| ᠣᠶᠢᠷ᠎ᠠ ᠳᠤ᠂ 2015 ᠣᠨ ᠤ ᠪᠥᠬᠦ ᠣᠷᠣᠨ ᠤ ᠬᠤᠳᠠ ᠬᠥᠳᠡᠭᠡ ᠶᠢᠨ ᠵᠠᠰᠠᠮᠠᠯ ᠵᠠᠮ ᠤᠨ ᠠᠶᠠᠨᠴᠢᠳ ᠤᠨ | ᠲᠡᠭᠡᠭᠡᠪᠦᠷᠢ ᠶᠢᠨ ᠪᠣᠯᠪᠠᠰᠤᠷᠠᠭᠤᠯᠤᠭᠰᠠᠨ ᠴᠢᠯᠠᠭᠤᠨ ᠲᠤᠰᠤᠨ ᠤ ᠦᠨ᠎ᠡ ᠬᠠᠩᠰᠢ ᠶᠢᠨ ᠨᠥᠬᠦᠪᠥᠷᠢ ᠶᠢᠨ | ᠲᠤᠬᠠᠶᠢᠯᠠᠭᠰᠠᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠥᠬᠡᠬᠤᠲᠠ ᠳᠤ ᠬᠤᠷᠠᠯᠳᠤᠵᠤ᠂ ᠠᠶᠢᠮᠠᠭ ᠬᠤᠳᠠ᠂ | ᠬᠤᠰᠢᠭᠤ ᠰᠢᠶᠠᠨ ᠤ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠯᠤᠨ ᠬᠡᠰᠡᠭ ᠬᠤᠲᠠ ᠶᠢᠨ | ᠨᠡᠶᠢᠲᠡ ᠶᠢᠨ ᠵᠠᠮ ᠬᠠᠷᠢᠯᠴᠠᠭ᠎ᠠ᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ᠂ ᠲᠦᠷᠢᠶᠡᠰᠦᠨ ᠮᠠᠰᠢᠨ | ᠲᠡᠷᠭᠡᠨ ᠤ ᠠᠵᠤ ᠠᠬᠤᠶᠢᠯᠠᠯ ᠤᠨ 300 ᠰᠢᠬᠠᠮ ᠲᠤᠬᠠᠶᠢᠯᠠᠭᠰᠠᠨ ᠠᠵᠢᠯ ᠤᠨ ᠭᠤᠣᠯᠯᠠᠭᠴᠢ ᠠᠵᠢᠯᠲᠠᠳ | ᠬᠤᠷᠠᠯ ᠳᠤ ᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ | ᠲᠣᠪᠴᠢᠶ᠎ᠠ ᠶᠢᠨ ᠳᠡᠳ᠋ ᠳᠠᠷᠤᠭ᠎ᠠ ᠸᠧᠶ ᠵᠧᠩ ᠮᠤᠤ ᠬᠤᠷᠠᠯ ᠳᠤ ᠤᠷᠤᠯᠴᠠᠵᠤ ᠴᠢᠬᠤᠯᠠ ᠶᠠᠷᠢᠶ᠎ᠠ ᠲᠠᠯᠪᠢᠪᠠ᠃ | ᠸᠧᠶ ᠲᠤᠪᠴᠢᠶᠠᠨ ᠳᠠᠷᠤᠭ᠎ᠠ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠬᠤᠳᠠ ᠬᠥᠳᠡᠭᠡ ᠶᠢᠨ ᠵᠠᠰᠠᠮᠠᠯ | ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠪᠣᠯᠪᠠᠰᠤᠷᠠᠭᠤᠯᠤᠭᠰᠠᠨ ᠴᠢᠯᠠᠭᠤᠨ ᠲᠤᠰᠤᠨ ᠤ ᠦᠨ᠎ᠡ ᠬᠠᠩᠰᠢ ᠶᠢᠨ | ᠨᠥᠬᠦᠪᠥᠷᠢ ᠶᠢᠨ ᠲᠦᠷᠦ ᠶᠢᠨ ᠪᠤᠳᠤᠯᠭ᠎ᠠ ᠪᠣᠯ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠤᠲᠠ | ᠬᠥᠳᠡᠭᠡ ᠶᠢᠨ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠷᠡᠭᠦᠯ ᠢᠶᠠᠷ ᠲᠣᠭᠲᠠᠭᠤᠨ ᠪᠥᠭᠡᠳ | ᠦᠷᠭᠦᠯᠵᠢᠯᠡᠨ ᠬᠥᠭᠵᠢᠬᠦ ᠶᠢᠨ ᠴᠢᠬᠤᠯᠠ ᠲᠦᠷᠦ ᠶᠢᠨ ᠪᠤᠳᠤᠯᠭ᠎ᠠ ᠪᠤᠯᠤᠨ᠎ᠠ᠃ ᠤᠢᠢᠷ᠎ᠠ ᠶᠢᠨ ᠵᠢᠯ ᠤᠨ ᠲᠤᠷᠰᠢ᠂ | ᠮᠠᠨ ᠤ ᠣᠷᠣᠨ ᠤ ᠡᠯ᠎ᠡ ᠱᠠᠲᠤᠨ ᠤ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠦᠷᠦ ᠶᠢᠨ | ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ᠂ ᠪᠠᠷᠢᠮᠵᠢᠶ᠎ᠠ ᠶᠢ ᠴᠢᠩᠭ᠎ᠠ ᠬᠡᠷᠡᠭᠵᠢᠬᠦᠯᠬᠦ᠂ ᠲᠥᠪ ᠭᠤᠣᠯᠴᠢ ᠪᠠᠶᠢᠬᠤ | ᠤᠨᠤᠯᠵᠢᠬᠤᠨ ᠢ ᠪᠠᠲᠤ ᠪᠠᠬᠢ ᠪᠤᠢ ᠪᠤᠯᠭᠠᠨ᠂ ᠲᠤᠰᠤᠨ ᠤ ᠦᠨ᠎ᠡ ᠶᠢᠨ ᠨᠥᠬᠦᠪᠥᠷᠢ ᠶᠢᠨ ᠠᠵᠢᠯ ᠢ ᠤᠯᠠᠨ | ᠲᠦᠮᠡᠨ ᠲᠠᠢ ᠨᠢᠭᠲᠠ ᠬᠠᠷᠢᠯᠴᠠᠬᠤ ᠨᠢᠭᠡᠨ ᠴᠢᠬᠤᠯᠠ ᠠᠵᠢᠯ ᠪᠣᠯᠭᠠᠨ ᠰᠠᠶᠢᠲᠤᠷ ᠠᠳᠬᠤᠨ ᠨᠠᠶᠢᠳᠠᠪᠤᠷᠢᠵᠢᠭᠤᠯᠪᠠ᠃ | ᠸᠧᠶ ᠲᠤᠪᠴᠢᠶᠠᠨ ᠳᠠᠷᠤᠭ᠎ᠠ ᠳᠤᠷᠠᠳᠤᠭᠰᠠᠨ ᠨᠢ᠂ ︽ᠬᠤᠲᠠ ᠶᠢᠨ ᠨᠡᠶᠢᠲᠡ ᠶᠢᠨ ᠮᠠᠰᠢᠨ ᠲᠡᠷᠭᠡ ᠶᠢᠨ | ᠪᠣᠯᠪᠠᠰᠤᠷᠠᠭᠤᠯᠤᠭᠰᠠᠨ ᠴᠢᠯᠠᠭᠤᠨ ᠲᠤᠰᠤᠨ ᠤ ᠦᠨ᠎ᠡ ᠬᠠᠩᠰᠢ ᠶᠢᠨ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠭᠦᠯᠵᠦ᠂ ᠰᠢᠨ᠎ᠡ ᠡᠨᠧᠷᠭᠢ ᠶᠢᠨ ᠰᠤᠷᠪᠤᠯᠵᠢᠲᠤ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ | ᠲᠦᠷᠭᠡᠳᠭᠡᠬᠦ ᠲᠤᠬᠠᠢ ᠡᠳ᠋ ᠤᠨ ᠵᠠᠰᠠᠭ ᠤᠨ ᠶᠠᠮᠤᠨ ᠠᠵᠤ ᠦᠢᠯᠡᠳᠪᠦᠷᠢ ᠪᠤᠯᠤᠨ ᠮᠡᠳᠡᠭᠡ ᠵᠠᠩᠭᠢᠵᠢᠯᠲᠠ ᠶᠢᠨ ᠶᠠᠮᠤᠨ | ᠵᠠᠮ ᠲᠡᠭᠡᠭᠡᠪᠦᠷᠢ ᠶᠢᠨ ᠶᠠᠮᠤᠨ ᠤ ᠮᠡᠳᠡᠭᠳᠡᠯ︾ ︵ᠡᠳ᠋ ᠪᠠᠶᠢᠭᠤᠯᠤᠯᠲᠠ ﹇2015﹈ 159 ᠳ᠋ᠤᠭᠡᠷ ᠲᠤᠭᠠᠲᠤ︶ ᠢ | ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠳᠤᠯᠠᠳᠠ᠂ ᠲᠠᠪᠤᠨ ᠵᠠᠩᠬᠢᠯᠠᠭ᠎ᠠ ᠶᠢ ᠭᠤᠣᠯᠳᠠᠯᠭ᠎ᠠ ᠲᠠᠢ ᠠᠳᠬᠤᠬᠤ ᠬᠡᠷᠡᠭᠲᠡᠶ᠄ | ᠨᠢᠭᠡ ᠳᠤ ᠳᠡᠰ ᠳᠠᠷᠠᠭᠠᠯᠠᠯ ᠢ ᠵᠢᠷᠤᠮᠵᠢᠭᠤᠯᠬᠤ ᠶᠢ ᠠᠳᠬᠤᠵᠤ᠂ ᠭᠤᠶᠤᠴᠢᠯᠠᠬᠤ ᠪᠠ ᠬᠢᠨᠠᠨ ᠬᠠᠷᠭᠤᠭᠤᠯᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠡᠶᠢᠳᠡ ᠳᠤ ᠵᠠᠷᠯᠠᠬᠤ ᠲᠦᠷᠢᠮ ᠢ ᠪᠠᠶᠢᠭᠤᠯᠬᠤ ᠵᠡᠷᠭᠡ | ᠲᠠᠯ᠎ᠠ ᠪᠠᠷ ᠠᠵᠢᠯ ᠢᠶᠠᠨ ᠦᠷᠨᠢᠬᠦᠯᠬᠦ ᠬᠡᠷᠡᠭᠲᠠᠢ︔ ᠬᠤᠶᠠᠷ ᠲᠤ ᠴᠠᠭ ᠤᠨ ᠵᠠᠩᠬᠢᠯᠠᠭ᠎ᠠ ᠶᠢ ᠠᠳᠬᠤᠵᠤ᠂ ᠴᠠᠭ ᠤᠨ | ᠠᠬᠢᠴᠠ ᠶᠤᠰᠤᠭᠠᠷ ᠲᠤᠭ᠎ᠠ ᠪᠠᠷᠢᠮᠲᠠ ᠶᠢ ᠲᠠᠭᠯᠠᠨ ᠪᠢᠴᠢᠬᠦ᠂ ᠬᠢᠨᠠᠨ ᠬᠠᠷᠭᠤᠭᠤᠯᠬᠤ ᠪᠠ ᠳᠡᠭᠡᠭᠰᠢ ᠮᠡᠳᠡᠭᠦᠯᠬᠦ ᠶᠢ | ᠡᠷᠡᠰ ᠵᠢᠷᠤᠮᠯᠠᠬᠤ ᠬᠡᠷᠡᠭᠲᠠᠢ︔ ᠭᠤᠷᠪᠠ ᠳᠤ ᠨᠡᠪᠲᠡᠷᠡᠯᠴᠡᠨ ᠵᠣᠬᠢᠴᠠᠭᠤᠯᠬᠤ ᠶᠢ ᠠᠳᠬᠤᠵᠤ᠂ ᠡᠳ᠋ ᠤᠨ ᠵᠠᠰᠠᠭ᠂ | ᠬᠢᠨᠠᠨ ᠪᠠᠶᠢᠴᠠᠭᠠᠬᠤ᠂ ᠠᠵᠤ ᠦᠢᠯᠡᠳᠪᠦᠷᠢ ᠪᠤᠯᠤᠨ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ ᠯᠦᠭᠡ ᠶᠢᠨ | ᠨᠡᠪᠲᠡᠷᠡᠯᠴᠡᠨ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ︔ ᠲᠦᠷᠪᠡ ᠳᠤ ᠪᠠᠶᠢᠴᠠᠭᠠᠯᠲᠠ ᠬᠢᠵᠤ | ᠰᠢᠮᠳᠠᠭᠤᠯᠤᠨ ᠬᠦᠢᠴᠡᠳᠭᠡᠬᠦ ᠶᠢ ᠠᠳᠬᠤᠵᠤ᠂ ᠠᠵᠤ ᠠᠬᠤᠶᠢᠯᠠᠯ ᠥᠪᠡᠷ ᠲᠡᠭᠡᠨ ᠪᠠᠶᠢᠴᠠᠭᠠᠬᠤ᠂ ᠬᠤᠰᠢᠭᠤ ᠰᠢᠶᠠᠨ | ᠰᠢᠮᠳᠠᠭᠤᠯᠤᠨ ᠪᠠᠶᠢᠴᠠᠭᠠᠬᠤ᠂ ᠠᠶᠢᠮᠠᠭ ᠬᠤᠳᠠ ᠬᠢᠨᠠᠨ ᠪᠠᠶᠢᠴᠠᠭᠠᠬᠤ᠂ ᠥᠪᠡᠷᠲᠡᠭᠡᠨ ᠵᠠᠰᠠᠬᠤ ᠣᠷᠣᠨ | ᠭᠤᠣᠯᠳᠠᠯᠭ᠎ᠠ ᠲᠠᠢ ᠰᠤᠭᠤᠴᠠᠨ ᠪᠠᠶᠢᠴᠠᠭᠠᠬᠤ ᠳᠦᠷᠪᠡᠨ ᠱᠠᠲᠤᠨ ᠤ ᠰᠢᠮᠳᠠᠭᠤᠯᠤᠨ ᠪᠠᠶᠢᠴᠠᠭᠠᠬᠤ ᠲᠦᠷᠢᠮ ᠢ | ᠪᠠᠶᠢᠭᠤᠯᠬᠤ ᠬᠡᠷᠡᠭᠲᠠᠢ︔ ᠲᠠᠪᠤ ᠳᠤ ᠰᠤᠷᠤᠯᠴᠠᠯᠭ᠎ᠠ ᠪᠤᠯᠪᠠᠰᠤᠷᠠᠭᠤᠯᠤᠯ ᠢ ᠠᠳᠬᠤᠵᠤ᠂ ᠲᠤᠰᠬᠠᠶ ᠮᠡᠷᠭᠡᠵᠢᠯᠲᠡᠨ ᠤ | ᠰᠠᠨᠠᠯ ᠢ ᠬᠢᠨᠠᠮᠠᠭᠠᠶ ᠰᠣᠨᠣᠰᠴᠤ᠂ ᠰᠣᠷᠢᠯᠲᠠ ᠶᠢᠨ ᠰᠢᠰᠲ᠋ᠧᠮ ᠤᠨ ᠴᠤᠪᠤᠷᠠᠯ ᠢ ᠢᠳᠡᠪᠬᠢᠲᠡᠶ ᠪᠤᠯᠪᠠᠰᠤᠷᠠᠬᠤ ᠬᠡᠷᠡᠭᠲᠠᠢ | ᠭᠡᠪᠡ᠃ | ᠬᠤᠷᠠᠯ ᠳᠤ ᠵᠠᠮ ᠲᠡᠭᠡᠭᠡᠪᠦᠷᠢ ᠶᠢᠨ ᠶᠠᠮᠤᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠡᠳ᠋ | ᠰᠤᠳᠤᠯᠤᠭᠴᠢ ᠳ᠋ᠣᠺᠲ᠋ᠣᠷ ᠡᠤ ᠵᠦᠡᠭ ᠢ᠂ ᠢᠨᠵᠧᠨᠧᠷᠴᠢ ᠯᠢᠦ ᠷᠦᠩ ᠰᠢᠶᠠᠨ ᠢ ᠤᠷᠢᠵᠤ ᠰᠢᠲᠠᠭᠠᠯᠭ᠎ᠠ ᠶᠢᠨ | ᠲᠣᠰᠣᠨ ᠤ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢᠨ ᠲᠤᠬᠠᠢ ᠲᠤᠰᠬᠠᠶ ᠰᠡᠳᠦᠪᠲᠦ ᠲᠠᠶᠢᠯᠤᠮᠵᠢ ᠬᠢᠯᠬᠡᠵᠤ᠂ | ᠰᠢᠨ᠎ᠡ ᠬᠡᠪᠯᠡᠯ ᠤᠨ ᠰᠢᠰᠲ᠋ᠧᠮ ᠢ ᠪᠦᠬᠦ ᠲᠠᠯ᠎ᠠ ᠪᠠᠷ ᠵᠢᠱᠢᠶ᠎ᠡ ᠦᠵᠡᠬᠦᠯᠦᠨ ᠰᠤᠷᠢᠯᠲᠠ ᠬᠢᠭᠰᠡᠨ ᠤ ᠬᠠᠮᠲᠤ ᠠᠵᠢᠯ ᠤᠨ | ᠳᠤᠮᠳᠠ ᠪᠠᠶᠢᠩᠭᠤ ᠲᠣᠬᠢᠶᠠᠯᠳᠤᠳᠠᠭ ᠠᠰᠠᠭᠤᠳᠠᠯ ᠢ ᠲᠤᠬᠠᠶ ᠶᠢᠨ ᠲᠠᠯᠠᠪᠤᠷ ᠲᠤ ᠳᠠᠶᠢᠯᠪᠤᠷᠢᠯᠠᠭᠤᠯᠤᠨ ᠰᠠᠨᠠᠯ ᠢᠶᠠᠨ | ᠰᠤᠯᠢᠯᠴᠠᠪᠠ᠃ ᠬᠤᠷᠠᠯ ᠳᠤ ᠤᠷᠤᠯᠴᠠᠭᠰᠠᠳ ᠢᠯᠡᠳᠭᠡᠭᠰᠡᠨ ᠨᠢ᠂ ᠡᠨᠡ ᠤᠳᠠᠭᠠᠨ ᠤ ᠪᠣᠯᠪᠠᠰᠤᠷᠠᠯ ᠳᠤ ᠮᠠᠰᠢ ᠶᠡᠭᠡ | ᠣᠯᠤᠯᠲᠠ ᠪᠤᠯᠤᠯ᠎ᠠ᠂ 2015 ᠣᠨ ᠤ ᠬᠤᠲᠠ ᠬᠥᠳᠡᠭᠡ ᠶᠢᠨ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ | ᠪᠣᠯᠪᠠᠰᠤᠷᠠᠭᠤᠯᠤᠭᠰᠠᠨ ᠴᠢᠯᠠᠭᠤᠨ ᠲᠤᠰᠤᠨ ᠤ ᠦᠨ᠎ᠡ ᠬᠠᠩᠰᠢ ᠶᠢᠨ ᠨᠥᠬᠦᠪᠥᠷᠢ ᠶᠢᠨ ᠠᠵᠢᠯ ᠢ ᠦᠷᠨᠢᠬᠦᠯᠬᠦ ᠳᠤ | ᠮᠠᠰᠢ ᠰᠠᠶᠢᠨ ᠵᠢᠯᠣᠭᠤᠳᠬᠤ ᠠᠴᠢ ᠬᠤᠯᠪᠣᠭᠳᠠᠯ ᠲᠠᠢ ᠪᠠᠶᠢᠨ᠎ᠠ᠂ ᠲᠤᠰ ᠤᠳᠠᠭᠠᠨ ᠤ ᠪᠤᠯᠪᠠᠰᠤᠷᠠᠭᠤᠯᠤᠯ ᠨᠢ | ᠵᠢᠱᠢᠭᠰᠡᠨ ᠬᠠᠷᠠᠯᠲᠠ ᠳᠤ ᠬᠦᠷᠴᠦ ᠴᠢᠳᠠᠭᠰᠠᠨ ᠪᠦᠭᠡᠳ ᠮᠠᠰᠢ ᠰᠠᠶᠢᠨ ᠦᠷ᠎ᠡ ᠪᠦᠲᠦᠮᠵᠢ ᠤᠯᠤᠭᠰᠠᠨ ᠪᠠᠶᠢᠨ᠎ᠠ | ᠭᠡᠪᠡ᠃ |