ᠥᠪᠥᠷ ᠵᠠᠰᠠᠭ ᠠᠯᠪᠠᠨ ᠲᠠᠷᠬᠠᠭᠠᠭᠰᠠᠨ ﹇2015﹈ 32 ᠳ᠋ᠤᠭᠠᠷ ᠲᠤᠭᠠᠳᠤ | 4 ᠳ᠋ᠤᠭᠡᠷ ᠰᠠᠷ᠎ᠠ ᠶᠢᠨ 7 ᠤ ᠡᠳᠦᠷ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ ᠳᠤ᠄ | ︽ᠠᠩᠬᠠᠳᠤᠭᠠᠷ ᠤᠳᠠᠭᠠᠨ ᠤ ᠪᠦᠬᠦ ᠤᠯᠤᠰ ᠤᠨ ᠵᠠᠰᠠᠭ ᠤᠨ ᠣᠷᠳᠤᠨ ᠤ ᠰᠦᠯᠵᠢᠶᠡᠨ ᠤ ᠥᠷᠲᠡᠭᠡ ᠶᠢᠨ | ᠨᠡᠶᠢᠳᠡᠮ ᠪᠠᠶᠢᠴᠠᠭᠠᠯᠲᠠ ᠶᠢ ᠦᠷᠨᠢᠭᠦᠯᠬᠦ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ | ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2015﹈ 15 ᠳ᠋ᠤᠭᠠᠷ ᠲᠣᠭᠠᠲᠤ᠂ ᠳᠣᠷᠤᠭᠰᠢ ︽ᠮᠡᠳᠡᠭᠳᠡᠯ︾ | ᠭᠡᠵᠦ ᠲᠣᠪᠴᠢᠯᠡᠨᠡ︶ ᠢ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠤᠯᠠᠮᠵᠢᠯᠠᠨ ᠶᠠᠪᠤᠭᠤᠯᠬᠤ ᠶᠢᠨ ᠬᠠᠮᠲᠤ ᠪᠣᠲᠠᠲᠠᠢ ᠲᠠᠢ ᠤᠶᠠᠯᠳᠤᠭᠤᠯᠤᠨ | ᠳᠣᠣᠷᠠᠬᠢ ᠮᠡᠲᠦ ᠰᠠᠨᠠᠯ ᠳᠤᠷᠠᠳᠪᠠ᠂ ᠬᠠᠮᠲᠤ ᠳᠤᠨᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | ᠨᠢᠭᠡ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ | ᠵᠠᠰᠠᠭ ᠤᠨ ᠣᠷᠳᠣᠨ ᠤ ᠰᠦᠯᠵᠢᠶᠡᠨ ᠤ ᠥᠷᠲᠡᠭᠡ ᠪᠣᠯ ᠰᠦᠯᠵᠢᠶᠡᠨ ᠤ ᠴᠠᠭ ᠦᠶ᠎ᠡ ᠳᠠᠬᠢ ᠵᠠᠰᠠᠭ ᠤᠨ | ᠣᠷᠳᠤᠨ ᠤ ᠤᠯᠠᠨ ᠲᠦᠮᠡᠨ ᠯᠦᠭᠡ ᠨᠢᠭᠲᠠ ᠬᠠᠷᠢᠯᠴᠠᠬᠤ᠂ ᠡᠭᠦᠷᠭᠡ ᠬᠠᠷᠢᠭᠤᠴᠠᠯᠭ᠎ᠠ ᠪᠠᠨ ᠬᠠᠤᠯᠢ ᠶᠤᠰᠤᠭᠠᠷ | ᠭᠦᠢᠴᠡᠳᠭᠡᠬᠦ ᠴᠢᠬᠤᠯᠠ ᠲᠡᠪᠴᠡᠩ ᠪᠣᠯᠣᠨ᠎ᠠ᠂ ᠵᠠᠰᠠᠭ ᠤᠨ ᠣᠷᠳᠤᠨ ᠤ ᠰᠦᠯᠵᠢᠶᠡᠨ ᠤ ᠥᠷᠲᠡᠭᠡ ᠶᠢᠨ ᠨᠡᠶᠢᠳᠡᠮ | ᠪᠠᠶᠢᠴᠠᠭᠠᠯᠲᠠ ᠶᠢ ᠦᠷᠨᠢᠭᠦᠯᠬᠦ ᠨᠢ ᠵᠠᠰᠠᠭ ᠤᠨ ᠣᠷᠳᠤᠨ ᠤ ᠰᠦᠯᠵᠢᠶᠡᠨ ᠤ ᠥᠷᠲᠡᠭᠡ ᠶᠢᠨ ᠪᠦᠬᠦ ᠵᠦᠢᠯ ᠢ | ᠳᠤᠲᠣᠷᠬᠠᠢ ᠣᠶᠢᠯᠠᠭᠠᠨ ᠲᠤᠳᠤᠯᠠᠵᠤ᠂ ᠵᠠᠰᠠᠭ ᠤᠨ ᠣᠷᠳᠤᠨ ᠤ ᠰᠦᠯᠵᠢᠶᠡᠨ ᠤ ᠥᠷᠲᠡᠭᠡ ᠶᠢᠨ ᠡᠷᠬᠡ ᠰᠦᠷ ᠪᠠ | ᠨᠦᠯᠦᠭᠡᠯᠡᠬᠦ ᠬᠦᠴᠦᠨ ᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ᠂ | ᠡᠯ᠎ᠡ ᠰᠠᠯᠠᠭ᠎ᠠ ᠮᠦᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ︽ᠮᠡᠳᠡᠭᠳᠡᠯ︾ ᠤᠨ ᠱᠠᠭᠠᠷᠳᠠᠯᠭ᠎ᠠ | ᠶᠤᠰᠤᠭᠠᠷ᠂ ᠲᠤᠰ ᠭᠠᠵᠠᠷ ᠣᠷᠣᠨ᠂ ᠲᠤᠰ ᠰᠠᠯᠠᠭ᠎ᠠ ᠮᠦᠴᠢᠷ ᠤᠨ ᠢᠶᠠᠨ ᠵᠠᠰᠠᠭ ᠤᠨ ᠣᠷᠳᠤᠨ ᠤ ᠰᠦᠯᠵᠢᠶᠡᠨ ᠤ | ᠥᠷᠲᠡᠭᠡ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠳᠠᠷᠦ᠋ᠢᠬᠠᠨ ᠡᠬᠢᠯᠡᠭᠦᠯᠬᠦ ᠬᠡᠷᠡᠭᠲᠡᠢ᠃ | ᠬᠤᠶᠠᠷ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢ ᠴᠠᠭ ᠲᠤᠬᠠᠢ ᠳᠤᠨᠢ ᠲᠠᠭᠯᠠᠨ | ᠮᠡᠳᠡᠭᠦᠯᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ︽ᠮᠡᠳᠡᠭᠳᠡᠯ︾ ᠳᠤ ᠳᠤᠲᠤᠷᠬᠠᠶᠢᠯᠠᠭᠰᠠᠨ ᠨᠡᠶᠢᠳᠡᠮ | ᠪᠠᠶᠢᠴᠠᠭᠠᠯᠲᠠ ᠬᠢᠬᠦ ᠬᠡᠪᠴᠢᠶ᠎ᠡ᠂ ᠨᠡᠶᠢᠳᠡᠮ ᠪᠠᠶᠢᠴᠠᠭᠠᠯᠲᠠ ᠬᠢᠬᠦ ᠠᠷᠭ᠎ᠠ ᠮᠠᠶ᠋ᠢᠭ᠂ ᠨᠡᠶᠢᠳᠡᠮ ᠪᠠᠶᠢᠴᠠᠭᠠᠯᠲᠠ ᠬᠢᠬᠦ | ᠠᠭᠤᠯᠭ᠎ᠠ ᠪᠠ ᠴᠠᠭ ᠬᠤᠭᠤᠴᠠᠭ᠎ᠠ ᠠᠬᠢᠴᠠ ᠶᠢᠨ ᠱᠠᠭᠠᠷᠳᠠᠯᠭ᠎ᠠ ᠶᠤᠰᠤᠭᠠᠷ᠂ ᠦᠪᠡᠷ ᠢᠶᠠᠨ ᠪᠠᠶᠢᠴᠠᠭᠠᠬᠤ ᠠᠵᠢᠯ ᠢ | ᠯᠠᠪᠳᠠᠭᠤᠨ ᠢᠶᠠᠷ ᠦᠷᠨᠢᠭᠦᠯᠬᠦ ᠬᠡᠷᠡᠭᠲᠡᠢ᠃ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠶᠢ ᠱᠠᠲᠤ ᠳᠠᠷᠠᠭᠠᠯᠠᠨ ᠬᠢᠨᠠᠨ | ᠬᠠᠷᠭᠤᠭᠤᠯᠵᠤ ᠪᠠᠶᠢᠴᠠᠭᠠᠳ᠂ ᠲᠤᠭ᠎ᠠ ᠪᠠᠷᠢᠮᠳᠠᠳᠤ ᠮᠡᠳᠡᠭᠡ ᠵᠠᠩᠭᠢ ᠶᠢᠨ ᠦᠨᠡᠨ ᠪᠤᠲᠠᠲᠠᠢ᠂ ᠵᠥᠪ ᠣᠨᠤᠪᠴᠢᠲᠠᠢ᠂ | ᠪᠦᠷᠢᠨ ᠪᠦᠲᠦᠨ᠂ ᠵᠢᠷᠤᠮᠵᠢᠯ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠪᠠᠶᠢᠴᠠᠭᠠᠬᠤ ᠳᠤᠮᠳᠠ | ᠢᠯᠡᠷᠡᠭᠦᠯᠦᠭᠰᠡᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠠ ᠲᠣᠭᠲᠠᠭᠠᠵᠤ᠂ ᠨᠢᠭᠡᠳ ᠨᠢᠭᠡ ᠪᠠᠷ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠠᠶᠢᠮᠠᠭ ᠬᠤᠲᠠ ᠨᠤᠭᠤᠳ 2015 ᠣᠨ ᠤ | 4 ᠳ᠋ᠤᠭᠡᠷ ᠰᠠᠷ᠎ᠠ ᠶᠢᠨ 20 ᠤ ᠡᠳᠦᠷ ᠠᠴᠠ ᠡᠮᠦᠨ᠎ᠡ ᠪᠦᠬᠦ ᠤᠯᠤᠰ ᠤᠨ ᠵᠠᠰᠠᠭ ᠤᠨ ᠣᠷᠳᠤᠨ ᠤ ᠰᠦᠯᠵᠢᠶᠡᠨ ᠤ | ᠥᠷᠲᠡᠭᠡ ᠶᠢᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠰᠢᠰᠲ᠋ᠧᠮ ᠢᠶᠠᠷ ᠳᠠᠮᠵᠢᠨ ᠲᠤᠰ ᠭᠠᠵᠠᠷ ᠣᠷᠣᠨ ᠤ ︽ | ᠵᠠᠰᠠᠭ ᠤᠨ ᠣᠷᠳᠤᠨ ᠤ ᠰᠦᠯᠵᠢᠶᠡᠨ ᠤ ᠥᠷᠲᠡᠭᠡ ᠶᠢᠨ ᠦᠨᠳᠦᠰᠦᠨ ᠮᠡᠳᠡᠭᠡ ᠵᠠᠩᠭᠢ ᠶᠢᠨ ᠬᠦᠰᠦᠨᠦᠭᠲᠦ︾᠂ ︽ | ᠵᠠᠰᠠᠭ ᠤᠨ ᠣᠷᠳᠤᠨ ᠤ ᠰᠦᠯᠵᠢᠶᠡᠨ ᠤ ᠥᠷᠲᠡᠭᠡ ᠶᠢᠨ ᠪᠣᠯᠣᠩ ︵ᠰᠢᠰᠲ᠋ᠧᠮ︶ ᠤᠨ ᠦᠨᠳᠦᠰᠦᠨ ᠮᠡᠳᠡᠭᠡ | ᠵᠠᠩᠭᠢ ᠶᠢᠨ ᠬᠦᠰᠦᠨᠦᠭᠲᠦ︾ ᠶᠢ ᠲᠠᠭᠯᠠᠨ ᠮᠡᠳᠡᠭᠦᠯᠬᠦ ᠠᠵᠢᠯ ᠢᠶᠠᠨ ᠪᠡᠶᠡᠯᠡᠭᠦᠯᠵᠦ᠂ 7 ᠳ᠋ᠤᠭᠠᠷ ᠰᠠᠷ᠎ᠠ ᠶᠢᠨ 30 ᠤ | ᠡᠳᠦᠷ ᠠᠴᠠ ᠡᠮᠦᠨ᠎ᠡ ︽ᠪᠦᠬᠦ ᠣᠯᠣᠰ ᠤᠨ ᠵᠠᠰᠠᠭ ᠤᠨ ᠣᠷᠳᠤᠨ ᠤ ᠰᠦᠯᠵᠢᠶᠡᠨ ᠤ ᠥᠷᠲᠡᠭᠡ ᠶᠢᠨ ᠨᠡᠶᠢᠳᠡᠮ | ᠪᠠᠶᠢᠴᠠᠭᠠᠯᠲᠠ ᠶᠢᠨ ᠬᠤᠪᠢ ᠲᠣᠭᠲᠠᠭᠠᠬᠤ ᠬᠦᠰᠦᠨᠦᠭᠲᠦ︾ ᠶᠢ ᠲᠠᠭᠯᠠᠨ ᠮᠡᠳᠡᠭᠦᠯᠬᠦ ᠠᠵᠢᠯ ᠢᠶᠠᠨ ᠪᠡᠶᠡᠯᠡᠭᠦᠯᠬᠦ | ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠦᠴᠢᠷ ᠤᠳ 2015 ᠣᠨ ᠤ 4 ᠳ᠋ᠤᠭᠡᠷ ᠰᠠᠷ᠎ᠠ ᠶᠢᠨ | 15 ᠤ ᠡᠳᠦᠷ ᠠᠴᠠ ᠡᠮᠦᠨ᠎ᠡ ︽ᠵᠠᠰᠠᠭ ᠤᠨ ᠣᠷᠳᠤᠨ ᠤ ᠰᠦᠯᠵᠢᠶᠡᠨ ᠤ ᠥᠷᠲᠡᠭᠡ ᠶᠢᠨ ᠦᠨᠳᠦᠰᠦᠨ ᠮᠡᠳᠡᠭᠡ | ᠵᠠᠩᠭᠢ ᠶᠢᠨ ᠬᠦᠰᠦᠨᠦᠭᠲᠦ︾ ᠪᠠ ︽ᠵᠠᠰᠠᠭ ᠤᠨ ᠣᠷᠳᠤᠨ ᠤ ᠰᠦᠯᠵᠢᠶᠡᠨ ᠤ ᠥᠷᠲᠡᠭᠡ ᠶᠢᠨ ᠪᠣᠯᠣᠩ ︵ᠰᠢᠰᠲ᠋ᠧᠮ︶ | ᠤᠨ ᠦᠨᠳᠦᠰᠦᠨ ᠮᠡᠳᠡᠭᠡ ᠵᠠᠩᠭᠢ ᠶᠢᠨ ᠬᠦᠰᠦᠨᠦᠭᠲᠦ︾᠂ 7 ᠳ᠋ᠤᠭᠠᠷ ᠰᠠᠷ᠎ᠠ ᠶᠢᠨ 25 ᠤ ᠡᠳᠦᠷ ᠠᠴᠠ ᠡᠮᠦᠨ᠎ᠡ ︽ | ᠪᠦᠬᠦ ᠣᠯᠣᠰ ᠤᠨ ᠵᠠᠰᠠᠭ ᠤᠨ ᠣᠷᠳᠤᠨ ᠤ ᠰᠦᠯᠵᠢᠶᠡᠨ ᠤ ᠥᠷᠲᠡᠭᠡ ᠶᠢᠨ ᠨᠡᠶᠢᠳᠡᠮ ᠪᠠᠶᠢᠴᠠᠭᠠᠯᠲᠠ ᠶᠢᠨ ᠬᠤᠪᠢ | ᠲᠣᠭᠲᠠᠭᠠᠬᠤ ᠬᠦᠰᠦᠨᠦᠭᠲᠦ︾ ᠶᠢᠨ ᠴᠠᠭᠠᠰᠤᠨ ᠤ ᠪᠣᠯᠣᠨ ᠡᠯᠧᠺᠲᠷᠣᠨ ᠪᠢᠴᠢᠭᠯᠡᠯ ᠢ ᠦᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠲᠢᠩᠬᠢᠮ ᠤᠨ ᠡᠯᠧᠺᠲᠷᠣᠨ ᠵᠠᠰᠠᠭ ᠤᠨ ᠶᠠᠪᠤᠳᠠᠯ ᠤᠨ | ᠭᠠᠵᠠᠷ ᠲᠤ ᠮᠡᠳᠡᠭᠦᠯᠦᠨ ᠬᠦᠷᠭᠡᠬᠦ ᠬᠡᠷᠡᠭᠲᠡᠢ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠤᠨ ᠪᠠ ᠦᠪᠡᠷᠲᠡᠭᠡᠨ ᠵᠠᠰᠬᠠᠤ ᠣᠷᠣᠨ ᠤ ᠡᠯ᠎ᠡ ᠰᠠᠯᠠᠭ᠎ᠠ ᠮᠦᠴᠢᠷ ᠤᠳ 2015 ᠣᠨ ᠤ 8 ᠳ᠋ᠤᠭᠠᠷ | ᠰᠠᠷ᠎ᠠ ᠶᠢᠨ 20 ᠤ ᠡᠳᠦᠷ ᠠᠴᠠ ᠡᠮᠦᠨ᠎ᠡ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ | ᠠᠯᠪᠠᠨ ᠲᠢᠩᠬᠢᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠭᠠᠵᠠᠷ ᠲᠤ ᠦᠪᠡᠷ ᠢᠶᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠢ᠃ | ᠭᠤᠷᠪᠠ᠂ ᠤᠳᠤᠷᠢᠳᠤᠯᠭ᠎ᠠ ᠪᠠᠨ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠪᠤᠳᠠᠳᠤ ᠪᠦᠲᠦᠮᠵᠢ ᠶᠢ | ᠦᠨᠡᠨᠬᠦ ᠪᠠᠲᠤᠯᠠᠬᠤ ᠬᠡᠷᠡᠭᠲᠡᠢ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠨ ᠠᠯᠪᠠᠨ ᠲᠢᠩᠬᠢᠮ ︵ᠭᠡᠷ︶ ᠨᠤᠭᠤᠳ ᠲᠤᠰ | ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠬᠠᠷᠢᠭᠤᠴᠠᠯᠭ᠎ᠠ ᠶᠢᠨ ᠭᠤᠣᠯ ᠴᠤᠭᠴᠠ ᠪᠣᠯᠣᠭᠰᠠᠨ ᠤ ᠬᠤᠪᠢ ᠳᠤ᠂ | ᠵᠣᠬᠢᠶᠠᠨ ᠪᠠᠶᠢᠭᠤᠯᠤᠨ ᠵᠤᠬᠢᠴᠠᠭᠤᠯᠬᠤ᠂ ᠬᠢᠨᠠᠯᠲᠠ ᠲᠠᠯᠪᠢᠵᠤ ᠵᠢᠯᠤᠭᠤᠳᠬᠤ ᠪᠠ ᠲᠠᠭᠯᠠᠨ ᠮᠡᠳᠡᠭᠦᠯᠬᠦ ᠲᠤᠭ᠎ᠠ | ᠪᠠᠷᠢᠮᠳᠠᠳᠤ ᠮᠡᠳᠡᠭᠡ ᠵᠠᠩᠭᠢ ᠶᠢᠨ ᠦᠨᠡᠨ ᠪᠤᠳᠠᠳᠤ ᠴᠢᠨᠠᠷ᠂ ᠤᠨᠤᠪᠴᠢᠲᠦ ᠴᠢᠨᠠᠷ ᠪᠠ ᠪᠦᠷᠢᠨ ᠪᠦᠲᠦᠨ ᠴᠢᠨᠠᠷ ᠢ | ᠬᠢᠨᠠᠨ ᠬᠠᠷᠭᠤᠭᠤᠯᠬᠤ ᠶᠢ ᠬᠠᠷᠢᠭᠤᠴᠠᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠠᠯᠪᠠᠨ ᠲᠢᠩᠬᠢᠮ ︵ | ᠭᠡᠷ︶ ᠤᠨ ᠬᠤᠪᠢᠳᠠᠨ ᠬᠠᠮᠢᠶᠠᠷᠴᠤ ᠬᠠᠷᠢᠭᠤᠴᠠᠬᠤ ᠨᠦᠬᠦᠳ ᠤᠳ ᠪᠡᠶ᠎ᠡ ᠪᠠᠷ ᠢᠶᠠᠨ ᠠᠳᠬᠤᠬᠤ ᠶᠢᠨ ᠬᠠᠮᠲᠤ | ᠲᠤᠰᠬᠠᠢ ᠬᠦᠮᠦᠨ ᠲᠣᠭᠲᠠᠭᠠᠵᠤ ᠪᠠᠶᠢᠭᠠᠳ ᠬᠠᠷᠢᠯᠴᠠᠬᠤ ᠶᠢ ᠬᠠᠷᠢᠭᠤᠴᠠᠭᠤᠯᠤᠨ᠂ ᠨᠡᠶᠢᠳᠡᠮ ᠪᠠᠶᠢᠴᠠᠭᠠᠯᠲᠠ ᠶᠢᠨ | ᠠᠵᠢᠯ ᠢ ᠴᠠᠭ ᠲᠠᠭᠠᠨ ᠴᠢᠨᠠᠷ ᠴᠢᠨᠰᠠᠭ᠎ᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ︽ᠮᠡᠳᠡᠭᠳᠡᠯ︾ ᠤᠨ | ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠤᠰᠠᠳᠠ᠂ ᠦᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠤᠨ ᠤ ᠠᠯᠪᠠᠨ ᠲᠢᠩᠬᠢᠮ ᠠᠴᠠ ᠦᠪᠡᠷᠲᠡᠭᠡᠨ ᠵᠠᠰᠬᠠᠤ ᠣᠷᠣᠨ ᠤ ᠵᠠᠰᠠᠭ ᠤᠨ ᠣᠷᠳᠤᠨ ᠤ | ᠰᠦᠯᠵᠢᠶᠡᠨ ᠤ ᠥᠷᠲᠡᠭᠡ ᠶᠢᠨ ᠨᠠᠶᠢᠳᠡᠮ ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠵᠤ᠂ ᠲᠤᠰ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠪᠤᠲᠠᠲᠠᠢ ᠵᠣᠬᠢᠶᠠᠨ ᠪᠠᠶᠢᠭᠤᠯᠵᠤ ᠵᠣᠬᠢᠴᠠᠭᠤᠯᠬᠤ | ᠠᠵᠢᠯ ᠢ ᠬᠠᠷᠢᠭᠤᠴᠠᠨ᠎ᠠ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠦᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠤᠨ ᠤ ᠠᠯᠪᠠᠨ ᠲᠢᠩᠬᠢᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠭᠠᠵᠠᠷ ᠲᠤ | ᠪᠠᠶᠢᠷᠢᠯᠠᠭᠤᠯᠪᠠ᠃ | ᠬᠠᠷᠢᠯᠴᠠᠬᠤ ᠬᠦᠮᠦᠨ᠄ ᠯᠢᠦ ᠢᠤᠢ ᠶᠣᠣ ᠪᠣᠣ ᠯᠢᠨ | ᠬᠠᠷᠢᠯᠴᠠᠬᠤ ᠤᠲᠠᠰᠤ᠄ ︵0471︶ 4826227 15904711939 | 18547139871 | ᠳᠠᠭᠠᠯᠳᠤᠭᠤᠯᠤᠯ᠄ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠤᠨ ᠤ ᠰᠦᠯᠵᠢᠶᠡᠨ ᠤ | ᠥᠷᠲᠡᠭᠡ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠤ ᠨᠡᠷᠡᠰ | ︵ᠲᠤᠪᠴᠢᠯᠠᠪᠠ︶ | |