ᠥᠪᠥᠷ ᠮᠣᠩᠭᠤᠯ ᠤᠨ 83.3 ᠲᠦᠮᠡᠨ ᠡᠷᠦᠬᠡ ᠮᠠᠯᠴᠢᠨ ᠲᠠᠷᠢᠶᠠᠴᠢᠳ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠲᠥᠷᠥ ᠶᠢᠨ ᠪᠣᠳᠣᠯᠭ᠎ᠠ ᠠᠴᠠ ᠠᠰᠢᠭ ᠬᠦᠷᠲᠡᠪᠡ
ᠨᠡᠶᠢᠲᠡᠯᠡᠭᠰᠡᠨ ᠴᠠᠭ᠄
2015/12/17
     ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠤᠭ ᠤᠨ ᠰᠢᠨ᠎ᠡ ᠪᠦᠷᠢᠳᠬᠡᠯ ᠤᠨ ᠲᠤᠭ᠎ᠠ ᠪᠠᠷᠢᠮᠲᠠ ᠠᠴᠠ ᠦᠵᠡᠪᠡᠯ᠂ ᠥᠪᠥᠷ ᠮᠣᠩᠭᠤᠯ 2009 ᠣᠨ ᠠᠴᠠ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠥᠨᠥ ᠪᠣᠯᠬᠤ ᠳᠤ ᠨᠡᠶᠢᠲᠡ 83.3 ᠲᠦᠮᠡᠨ ᠡᠷᠦᠬᠡ ︵2015 ᠣᠨ ᠤ 21.8 ᠲᠦᠮᠡᠨ ᠡᠷᠦᠬᠡ ᠪᠠᠭᠲᠠᠨ᠎ᠠ︶ ᠮᠠᠯᠴᠢᠨ ᠲᠠᠷᠢᠶᠠᠴᠢᠳ ᠤᠨ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠡᠭᠦᠷᠭᠡ ᠶᠢ ᠪᠡᠶᠡᠯᠡᠭᠦᠯᠪᠡ᠃      ᠥᠪᠥᠷ ᠮᠣᠩᠭᠤᠯ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠳᠤ ᠪᠠᠶᠢᠷᠢᠯᠠᠵᠤ᠂ ᠠᠵᠤ ᠠᠬᠤᠶ ᠶᠢᠨ ᠬᠥᠭᠵᠢᠯᠲᠡ ᠬᠠᠷᠢᠴᠠᠩᠭᠤᠶ ᠬᠤᠴᠣᠷᠣᠩᠭᠤᠢ᠂ ᠬᠥᠳᠡᠭᠡ ᠲᠣᠰᠬᠤᠨ ᠤ ᠨᠤᠷᠠᠬᠤ ᠠᠶᠤᠯᠲᠠᠶ ᠭᠡᠷ ᠪᠠᠶᠢᠰᠢᠩ ᠨᠡᠯᠢᠶᠡᠳ ᠣᠯᠠᠨ ᠪᠥᠭᠡᠳ ᠴᠢᠭ᠋ ᠤᠯᠠᠨ ᠱᠤᠭᠤᠮ ᠣᠷᠳᠣ ᠬᠡᠪᠴᠢᠶ᠎ᠡ ᠥᠷᠭᠡᠨ᠂ ᠰᠢᠨᠡᠳᠬᠡᠨ ᠵᠠᠰᠠᠬᠤ ᠡᠭᠦᠷᠭᠡ ᠲᠦᠢᠯ ᠤᠨ ᠨᠦᠰᠡᠷ ᠬᠦᠨᠳᠦ ᠪᠠᠶᠢᠪᠠ᠃ ᠴᠠᠭ ᠪᠠᠴᠢᠮ᠂ ᠡᠭᠦᠷᠭᠡ ᠬᠦᠨᠳᠦ ᠪᠠᠶᠢᠳᠠᠯ ᠳᠣᠣᠷ᠎ᠠ᠂ ᠥᠪᠥᠷ ᠮᠣᠩᠭᠤᠯ ᠨᠠᠷᠢᠨ ᠨᠢᠮᠪᠠᠶ ᠵᠦᠢ ᠵᠣᠬᠢᠰᠲᠠᠶ ᠲᠥᠯᠥᠪᠵᠢᠭᠦᠯᠵᠦ᠂ ᠦᠨᠳᠦᠰᠦᠨ ᠲᠦᠷᠦ ᠶᠢᠨ ᠪᠤᠳᠤᠯᠭ᠎ᠠ ᠶᠢ ᠴᠢᠩᠭᠠᠳᠬᠠᠵᠤ᠂ ᠯᠠᠪᠳᠠᠭᠤᠨ ᠪᠠᠲᠤᠲᠠᠶ ᠲᠥᠯᠬᠢᠨ ᠠᠬᠢᠭᠤᠯᠵᠤ᠂ ᠪᠥᠬᠦ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠨᠡᠯᠢᠶᠡᠳ ᠮᠡᠳᠡᠭᠳᠡᠬᠦ᠋ᠢᠴᠡ ᠦᠷ᠎ᠡ ᠪᠦᠲᠦᠮᠵᠢ ᠣᠯᠭᠤᠭᠰᠠᠨ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ︽ᠠᠷᠪᠠ ᠶᠢ ᠪᠦᠷᠢᠨ ᠪᠦᠷᠬᠦᠭᠦᠯᠬᠦ︾ ᠠᠵᠢᠯ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠪᠦᠬᠦ ᠣᠷᠣᠨ ᠤ ᠠᠶᠢᠯ ᠲᠣᠰᠬᠤᠨ ᠤ ᠪᠠᠶᠢᠷᠢᠰᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ ᠤ ᠬᠠᠮᠲᠤ ᠭᠤᠣᠯᠳᠠᠭ᠎ᠠ ᠲᠠᠢ ᠵᠠᠰᠠᠭ ᠵᠠᠬᠢᠷᠭᠠᠨ ᠤ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠪᠡ᠃ ᠪᠣᠳᠠᠲᠠᠶ ᠰᠢᠨᠡᠳᠬᠡᠨ ᠵᠠᠰᠠᠬᠤ ᠳᠤᠮᠳᠠ᠂ ᠥᠪᠥᠷ ᠮᠣᠩᠭᠤᠯ ᠰᠢᠯᠵᠢᠭᠦᠯᠦᠨ ᠲᠥᠪᠯᠡᠷᠡᠭᠦᠯᠦᠨ ᠰᠢᠨᠡᠳᠬᠡᠨ ᠵᠠᠰᠠᠬᠤ ᠶᠢ ᠲᠠᠷᠠᠬᠠᠶ ᠪᠠᠷ ᠰᠢᠨᠡᠳᠬᠡᠨ ᠵᠠᠰᠠᠬᠤ ᠲᠠᠢ ᠤᠶᠠᠯᠳᠤᠭᠤᠯᠬᠤ᠂ ᠰᠢᠯᠵᠢᠭᠦᠯᠦᠨ ᠲᠥᠪᠯᠡᠷᠡᠭᠦᠯᠦᠨ ᠰᠢᠨᠡᠳᠬᠡᠨ ᠵᠠᠰᠠᠬᠤ ᠶᠢ ᠠᠷᠠᠳ ᠢ ᠨᠡᠭᠦᠯᠭᠡᠨ ᠶᠠᠳᠠᠭᠤ ᠶᠢ ᠲᠡᠳᠬᠦᠬᠦ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠲᠠᠷᠢᠶᠠᠯᠠᠬᠤ ᠮᠠᠯᠵᠢᠬᠤ ᠡᠷᠦᠬᠡ ᠶᠢ ᠠᠯᠢ ᠴᠢᠳᠠᠬᠤ ᠪᠠᠷ ᠵᠠᠰᠠᠮᠠᠯ ᠵᠠᠮ ᠳᠠᠭᠠᠤ᠂ ᠤᠰᠤᠨ ᠤ ᠡᠬᠢ ᠰᠤᠷᠪᠤᠯᠵᠢ ᠡᠯᠪᠡᠭ ᠭᠠᠵᠠᠷ ᠣᠷᠣᠨ ᠪᠠ ᠪᠠᠭ᠎ᠠ ᠬᠤᠳᠠ ᠪᠠᠯᠭᠠᠰᠤᠨ ᠳᠤ ᠲᠥᠪᠯᠡᠷᠡᠭᠦᠯᠵᠦ᠂ ᠭᠤᠣᠯᠳᠠᠯᠭ᠎ᠠ ᠲᠠᠢ ᠬᠥᠭᠵᠢᠭᠦᠯᠬᠦ ᠲᠣᠰᠬᠤᠨ᠂ ᠦᠯᠡᠳᠡᠭᠡᠬᠦ ᠲᠣᠰᠬᠤᠨ ᠪᠠ ᠬᠠᠰᠤᠵᠤ ᠨᠡᠶᠢᠯᠡᠭᠦᠯᠬᠦ ᠲᠣᠰᠬᠤᠨ ᠢ ᠰᠢᠨᠵᠢᠯᠡᠬᠦ ᠤᠬᠠᠭᠠᠨᠴᠢ ᠪᠠᠷ ᠲᠦᠷᠦᠯ ᠬᠤᠪᠢᠶᠠᠵᠤ᠂ ᠲᠥᠯᠥᠪᠵᠢᠭᠦᠯᠭᠡ ᠶᠢ ᠣᠷᠣᠨ ᠪᠠᠶᠢᠷᠢ ᠳᠤᠨᠢ ᠨᠠᠶᠢᠳᠠᠪᠤᠷᠢᠵᠢᠭᠤᠯᠬᠤ᠂ ᠭᠠᠵᠠᠷ ᠨᠤᠲᠤᠭ ᠢ ᠵᠦᠢ ᠵᠣᠬᠢᠰᠲᠠᠶ ᠰᠣᠩᠭᠤᠬᠤ ᠶᠢ ᠪᠡᠶᠡᠯᠡᠭᠦᠯᠵᠦ᠂ ᠨᠡᠭᠦᠯᠭᠡᠵᠦ ᠭᠠᠷᠭᠠᠬᠤ ᠮᠥᠷᠲᠡᠭᠡᠨ ᠪᠠᠰᠠ ᠰᠠᠶᠢᠬᠠᠨ ᠣᠷᠣᠨ ᠰᠠᠭᠤᠴᠠ ᠳᠤ ᠰᠠᠭᠤᠯᠭᠠᠬᠤ ᠶᠢ ᠪᠡᠶᠡᠯᠡᠭᠦᠯᠪᠡ᠃ ᠡᠭᠦᠨ ᠤ ᠬᠠᠮᠲᠤ᠂ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠬᠤ᠂ ᠤᠯᠠᠨ ᠲᠦᠮᠡᠨ ᠰᠠᠶᠢᠨ ᠳᠤᠷ᠎ᠠ ᠠᠴᠠ ᠪᠠᠨ ᠪᠠᠶᠢᠬᠤ ᠵᠠᠷᠴᠢᠮ ᠪᠠ ᠭᠠᠵᠠᠷ ᠣᠷᠣᠨ ᠤ ᠪᠠᠶᠢᠳᠠᠯ ᠳᠤ ᠲᠣᠬᠢᠷᠠᠭᠤᠯᠵᠤ᠂ ᠠᠵᠢᠯᠴᠢ ᠠᠷᠪᠢᠲᠠᠢ ᠪᠠᠶᠢᠬᠤ ᠵᠠᠷᠴᠢᠮ ᠢ ᠪᠠᠷᠢᠮᠲᠠᠯᠠᠵᠤ᠂ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ ᠪᠠ ᠬᠡᠯᠪᠡᠷᠢ ᠶᠢᠨ ᠲᠡᠳᠦᠢ ᠢᠨᠵᠧᠨᠧᠷᠢᠩ ᠢ ᠰᠡᠷᠭᠡᠶᠢᠯᠡᠪᠡ᠃ ᠴᠢᠩᠭ᠎ᠠ ᠬᠠᠮᠢᠶᠠᠷᠴᠤ᠂ ᠵᠢᠷᠤᠮᠵᠢᠭᠤᠯᠤᠨ ᠠᠵᠢᠯᠯᠠᠵᠤ᠂ ᠲᠦᠷᠦ ᠶᠢᠨ ᠪᠤᠳᠤᠯᠭ᠎ᠠ ᠶᠢ ᠢᠯᠡ ᠪᠣᠯᠭᠠᠬᠤ᠂ ᠠᠰᠢᠭ ᠬᠦᠷᠲᠡᠭᠡᠴᠢ ᠶᠢ ᠢᠯᠡ ᠪᠣᠯᠭᠠᠬᠤ᠂ ᠨᠥᠬᠦᠪᠥᠷᠢ ᠶᠢᠨ ᠪᠠᠷᠢᠮᠵᠢᠶ᠎ᠠ ᠶᠢ ᠢᠯᠡ ᠪᠣᠯᠭᠠᠬᠤ ᠶᠢ ᠪᠡᠶᠡᠯᠡᠭᠦᠯᠵᠦ᠂ ᠠᠷᠠᠳᠴᠢᠯᠠᠯ ᠢᠶᠠᠷ ᠦᠨᠡᠯᠡᠨ ᠶᠠᠷᠢᠯᠴᠠᠬᠤ ᠶᠢ ᠬᠡᠷᠡᠭᠵᠢᠭᠦᠯᠵᠦ᠂ ᠡᠯ᠎ᠡ ᠱᠠᠲᠤ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠠᠵᠢᠯ ᠤᠨ ᠲᠡᠰ ᠳᠠᠷᠠᠭᠠᠯᠠᠯ ᠢ ᠨᠠᠷᠢᠯᠢᠭᠵᠢᠭᠤᠯᠵᠤ᠂ ᠨᠡᠶᠢᠭᠡᠮ ᠤᠨ ᠬᠢᠨᠠᠯᠲᠠ ᠶᠢ ᠬᠦᠯᠢᠶᠡᠪᠡ᠃ ᠡᠭᠦᠨ ᠤ ᠬᠠᠮᠲᠤ᠂ ᠥᠪᠥᠷ ᠮᠣᠩᠭᠤᠯ ᠪᠠᠰᠠ ︽ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠢ ᠲᠥᠷᠥᠯ ᠬᠤᠪᠢᠶᠠᠨ ᠨᠥᠬᠦᠪᠥᠷᠢᠯᠡᠬᠦ ᠪᠠᠷᠢᠮᠵᠢᠶ᠎ᠠ︾᠎ ᠶᠢ ᠲᠣᠭᠲᠠᠭᠠᠨ ᠨᠡᠶᠢᠲᠡᠯᠡᠵᠦ᠂ ᠵᠥᠷᠢᠶᠡᠲᠦ ᠨᠥᠬᠦᠪᠥᠷᠢ ᠥᠭᠬᠦ ᠵᠠᠷᠴᠢᠮ ᠶᠣᠰᠣᠭᠠᠷ᠂ ᠶᠠᠳᠠᠭᠤ ᠬᠦᠴᠢᠷᠳᠡᠯᠲᠡᠶ ᠮᠠᠯᠴᠢᠨ ᠲᠠᠷᠢᠶᠠᠴᠢᠨ ᠡᠷᠦᠭᠡ ᠶᠢᠨ ᠶᠠᠳᠠᠭᠤ ᠬᠦᠴᠢᠷᠳᠡᠯᠲᠡᠶ ᠬᠡᠮᠵᠢᠶ᠎ᠡ ᠶᠢ ᠦᠨᠳᠦᠰᠦᠯᠡᠨ ᠠᠳᠠᠯᠢ ᠪᠤᠰᠤ ᠨᠥᠬᠦᠪᠥᠷᠢ ᠶᠢᠨ ᠳᠡᠰ ᠢ ᠲᠣᠭᠲᠠᠭᠠᠵᠤ᠂ ᠵᠥᠷᠢᠶ᠎ᠡ ᠲᠠᠢ ᠪᠣᠯᠭᠠᠵᠤ᠂ ᠭᠤᠣᠯᠳᠠᠯᠭ᠎ᠠ ᠶᠢ ᠲᠣᠪᠣᠶᠢᠯᠭᠠᠵᠤ᠂ ᠬᠦᠴᠦ ᠪᠠᠨ ᠲᠥᠪᠯᠡᠷᠡᠭᠦᠯᠵᠦ ᠪᠠᠶᠢᠭᠠᠳ ᠥᠪᠡᠰᠦᠪᠡᠨ ᠪᠡᠯᠡ ᠴᠤᠭᠯᠠᠭᠤᠯᠬᠤ ᠴᠢᠳᠠᠪᠤᠷᠢ ᠦᠭᠡᠢ ᠣᠨᠴᠠ ᠬᠦᠴᠢᠷᠳᠡᠯᠲᠡᠶ ᠡᠷᠦᠭᠡ ᠶᠢᠨ ᠣᠷᠣᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠭᠡᠳ ᠬᠡᠰᠡᠭ ᠭᠠᠵᠠᠷ ᠣᠷᠣᠨ ᠤ ᠬᠠᠮᠤᠭ ᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠣᠷᠣᠨ ᠰᠠᠭᠤᠴᠠ ᠪᠠᠷᠢᠬᠤ ᠴᠢᠳᠠᠯ ᠦᠭᠡᠢ ᠪᠠᠶᠢᠳᠠᠯ ᠭᠠᠷᠬᠤ ᠶᠢ ᠪᠠᠭᠠᠰᠬᠠᠵᠤ᠂ ᠲᠠᠷᠢᠶᠠᠯᠠᠬᠤ ᠮᠠᠯᠵᠢᠬᠤ ᠣᠷᠣᠨ ᠤ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠡᠬᠢ ᠪᠠᠶᠠᠯᠢᠭ ᠢ ᠵᠦᠢ ᠵᠣᠬᠢᠰᠲᠠᠶ ᠪᠠᠷ ᠠᠰᠢᠭᠯᠠᠬᠤ ᠶᠢ ᠪᠡᠶᠡᠯᠡᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号