ᠥᠪᠡᠷᠲᠡᠭᠡᠨ ᠵᠠᠰᠠᠬᠤ ᠣᠷᠣᠨ 2015 ᠣᠨ ᠠᠴᠠ ᠡᠬᠢᠯᠡᠨ ᠥᠨᠥᠴᠢᠨ ᠣᠶᠤᠲᠠᠳ ᠲᠤ ᠰᠤᠷᠭᠠᠨ ᠬᠥᠮᠦᠵᠢᠯ ᠤᠨ ᠲᠤᠰᠠᠯᠠᠮᠵᠢ ᠶᠢᠨ ᠮᠥᠡᠭᠭᠦ ᠣᠯᠭᠤᠪᠠ
ᠨᠡᠶᠢᠲᠡᠯᠡᠭᠰᠡᠨ ᠴᠠᠭ᠄
2015/12/17
     ᠥᠨᠥᠴᠢᠨ ᠣᠶᠤᠲᠠᠳ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠠᠳᠠᠯᠢ ᠲᠡᠭᠰᠢ ᠪᠠᠷ ᠬᠦᠷᠳᠡᠬᠦ ᠡᠷᠬᠡ ᠶᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ︽ᠡᠩ ᠤᠨ ᠶᠡᠭᠡ ᠳᠡᠭᠡᠳᠦ ᠰᠤᠷᠭᠠᠭᠤᠯᠢ ᠳᠤ ᠳᠠᠪᠰᠢᠨ ᠣᠷᠣᠭᠰᠠᠨ ᠥᠨᠥᠴᠢᠨ ᠬᠡᠦᠬᠡᠳ ᠪᠣᠯᠬᠤ ᠰᠢᠨ᠎ᠡ ᠰᠤᠷᠤᠭᠴᠢᠳ ᠢ ᠲᠤᠰᠠᠯᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ 2015 ᠣᠨ ᠠᠴᠠ ᠡᠬᠢᠯᠡᠨ ᠲᠤᠰ ᠵᠢᠯ ᠳᠤ ᠡᠩ ᠤᠨ ᠶᠡᠭᠡ ᠳᠡᠭᠡᠳᠦ ᠰᠤᠷᠭᠠᠭᠤᠯᠢ ᠳᠤ ᠡᠯᠰᠡᠭᠳᠡᠭᠰᠡᠨ᠂ ᠥᠪᠥᠷ ᠮᠣᠩᠭᠤᠯ ᠤᠨ ᠡᠷᠦᠬᠡ ᠠᠮᠠ ᠶᠢᠨ ᠳᠠᠩᠰᠠ ᠲᠠᠢ ᠪᠥᠭᠡᠳ ᠡᠯᠰᠡᠭᠳᠡᠬᠦ ᠦᠶ᠎ᠡ ᠳᠡᠭᠡᠨ ᠥᠨᠥᠴᠢᠨ ᠪᠠᠶᠢᠭᠰᠠᠨ ᠰᠤᠷᠤᠭᠴᠢᠳ ᠲᠤ ᠰᠤᠷᠭᠠᠨ ᠬᠥᠮᠦᠵᠢᠯ ᠤᠨ ᠲᠤᠰᠠᠯᠠᠮᠵᠢ ᠣᠯᠭᠤᠪᠠ᠃ ᠲᠤᠰᠠᠯᠠᠬᠤ ᠪᠠᠷᠢᠮᠵᠢᠶ᠎ᠠ ᠨᠢ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠳᠤ ᠡᠯᠰᠡᠭᠳᠡᠭᠰᠡᠨ ᠰᠢᠨ᠎ᠡ ᠰᠤᠷᠤᠭᠴᠢ ᠶᠢ ᠨᠢᠭᠡ ᠤᠳᠠᠭ᠎ᠠ ᠶᠢᠨ ᠴᠢᠨᠠᠷᠲᠠᠶ 40000 ᠲᠥᠭᠦᠷᠢᠭ ᠢᠶᠠᠷ ᠲᠤᠰᠠᠯᠠᠵᠤ᠂ ᠡᠩ ᠤᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠠᠩᠭᠢ ᠪᠤᠶᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠳᠤ ᠡᠯᠰᠡᠭᠳᠡᠭᠰᠡᠨ ᠰᠢᠨ᠎ᠡ ᠰᠤᠷᠤᠭᠴᠢ ᠶᠢ ᠨᠢᠭᠡ ᠤᠳᠠᠭ᠎ᠠ ᠶᠢᠨ ᠴᠢᠨᠠᠷᠲᠠᠶ 30000 ᠲᠥᠭᠦᠷᠢᠭ ᠢᠶᠠᠷ ᠲᠤᠰᠠᠯᠠᠪᠠ᠃ ᠥᠨᠥᠴᠢᠨ ᠣᠶᠤᠲᠠᠳ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠯᠭ᠎ᠠ ᠪᠠᠨ ᠤᠷᠤᠭᠰᠢᠲᠠᠶ ᠲᠡᠭᠦᠰᠬᠡᠬᠦ ᠶᠢ ᠭᠦᠢᠴᠡᠳ ᠪᠠᠲᠤᠯᠠᠬᠤ ᠶᠢᠨ ᠲᠥᠯᠦᠭᠡ᠂ ᠬᠡᠷᠡᠭᠰᠡᠭᠡ ᠪᠥᠬᠦᠢ ᠪᠡᠯᠡ ᠮᠥᠩᠭᠦ ᠶᠢ ᠴᠦᠮ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠰᠠᠷᠠᠮᠵᠢ ᠶᠢᠨ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠠᠴᠠ ᠡᠭᠦᠷᠭᠡᠯᠡᠪᠡ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠠᠴᠠ ᠥᠨᠥᠴᠢᠨ ᠣᠶᠤᠲᠠᠳ ᠤᠨ ᠰᠤᠷᠭᠠᠨ ᠬᠥᠮᠦᠵᠢᠯ ᠤᠨ ᠲᠤᠰᠠᠯᠠᠮᠵᠢ ᠶᠢᠨ ᠪᠡᠯᠡ ᠮᠥᠩᠭᠦ 493 ᠲᠥᠮᠡᠨ ᠲᠥᠭᠦᠷᠢᠭ ᠶᠢ ᠳᠣᠷᠣᠭᠰᠢ ᠪᠠᠭᠤᠯᠭᠠᠭᠠᠳ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号