ᠡᠨᠡ ᠵᠢᠯ ᠥᠪᠥᠷ ᠮᠣᠩᠭᠤᠯ ᠤᠨ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠩᠬ᠎ᠠ ᠠᠵᠢᠯ ᠤᠯᠤᠭᠰᠠᠨ ᠨᠤᠷᠮ᠎ᠠ ᠲᠣᠭᠲᠠᠭᠤᠨ ᠪᠦᠭᠡᠳ ᠳᠡᠭᠡᠭᠰᠢᠯᠡᠪᠡ
ᠨᠡᠶᠢᠲᠡᠯᠡᠭᠰᠡᠨ ᠴᠠᠭ᠄
2015/12/17
     ᠡᠨᠡ ᠵᠢᠯ᠂ ᠥᠪᠥᠷ ᠮᠣᠩᠭᠤᠯ ᠤᠨ ᠲᠤᠰ ᠬᠤᠭᠤᠴᠠᠭᠠᠨ ᠤ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ 109474 ᠬᠥᠮᠦᠨ ᠪᠠᠶᠢᠵᠤ᠂ 94667 ᠬᠦᠮᠦᠨ ᠠᠵᠢᠯ ᠤᠯᠪᠠ᠂ 9 ᠳ᠋ᠦ᠋ᠭᠡᠷ ᠰᠠᠷ᠎ᠠ ᠶᠢᠨ 1᠎ ᠤ ᠡᠳᠦᠷ ᠪᠣᠯᠲᠠᠯ᠎ᠠ  ᠠᠩᠬ᠎ᠠ ᠠᠵᠢᠯ ᠤᠯᠤᠭᠰᠠᠨ ᠨᠤᠷᠮ᠎ᠠ 86.47% ᠪᠤᠯᠵᠤ᠂ ᠠᠳᠠᠯᠢ ᠬᠤᠭᠤᠴᠠᠭᠠᠨ ᠤ ᠬᠢ ᠠᠴᠠ0.54 ᠵᠠᠭᠤᠨ ᠤ ᠬᠤᠪᠢ ᠶᠢᠨ ᠴᠡᠭ ᠢᠶᠠᠷ ᠨᠡᠮᠡᠭᠳᠡᠪᠡ᠃ ᠡᠭᠦᠨ ᠳᠤ᠂ ᠠᠰᠫᠢᠷᠠᠨᠲ ᠤᠨ ᠠᠵᠢᠯ ᠤᠯᠤᠭᠰᠠᠨ ᠨᠣᠷᠮ᠎ᠠ ᠨᠢ 54.26%᠂ ᠵᠢᠩᠬᠢᠨᠢ ᠠᠩᠭᠢ ᠶᠢᠨ ᠰᠤᠷᠤᠭᠴᠢᠳ ᠤᠨ ᠠᠵᠢᠯ ᠣᠯᠤᠭᠰᠠᠨ ᠨᠤᠷᠮ᠎ᠠ ᠨᠢ 86.54%᠂ ᠲᠤᠰᠬᠠᠶ ᠮᠡᠷᠭᠡᠵᠢᠯ ᠤᠨ ᠰᠤᠷᠤᠭᠴᠢᠳ ᠤᠨ ᠠᠵᠢᠯ ᠤᠯᠤᠭᠰᠠᠨ ᠨᠤᠷᠮ᠎ᠠ ᠨᠢ 89.75% ᠪᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠵᠢᠯᠤᠭᠤᠳᠤᠯᠭ᠎ᠠ ᠶᠢᠨ ᠲᠦᠪ ᠤᠨ ᠭᠤᠣᠯ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠡᠨᠡ ᠵᠢᠯ ᠤᠨ ᠤᠯᠠᠨ ᠠᠷᠪᠢᠨ ᠠᠰᠢᠭ ᠦᠭᠡᠢ ᠬᠦᠴᠦᠨ ᠵᠦᠢᠯ ᠤᠨ ᠨᠦᠯᠦᠭᠡᠨ ᠳᠤ ᠴᠢᠭᠯᠡᠭᠦᠯᠦᠨ᠂ ᠥᠪᠥᠷ ᠮᠣᠩᠭᠤᠯ ᠠᠵᠢᠯ ᠤᠯᠭᠤᠬᠤ ᠠᠳᠠᠯ ᠦᠢᠯᠡᠰ ᠴᠤᠭᠴᠠᠯᠠᠬᠤ ᠲᠥᠷᠥ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠡᠭᠦᠰᠦᠭᠰᠡᠳ ᠢ ᠬᠦᠲᠦᠯᠦᠨ ᠵᠢᠯᠤᠭᠤᠳᠴᠤ ᠠᠵᠢᠯ ᠤᠯᠬᠤ ᠦᠵᠡᠯᠲᠡ ᠶᠢ ᠨᠢ ᠬᠤᠪᠢᠷᠠᠭᠤᠯᠬᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠤᠯᠠᠨ ᠠᠷᠭ᠎ᠠ ᠵᠠᠮ ᠢᠶᠠᠷ ᠠᠵᠢᠯ ᠤᠯᠬᠤ ᠶᠢ ᠨᠢ ᠵᠤᠷᠢᠭᠵᠢᠭᠤᠯᠬᠤ᠂ ᠠᠵᠢᠯ ᠤᠯᠭᠤᠬᠤ ᠠᠳᠠᠯ ᠦᠢᠯᠡᠰ ᠴᠤᠭᠴᠠᠯᠠᠬᠤ ᠶᠢ ᠵᠢᠯᠤᠭᠤᠳᠬᠤ ᠦᠢᠯᠡᠴᠢᠯᠡᠭᠡᠨ ᠤ ᠰᠢᠰᠲ᠋ᠧᠮᠵᠢ ᠶᠢ ᠴᠢᠩᠭᠠᠳᠬᠠᠬᠤ ᠵᠡᠷᠭᠡ ᠦᠨᠡᠨ ᠬᠦ ᠪᠦᠲᠦᠮᠵᠢᠲᠡᠶ ᠠᠵᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠲᠤ ᠠᠩᠬ᠎ᠠ ᠠᠵᠢᠯ ᠤᠯᠭᠤᠬᠤ ᠶᠢ ᠲᠣᠭᠲᠠᠭᠤᠨ ᠪᠦᠭᠡᠳ ᠳᠡᠭᠡᠭᠰᠢᠯᠡᠭᠦᠯᠬᠦ ᠠᠵᠢᠯ ᠤᠨ ᠬᠠᠷᠠᠯᠲᠠ ᠶᠢ ᠪᠡᠶᠡᠯᠡᠭᠦᠯᠪᠡ᠃      ᠡᠨᠡ ᠵᠢᠯ᠂ ᠥᠪᠥᠷ ᠮᠣᠩᠭᠤᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠲᠤ ᠠᠵᠢᠯ ᠣᠯᠭᠤᠬᠤ ᠠᠵᠢᠯ ᠳᠣᠣᠷᠠᠬᠢ ᠬᠡᠳᠦᠨ ᠲᠠᠯ᠎ᠠ ᠶᠢᠨ ᠣᠨᠴᠠᠯᠢᠭ ᠲᠠᠢ ᠪᠠᠶᠢᠭ᠎ᠠ᠄ ᠨᠢᠭᠡ ᠳᠤ ᠠᠵᠢᠯ ᠤᠯᠭᠤᠬᠤ ᠠᠳᠠᠯ ᠦᠢᠯᠡᠰ ᠴᠤᠭᠴᠠᠯᠠᠬᠤ ᠬᠢᠴᠢᠶᠡᠯ ᠤᠨ ᠰᠢᠰᠲ᠋ᠧᠮᠵᠢ ᠪᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠡᠢ︔ ᠬᠤᠶᠠᠷ ᠲᠤ᠂ ᠠᠳᠠᠯ ᠦᠢᠯᠡᠰ ᠴᠣᠭᠴᠠᠯᠠᠬᠤ ᠣᠷᠴᠢᠨ ᠨᠥᠬᠦᠴᠡᠯ ᠢ ᠢᠳᠡᠪᠬᠢᠲᠡᠶ ᠪᠠᠷ ᠪᠤᠢ ᠪᠤᠯᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠳᠠᠯ ᠦᠢᠯᠡᠰ ᠴᠤᠭᠴᠠᠯᠠᠬᠤ ᠦᠢᠯᠡᠳᠦᠯᠭᠡ ᠶᠢᠨ ᠠᠵᠢᠯᠯᠠᠭ᠎ᠠ ᠶᠢ ᠴᠢᠩᠭᠠᠳᠬᠠᠵᠡᠢ︔ ᠭᠤᠷᠪᠠ ᠳᠤ᠂ ᠲᠦᠷᠦᠯ ᠵᠦᠢᠯ ᠢᠶᠠᠷ ᠳᠠᠶᠢᠴᠢᠯᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠢ ᠬᠦᠲᠦᠯᠦᠨ ᠵᠢᠯᠤᠭᠤᠳᠴᠤ ᠦᠨᠳᠦᠰᠦᠨ ᠱᠠᠲᠤᠨ ᠳᠤ ᠠᠵᠢᠯ ᠤᠯᠬᠤ ᠪᠠ ᠪᠡᠶ᠎ᠡ ᠪᠠᠨ ᠳᠠᠭᠠᠭᠠᠵᠤ ᠠᠳᠠᠯ ᠦᠢᠯᠡᠰ ᠴᠤᠭᠴᠠᠯᠠᠭᠤᠯᠵᠠᠢ︔ ᠲᠦᠷᠪᠡ ᠳᠤ᠂ ᠭᠠᠳᠠᠭᠰᠢ ᠮᠤᠵᠢ ᠶᠢᠨ ᠬᠤᠭᠤᠷᠤᠨᠳᠤᠬᠢ ᠣᠷᠣᠨ ᠪᠦᠰᠡ ᠶᠢᠨ ᠬᠠᠮᠵᠢᠯᠴᠠᠭ᠎ᠠ ᠎ ᠲᠠᠢ ᠬᠤᠯᠪᠤᠭᠠᠯᠠᠵᠤ᠂ ᠳᠣᠲᠣᠭᠠᠳᠤ ᠳᠠᠭᠠᠨ ᠰᠤᠷᠭᠠᠭᠤᠯᠢ ᠶᠢᠨ ᠬᠦᠷᠢᠶᠡᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠲᠤ ᠭᠦᠢᠴᠡᠳ ᠠᠵᠢᠯ ᠤᠯᠭᠤᠬᠤ ᠪᠠᠷ ᠴᠢᠷᠮᠠᠶᠢᠵᠠᠢ︔ ᠲᠠᠪᠤ ᠳᠤ ᠦᠷᠭᠦᠯᠵᠢᠯᠡᠨ ᠪᠦᠲᠦᠮᠵᠢᠲᠡᠶ ᠠᠵᠢᠯ ᠣᠯᠭᠤᠯᠲᠠ ᠶᠢᠨ ᠬᠠᠪᠰᠤᠷᠤᠯᠭ᠎ᠠ ᠲᠡᠳᠬᠦᠮᠵᠢ ᠶᠢ ᠬᠡᠷᠡᠭᠵᠢᠭᠦᠯᠵᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号