠢ ᠨᠡᠩ ᠢᠯᠡᠭᠦᠦ ᠬᠥᠪᠴᠢᠯᠡᠵᠦ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠭᠤᠯᠳᠤ ᠭᠦᠨ ᠲᠡᠶᠢᠰᠢ ᠬᠥᠭᠵᠢᠬᠦ ᠶᠢ ᠲᠦᠯᠬᠢᠨ ᠠᠬᠢᠭᠤᠯᠵᠤ᠂ | ᠬᠠᠮᠢᠶᠠᠷᠤᠯᠲᠠ ᠶᠢᠨ ᠪᠠᠶᠢᠭᠤᠯᠤᠯ᠂ ᠨᠥᠬᠦᠪᠥᠷᠢᠯᠡᠬᠦ ᠲᠣᠭᠲᠠᠴᠠ᠂ ᠦᠨ᠎ᠡ ᠬᠠᠩᠰᠢ ᠶᠢᠨ ᠲᠣᠭᠲᠠᠴᠠ᠂ ᠡᠮ ᠤᠨ | ᠵᠦᠢᠯ ᠢ ᠬᠤᠳᠠᠯᠳᠤᠨ ᠠᠪᠬᠤ᠂ ᠠᠵᠢᠯᠲᠠᠨ ᠤ ᠣᠷᠣᠨ ᠲᠤᠭ᠎ᠠ᠂ ᠣᠷᠣᠯᠭ᠎ᠠ ᠶᠢᠨ ᠬᠤᠪᠢᠶᠠᠷᠢᠯᠠᠯᠲᠠ᠂ ᠡᠮ | ᠡᠮᠨᠡᠯᠭᠡ ᠶᠢᠨ ᠳᠠᠭᠠᠳᠬᠠᠯ ᠤᠨ ᠲᠥᠷᠢᠮ᠂ ᠬᠢᠨᠠᠨ ᠬᠠᠮᠢᠶᠠᠷᠬᠤ ᠲᠣᠭᠲᠠᠴᠠ ᠵᠡᠷᠭᠡ ᠲᠠᠯ᠎ᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠥᠷᠨᠢᠭᠦᠯᠵᠡᠢ᠃ | ᠬᠥᠲᠥᠯᠥᠭᠴᠢ᠄ | ᠣᠷᠳᠣᠰ ᠬᠤᠲᠠ ᠦᠨᠳᠦᠰᠦᠨ ᠱᠠᠲᠤᠨ ᠤ ᠥᠭᠡᠷᠡᠴᠢᠯᠡᠯᠲᠡ ᠶᠢᠨ ᠲᠠᠯ᠎ᠠ ᠪᠠᠷ ᠶᠠᠮᠠᠷ ᠶᠠᠮᠠᠷ ᠬᠠᠶᠢᠨ | ᠰᠦᠪᠡᠭᠴᠢᠯᠡᠯᠲᠡ ᠬᠢᠭᠰᠡᠨ ᠪᠤᠢ︖ | ᠡᠾᠧ ᠲᠣᠣ᠄ | ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠢᠯᠡᠷᠡᠵᠦ ᠪᠠᠶᠢᠨ᠎ᠠ᠃ ᠨᠢᠭᠡ ᠳᠤ ᠬᠤᠰᠢᠭᠤ ᠰᠤᠮᠤ ᠭᠠᠴᠠᠭᠠᠨ ᠤ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠢ ᠨᠢᠭᠡ ᠴᠤᠭᠴᠠᠵᠢᠭᠤᠯᠤᠭᠰᠠᠨ ᠬᠠᠮᠢᠶᠠᠷᠤᠯᠲᠠ ᠶᠢ ᠲᠦᠷᠦᠭᠦᠯᠦᠨ | ᠥᠷᠨᠢᠭᠦᠯᠪᠡ᠃ ᠬᠤᠰᠢᠭᠤ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠷ ᠲᠦᠷᠦᠭᠦᠯᠡᠭᠦᠯᠦᠨ᠂ | ︽ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠨᠢᠭᠡᠳᠦᠯᠲᠡᠶ ᠡᠵᠡᠩᠨᠡᠬᠦ | ᠪᠠ ᠲᠠᠷᠠᠬᠠᠶ ᠡᠵᠡᠩᠨᠡᠬᠦ ᠶᠢ ᠤᠶᠠᠯᠳᠤᠭᠤᠯᠬᠤ᠂ ᠵᠣᠬᠢᠴᠠᠩᠭᠤᠶ ᠪᠠᠷ ᠬᠥᠭᠵᠢᠭᠦᠯᠬᠦ︾ ᠵᠠᠷᠴᠢᠮ ᠶᠣᠰᠤᠭᠠᠷ᠂ ᠬᠤᠰᠢᠭᠤ᠂ | ᠰᠤᠮᠤ᠂ ᠭᠠᠴᠠᠭᠠᠨ ᠤ ᠡᠷᠡᠭᠦᠯ ᠬᠠᠮᠠᠭᠠᠯᠠᠯ ᠤᠨ ᠡᠬᠢ ᠪᠠᠶᠠᠯᠢᠭ ᠵᠢᠴᠢ ᠡᠷᠡᠭᠦᠯ ᠬᠠᠮᠠᠭᠠᠯᠠᠯ ᠤᠨ ᠮᠡᠷᠭᠡᠵᠢᠯ ᠤᠨ | ᠠᠵᠢᠯᠳᠠᠨ ᠢ ᠨᠢᠭᠡᠳᠦᠯᠲᠡᠶ ᠲᠣᠬᠢᠷᠠᠭᠤᠯᠤᠨ ᠬᠡᠷᠡᠭᠯᠡᠵᠦ᠂ ᠪᠡᠶ᠎ᠡ ᠪᠠᠨ ᠳᠠᠭᠠᠭᠠᠨ ᠡᠵᠡᠩᠨᠡᠵᠦ ᠪᠠᠶᠢᠭ᠎ᠠ ᠭᠤᠷᠪᠠᠳᠤᠭᠠᠷ | ᠳᠡᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ︽ᠬᠠᠮᠵᠢᠯᠴᠠᠭᠠᠲᠦ ᠴᠣᠭᠴᠠ︾ ᠪᠣᠯᠭᠠᠨ | ᠵᠣᠬᠢᠶᠠᠨ ᠪᠠᠶᠢᠭᠤᠯᠤᠭᠰᠠᠨ ᠤ ᠬᠠᠮᠲᠤ ᠭᠤᠣᠯᠳᠠᠯᠭᠠᠲᠤ ᠣᠷᠣᠨ ᠤ ᠡᠮᠨᠡᠯᠭᠡ ᠶᠢᠨ ᠬᠤᠷᠢᠶ᠎ᠡ ᠨᠢ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠠᠵᠢᠯ ᠲᠦᠷᠦᠯ ᠢᠶᠠᠷ ᠢᠶᠠᠨ | ᠲᠤᠰᠠᠯᠠᠠᠬᠤ ᠠᠵᠢᠯ ᠢ ᠥᠷᠨᠢᠭᠦᠯᠵᠦ᠂ ᠦᠨᠳᠦᠰᠦᠨ ᠱᠠᠲᠤᠨ ᠳᠤ ᠠᠩᠬ᠎ᠠ ᠡᠮᠴᠢᠯᠡᠭᠦᠯᠬᠦ᠂ ᠬᠤᠶᠠᠷ ᠲᠡᠰᠢ | ᠰᠢᠯᠵᠢᠭᠦᠯᠦᠨ ᠡᠮᠴᠢᠯᠡᠭᠦᠯᠬᠦ᠂ ᠠᠵᠢᠯ ᠬᠤᠪᠢᠶᠠᠷᠢᠯᠠᠨ ᠬᠠᠮᠵᠢᠯᠴᠠᠬᠤ ᠡᠮᠴᠢᠯᠡᠭᠡᠨ ᠤ ᠰᠢᠨ᠎ᠡ ᠬᠡᠪ ᠪᠠᠶᠢᠳᠠᠯ ᠢ ᠪᠤᠢ | ᠪᠣᠯᠭᠠᠪᠠ᠃ ᠬᠤᠶᠠᠷ ᠲᠤ ᠡᠷᠡᠭᠦᠯ ᠬᠠᠮᠠᠭᠠᠯᠠᠯ ᠤᠨ ᠲᠣᠭᠲᠠᠮᠠᠯ ᠪᠠᠶᠢᠭᠤᠯᠤᠮᠵᠢ ᠬᠢᠭᠡᠳ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠨᠡᠭᠦᠳᠡᠯ ᠨᠢᠭᠡᠴᠡ ᠶᠢ ᠬᠠᠷᠢᠯᠴᠠᠨ ᠤᠶᠠᠯᠳᠤᠭᠤᠯᠤᠭᠰᠠᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠵᠠᠭᠪᠤᠷᠰᠢᠯ ᠢ ᠬᠠᠮᠤᠭ ᠤᠨ ᠲᠦᠷᠦᠭᠦᠯᠦᠨ ᠥᠷᠨᠢᠭᠦᠯᠪᠡ᠃ ᠬᠤᠰᠢᠭᠤ ᠲᠣᠭᠤᠷᠢᠭ ᠤᠨ 6 ᠪᠦᠯᠦᠭ ︽ᠨᠡᠭᠦᠳᠡᠯ | ᠡᠮᠨᠡᠯᠭᠡ ᠶᠢᠨ ᠬᠤᠷᠢᠶ᠎ᠠ︾ ᠳᠤ12 ᠲᠡᠷᠭᠡ ᠲᠣᠬᠢᠷᠠᠭᠤᠯᠤᠨ᠂ ᠪᠤᠶᠢᠳᠠ ᠪᠥᠭᠯᠡᠭᠦᠦ ᠭᠠᠵᠠᠷ ᠣᠷᠣᠨ ᠤ ︽ᠲᠣᠰᠬᠤᠨ ᠤ | ᠨᠡᠭᠦᠳᠡᠯ ᠡᠷᠡᠭᠦᠯ ᠬᠠᠮᠠᠭᠠᠯᠠᠯ ᠤᠨ ᠳᠠᠰᠤᠭ︾ ᠲᠤ 45 ᠶᠢ ᠲᠣᠬᠢᠷᠠᠭᠤᠯᠵᠤ᠂ ᠡᠷᠡᠭᠦᠯ ᠬᠠᠮᠠᠭᠠᠯᠠᠯ ᠤᠨ ᠲᠣᠭᠲᠠᠮᠠᠯ | ᠪᠠᠶᠢᠭᠤᠯᠤᠮᠵᠢ ᠪᠣᠯᠣᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠨᠡᠭᠦᠳᠡᠯ ᠨᠢᠭᠡᠴᠡ ᠶᠢᠨ ᠦᠢᠯᠡᠴᠢᠯᠡᠭᠡᠨ ᠤ ᠣᠷᠣᠨ | ᠪᠦᠰᠡ ᠶᠢ ᠵᠦᠢ ᠵᠣᠬᠢᠰᠲᠠᠶ ᠬᠤᠪᠢᠶᠠᠷᠢᠯᠠᠵᠤ᠂ ᠪᠤᠶᠢᠳᠠ ᠪᠥᠭᠯᠡᠭᠦᠦ ᠭᠠᠵᠠᠷ ᠣᠷᠣᠨ ᠳᠤ ᠲᠣᠭᠲᠠᠮᠠᠯ | ᠬᠤᠭᠤᠴᠠᠭ᠎ᠠ ᠲᠠᠢ ᠪᠠᠷ ᠰᠠᠨᠠᠭᠠᠴᠢᠯᠠᠭ᠎ᠠ ᠠᠴᠠ ᠪᠠᠨ ᠭᠦᠨᠵᠡᠭᠡᠶᠢᠷᠡᠨ ᠡᠮ ᠡᠮᠨᠡᠯᠭᠡ ᠶᠢᠨ ᠠᠵᠢᠯᠯᠠᠭ᠎ᠠ ᠥᠷᠨᠢᠭᠦᠯᠵᠦ᠂ | ᠡᠮ ᠡᠮᠨᠡᠯᠭᠡ ᠶᠢᠨ ᠦᠢᠯᠡᠴᠢᠯᠡᠭᠡᠨ ᠤ ᠪᠥᠷᠭᠦᠴᠡ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠡᠢ᠃ | ᠭᠤᠷᠪᠠ ᠳᠤ ᠦᠢᠯᠡᠴᠢᠯᠡᠭᠡ ᠶᠢᠨ ᠭᠡᠷ᠎ᠡ ᠪᠠᠶᠢᠭᠤᠯᠬᠤ ᠶᠢ ᠲᠦᠷᠦᠭᠦᠯᠦᠨ ᠥᠷᠨᠢᠭᠦᠯᠪᠡ᠃ ᠡᠮᠴᠢ ᠬᠢᠭᠡᠳ ᠭᠡᠷ ᠪᠦᠯᠢ | ᠦᠢᠯᠡᠴᠢᠯᠡᠭᠡᠨ ᠤ ᠭᠡᠷ᠎ᠡ ᠪᠠᠶᠢᠭᠤᠯᠬᠤ ᠬᠡᠯᠪᠡᠷᠢ ᠪᠠᠷ ᠳᠠᠮᠵᠢᠭᠤᠯᠤᠨ᠂ ᠭᠡᠷ ᠪᠦᠯᠢ ᠶᠢᠨ ᠬᠡᠷᠡᠭᠴᠡᠭᠡ ᠶᠣᠰᠣᠭᠠᠷ | ᠭᠡᠷ ᠲᠤᠨᠢ ᠬᠦᠷᠴᠦ ᠣᠨᠣᠰᠢᠯᠠᠨ ᠡᠮᠨᠡᠵᠦ᠂ ᠰᠠᠨᠠᠭᠠᠴᠢᠯᠭᠠᠲᠤ ᠪᠣᠰᠤ ᠦᠢᠯᠡᠴᠢᠯᠡᠭᠡ ᠶᠢ ᠰᠠᠨᠠᠭᠠᠴᠢᠯᠠᠭᠠᠲᠤ | ᠦᠢᠯᠡᠴᠢᠯᠡᠭᠡ ᠪᠣᠯᠭᠠᠵᠤ᠂ ᠰᠠᠭᠤᠭᠠᠯᠢ ᠠᠷᠠᠳ ᠤᠨ ᠡᠷᠡᠭᠦᠯ ᠮᠡᠨᠳᠤ ᠶᠢᠨ ︽ᠬᠠᠭᠠᠯᠭ᠎ᠠ ᠰᠠᠬᠢᠭᠴᠢ︾ ᠶᠢᠨ ᠡᠭᠦᠷᠭᠡ | ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠪᠡ᠃ ᠣᠳᠣ ᠪᠣᠯᠬᠤ ᠳᠤ᠂ ᠪᠦᠬᠦ ᠬᠤᠲᠠ 12.33 ᠲᠥᠮᠡᠨ ᠡᠷᠦᠬᠡ᠂ | 30.34 ᠲᠥᠮᠡᠨ ᠬᠥᠮᠦᠨ ᠲᠠᠢ ᠭᠡᠷ᠎ᠡ ᠲᠣᠭᠲᠠᠵᠤ᠂ ᠭᠡᠷ᠎ᠡ ᠲᠣᠭᠲᠠᠭᠰᠠᠨ ᠨᠤᠷᠮ᠎ᠠ ᠨᠢ 35.8% ᠳᠤ ᠬᠦᠷᠴᠦ᠂ | ᠡᠮᠴᠢ ᠨᠠᠷ ᠭᠡᠷ ᠲᠤᠨᠢ ᠬᠦᠷᠴᠦ ᠦᠢᠯᠡᠴᠢᠯᠡᠬᠦ ᠨᠢ ᠬᠡᠪ ᠤᠨ ᠪᠠᠶᠢᠳᠠᠯ ᠪᠣᠯᠪᠠ᠃ ᠲᠦᠷᠪᠡ ᠳᠤ ᠤᠷᠢᠳᠠᠪᠠᠷ | ᠡᠪᠡᠳᠴᠢᠨ ᠢ ᠨᠢ ᠦᠵᠡᠵᠦ ᠳᠠᠷᠠᠭ᠎ᠠ ᠨᠢ ᠰᠦᠢᠳᠬᠡᠯ ᠲᠤᠰᠢᠶᠠᠬᠤ ᠶᠢ ᠲᠦᠷᠦᠭᠦᠯᠦᠨ ᠥᠷᠨᠢᠭᠦᠯᠪᠡ᠃ ᠡᠮ | ᠡᠮᠨᠡᠯᠭᠡ ᠶᠢᠨ ᠦᠢᠯᠡᠴᠢᠯᠡᠭᠡᠨ ᠤ ᠵᠠᠭᠪᠤᠷᠰᠢᠯ ᠢ ᠢᠳᠡᠪᠬᠢᠲᠡᠶ ᠪᠠᠷ ᠰᠠᠶᠢᠵᠢᠷᠠᠭᠤᠯᠵᠤ᠂ ᠡᠮ ᠡᠮᠨᠡᠯᠭᠡ ᠶᠢᠨ | ᠳᠠᠭᠠᠳᠬᠠᠯ ᠲᠠᠢ ᠡᠪᠡᠳᠴᠢᠲᠡᠨ ᠬᠤᠰᠢᠭᠤ ᠲᠣᠭᠤᠷᠢᠭ ᠤᠨ ᠱᠠᠲᠤ ᠵᠢᠴᠢ ᠲᠡᠭᠦᠨ ᠠᠴᠠ ᠳᠣᠷᠣᠭᠰᠢᠬᠢ ᠡᠮ | ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠢᠬ ᠤᠨ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠨ | ᠦᠵᠡᠭᠦᠯᠬᠦ ᠳᠤ ᠡᠮᠨᠡᠯᠭᠡ ᠳᠤ ᠰᠠᠭᠤᠬᠤ ᠳᠡᠨᠵᠢ ᠶᠢᠨ ᠮᠥᠡᠭᠭᠦ ᠲᠤᠰᠢᠶᠠᠬᠤ ᠦᠭᠡᠢ ᠪᠠᠷ ᠰᠢᠭᠤᠳ ᠡᠮᠨᠡᠯᠭᠡ ᠳᠤ | ᠰᠠᠭᠤᠵᠤ ᠡᠮᠴᠢᠯᠡᠭᠦᠯᠦᠭᠡᠳ᠂ ᠡᠮᠨᠡᠯᠭᠡ ᠠᠴᠠ ᠭᠠᠷᠤᠭᠰᠠᠨ ᠤ ᠳᠠᠷᠠᠭ᠎ᠠ ᠳ᠋ᠦᠡᠭᠨᠡᠨ ᠪᠣᠳᠣᠬᠤ ᠪᠣᠯᠵᠤ᠂ ᠡᠮᠨᠡᠯᠭᠡ ᠳᠤ | ᠰᠠᠭᠤᠬᠤ ᠡᠪᠡᠳᠴᠢᠲᠡᠨ ᠤ ᠪᠡᠯᠡ ᠮᠥᠩᠭᠦ ᠴᠤᠭᠯᠠᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠦᠨᠡᠨ ᠬᠦ | ᠰᠢᠢᠳᠪᠦᠷᠢᠯᠡᠵᠡᠢ᠃ ᠣᠳᠣ ᠪᠣᠯᠬᠤ ᠳᠤ᠂ ᠨᠡᠶᠢᠲᠡ 18.54 ᠲᠥᠮᠡᠨ ᠬᠥᠮᠦᠨ ᠤᠳᠠᠭ᠎ᠠ ᠠᠰᠢᠭ ᠬᠦᠷᠲᠡᠪᠡ᠃ | ᠲᠠᠪᠤ ᠳᠤ ᠭᠠᠴᠠᠭ᠎ᠠ ᠲᠣᠰᠬᠤᠨ ᠤ ᠡᠮᠴᠢ ᠶᠢᠨ ᠨᠠᠰᠤᠵᠢᠯ ᠤᠨ ᠠᠰᠠᠷᠠᠮᠵᠢ ᠶᠢᠨ ᠢᠨᠵᠧᠨᠧᠷᠢᠩ ᠢ ᠲᠦᠷᠦᠭᠦᠯᠦᠨ | ᠥᠷᠨᠢᠭᠦᠯᠪᠡ᠃ ᠭᠠᠴᠠᠭ᠎ᠠ ᠲᠣᠰᠬᠤᠨ ᠤ ᠡᠮᠴᠢ ᠶᠢᠨ ᠡᠩᠨᠡᠭᠡ ᠶᠢ ᠲᠣᠭᠲᠠᠭᠤᠨ ᠪᠠᠶᠢᠯᠭᠠᠵᠤ᠂ ᠬᠥᠳᠡᠭᠡ ᠲᠣᠰᠬᠤᠨ ᠤ | ᠡᠮᠴᠢ ᠶᠢᠨ ᠢᠳᠡᠪᠬᠢᠵᠢᠯ ᠢ ᠳᠠᠶᠢᠴᠢᠯᠠᠬᠤ ᠶᠢᠨ ᠲᠤᠰᠠᠲᠠ᠂ 2013 ᠣᠨ ᠳᠤ ᠬᠥᠳᠡᠭᠡ ᠲᠣᠰᠬᠤᠨ ᠤ ᠡᠮᠴᠢ ᠶᠢᠨ | ᠨᠠᠰᠤᠵᠢᠯ ᠤᠨ ᠠᠰᠠᠷᠠᠮᠵᠢ ᠶᠢᠨ ᠨᠥᠬᠦᠪᠥᠷᠢ ᠶᠢ ᠪᠥᠬᠦ ᠣᠷᠣᠨ ᠳᠤ ᠲᠦᠷᠦᠭᠦᠯᠦᠨ ᠬᠡᠷᠡᠭᠵᠢᠭᠦᠯᠵᠦ᠂ 1600 ᠭᠠᠷᠤᠶ | ᠬᠥᠳᠡᠭᠡ ᠲᠣᠰᠬᠤᠨ ᠤ ᠡᠮᠴᠢ ᠳᠤ ᠬᠥᠮᠦᠨ ᠪᠣᠯᠭᠠᠨ ᠰᠠᠷ᠎ᠠ ᠪᠦᠷᠢ 1200 ᠲᠥᠭᠦᠷᠢᠭ ᠤᠨ ᠠᠵᠢᠯ ᠠᠴᠠ ᠪᠠᠨ | ᠪᠠᠭᠤᠭᠰᠠᠨ ᠮᠥᠩᠭᠦ ᠥᠭᠴᠦ᠂ ᠭᠠᠴᠠᠭ᠎ᠠ ᠲᠣᠰᠬᠤᠨ ᠤ ᠡᠮᠴᠢ ᠶᠢᠨ ᠬᠤᠵᠢᠮ ᠤᠨ ᠵᠤᠪᠠᠯᠠᠩ ᠢ ᠨᠢ ᠰᠢᠢᠳᠪᠦᠷᠢᠯᠡᠪᠡ᠃ | ᠵᠢᠷᠭᠤᠭ᠎ᠠ ᠳᠤ ᠡᠷᠡᠭᠦᠯ ᠬᠠᠮᠠᠭᠠᠯᠠᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠦᠭᠦᠯᠦᠨ ᠥᠷᠨᠢᠭᠦᠯᠪᠡ᠃ | 2011 ᠣᠨ ᠠᠴᠠ ᠡᠬᠢᠯᠡᠨ ᠬᠤᠲᠠ ᠶᠢᠨ ᠱᠠᠲᠤᠨ ᠤ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠮᠡᠳᠡᠭᠡ | ᠵᠠᠩᠭᠢ ᠶᠢᠨ ᠲᠠᠪᠴᠠᠩ ᠢ ᠪᠠᠶᠢᠭᠤᠯᠵᠤ᠂ ᠲᠠᠪᠴᠠᠩ ᠳᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠮ ᠡᠮᠨᠡᠯᠭᠡ ᠶᠢᠨ | ᠦᠢᠯᠡᠴᠢᠯᠡᠭᠡ᠂ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ᠂ ᠦᠨᠳᠦᠰᠦᠨ ᠡᠮ ᠤᠨ | ᠵᠦᠢᠯ ᠤᠨ ᠲᠥᠷᠢᠮ ᠪᠣᠯᠤᠨ ᠶᠡᠷᠦᠩᠬᠡᠶᠢᠯᠡᠭᠰᠡᠨ ᠬᠠᠮᠢᠶᠠᠷᠤᠯᠲᠠ ᠵᠡᠷᠭᠡ ᠲᠠᠪᠤᠨ ᠲᠤᠬᠠᠶᠢᠯᠠᠭᠰᠠᠨ ᠠᠵᠢᠯ ᠤᠨ | ᠬᠡᠷᠡᠭᠯᠡᠭᠡᠨ ᠤ ᠰᠢᠰᠲ᠋ᠧᠮ ᠢ ᠬᠠᠮᠤᠷᠪᠠ᠃ ᠣᠳᠣᠬᠠᠨ ᠳᠤ᠂ ᠬᠤᠳᠠ ᠶᠢᠨ ᠱᠠᠲᠤᠨ ᠤ ᠡᠷᠡᠭᠦᠯ ᠬᠠᠮᠠᠭᠠᠯᠠᠯ ᠤᠨ ᠮᠡᠳᠡᠭᠡ | ᠵᠠᠩᠭᠢ ᠶᠢᠨ ᠲᠠᠪᠴᠠᠩ ᠨᠢᠭᠡᠨᠲᠡ ᠦᠨᠳᠦᠰᠦᠨ ᠳᠡᠭᠡᠨ ᠪᠠᠶᠢᠭᠤᠯᠤᠨ ᠳᠠᠭᠤᠰᠴᠦ᠂ ᠪᠦᠬᠦ ᠬᠤᠲᠠ ᠶᠢᠨ ᠡᠷᠡᠭᠦᠯ | ᠬᠠᠮᠠᠭᠠᠯᠠᠯ ᠤᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠨ ᠨᠡᠪᠲᠡᠷᠡᠯᠴᠡᠬᠦ ᠶᠢ ᠠᠩᠬ᠎ᠠ ᠠᠯᠬᠤᠮ ᠪᠡᠶᠡᠯᠡᠭᠦᠯᠪᠡ᠃ | ᠠᠵᠤ ᠦᠢᠯᠡᠳᠪᠦᠷᠢ ᠬᠤᠳᠠᠯᠳᠤᠭᠠᠨ ᠤ ᠪᠠᠩᠬᠢ ᠲᠠᠢ ᠬᠠᠮᠲᠤᠷᠠᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ | ᠺᠠᠷᠲ ᠶᠢ ᠲᠠᠷᠬᠠᠭᠠᠵᠤ᠂ ᠡᠷᠡᠭᠦᠯ ᠮᠡᠨᠳᠦ ᠶᠢᠨ ᠪᠦᠬᠦᠨ ᠳᠤ ᠲᠤᠬᠢᠷᠠᠬᠤ ᠺᠠᠷᠲ ᠶᠢ ᠪᠡᠶᠡᠯᠡᠭᠦᠯᠵᠦ᠂ ᠠᠷᠠᠳ | ᠢᠷᠭᠡᠳ ᠤᠨ ᠡᠪᠡᠳᠴᠢᠨ ᠢᠶᠠᠨ ᠦᠵᠡᠭᠦᠯᠵᠦ ᠡᠮᠴᠢᠯᠡᠭᠦᠯᠬᠦ ᠳᠤ ᠮᠠᠰᠢ ᠲᠦᠭᠦᠮ ᠦᠵᠡᠭᠦᠯᠪᠡ᠃ | ᠬᠥᠲᠥᠯᠥᠭᠴᠢ᠄ | 2014 ᠣᠨ ᠳᠤ ᠤᠯᠤᠰ ᠠᠴᠠ ᠣᠷᠳᠣᠰ ᠬᠤᠲᠠ ᠶᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠬᠤᠳᠠ ᠪᠣᠯᠭᠠᠨ ᠲᠣᠭᠲᠠᠭᠠᠭᠰᠠᠨ ᠤ ᠲᠠᠷᠠᠭ᠎ᠠ᠂ ᠤᠷᠳᠤᠰ | ᠬᠤᠳᠠ ᠪᠠᠰᠠ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠤᠢ︖ | ᠡᠾᠧ ᠲᠣᠣ᠄ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠠᠵᠢᠯ ᠢ ᠬᠤᠲᠠ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠣᠷᠳᠣᠰ | ᠬᠤᠲᠠ ᠶᠢᠨ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ | ᠬᠡᠷᠡᠭᠵᠢᠭᠦᠯᠬᠦ ᠲᠥᠰᠦᠯ︾ ᠢ ᠲᠣᠭᠲᠠᠭᠠᠨ ᠨᠡᠶᠢᠲᠡᠯᠡᠵᠦ᠂ ᠪᠦᠬᠦ ᠬᠤᠲᠠ ᠵᠢᠨᠲ᠋ᠠᠶᠢᠴᠢᠯᠠᠯᠲᠠ ᠶᠢᠨ ᠶᠡᠭᠡ ᠬᠤᠷᠠᠯ ᠢ | ᠬᠤᠷᠠᠯᠳᠤᠭᠤᠯᠵᠤ᠂ 9 ᠬᠤᠰᠢᠭᠤ ᠲᠣᠭᠤᠷᠢᠭ᠂ 9 ᠰᠠᠯᠠᠭ᠎ᠠ ᠮᠥᠴᠢᠷ ︵ᠲᠤᠰᠬᠠᠶ ᠳᠦᠯᠬᠢᠨ ᠠᠬᠢᠭᠤᠯᠬᠤ | ᠳᠤᠭᠤᠶᠢᠯᠠᠩ︶ ᠲᠠᠢ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ ᠢ ᠲᠣᠭᠲᠠᠪᠠ᠃ ᠡᠭᠦᠨ ᠤ ᠬᠠᠮᠲᠤ ︽ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠢ ᠨᠢᠭᠲᠠᠯᠠᠨ ᠪᠤᠳᠦᠬᠴᠢ ᠶᠢ ᠲᠣᠮᠢᠯᠠᠬᠤ ᠲᠦᠷᠢᠮ︾ ᠵᠡᠷᠭᠡ | 28 ᠳᠥᠭᠦᠷ ᠪᠢᠴᠢᠭ ᠮᠠᠲ᠋ᠧᠷᠢᠶᠠᠯ ᠢ ᠤᠷᠢᠳ ᠬᠤᠵᠢᠳ ᠲᠣᠭᠲᠠᠭᠠᠨ ᠳᠠᠷᠤᠮᠠᠯᠯᠠᠨ ᠲᠠᠷᠬᠠᠭᠠᠵᠤ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ᠂ ᠬᠠᠮᠢᠶᠠᠷᠤᠯᠲᠠ ᠶᠢᠨ | ᠪᠠᠶᠢᠭᠤᠯᠤᠯ᠂ ᠡᠮ ᠤᠨ ᠣᠷᠣᠯᠭ᠎ᠠ ᠪᠠᠷ ᠡᠮᠨᠡᠯᠭᠡ ᠶᠢ ᠨᠥᠬᠦᠪᠥᠷᠢᠯᠡᠬᠦ ᠶᠠᠪᠤᠳᠠᠯ ᠢ ᠠᠷᠢᠯᠭᠠᠬᠤ᠂ ᠡᠮ ᠡᠮᠨᠡᠯᠭᠡ ᠶᠢᠨ | ᠳᠠᠭᠠᠳᠬᠠᠯ ᠤᠨ ᠵᠠᠷᠤᠳᠠᠯ ᠳᠥᠯᠥᠬᠦ ᠳᠦᠷᠢᠮ ᠤᠨ ᠥᠭᠡᠷᠡᠴᠢᠯᠡᠯᠲᠡ᠂ ᠤᠯᠠᠨ ᠡᠰᠢᠵᠢᠭᠰᠡᠨ ᠡᠮᠨᠡᠯᠭᠡ ᠡᠷᠬᠢᠯᠡᠬᠦ ᠶᠢ | ᠠᠬᠢᠭᠤᠯᠬᠤ᠂ ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠵᠣᠷᠢᠭᠵᠢᠭᠤᠯᠬᠤ ᠶᠢ | ᠲᠣᠬᠢᠷᠠᠭᠤᠯᠬᠤ ᠵᠡᠷᠭᠡ ᠲᠠᠯ᠎ᠠ ᠪᠠᠷ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ | ᠢᠳᠡᠪᠬᠢᠲᠡᠶ ᠲᠦᠯᠬᠢᠨ ᠠᠬᠢᠭᠤᠯᠪᠠ᠃ | ᠡᠨᠡ ᠵᠢᠯ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠥᠭᠡᠷᠡᠴᠢᠯᠡᠯᠲᠡ ᠶᠢᠨ ᠠᠯᠪᠠᠨ ᠭᠡᠷ ᠠᠴᠠ | ᠪᠦᠬᠦ ᠣᠷᠣᠨ ᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ | ᠳᠤ ᠲᠤᠰᠬᠠᠶ ᠦᠨᠡᠯᠡᠨ ᠵᠢᠱᠢᠯᠲᠡ ᠬᠢᠭᠰᠡᠨ ᠪᠦᠭᠡᠳ ᠮᠡᠳᠡᠭᠡᠯᠡᠪᠡ᠃ ᠪᠦᠬᠦ ᠣᠷᠣᠨ ᠤ 15 ᠤᠯᠤᠰ ᠤᠨ ᠲᠡᠰ ᠤᠨ | ᠲᠤᠷᠰᠢᠯᠲᠠ ᠶᠢᠨ ᠬᠤᠰᠢᠭᠤ ᠰᠢᠶᠠᠨ ᠳᠣᠲᠤᠷ᠎ᠠ ᠶᠡᠷᠦᠩᠬᠡᠢ ᠬᠤᠪᠢ ᠨᠢ 190 ᠬᠤᠪᠢ ᠠᠴᠠ ᠳᠡᠭᠡᠭᠰᠢ ᠬᠤᠰᠢᠭᠤ | ᠰᠢᠶᠠᠨ 4 ᠪᠠᠶᠢᠵᠤ᠂ ᠡᠭᠦᠨ ᠤ ᠳᠣᠲᠣᠷ᠎ᠠ ᠮᠠᠨ ᠤ ᠬᠤᠲᠠ 3 ᠶᠢ ᠨᠢ ᠡᠵᠡᠯᠡᠵᠦ ᠪᠠᠶᠢᠨ᠎ᠠ᠃ ᠥᠪᠡᠷᠲᠡᠭᠡᠨ ᠵᠠᠰᠠᠬᠤ | ᠣᠷᠣᠨ ᠤ 25 ᠲᠤᠷᠰᠢᠯᠲᠠ ᠶᠢᠨ ᠬᠤᠰᠢᠭᠤ ᠰᠢᠶᠠᠨ ᠤ ᠳᠣᠲᠣᠷ᠎ᠠ᠂ ᠶᠡᠷᠦᠩᠬᠡᠢ ᠬᠤᠪᠢ ᠣᠯᠤᠭᠰᠠᠨ ᠨᠢ 180 | ᠬᠤᠪᠢ ᠠᠴᠠ ᠳᠡᠭᠡᠭᠰᠢ ᠬᠤᠰᠢᠭᠤ ᠰᠢᠶᠠᠨ 6 ᠪᠠᠶᠢᠵᠤ᠂ ᠡᠭᠦᠨ ᠤ ᠳᠣᠲᠣᠷ᠎ᠠ ᠮᠠᠨ ᠤ ᠬᠤᠲᠠ 3 ᠶᠢ ᠨᠢ ᠡᠵᠡᠯᠡᠵᠦ | ᠪᠠᠶᠢᠨ᠎ᠠ᠃ ᠡᠨᠡ ᠨᠢ ᠮᠠᠨ ᠤ ᠬᠤᠲᠠ ᠶᠢᠨ ᠬᠤᠰᠢᠭᠤ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠱᠠᠳᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ | ᠣᠯᠤᠭᠰᠠᠨ ᠢ ᠬᠠᠷᠠᠭᠤᠯᠵᠤ ᠪᠠᠶᠢᠨ᠎ᠠ᠃ | ᠬᠥᠲᠥᠯᠥᠭᠴᠢ᠄ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠲᠦᠯᠦᠪᠵᠢᠭᠦᠯᠭᠡ ᠶᠢᠨ ᠪᠠᠶᠢᠷᠢᠯᠠᠭᠤᠯᠤᠯᠲᠠ ᠶᠢ | ᠬᠡᠷᠬᠢᠨ ᠵᠦᠢ ᠵᠣᠬᠢᠰᠲᠠᠶ ᠲᠣᠬᠢᠷᠠᠭᠤᠯᠬᠤ ᠪᠣᠢ︖ | ᠡᠾᠧ ᠲᠣᠣ᠄ | ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠪᠦᠲᠦᠴᠡ ᠶᠢ ᠲᠣᠬᠢᠷᠠᠭᠤᠯᠬᠤ᠂ ᠬᠡᠪᠴᠢᠶ᠎ᠡ ᠶᠢ ᠲᠣᠬᠢᠷᠠᠮᠵᠢᠲᠠᠶ | ᠪᠠᠶᠢᠯᠭᠠᠬᠤ ᠵᠠᠷᠴᠢᠮ ᠶᠣᠰᠣᠭᠠᠷ᠂ ᠵᠠᠰᠠᠭ ᠵᠠᠬᠢᠷᠭᠠᠨ ᠤ ᠣᠷᠣᠨ ᠤ ᠬᠢᠵᠠᠭᠠᠷᠯᠠᠯ ᠢ ᠡᠪᠳᠡᠵᠦ᠂ ᠨᠡᠭᠦᠯᠭᠡᠨ ᠪᠠᠶᠢᠭᠤᠯᠬᠤ᠂ | ᠡᠮᠬᠢᠯᠡᠨ ᠨᠡᠶᠢᠯᠡᠭᠦᠯᠬᠦ᠂ ᠨᠠᠶᠢᠳᠠᠨ ᠬᠠᠮᠢᠶᠠᠷᠤᠭᠤᠯᠬᠤ ᠵᠡᠷᠭᠡ ᠠᠷᠭ᠎ᠠ ᠬᠡᠮᠵᠢᠶ᠎ᠡ ᠠᠪᠴᠤ᠂ ᠴᠢᠳᠠᠮᠵᠢ ᠨᠢ ᠠᠳᠠᠯᠢᠬᠠᠨ | ᠪᠣᠶᠤ ᠣᠶᠢᠷᠠᠯᠴᠠᠭ᠎ᠠ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢ ᠨᠡᠶᠢᠯᠡᠭᠦᠯᠦᠨ᠎ᠡ᠃ ᠬᠤᠲᠠ ᠶᠢᠨ | ᠲᠥᠪ ᠡᠮᠨᠡᠯᠭᠡ ᠶᠢᠨ ᠬᠤᠷᠢᠶ᠎ᠠ ᠬᠢᠭᠡᠳ ᠠᠷᠠᠳ ᠤᠨ ᠡᠮᠨᠡᠯᠭᠡ ᠶᠢᠨ ᠬᠤᠷᠢᠶ᠎ᠠ ᠶᠢ ᠡᠮᠬᠢᠯᠡᠨ ᠨᠡᠶᠢᠯᠡᠭᠦᠯᠵᠦ᠂ ᠨᠢᠭᠡ | ᠡᠮᠨᠡᠯᠭᠡ ᠶᠢᠨ ᠬᠤᠷᠢᠶ᠎ᠠ ᠬᠤᠶᠠᠷ ᠳᠦᠷᠢᠮ ᠢ ᠬᠡᠷᠡᠭᠵᠢᠭᠦᠯᠵᠦ᠂ ᠬᠤᠶᠠᠷ ᠬᠡᠰᠡᠭ ᠢ ᠬᠠᠷᠢᠴᠠᠩᠭᠤᠶ ᠪᠠᠷ ᠪᠡᠶ᠎ᠡ ᠶᠢ ᠨᠢ | ᠳᠠᠭᠠᠭᠠᠯᠭᠠᠵᠤ ᠂ ᠭᠤᠣᠯᠳᠠᠭᠤ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠡᠮᠨᠡᠯᠭᠡ ᠶᠢᠨ ᠪᠠᠶᠢᠭᠤᠯᠤᠮᠵᠢ | ᠪᠠ ᠪᠦᠯᠬᠦᠮ ᠲᠠᠢ ᠬᠠᠮᠲᠤᠷᠠᠨ ᠡᠳᠦᠢ ᠲᠡᠳᠦᠢ ᠣᠷᠣᠨ ᠬᠤᠪᠢᠶᠠᠷᠢ ᠶᠢᠨ ᠡᠮᠨᠡᠨ ᠵᠠᠰᠠᠬᠤ ᠲᠥᠪ ᠢ ᠪᠦᠲᠦᠭᠡᠨ | ᠪᠠᠶᠢᠭᠤᠯᠤᠨ᠎ᠠ︔ ᠬᠤᠲᠠ ᠶᠢᠨ ᠬᠢᠲᠠᠳ ᠡᠮᠨᠡᠯᠭᠡ ᠶᠢᠨ ᠬᠤᠷᠢᠶ᠎ᠠ ᠶᠢ ᠬᠢᠶ᠎ᠠ ᠪᠠᠭᠰᠢ ᠡᠮᠨᠡᠯᠭᠡ ᠶᠢᠨ ᠬᠤᠷᠢᠶ᠎ᠠ ᠲᠠᠢ | ᠨᠡᠶᠢᠯᠡᠭᠦᠯᠦᠨ᠎ᠡ︔ ᠬᠤᠲᠠ ᠭᠤᠷᠪᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠶᠢ ᠤᠯᠤᠰ ᠤᠨ ᠳᠣᠲᠣᠭᠠᠳᠤ ᠶᠢᠨ | ᠭᠤᠣᠯᠳᠠᠯᠭᠠᠲᠤ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠦᠯᠦᠭᠯᠡᠯ — ᠲᠦᠭᠡᠮᠡᠯ ᠬᠠᠶᠢᠷ᠎ᠠ ᠡᠮᠴᠢᠯᠡᠭᠡᠨ ᠤ | ᠪᠦᠯᠦᠭᠯᠡᠯ ᠳᠤ ᠨᠠᠶᠢᠳᠠᠨ ᠡᠵᠡᠩᠨᠡᠭᠦᠯᠦᠨ᠎ᠡ᠃ | ᠬᠥᠲᠥᠯᠥᠭᠴᠢ᠄ | ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠠᠯ᠎ᠠ ᠪᠠᠷ ᠶᠠᠭᠠᠬᠢᠵᠤ ᠦᠭᠡᠷᠡᠴᠢᠯᠡᠭᠰᠡᠨ ᠪᠤᠢ︖ | ᠡᠾᠧ ᠲᠣᠣ᠄ | ᠨᠢᠭᠡ ᠳᠤ ᠤᠳᠤ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠲᠥᠷᠢᠮ ᠢ ᠠᠯᠬᠤᠮ | ᠠᠯᠬᠤᠮ ᠢᠶᠠᠷ ᠪᠠᠶᠢᠭᠤᠯᠪᠠ᠃ ᠬᠤᠲᠠ ᠶᠢᠨ ᠳᠠᠷᠤᠭ᠎ᠠ ᠪᠠᠷ ᠡᠷᠬᠢᠯᠡᠭᠴᠢ ᠪᠣᠯᠭᠠᠭᠰᠠᠨ᠂ ᠬᠤᠳᠠ ᠶᠢᠨ ᠪᠠᠶᠢᠩᠭᠤ ᠶᠢᠨ | ᠳᠡᠳ᠋ ᠳᠠᠷᠤᠭ᠎ᠠ ᠪᠠ ᠬᠤᠪᠢᠶᠠᠨ ᠬᠠᠮᠢᠶᠠᠷᠬᠤ ᠬᠤᠲᠠ ᠶᠢᠨ ᠳᠡᠳ᠋ ᠳᠠᠷᠤᠭ᠎ᠠ ᠪᠠᠷ ᠳᠡᠳ᠋ ᠡᠷᠬᠢᠯᠡᠭᠴᠢ ᠪᠣᠯᠭᠠᠭᠰᠠᠨ᠂ | ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ᠂ ᠣᠷᠤᠨ ᠲᠤᠭ᠎ᠠ᠂ ᠥᠭᠡᠷᠡᠴᠢᠯᠡᠯᠲᠡ ᠬᠦᠭᠵᠢᠭᠦᠯᠣᠯᠲᠠ᠂ | ᠡᠳ᠋ ᠤᠨ ᠵᠠᠰᠠᠭ᠂ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ᠬᠤᠳᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠬᠠᠮᠢᠶᠠᠷᠤᠯᠲᠠ ᠶᠢᠨ ᠺᠣᠮᠢᠰ ᠢ ᠪᠠᠶᠢᠭᠤᠯᠵᠤ᠂ ᠵᠠᠰᠠᠭ ᠤᠨ ᠣᠷᠳᠣᠨ ᠤ ᠡᠮᠨᠡᠯᠭᠡ ᠡᠷᠬᠢᠯᠡᠬᠦ ᠡᠭᠦᠷᠭᠡ | ᠬᠠᠷᠢᠭᠤᠴᠠᠯᠭ᠎ᠠ ᠶᠢ ᠭᠦᠢᠴᠡᠳᠭᠡᠯᠭᠡᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠳ᠋ | ᠬᠦᠷᠦᠩᠭᠡ ᠶᠢᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠢᠨᠠᠯᠲᠠ ᠬᠠᠮᠢᠶᠠᠷᠤᠯᠲᠠ᠂ ᠠᠵᠢᠯ ᠤᠨ ᠠᠮᠵᠢᠯᠲᠠ | ᠪᠦᠲᠦᠮᠵᠢ ᠶᠢ ᠬᠢᠨᠠᠨ ᠰᠢᠯᠭᠠᠬᠤ ᠪᠠ ᠡᠮᠨᠡᠯᠭᠡ ᠶᠢᠨ ᠬᠤᠷᠢᠶᠠᠨ ᠤ ᠭᠤᠣᠯ ᠬᠠᠷᠢᠭᠤᠴᠠᠯᠭᠠᠲᠠᠨ ᠢ ᠲᠣᠮᠢᠯᠠᠨ | ᠬᠡᠷᠡᠭᠯᠡᠬᠦ ᠶᠢ ᠬᠠᠷᠢᠭᠤᠴᠠᠭᠤᠯᠪᠠ᠃ ᠨᠢᠭᠲᠠᠯᠠᠨ ᠪᠤᠳᠤᠭᠴᠢ ᠶᠢ ᠲᠣᠮᠢᠯᠠᠬᠤ ᠲᠦᠷᠢᠮ ᠢ ᠬᠡᠷᠡᠭᠵᠢᠭᠦᠯᠵᠦ᠂ ᠡᠮᠨᠡᠯᠭᠡ ᠶᠢᠨ | ᠬᠤᠷᠢᠶᠠᠨ ᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠭᠰᠠᠨ ᠪᠠᠶᠢᠨ᠎ᠠ᠃ ᠪᠦᠬᠦ ᠠᠵᠢᠯᠲᠠᠨ ᠢ ᠤᠷᠢᠨ | ᠬᠡᠷᠡᠭᠯᠡᠬᠦ᠂ ᠠᠵᠢᠯ ᠤᠨ ᠪᠠᠶᠢᠷᠢ ᠶᠢᠨ ᠬᠠᠮᠢᠶᠠᠷᠬᠤ᠂ ᠬᠡᠷᠡᠭᠴᠡᠭᠡ ᠪᠠᠨ ᠦᠨᠳᠦᠰᠦᠯᠡᠵᠦ ᠠᠵᠢᠯ ᠤᠨ ᠪᠠᠶᠢᠷᠢ | ᠲᠣᠬᠢᠷᠠᠭᠤᠯᠬᠤ ᠶᠢ ᠪᠠᠷᠢᠮᠳᠠᠯᠠᠬᠤ᠂ ᠦᠷᠢᠰᠦᠯᠳᠦᠭᠡᠨ ᠢᠶᠠᠷ ᠠᠵᠢᠯ ᠤᠨ ᠪᠠᠶᠢᠷᠢ ᠳᠤ ᠭᠠᠷᠬᠤ᠂ ᠠᠵᠢᠯ ᠤᠨ ᠪᠠᠶᠢᠷᠢ ᠢᠶᠠᠷ | ᠬᠠᠷᠢᠭᠤᠴᠠᠯᠭ᠎ᠠ ᠲᠣᠭᠲᠠᠭᠠᠬᠤ᠂ ᠠᠵᠢᠯ ᠤᠨ ᠪᠠᠶᠢᠷᠢ ᠬᠤᠪᠢᠷᠠᠪᠠᠯ ᠴᠠᠯᠢᠩ ᠴᠦ ᠬᠤᠪᠢᠷᠠᠬᠤ ᠶᠢᠨ ᠬᠥᠮᠦᠨ ᠬᠡᠷᠡᠭᠯᠡᠬᠦ | ᠲᠣᠭᠲᠠᠴᠠ ᠶᠢ ᠬᠡᠷᠡᠭᠵᠢᠭᠦᠯᠵᠦ᠂ ᠡᠮᠨᠡᠯᠭᠡ ᠶᠢᠨ ᠬᠤᠷᠢᠶᠠᠨ ᠤ ᠠᠵᠢᠯᠲᠠᠨ ᠡᠯᠰᠡᠬᠦ ᠪᠠ ᠬᠥᠮᠦᠨ ᠬᠡᠷᠡᠭᠯᠡᠬᠦ ᠡᠵᠡᠨ | ᠮᠡᠳᠡᠬᠦ ᠡᠷᠬᠡ ᠶᠢ ᠨᠠᠶᠢᠳᠠᠪᠤᠷᠢᠵᠢᠭᠤᠯᠪᠠ᠃ ᠬᠥᠮᠦᠰ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠲᠥᠷᠢᠮ ᠢ | ᠲᠡᠭᠦᠯᠳᠡᠷᠵᠢᠭᠦᠯᠵᠦ᠂ ᠡᠮᠨᠡᠯᠭᠡ ᠶᠢᠨ ᠠᠵᠢᠯᠲᠠᠳ ᠤᠨ ᠴᠠᠯᠢᠩ ᠣᠷᠣᠯᠭ᠎ᠠ ᠶᠢ ᠡᠮ ᠡᠮᠨᠡᠯᠭᠡ ᠶᠢᠨ ᠦᠢᠯᠡᠴᠢᠯᠡᠭᠡᠨ ᠤ | ᠲᠤᠭ᠎ᠠ ᠬᠡᠮᠵᠢᠶ᠎ᠡ᠂ ᠶᠠᠰᠤ ᠴᠢᠨᠠᠷ᠂ ᠮᠡᠷᠭᠡᠵᠢᠯ ᠤᠨ ᠬᠦᠴᠢᠷ ᠤᠨ ᠬᠡᠮᠵᠢᠶ᠎ᠡ᠂ ᠤᠯᠠᠨ ᠲᠦᠮᠡᠨ ᠤ ᠲᠠᠭᠠᠰᠢᠶᠠᠯ ᠤᠨ | ᠬᠡᠮᠵᠢᠶ᠎ᠡ ᠵᠡᠷᠭᠡ ᠲᠠᠢ ᠬᠤᠯᠪᠤᠭᠳᠠᠭᠤᠯᠵᠤ᠂ ᠣᠷᠣᠯᠭ᠎ᠠ ᠶᠢᠨ ᠵᠥᠷᠢᠶ᠎ᠡ ᠶᠢ ᠵᠦᠢ ᠵᠣᠬᠢᠰᠲᠠᠶ ᠶᠡᠬᠡᠰᠬᠡᠨ᠂ ᠡᠮᠨᠡᠯᠭᠡ ᠶᠢᠨ | ᠠᠵᠢᠯᠳᠠᠨ ᠤ ᠢᠳᠡᠪᠬᠢᠵᠢᠯ ᠢ ᠭᠦᠢᠴᠡᠳ ᠳᠠᠶᠢᠴᠢᠯᠠᠨ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠨᠡᠶᠢᠳᠡ ᠶᠢᠨ ᠠᠰᠠᠷᠠᠮᠵᠢ ᠶᠢᠨ ᠴᠢᠨᠠᠷ ᠢ ᠬᠠᠮᠠᠭᠠᠯᠠᠪᠠ᠃ | ᠬᠤᠶᠠᠷ ᠲᠤ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠪᠠ᠃ | ᠲᠤᠷᠰᠢᠯᠲᠠ ᠶᠢᠨ ᠬᠤᠰᠢᠭᠤ ᠲᠣᠭᠤᠷᠢᠭ ᠪᠥᠬᠦᠳᠡ ᠡᠮᠨᠡᠯᠭᠡ ᠶᠢᠨ ᠬᠤᠷᠢᠶᠠᠨ ᠤ ᠵᠠᠰᠠᠭ ᠵᠠᠬᠢᠷᠭᠠᠨ ᠤ ᠳᠡᠰ ᠢ | ᠪᠦᠬᠦᠨ ᠢ ᠬᠦᠴᠦᠨ ᠦᠭᠡᠢ ᠪᠣᠯᠭᠠᠨ᠂ ᠵᠠᠰᠠᠭ ᠵᠠᠬᠢᠷᠭᠠᠴᠢᠯᠠᠬᠤ ᠪᠣᠰᠤ ᠬᠠᠮᠢᠶᠠᠷᠤᠯᠲᠠ ᠶᠢ ᠬᠡᠷᠡᠭᠵᠢᠭᠦᠯᠵᠦ | ᠡᠮᠨᠡᠯᠭᠡ ᠶᠢᠨ ᠬᠤᠷᠢᠶᠠᠨ ᠤ ᠳᠠᠷᠤᠭ᠎ᠠ ᠶᠢ ᠨᠡᠶᠢᠭᠡᠮ ᠠᠴᠠ ᠢᠯᠡ ᠪᠠᠷ ᠤᠷᠢᠨ ᠵᠠᠯᠠᠪᠠ︔ ᠬᠤᠳᠠ ᠶᠢᠨ ᠰᠢᠭᠤᠳ | ᠬᠠᠷᠢᠶ᠎ᠠ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠳᠠᠷᠤᠭ᠎ᠠ ᠶᠢ ᠤᠷᠢᠨ ᠵᠠᠯᠠᠬᠤ ᠠᠯᠪᠠᠨ ᠵᠠᠷ ᠢ | ᠨᠢᠭᠡᠨᠲᠡ ᠵᠢᠩᠬᠢᠨᠢ ᠪᠠᠷ ᠲᠠᠷᠬᠠᠭᠠᠵᠤ ᠣᠳᠣ ᠶᠠᠭ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠠᠶᠢᠨ᠎ᠠ᠃ ᠡᠭᠦᠨ ᠤ ᠬᠠᠮᠲᠤ | ᠪᠦᠬᠦ ᠬᠤᠲᠠ ᠶᠢᠨ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠪᠣᠳᠠᠲᠤ | ᠴᠣᠭᠴᠠ ᠶᠢᠨ ᠣᠷᠤᠨ ᠲᠤᠭ᠎ᠠ ᠶᠢ ᠠᠯᠬᠤᠮ ᠠᠯᠬᠤᠮ ᠢᠶᠠᠷ ᠬᠦᠴᠦᠨ ᠦᠭᠡᠢ ᠪᠣᠯᠭᠠᠵᠤ᠂ ᠣᠷᠣᠨ ᠲᠤᠭ᠎ᠠ ᠶᠢ | ᠡᠳ᠋ ᠤᠨ ᠵᠠᠰᠠᠭ ᠡᠵᠡᠮᠳᠡᠬᠦ ᠬᠠᠮᠢᠶᠠᠷᠤᠯᠲᠠ ᠶᠢ ᠬᠡᠷᠡᠭᠵᠢᠭᠦᠯᠦᠨ᠂ ᠣᠷᠤᠨ ᠲᠤᠭ᠎ᠠ ᠪᠠᠷ ᠨᠦᠬᠦᠪᠦᠷᠢᠯᠡᠬᠦ ᠬᠡᠯᠪᠡᠷᠢ ᠶᠢ | ᠠᠪᠤᠨ᠂ ᠡᠮ ᠡᠮᠨᠡᠯᠭᠡ ᠶᠢᠨ ᠪᠠᠶᠢᠭᠤᠯᠤᠮᠵᠢ ᠳᠠᠬᠢ ᠣᠷᠣᠭᠤᠯᠤᠯᠲᠠ ᠪᠠᠨ ᠨᠡᠮᠡᠭᠳᠡᠭᠦᠯᠪᠡ᠃ ᠣᠳᠣᠬᠠᠨ ᠳᠤ᠂ | ᠬᠤᠲᠠ ᠶᠢᠨ ᠰᠢᠭᠤᠳ ᠬᠠᠷᠢᠶᠠᠲᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠳᠤ ᠨᠡᠶᠢᠳᠡ 2789 | ᠣᠷᠤᠨ ᠲᠤᠭ᠎ᠠ ᠪᠠᠶᠢᠵᠤ᠂ ᠡᠭᠦᠨ ᠳᠤ ᠡᠵᠡᠮᠰᠢᠯ ᠤᠨ ᠤᠷᠤᠨ ᠲᠤᠭ᠎ᠠ 2073 ᠪᠠᠶᠢᠵᠤ᠂ 74.3% ᠡᠵᠡᠯᠡᠵᠦ | ᠪᠠᠶᠢᠨ᠎ᠠ︔ 2009 ᠣᠨ ᠲᠠᠢ ᠬᠠᠷᠢᠴᠠᠭᠤᠯᠪᠠᠯ᠂ ᠶᠡᠷᠦᠩᠬᠡᠶ ᠤᠷᠤᠨ ᠲᠤᠭ᠎ᠠ 1529 ᠨᠡᠮᠡᠭᠳᠡᠨ᠂ ᠡᠭᠦᠨ ᠳᠤ | ᠡᠵᠡᠮᠰᠢᠯ ᠤᠨ ᠤᠷᠤᠨ ᠲᠤᠭ᠎ᠠ 1434 ᠨᠡᠮᠡᠭᠳᠡᠪᠡ᠃ | ᠬᠥᠲᠥᠯᠥᠭᠴᠢ᠄ | ᠤᠷᠳᠤᠰ ᠬᠤᠳᠠ ᠡᠮ ᠤᠨ ᠣᠷᠣᠯᠭ᠎ᠠ ᠪᠠᠷ ᠡᠮᠨᠡᠯᠭᠡ ᠶᠢ ᠨᠥᠬᠦᠪᠥᠷᠢᠯᠡᠬᠦ ᠶᠠᠪᠤᠳᠠᠯ ᠢ ᠦᠭᠡᠶᠢᠰᠭᠡᠬᠦ ᠲᠠᠯ᠎ᠠ ᠳᠤ | ᠶᠠᠭᠠᠬᠢᠵᠤ ᠬᠢᠭᠰᠡᠨ ᠪᠤᠢ︖ | ᠡᠾᠧ ᠲᠣᠣ᠄ | 2010 ᠣᠨ ᠠᠴᠠ ᠡᠬᠢᠯᠡᠨ᠂ ᠪᠦᠬᠦ ᠬᠤᠲᠠ ᠶᠢᠨ ᠵᠠᠰᠠᠭ ᠤᠨ ᠣᠷᠳᠣᠨ ᠤ ᠡᠷᠭᠢᠯᠡᠭᠰᠡᠨ ᠦᠨᠳᠦᠰᠦᠨ | ᠱᠠᠲᠤᠨ ᠤ ᠡᠮ ᠡᠮᠨᠡᠯᠭᠡ ᠶᠢᠨ ᠪᠠᠶᠢᠭᠤᠯᠤᠮᠵᠢ ︵ᠬᠤᠰᠢᠭᠤ ᠲᠣᠭᠤᠷᠢᠭ ᠤᠨ ᠱᠠᠲᠤᠨ ᠤ ᠡᠮᠨᠡᠯᠭᠡ ᠶᠢᠨ ᠬᠤᠷᠢᠶ᠎ᠠ ᠶᠢ | ᠪᠠᠭᠲᠠᠨ᠎ᠠ︶ ᠪᠦᠬᠦᠨ ᠳᠤ ᠤᠯᠤᠰ ᠤᠨ ᠡᠮ ᠤᠨ ᠵᠦᠢᠯ ᠤᠨ ᠦᠨᠳᠦᠰᠦᠨ ᠲᠦᠷᠢᠮ ᠢ ᠬᠡᠷᠡᠭᠵᠢᠭᠦᠯᠵᠦ | ᠣᠷᠤᠭᠤᠯᠤᠭᠰᠠᠨ ᠦᠨ᠎ᠡ ᠪᠠᠷ ᠨᠢ ᠪᠣᠷᠤᠯᠠᠭᠤᠯᠪᠠ᠃ ᠣᠷᠤᠭᠤᠯᠤᠭᠰᠠᠨ ᠦᠨ᠎ᠡ ᠪᠠᠷ ᠨᠢ ᠪᠣᠷᠤᠯᠠᠭᠤᠯᠬᠤ ᠠᠴᠠ ᠪᠣᠯᠵᠤ | ᠬᠠᠰᠤᠭᠳᠠᠭᠰᠠᠨ ᠵᠦᠢ ᠵᠣᠬᠢᠰᠲᠠᠶ ᠣᠷᠣᠯᠭ᠎ᠠ ᠶᠢ᠂ ᠭᠠᠵᠠᠷ ᠤᠷᠤᠨ ᠤ ᠤᠨ ᠡᠳ᠋ ᠤᠨ ᠵᠠᠰᠠᠭ ᠠᠴᠠ ᠡᠮ ᠤᠨ ᠵᠦᠢᠯ ᠢ | ᠪᠣᠷᠤᠯᠠᠭᠤᠯᠤᠭᠰᠠᠨ ᠶᠡᠷᠦᠩᠬᠡᠢ ᠦᠨ᠎ᠡ ᠶᠢᠨ 15 % ︵ᠮᠣᠩᠭᠤᠯ ᠡᠮ ᠬᠢᠲᠠᠳ ᠡᠮ ᠤᠨ 25%︶ ᠪᠠᠷ | ᠨᠦᠬᠦᠪᠦᠷᠢᠯᠡᠵᠦ ᠥᠭᠪᠡ᠃ ᠡᠮ ᠤᠨ ᠵᠦᠢᠯ ᠤᠨ ᠦᠨᠳᠦᠰᠦᠨ ᠲᠦᠷᠢᠮ ᠢ ᠬᠡᠷᠡᠭᠵᠢᠭᠦᠯᠦᠭᠰᠡᠨ ᠠᠴᠠ ᠨᠠᠰᠢ᠂ | ᠡᠪᠡᠳᠴᠢᠲᠡᠨ ᠲᠦᠮᠡᠨ ᠳᠤ ᠨᠡᠶᠢᠲᠡ 2.4 ᠳ᠋ᠦᠩᠰᠢᠭᠤᠷ ᠲᠥᠭᠦᠷᠢᠭ ᠤᠨ ᠡᠮ ᠤᠨ ᠵᠦᠢᠯ ᠤᠨ ᠳᠠᠷᠤᠭᠠᠰᠤ ᠶᠢ | ᠬᠦᠩᠭᠡᠷᠡᠭᠦᠯᠵᠦ ᠥᠭᠪᠡ᠃ ᠡᠨᠡ ᠵᠢᠯ ᠤᠨ 6 ᠳ᠋ᠤᠭᠠᠷ ᠰᠠᠷ᠎ᠠ ᠠᠴᠠ ᠡᠬᠢᠯᠡᠨ᠂ ᠬᠤᠳᠠ ᠶᠢᠨ ᠰᠢᠭᠤᠳ ᠬᠠᠷᠢᠶ᠎ᠠ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠦᠬᠦᠨ ᠳᠤ ᠡᠮ ᠤᠨ ᠵᠦᠢᠯ ᠢ ᠣᠷᠤᠭᠤᠯᠤᠭᠰᠠᠨ ᠦᠨ᠎ᠡ ᠪᠠᠷ | ᠨᠢ ᠪᠣᠷᠤᠯᠠᠭᠤᠯᠬᠤ ᠶᠢ ᠬᠡᠷᠡᠭᠵᠢᠭᠦᠯᠵᠦ᠂ ᠵᠢᠯ ᠪᠦᠷᠢ ᠡᠪᠡᠳᠴᠢᠲᠡᠨ ᠲᠦᠮᠡᠨ ᠳᠤ 6 ᠲᠦᠮᠡᠨ ᠲᠥᠭᠦᠷᠢᠭ ᠤᠨ | ᠡᠮ ᠤᠨ ᠵᠦᠢᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠦᠩᠭᠡᠷᠡᠭᠦᠯᠵᠦ ᠥᠭᠪᠡ᠃ ᠡᠮᠨᠡᠯᠭᠡ ᠶᠢᠨ ᠬᠤᠷᠢᠶ᠎ᠠ | ᠡᠭᠦᠨ ᠠᠴᠠ ᠪᠣᠯᠵᠤ ᠬᠠᠰᠤᠭᠳᠠᠭᠰᠠᠨ ᠣᠷᠣᠯᠭ᠎ᠠ ᠶᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠣᠯ 6:3:1᠂ | ᠲᠤᠰᠬᠠᠶ ᠮᠡᠷᠭᠡᠵᠢᠯ ᠤᠨ ᠡᠮᠨᠡᠯᠭᠡ ᠶᠢᠨ ᠬᠤᠷᠢᠶ᠎ᠠ ᠪᠣᠯ 3:6:1 ᠶᠢᠨ ᠬᠠᠷᠢᠴᠠᠯ ᠢᠶᠠᠷ ᠨᠦᠬᠦᠪᠦᠷᠢᠯᠡᠵᠦ ᠥᠭᠪᠡ᠃ | ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠨ ᠠᠪᠬᠤ | ᠲᠠᠪᠴᠠᠩ ᠤᠨ ᠳᠣᠣᠷ᠎ᠠ ᠲᠥᠪᠯᠡᠷᠡᠭᠦᠯᠵᠦ ᠪᠠᠶᠢᠭᠠᠳ ᠵᠦᠪᠯᠡᠯᠭᠡᠨ ᠤ ᠦᠨ᠎ᠡ ᠬᠠᠩᠰᠢ ᠪᠠᠷ ᠬᠤᠳᠠᠯᠳᠤᠨ ᠠᠪᠤᠪᠠ᠂ | ᠮᠠᠨ ᠤ ᠬᠤᠲᠠ ᠣᠳᠣ ᠶᠠᠭ ᠬᠤᠳᠠ ᠶᠢᠨ ᠱᠠᠲᠤᠨ ᠤ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠬᠤᠳᠠᠯᠳᠤᠨ | ᠠᠪᠬᠤ ᠬᠢᠨᠠᠯᠲᠠ ᠬᠠᠮᠢᠶᠠᠷᠤᠯᠲᠠ ᠪᠠ ᠳ᠋ᠦᠩᠨᠡᠨ ᠪᠤᠳᠤᠬᠤ ᠲᠠᠪᠴᠠᠩ ᠢ ᠪᠠᠶᠢᠭᠤᠯᠤᠭᠠᠳ ᠡᠮ ᠤᠨ ᠵᠦᠢᠯ ᠤᠨ | ᠦᠨ᠎ᠡ ᠶᠢ ᠪᠠᠭᠤᠷᠠᠭᠤᠯᠵᠤ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠦᠩᠭᠡᠷᠡᠭᠦᠯᠵᠦ ᠪᠠᠶᠢᠨ᠎ᠠ᠃ | | ᠬᠥᠲᠥᠯᠥᠭᠴᠢ᠄ | ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠥᠭᠬᠦ ᠳᠦᠷᠢᠮ ᠤᠨ ᠥᠭᠡᠷᠡᠴᠢᠯᠡᠯᠲᠡ ᠶᠢ ᠬᠡᠷᠬᠢᠨ ᠲᠦᠯᠬᠢᠨ | ᠠᠬᠢᠭᠤᠯᠬᠤ ᠪᠣᠢ︖ | ᠾᠧ ᠲᠣᠣ᠄ | ᠡᠮᠴᠢᠯᠡᠭᠡᠨ ᠤ ᠠᠷᠭ᠎ᠠ ᠵᠠᠮ᠂ ᠪᠦᠬᠦ ᠲᠤᠭ᠎ᠠ ᠪᠠᠷ ᠤᠷᠢᠳᠴᠢᠯᠠᠨ ᠲᠤᠰᠢᠶᠠᠬᠤ ᠪᠠ ᠭᠠᠭᠴᠠ ᠡᠪᠡᠳᠴᠢᠨ ᠤ | ᠲᠥᠷᠥᠯ ᠢᠶᠠᠷ ᠵᠠᠷᠤᠳᠠᠯ ᠲᠤᠰᠢᠶᠠᠬᠤ ᠥᠭᠡᠷᠡᠴᠢᠯᠡᠯᠲᠡ ᠶᠢ ᠢᠳᠡᠪᠬᠢᠲᠡᠢ ᠪᠠᠷ ᠳᠡᠯᠭᠡᠷᠡᠭᠦᠯᠦᠨ᠎ᠡ︔ ᠡᠯ᠎ᠡ ᠬᠤᠰᠢᠭᠤ | ᠲᠣᠭᠤᠷᠢᠭ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠴᠥᠮ ᠠᠷᠪᠠᠭᠠᠳ ᠡᠪᠡᠳᠴᠢᠨ ᠤ ᠲᠥᠷᠥᠯ ᠤᠨ | ᠡᠮᠴᠢᠯᠡᠭᠡᠨ ᠤ ᠠᠷᠭ᠎ᠠ ᠵᠠᠮ ᠢ ᠲᠣᠭᠲᠠᠭᠠᠪᠠ᠂ ᠬᠤᠲᠠ ᠶᠢᠨ ᠲᠥᠪ ᠡᠮᠨᠡᠯᠭᠡ ᠶᠢᠨ ᠬᠤᠷᠢᠶ᠎ᠠ 21ᠲᠤᠰᠬᠠᠢ ᠮᠡᠷᠭᠡᠵᠢᠯ᠂ | 158 ᠡᠪᠡᠳᠴᠢᠨ ᠤ ᠲᠥᠷᠥᠯ ᠤᠨ ᠡᠮᠴᠢᠯᠡᠭᠡᠨ ᠤ ᠠᠷᠭ᠎ᠠ ᠵᠠᠮ ᠢ ᠲᠣᠭᠲᠠᠭᠠᠪᠠ︔ ᠬᠡᠰᠡᠭ ᠬᠤᠰᠢᠭᠤ | ᠲᠣᠭᠤᠷᠢᠭ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠪᠦᠬᠦ ᠲᠤᠭ᠎ᠠ ᠪᠠᠷ ᠤᠷᠢᠳᠴᠢᠯᠠᠨ ᠲᠤᠰᠢᠶᠠᠬᠤ ᠶᠢ | ᠬᠡᠷᠡᠭᠵᠢᠭᠦᠯᠵᠡᠢ︔ ᠬᠤᠲᠠ ᠶᠢᠨ ᠳᠥᠷᠪᠡᠳᠦᠭᠡᠷ ᠠᠷᠠᠳ ᠤᠨ ᠡᠮᠨᠡᠯᠭᠡ ᠶᠢᠨ ᠬᠤᠷᠢᠶ᠎ᠠ ᠡᠮᠴᠢᠯᠡᠭᠡᠨ ᠤ ᠣᠷᠣ ᠶᠢᠨ | ᠡᠳᠦᠷ ᠤᠨ ᠲᠤᠭ᠎ᠠ ᠪᠠᠷ ᠵᠠᠷᠤᠳᠠᠯ ᠲᠤᠰᠢᠶᠠᠬᠤ ᠶᠢ ᠬᠡᠷᠡᠭᠵᠢᠭᠦᠯᠵᠦ᠂ ᠡᠮ ᠡᠮᠨᠡᠯᠭᠡ ᠶᠢᠨ ᠶᠡᠷᠦᠩᠬᠡᠢ ᠵᠠᠷᠤᠳᠠᠯ ᠪᠣᠯᠣᠨ | ᠣᠳᠠᠭ᠎ᠠ ᠪᠦᠷᠢ ᠶᠢᠨ ᠵᠠᠷᠤᠳᠠᠯ ᠢ ᠪᠦᠲᠦᠮᠵᠢᠲᠡᠢ ᠪᠠᠷ ᠬᠢᠵᠠᠭᠠᠷᠯᠠᠪᠠ᠃ | ᠬᠥᠲᠥᠯᠥᠭᠴᠢ᠄ | ᠤᠯᠠᠨ ᠡᠰᠢᠯᠡᠭᠰᠡᠨ ᠡᠮᠨᠡᠯᠭᠡ ᠡᠷᠬᠢᠯᠡᠬᠦ ᠲᠠᠯ᠎ᠠ ᠪᠠᠷ ᠶᠠᠮᠠᠷ ᠪᠣᠳᠠᠲᠠᠢ ᠠᠷᠭ᠎ᠠ ᠪᠠᠶᠢᠬᠤ ᠪᠣᠢ︖ | ᠾᠧ ᠲᠣᠣ᠄ | ᠨᠡᠶᠢᠭᠡᠮ ᠤᠨ ᠬᠦᠴᠦᠨ ᠤ ᠡᠷᠬᠢᠯᠡᠭᠰᠡᠨ ᠠᠰᠢᠭ ᠬᠤᠨᠵᠢᠪᠤᠷᠢ ᠶᠢᠨ ᠪᠤᠰᠤ ᠴᠢᠨᠠᠷᠲᠠᠢ ᠡᠮᠨᠡᠯᠭᠡ ᠶᠢᠨ | ᠪᠠᠶᠢᠭᠤᠯᠤᠮᠵᠢ ᠳᠤ ᠠᠯᠪᠠᠨ ᠤ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠲᠠᠢ ᠠᠳᠠᠯᠢᠬᠠᠨ ᠬᠠᠷᠠᠭᠠᠯᠵᠠᠯ ᠬᠦᠷᠲᠡᠭᠡᠨ᠎ᠡ᠃ | ᠬᠤᠲᠠ ᠶᠢᠨ ᠡᠳ᠋ ᠤᠨ ᠵᠠᠰᠠᠭ ᠠᠴᠠ 3200 ᠲᠦᠮᠡᠨ ᠲᠦᠭᠦᠷᠡᠭ ᠤᠨ ᠪᠡᠯᠡ ᠤᠷᠤᠭᠤᠯᠤᠨ ᠠᠷᠠᠳ ᠠᠴᠠ | ᠡᠵᠡᠩᠨᠡᠭᠰᠡᠨ ᠡᠮᠨᠡᠯᠭᠡ ᠶᠢᠨ ᠬᠤᠷᠢᠶ᠎ᠠ ᠶᠢ ᠲᠤᠰᠬᠠᠢ ᠳᠡᠮᠵᠢᠬᠦ ᠱᠠᠩᠨᠠᠯ ᠤᠨ ᠰᠠᠭᠤᠷᠢ ᠮᠥᠩᠭᠦ ᠶᠢ ᠪᠠᠶᠢᠭᠤᠯᠵᠤ᠂ | ᠠᠷᠠᠳ ᠠᠴᠠ ᠡᠷᠬᠢᠯᠡᠵᠦ ᠠᠯᠪᠠᠨ ᠠᠴᠠ ᠳᠡᠮᠵᠢᠬᠦ᠂ ᠦᠢᠯᠡᠴᠢᠯᠡᠭᠡ ᠶᠢ ᠬᠤᠳᠠᠯᠳᠤᠨ ᠠᠪᠬᠤ᠂ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠨᠠᠶᠢᠳᠠᠵᠤ ᠬᠠᠮᠢᠶᠠᠷᠤᠭᠤᠯᠬᠤ ᠵᠡᠷᠭᠡ ᠤᠯᠠᠨ | ᠵᠦᠢᠯ ᠤᠨ ᠬᠡᠯᠪᠡᠷᠢ ᠪᠠᠷ ᠳᠠᠮᠵᠢᠨ ᠠᠷᠠᠳ ᠠᠴᠠ ᠡᠵᠡᠩᠨᠡᠭᠰᠡᠨ ᠪᠠᠶᠢᠭᠤᠯᠤᠮᠵᠢ ᠶᠢᠨ ᠬᠥᠭᠵᠢᠯᠲᠡ ᠶᠢ ᠳᠡᠮᠵᠢᠪᠡ᠃ | ᠣᠳᠣᠬᠠᠨ ᠳᠤ᠂ ᠪᠦᠬᠦ ᠬᠤᠲᠠ ᠳᠤ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ ᠨᠡᠶᠢᠲᠡ 56 ᠪᠠᠶᠢᠵᠤ᠂ | ᠡᠪᠡᠳᠴᠢᠲᠡᠨ ᠤ ᠣᠷᠣ ᠶᠢᠨ ᠲᠤᠭ᠎ᠠ ᠨᠢ ᠪᠦᠬᠦ ᠬᠤᠲᠠ ᠶᠢᠨ ᠶᠡᠷᠦᠩᠬᠡᠢ ᠡᠪᠡᠳᠴᠢᠲᠡᠨ ᠤ ᠣᠷᠣ ᠶᠢᠨ 23% ᠶᠢ | ᠡᠵᠡᠯᠡᠵᠦ ᠪᠣᠢ᠂ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ ᠬᠢᠭᠡᠳ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠡᠮᠬᠢ ᠴᠡᠭᠴᠡᠲᠡᠢ ᠪᠠᠷ ᠥᠷᠢᠰᠦᠯᠳᠦᠵᠦ᠂ ᠬᠠᠮᠲᠤᠪᠠᠷ ᠬᠥᠭᠵᠢᠬᠦ ᠰᠠᠶᠢᠨ ᠰᠠᠶᠢᠬᠠᠨ ᠪᠠᠶᠢᠳᠠᠯ ᠢ | ᠨᠢᠭᠡᠨᠲᠡ ᠦᠨᠳᠦᠰᠦᠨ ᠳᠡᠭᠡᠨ ᠪᠣᠢ ᠪᠣᠯᠭᠠᠪᠠ᠃ | ᠬᠥᠲᠥᠯᠥᠭᠴᠢ᠄ | ᠮᠣᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠵᠣᠷᠢᠭᠵᠢᠭᠤᠯᠬᠤ ᠲᠠᠯ᠎ᠠ ᠪᠠᠷ ᠶᠠᠮᠠᠷ ᠶᠠᠮᠠᠷ | ᠦᠷ᠎ᠡ ᠪᠦᠲᠦᠮᠵᠢ ᠣᠯᠣᠭᠰᠠᠨ ᠪᠣᠢ︖ | ᠾᠧ ᠲᠣᠣ᠄ | ᠪᠦᠬᠦ ᠬᠤᠲᠠ ᠳᠤ ᠨᠡᠶᠢᠲᠡ ᠮᠣᠩᠭᠤᠯ ᠬᠢᠲᠠᠳ 9 ᠰᠠᠭᠤᠷᠢ ᠡᠮᠨᠡᠯᠭᠡ ᠶᠢᠨ ᠬᠤᠷᠢᠶ᠎ᠠ ᠪᠠᠶᠢᠭᠤᠯᠵᠤ᠂ | ᠤᠯᠤᠰ ᠤᠨ ᠪᠠᠷᠢᠮᠵᠢᠶᠠᠵᠢᠭᠤᠯᠤᠯᠲᠠ ᠪᠠᠷ ᠡᠮ ᠨᠠᠶᠢᠷᠠᠭᠤᠯᠬᠤ ᠭᠡᠷ 5 ᠪᠠᠶᠢᠵᠤ᠂10 ᠡᠮ ᠤᠨ ᠬᠡᠯᠪᠡᠷᠢ᠂ 198 | ᠲᠥᠷᠥᠯ ᠤᠨ ᠡᠮ ᠢ ᠲᠤᠳᠤᠭᠠᠳᠤ ᠳᠤ ᠪᠡᠶ᠎ᠡ ᠪᠠᠨ ᠳᠠᠭᠠᠭᠠᠵᠤ ᠦᠢᠯᠡᠳᠪᠦᠷᠢᠯᠡᠵᠦ ᠪᠣᠯᠣᠨ᠎ᠠ︔ ᠤᠯᠤᠰ ᠤᠨ ᠬᠢᠲᠠᠳ | ᠮᠣᠩᠭᠤᠯ ᠡᠮ ᠡᠮᠨᠡᠯᠭᠡ ᠶᠢᠨ ᠠᠵᠢᠯ ᠤᠨ ᠲᠡᠷᠢᠭᠦᠨ ᠤ ᠬᠤᠲᠠ ᠶᠢ ᠡᠭᠦᠳᠦᠨ ᠪᠠᠶᠢᠭᠤᠯᠬᠤ ᠶᠢ ᠲᠦᠷᠭᠡᠳᠬᠡᠵᠦ᠂ | ᠴᠢᠳᠠᠪᠤᠷᠢᠲᠠᠨ ᠤ ᠬᠥᠮᠥᠵᠢᠭᠦᠯᠦᠯ ᠪᠠ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠡᠷᠴᠢᠮ ᠢᠶᠠᠨ ᠪᠠᠨ | ᠴᠢᠩᠭᠠᠷᠠᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡ ᠶᠢ ᠬᠡᠷᠡᠭᠯᠡᠬᠦ ᠶᠢ ᠵᠣᠷᠢᠭᠵᠢᠭᠤᠯᠵᠤ᠂ | ᠮᠣᠩᠭᠤᠯ ᠬᠢᠲᠠᠳ ᠡᠮ ᠡᠮᠴᠢᠯᠡᠭᠡ ᠶᠢᠨ ᠦᠢᠯᠡᠴᠢᠯᠡᠭᠡ ᠶᠢᠨ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ | ᠡᠬᠢᠯᠡᠯᠲᠡ ᠶᠢᠨ ᠲᠤᠭ᠎ᠠ ᠶᠢ 50 % ᠪᠠᠭᠤᠷᠠᠭᠤᠯᠵᠤ᠂ ᠳᠠᠩᠰᠠ ᠲᠠᠶᠢᠯᠬᠤ ᠬᠠᠷᠢᠴᠠᠯ ᠢ 15 ᠵᠠᠭᠤᠨ ᠤ ᠴᠡᠭ ᠢᠶᠠᠷ | ᠳᠡᠭᠡᠭᠰᠢᠯᠡᠭᠦᠯᠵᠦ᠂ ᠢᠯᠢᠵᠦ ᠨᠤᠬᠤᠯᠠᠬᠤ ᠰᠣᠷᠣᠭᠤᠯ ᠲᠠᠯᠪᠢᠬᠤ ᠵᠡᠷᠭᠡ ᠡᠮ ᠤᠨ ᠲᠦᠷᠦᠯ ᠤᠨ ᠪᠤᠰᠤ ᠵᠠᠰᠠᠯᠲᠠ ᠶᠢ | ᠳᠠᠩᠰᠠ ᠲᠠᠶᠢᠯᠬᠤ ᠬᠡᠪᠴᠢᠶᠡᠨ ᠳᠤ ᠣᠷᠣᠭᠤᠯᠵᠦ᠂ ᠮᠣᠩᠭᠤᠯ ᠬᠢᠲᠠᠳ ᠡᠮ ᠡᠮᠨᠡᠯᠭᠡ ᠶᠢᠨ ︽ᠬᠢᠯᠪᠠᠷ᠂ ᠳᠥᠭᠦᠮ᠂ | ᠣᠨᠣᠬᠤ᠂ ᠬᠢᠮᠳᠠ︾ ᠣᠨᠴᠠᠯᠢᠭ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠳᠤ ᠴᠢᠨᠠᠷ ᠰᠠᠶᠢᠲᠠᠢ ᠦᠨ᠎ᠡ | ᠬᠢᠮᠳᠠ ᠡᠮᠴᠢᠯᠡᠭᠡᠨ ᠤ ᠦᠢᠯᠡᠴᠢᠯᠡᠭᠡ ᠬᠠᠩᠭᠠᠪᠠ᠃ | ᠬᠥᠲᠥᠯᠥᠭᠴᠢ᠄ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠳᠤᠮᠳᠠ᠂ ᠣᠷᠳᠣᠰ ᠬᠤᠲᠠ | ᠡᠶᠢᠮᠦ ᠤᠯᠠᠨ ᠥᠭᠡᠷᠡᠴᠢᠯᠡᠬᠦ ᠰᠦᠪᠡᠭᠴᠢᠯᠡᠯᠲᠡ ᠬᠢᠭᠰᠡᠨ ᠲᠤᠯᠠ᠂ ᠠᠷᠠᠳ ᠲᠦᠮᠡᠨ ᠳᠤ ᠯᠠᠪᠲᠠᠢ ᠤᠯᠠᠨ ᠬᠠᠷᠠᠭᠠᠯᠵᠠᠯ | ᠦᠵᠡᠭᠦᠯᠦᠭᠰᠡᠨ ᠪᠠᠶᠢᠬ᠎ᠠ︖ | ᠾᠧ ᠲᠣᠣ᠄ | ᠡᠮ ᠡᠮᠨᠡᠯᠭᠡ ᠶᠢᠨ ᠰᠢᠨ᠎ᠡ ᠥᠭᠡᠷᠡᠴᠢᠯᠡᠯᠲᠡ ᠶᠢ ᠡᠬᠢᠯᠡᠭᠦᠯᠦᠭᠰᠡᠨ ᠠᠴᠠ ᠠᠪᠤᠭᠠᠳ᠂ ᠪᠢᠳᠡᠨ ᠡᠮ | ᠡᠮᠨᠡᠯᠭᠡ ᠶᠢᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠬᠢᠨᠠᠨ ᠰᠢᠯᠭᠠᠬᠤ ᠠᠵᠢᠯ ᠢ ᠲᠠᠰᠤᠯᠳᠠᠭᠤᠯᠤᠯ ᠦᠭᠡᠢ ᠪᠠᠷ | ᠵᠡᠷᠭᠡᠪᠡᠷ ᠶᠠᠪᠤᠭᠳᠠᠭᠤᠯᠪᠡ᠃ ᠬᠢᠨᠠᠨ ᠰᠢᠯᠭᠠᠬᠤ ᠰᠢᠰᠲ᠋ᠧᠮᠵᠢ ᠪᠠᠷ ᠳᠠᠮᠵᠢᠭᠤᠯᠤᠨ᠂ ᠥᠭᠡᠷᠡᠴᠢᠯᠡᠯᠲᠡ ᠶᠢᠨ ᠳᠤᠮᠳᠠ | ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠣᠯᠵᠤ ᠮᠡᠳᠡᠵᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ | ᠰᠠᠯᠠᠭ᠎ᠠ ᠮᠥᠴᠢᠷ ᠲᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠴᠠᠭ ᠲᠤᠬᠠᠢ ᠳᠤᠨᠢ ᠲᠣᠬᠢᠷᠠᠭᠤᠯᠬᠤ ᠪᠠ | ᠲᠡᠭᠦᠯᠳᠡᠷᠵᠢᠭᠦᠯᠬᠦ ᠳᠤ ᠦᠨᠳᠦᠰᠦᠯᠡᠯ ᠣᠯᠭᠤᠨ ᠥᠭᠭᠦᠭᠰᠡᠨ ᠤ ᠳᠠᠭᠠᠤ ᠡᠮ ᠡᠮᠨᠡᠯᠭᠡ ᠶᠢᠨ ᠥᠭᠡᠷᠡᠴᠢᠯᠡᠯᠲᠡ ᠠᠴᠠ | ᠡᠮᠦᠨ᠎ᠡ ᠬᠤᠶᠢᠨᠠᠬᠢ ᠣᠯᠠᠨ ᠲᠦᠮᠡᠨ ᠤ ᠬᠦᠷᠲᠡᠬᠦ ᠠᠰᠢᠭ ᠲᠣᠰᠠ᠂ ᠡᠮ ᠡᠮᠨᠡᠯᠭᠡ ᠶᠢᠨ ᠦᠢᠯᠡᠴᠢᠯᠡᠭᠡᠨ ᠤ | ᠬᠤᠪᠢᠷᠠᠯᠲᠠ ᠵᠡᠷᠭᠡ ᠳᠤ ᠬᠠᠷᠢᠴᠠᠭᠤᠯᠤᠯ ᠵᠠᠳᠠᠯᠤᠯᠲᠠ ᠬᠢᠪᠠ᠃ ᠬᠠᠷᠢᠴᠠᠭᠤᠯᠬᠤ ᠪᠠᠷ ᠳᠠᠮᠵᠢᠭᠤᠯᠵᠤ ᠣᠯᠵᠤ | ᠮᠡᠳᠡᠭᠰᠡᠨ ᠭᠤᠣᠯ ᠬᠤᠪᠢᠷᠠᠯᠲᠠ ᠭᠡᠪᠡᠯ᠄ ᠨᠢᠭᠡ ᠳᠤ ᠵᠠᠰᠠᠭ ᠤᠨ ᠣᠷᠳᠣᠨ ᠤ ᠡᠮ ᠡᠮᠨᠡᠯᠭᠡ ᠡᠷᠡᠭᠦᠯ ᠬᠠᠮᠠᠭᠠᠯᠠᠯ ᠳᠠᠬᠢ | ᠪᠡᠯᠡ ᠣᠷᠤᠭᠤᠯᠤᠯᠲᠠ ᠲᠠᠰᠤᠷᠠᠯᠲᠠ ᠦᠭᠡᠢ ᠨᠡᠮᠡᠭᠳᠡᠪᠡ᠃ ᠬᠤᠲᠠ ᠶᠢᠨ 80% ᠶᠢᠨ ᠭᠠᠵᠠᠷ ᠣᠷᠣᠨ ︽15 | ᠮᠢᠨᠦ᠋ᠲ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠠᠭᠠᠷᠢᠭ︾ ᠢ ᠪᠡᠶᠡᠯᠡᠭᠦᠯᠪᠡ᠂ ᠮᠠᠯᠵᠢᠬᠤ ᠲᠠᠷᠢᠶᠠᠯᠠᠬᠤ ᠣᠷᠣᠨ | ︽ᠨᠢᠭᠡ ᠲᠣᠰᠬᠤᠨ ᠨᠢᠭᠡ ᠡᠮᠨᠡᠯᠭᠡ ᠶᠢᠨ ᠥᠷᠥᠭᠡ ᠲᠠᠢ ᠪᠠᠶᠢᠬᠤ᠂ ᠨᠢᠭᠡ ᠰᠢᠶᠠᠩ ᠨᠢᠭᠡ ᠡᠮᠨᠡᠯᠭᠡ ᠶᠢᠨ ᠬᠤᠷᠢᠶ᠎ᠠ ᠲᠠᠢ | ᠪᠠᠶᠢᠬᠤ︾ ᠬᠠᠷᠠᠯᠲᠠ ᠶᠢᠨ ᠱᠠᠭᠠᠷᠳᠠᠯᠭ᠎ᠠ ᠶᠢ ᠪᠡᠶᠡᠯᠡᠭᠦᠯᠪᠡ᠃ ᠬᠤᠶᠠᠷ ᠲᠤ ᠦᠨᠳᠦᠰᠦᠨ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠪᠠ ᠦᠷ᠎ᠡ ᠪᠦᠲᠦᠮᠵᠢ ᠲᠠᠰᠤᠷᠠᠯᠲᠠ ᠦᠭᠡᠢ ᠳᠡᠭᠡᠭᠰᠢᠯᠡᠵᠤ᠂ ᠡᠮ | ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ᠂ ᠬᠢᠷᠢ ᠲᠦᠪᠰᠢᠨ ᠪᠠ ᠦᠷ᠎ᠡ ᠪᠦᠲᠦᠮᠵᠢ | ᠦᠨᠳᠦᠰᠦᠨ ᠴᠢᠨᠠᠷᠲᠠᠢ ᠰᠠᠶᠢᠵᠢᠷᠠᠪᠠ᠃ ᠭᠤᠷᠪᠠ ᠳᠤ ᠤᠯᠠᠨ ᠲᠦᠮᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡ ᠶᠢ ᠬᠦᠷᠲᠡᠬᠦ ᠴᠢᠨᠠᠷ ᠳᠡᠭᠡᠭᠰᠢᠯᠡᠵᠤ᠂ ᠤᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ | ᠳᠠᠷᠤᠭᠠᠰᠤ ᠶᠢ ᠪᠦᠲᠦᠮᠵᠢᠲᠡᠢ ᠪᠠᠷ ᠬᠥᠩᠭᠡᠯᠡᠪᠡ᠃ ᠳᠥᠷᠪᠡ ᠳᠤ᠂ ᠡᠮ ᠡᠮᠨᠡᠯᠭᠡ ᠶᠢᠨ ᠳᠠᠭᠠᠳᠬᠠᠯ ᠤᠨ | ᠪᠦᠷᠬᠦᠴᠠ ᠶᠢᠨ ᠬᠡᠪᠴᠢᠶ᠎ᠡ ᠲᠠᠰᠤᠷᠠᠯᠲᠠ ᠦᠭᠡᠢ ᠥᠷᠭᠡᠵᠢᠵᠤ᠂ ᠵᠣᠩᠭᠢᠯᠬᠤ ᠣᠯᠠᠨ ᠲᠣᠭᠠᠨ ᠤ ᠰᠠᠭᠤᠭᠠᠯᠢ | ᠠᠷᠠᠳ ᠤᠨ ᠡᠪᠡᠳᠴᠢᠨ ᠦᠵᠡᠭᠦᠯᠬᠦ ᠨᠢ ᠪᠠᠲᠤᠯᠠᠭ᠎ᠠ ᠲᠠᠢ ᠪᠣᠯᠪᠠ᠃ ᠲᠠᠪᠤ ᠳᠤ ᠰᠠᠭᠤᠭᠠᠯᠢ ᠠᠷᠠᠳ ᠤᠨ ᠡᠮᠨᠡᠯᠭᠡ ᠳᠤ | ᠰᠠᠭᠤᠬᠤ ᠬᠤᠪᠢ ᠶᠢᠨ ᠰᠦᠢᠳᠬᠡᠯ ᠤᠨ ᠬᠠᠷᠢᠴᠠᠯ ᠢᠯᠡᠷᠬᠡᠢ ᠳᠣᠷᠣᠭᠰᠢᠯᠠᠵᠤ᠂ ᠪᠦᠬᠦ ᠬᠤᠲᠠ ᠶᠢᠨ ᠰᠠᠭᠤᠭᠠᠯᠢ | ᠠᠷᠠᠳ ᠤᠨ ᠡᠪᠡᠳᠴᠢᠨ ᠠᠴᠠ ᠪᠣᠯᠵᠤ ᠶᠠᠳᠠᠭᠤᠷᠠᠬᠤ ᠪᠠ ᠳᠠᠬᠢᠵᠤ ᠶᠠᠳᠠᠭᠤᠷᠠᠬᠤ ᠦᠵᠡᠭᠳᠡᠯ ᠢ ᠪᠦᠲᠦᠮᠵᠢᠲᠡᠢ ᠪᠠᠷ | ᠨᠠᠮᠳᠠᠭᠠᠪᠠ᠃ ᠵᠢᠷᠭᠤᠭ᠎ᠠ ᠳᠤ᠂ ᠰᠠᠭᠤᠭᠠᠯᠢ ᠠᠷᠠᠳ ᠤᠨ ᠭᠤᠣᠯ ᠡᠷᠡᠭᠦᠯ ᠮᠡᠨᠳᠦ ᠶᠢᠨ ᠵᠢᠭᠠᠯᠲᠠ ᠲᠤᠭ᠎ᠠ ᠢᠯᠡᠷᠬᠡᠢ | ᠰᠠᠶᠢᠵᠢᠷᠠᠪᠠ᠃ ᠣᠳᠣ ᠣᠷᠳᠣᠰ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠬᠥᠭᠵᠢᠯᠲᠡ ᠢᠳᠡᠭ | ᠢᠳᠡᠭ ᠢᠶᠠᠷ ᠰᠠᠶᠢᠨ ᠡᠷᠭᠢᠯᠲᠡ ᠶᠢᠨ ᠵᠠᠮ ᠳᠤ ᠪᠠᠨ ᠣᠷᠣᠵᠤ᠂ ᠡᠮ ᠡᠮᠨᠡᠯᠭᠡ ᠶᠢᠨ ᠡᠮᠬᠢ ᠵᠢᠷᠤᠮ ᠶᠡᠷᠦᠩᠬᠡᠢ ᠳᠡᠭᠡᠨ | ᠰᠠᠶᠢᠨ ᠲᠡᠰᠢ ᠪᠠᠶᠠᠷᠯᠠᠭᠤᠰᠢᠲᠠᠢ ᠬᠤᠪᠢᠷᠠᠯᠲᠠ ᠲᠠᠢ ᠪᠣᠯᠵᠤ ᠪᠠᠶᠢᠨ᠎ᠠ᠃ | ᠬᠥᠲᠥᠯᠥᠭᠴᠢ᠄ | ᠵᠠ ᠰᠠᠶᠢᠨ ᠪᠣᠯᠣᠯ᠎ᠠ᠂ ᠾᠧ ᠡᠷᠬᠢᠯᠡᠭᠴᠢ ᠶᠢᠨ ᠨᠠᠷᠢᠨ ᠲᠠᠶᠢᠯᠪᠤᠷᠢ ᠬᠢᠭᠰᠡᠨ ᠳᠤ ᠮᠠᠰᠢ ᠲᠠᠯᠠᠷᠬᠠᠯ᠎ᠠ᠂ ᠮᠥᠨᠴᠦ | ᠣᠷᠳᠣᠰ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠨᠡᠩ ᠰᠠᠶᠢᠨ | ᠦᠷ᠎ᠡ ᠪᠦᠲᠦᠮᠵᠢ ᠣᠯᠬᠤ ᠶᠢ ᠵᠥᠩᠨᠡᠶ᠎ᠡ︕ | ᠾᠧ ᠲᠤᠣ᠄ | ᠪᠠᠶᠠᠷᠯᠠᠯ᠎ᠠ︕ ᠬᠤᠶᠢᠰᠢᠳᠠ ᠪᠢᠳᠡ ᠦᠷᠭᠦᠯᠵᠢᠯᠡᠨ ᠪᠦᠬᠦ ᠲᠠᠯ᠎ᠠ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠᠷ ᠵᠢᠯᠣᠭᠤᠳᠤᠭᠤᠯᠵᠤ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ᠂ ᠠᠵᠢᠯᠯᠠᠭᠠᠨ ᠤ ᠲᠤᠭᠲᠠᠴᠠ᠂ ᠨᠥᠬᠦᠪᠦᠷᠢ ᠶᠢᠨ | ᠲᠤᠭᠲᠠᠴᠠ ᠪᠠ ᠬᠢᠨᠠᠨ ᠬᠠᠮᠢᠶᠠᠷᠤᠯᠲᠠ ᠶᠢᠨ ᠲᠤᠭᠲᠠᠴᠠ ᠵᠡᠷᠭᠡ ᠬᠦᠷᠢᠶ᠎ᠡ ᠬᠡᠪᠴᠢᠶᠡᠨ ᠳᠠᠬᠢ ᠥᠭᠡᠷᠡᠴᠢᠯᠡᠯᠲᠡ ᠶᠢ | ᠲᠦᠯᠬᠢᠨ ᠠᠬᠢᠭᠤᠯᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠪᠠ ᠬᠢᠷᠢ ᠲᠦᠪᠰᠢᠨ ᠢ ᠦᠨᠡᠨᠬᠦ | ᠳᠡᠭᠡᠭᠰᠢᠯᠡᠭᠦᠯᠵᠦ᠂ ᠡᠮᠨᠡᠯᠭᠡ ᠶᠢᠨ ᠠᠵᠢᠯᠲᠠᠳ ᠤᠨ ᠢᠳᠡᠪᠬᠢ ᠴᠢᠨᠠᠷ ᠢ ᠳᠠᠶᠢᠴᠢᠯᠠᠵᠤ᠂ ᠡᠮ ᠡᠮᠨᠡᠯᠭᠡ ᠶᠢᠨ | ᠦᠢᠯᠡᠴᠢᠯᠡᠭᠡᠨ ᠤ ᠥᠪᠡᠷ ᠤᠨ ᠥᠷᠲᠡᠭ ᠪᠠ ᠵᠠᠷᠤᠳᠠᠯ ᠢ ᠪᠠᠭᠠᠰᠬᠠᠵᠤ᠂ ᠡᠮ ᠡᠮᠨᠡᠯᠭᠡ ᠶᠢᠨ ᠳᠠᠭᠠᠳᠬᠠᠯ᠂ ᠡᠮ | ᠡᠮᠨᠡᠯᠭᠡ᠂ ᠡᠮ ᠡᠮᠴᠢᠯᠡᠭᠡ ᠶᠢ ᠬᠤᠯᠪᠣᠭᠠᠯᠠᠨ ᠳᠠᠶᠢᠴᠢᠯᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠶᠢᠨ ᠦᠷᠭᠦᠯᠵᠢᠯᠡᠨ ᠬᠥᠭᠵᠢᠬᠦ ᠶᠢ ᠠᠬᠢᠭᠤᠯᠵᠤ᠂ ᠡᠷᠡᠭᠦᠯ ᠮᠡᠨᠳᠦ ᠣᠷᠳᠣᠰ ᠢ ᠴᠣᠭᠴᠠᠯᠠᠨ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠵᠤ᠂ ᠭᠡᠷᠡᠯ ᠰᠠᠴᠤᠷᠠᠩᠭᠤᠢ ᠣᠷᠳᠣᠰ ᠬᠤᠲᠠ ᠶᠢ ᠪᠠᠶᠢᠭᠤᠯᠬᠤ ᠳᠤ ᠨᠡᠩ ᠶᠡᠭᠡ | ᠰᠢᠨ᠎ᠡ ᠬᠤᠪᠢ ᠨᠡᠮᠡᠷᠢ ᠶᠢ ᠦᠵᠡᠭᠦᠯᠣᠨ᠎ᠠ᠃ | ᠬᠥᠲᠥᠯᠦᠭᠴᠢ᠄ | ᠵᠠ ᠰᠠᠶᠢᠨ ᠪᠣᠯᠣᠯ᠎ᠠ᠂ ᠾᠧ ᠡᠷᠬᠢᠯᠡᠭᠴᠢ ᠶᠢᠨ ᠮᠠᠨ ᠤ ᠰᠤᠷᠪᠤᠯᠵᠢᠯᠠᠭ᠎ᠠ ᠶᠠᠷᠢᠯᠴᠠᠭ᠎ᠠ ᠶᠢᠨ ᠪᠤᠯᠤᠩ ᠳᠤ | ᠰᠠᠭᠠᠲᠠᠭᠰᠠᠨ ᠳᠤ ᠳᠠᠬᠢᠨᠲᠠ ᠲᠠᠯᠠᠷᠬᠠᠯ᠎ᠠ᠂ ᠮᠥᠨᠴᠦ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ | ᠦᠵᠡᠭᠰᠡᠨ ᠳᠤ ᠲᠠᠯᠠᠷᠬᠠᠯ᠎ᠠ᠂ ᠲᠤᠰ ᠬᠤᠭᠤᠴᠠᠭ᠎ᠠ ᠶᠢᠨ ᠰᠤᠷᠪᠤᠯᠵᠢᠯᠠᠭ᠎ᠠ ᠶᠠᠷᠢᠯᠴᠠᠭ᠎ᠠ ᠡᠶᠢᠨᠬᠦ ᠦᠨᠳᠦᠷᠯᠡᠯ᠎ᠡ᠂ | ᠳᠠᠷᠠᠭᠠᠴᠢ ᠶᠢᠨ ᠳ᠋ᠤᠭᠠᠷ ᠲᠤ ᠪᠠᠶᠠᠷᠲᠠᠢ ᠵᠣᠯᠭᠠᠶ᠎ᠠ︕ | | ᠣᠷᠳᠣᠰ ᠪᠦᠬᠦ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠵᠢᠴᠢ ᠡᠷᠡᠭᠦᠯ ᠬᠠᠮᠠᠭᠠᠯᠠᠯ ᠤᠨ ᠠᠵᠢᠯ ᠤᠨ ᠬᠤᠷᠠᠯ ᠬᠤᠷᠠᠯᠳᠤᠭᠤᠯᠪᠠ᠃ | | ᠣᠷᠳᠣᠰ ᠪᠦᠬᠦ ᠬᠤᠲᠠ ᠶᠢᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠦᠭᠡᠷᠡᠴᠢᠯᠡᠯᠲᠡ ᠶᠢᠨ ᠰᠠᠭᠤᠳᠠᠯ ᠤᠨ ᠬᠤᠷᠠᠯ ᠬᠤᠷᠠᠯᠳᠤᠭᠤᠯᠪᠠ᠃ | | | | | | |