ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠠᠵᠢᠯ ᠲᠥᠷᠥᠯ ᠤᠨ ᠨᠡᠶᠢᠭᠡᠮᠯᠢᠭ ᠤᠨ ᠪᠦᠷᠢᠳᠬᠡᠯ ᠢ | ᠦᠨᠳᠦᠰᠦᠯᠡᠪᠡᠯ᠂ 11 ᠳ᠋ᠦ᠋ᠭᠡᠷ ᠰᠠᠷ᠎ᠠ ᠪᠤᠯᠬᠤ ᠳᠤ᠂ ᠮᠠᠨ ᠤ ᠣᠷᠣᠨ ᠤ ᠬᠡᠪᠴᠢᠶ᠎ᠡ ᠠᠴᠠ ᠳᠡᠭᠡᠭᠰᠢᠬᠢ ᠴᠠᠬᠢᠯᠭᠠᠨ | ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 9992.09 ᠲᠦᠮᠡᠨ ᠺᠢᠯᠣᠸᠠᠲ ᠲᠤ ᠬᠦᠷᠴᠦ᠂ ᠡᠭᠦᠨ ᠤ | ᠳᠣᠲᠣᠷ᠎ᠠ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 2256.16 | ᠲᠦᠮᠡᠨ ᠺᠢᠯᠣᠸᠠᠲ ᠬᠦᠷᠪᠡ ︵ᠭᠤᠷᠪᠠᠨ ᠬᠠᠪᠴᠢᠯ ᠤᠨ ᠤᠰᠤᠨ ᠴᠠᠬᠢᠯᠭᠠᠨ ᠤ100.27% ᠲᠠᠢ ᠲᠡᠩᠴᠡᠨ᠎ᠡ︶᠃ | ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ ᠤᠳᠠᠯ ᠦᠭᠡᠢ ᠳ᠋ᠦᠩᠰᠢᠭᠤᠷ ᠢ ᠳᠠᠪᠠᠵᠦ᠂ ᠲᠠᠯ᠎ᠠ | ᠨᠤᠲᠤᠭ ᠤᠨ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠭᠤᠷᠪᠠᠨ ᠬᠠᠪᠴᠢᠯ ᠤᠨ ᠠᠮᠲᠠᠲᠤ ᠵᠡᠭᠦᠳᠦ ᠶᠢ | ᠲᠡᠷᠭᠡᠯᠰᠢᠭᠦᠯᠬᠦ ᠪᠤᠯᠤᠨ᠎ᠠ᠃ ᠡᠭᠦᠨ ᠤ ᠵᠡᠷᠭᠡᠴᠡᠭᠡᠪᠡᠷ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠨᠡᠶᠢᠲᠡᠯᠡᠭᠰᠡᠨ | ᠲᠦᠷᠦᠭᠦᠦ ᠭᠤᠷᠪᠠᠨ ᠤᠯᠠᠷᠢᠯ ᠤᠨ ᠪᠦᠷᠢᠳᠬᠡᠯ ᠤᠨ ᠲᠤᠭ᠎ᠠ ᠪᠠᠷᠢᠮᠲᠠ ᠶᠢᠨ ᠲᠦᠰᠦᠭᠡᠯᠡᠯ ᠢ ᠠᠰᠳᠠᠭᠠᠨ | ᠦᠨᠳᠦᠰᠦᠯᠡᠪᠡᠯ᠂ ᠦᠪᠦᠷ ᠮᠤᠩᠭᠤᠯ ᠤᠨ ᠴᠠᠬᠢᠯᠭᠠᠨ ᠢ ᠵᠡᠭᠦᠨᠰᠢ ᠬᠦᠷᠭᠡᠬᠦ ᠴᠠᠬᠢᠯᠭᠠᠨ ᠤ ᠬᠡᠮᠵᠢᠶ᠎ᠡ ᠨᠢ ᠡᠨᠡ ᠵᠢᠯ | ᠵᠠᠯᠭᠠᠭ᠎ᠠ ᠪᠠᠷ ᠪᠦᠬᠦ ᠤᠯᠤᠰ ᠲᠤ ᠠᠷᠪᠠᠨ ᠨᠢᠭᠡᠳᠦᠭᠡᠷ ᠤᠳᠠᠭ᠎ᠠ ᠲᠦᠷᠦᠭᠦᠯᠡᠬᠦ ᠪᠤᠯᠤᠨ᠎ᠠ᠃ ᠮᠠᠨ ᠤ ᠣᠷᠣᠨ ᠤ | ᠴᠡᠪᠡᠷ ᠡᠨᠧᠷᠭᠢ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠨᠢᠭᠡᠨᠲᠡ ᠪᠡᠯᠭᠡ | ᠲᠡᠮᠳᠡᠭ ᠤᠨ ᠴᠢᠨᠠᠷᠲᠠᠶ ᠠᠮᠵᠢᠯᠲᠠ ᠪᠦᠲᠦᠮᠵᠢ ᠣᠯᠵᠠᠶ᠃ | ᠥᠪᠥᠷ ᠮᠣᠩᠭᠤᠯ ᠤᠨ ᠰᠠᠯᠬᠢ᠂ ᠭᠡᠷᠡᠯ᠂ ᠨᠡᠭᠦᠷᠡᠰᠦ᠂ ᠴᠠᠬᠢᠯᠭᠠᠨ ᠤ ᠬᠠᠳᠠᠭᠠᠯᠠᠭᠳᠠᠴᠠ ᠪᠠ ᠦᠢᠯᠡᠳᠪᠦᠷᠢᠯᠡᠬᠦ | ᠴᠢᠳᠠᠪᠤᠷᠢ ᠨᠢ ᠪᠦᠬᠦ ᠤᠯᠤᠰ ᠲᠤ ᠣᠷᠦ᠋ᠢᠯᠠᠵᠤ ᠪᠠᠶᠢᠨ᠎ᠠ᠃ 2013 ᠣᠨ ᠲᠤ᠂ ᠥᠪᠡᠷᠲᠡᠭᠡᠨ ᠵᠠᠰᠠᠬᠤ ᠣᠷᠣᠨ ᠤ | ︽8337︾ ᠬᠥᠭᠵᠢᠯᠲᠡ ᠶᠢᠨ ᠰᠡᠳᠬᠢᠴᠡ ᠳᠤ ︽ᠨᠡᠶᠢᠰᠯᠡᠯ ᠤᠨ ᠬᠢ ᠶᠢ ᠪᠠᠲᠤᠯᠠᠬᠤ᠂ ᠤᠮᠠᠷᠠᠲᠤ ᠤᠷᠤᠨ ᠳᠤ | ᠦᠢᠯᠡᠴᠢᠯᠡᠬᠦ᠂ ᠪᠦᠬᠦ ᠤᠯᠤᠰ ᠲᠤ ᠬᠠᠨᠳᠤᠭᠰᠠᠨ ᠴᠡᠪᠡᠷ ᠡᠨᠧᠷᠭᠢ ᠭᠠᠳᠠᠭᠰᠢ ᠭᠠᠷᠭᠠᠬᠤ ᠰᠠᠭᠤᠷᠢᠨ ᠭᠠᠵᠠᠷ︾ ᠤᠨ | ᠤᠷᠤᠨ ᠪᠠᠶᠢᠷᠢᠰᠢᠯ ᠤᠨ ᠲᠣᠭᠲᠠᠭᠠᠯᠲᠠ ᠶᠢ ᠵᠢᠩᠬᠢᠨᠢ ᠪᠠᠷ ᠲᠳᠤᠷᠬᠠᠶᠢᠯᠠᠪᠠ᠃ 2014 ᠣᠨ ᠳᠤ᠂ ᠤᠯᠤᠰ ᠤᠨ | ᠡᠨᠧᠷᠭᠢ ᠶᠢᠨ ᠰᠤᠷᠪᠤᠯᠵᠢ ᠶᠢᠨ ᠲᠣᠪᠴᠢᠶ᠎ᠠ ᠨᠢ ᠪᠠᠰᠠ ᠮᠠᠨ ᠤ ᠣᠷᠣᠨ ᠤ ᠮᠤᠵᠢ ᠶᠢᠨ ᠳᠡᠰ ᠤᠨ ᠡᠨᠧᠷᠭᠢ ᠶᠢᠨ | ᠰᠤᠷᠪᠤᠯᠵᠢ ᠶᠢᠨ ᠲᠥᠯᠥᠪᠵᠢᠭᠦᠯᠭᠡ ᠶᠢ ᠤᠯᠤᠰ ᠤᠨ ᠪᠠᠶᠢᠯᠳᠤᠬᠤ ᠪᠣᠳᠣᠯᠭ᠎ᠠ ᠪᠣᠯᠭᠠᠨ ᠳᠡᠭᠡᠭᠰᠢᠯᠡᠭᠦᠯᠪᠡ᠃ | ᠣᠳᠣᠬᠠᠨ ᠳᠤ᠂ ᠲᠠᠯ᠎ᠠ ᠨᠤᠲᠤᠭ ᠤᠨ ︽ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠭᠤᠷᠪᠠᠨ ᠬᠠᠪᠴᠢᠯ︾ ᠤᠨ | ᠮᠠᠨᠳᠤᠯ ᠬᠦᠭᠵᠢᠯ ᠪᠠ ᠣᠨᠴᠠ ᠥᠨᠳᠥᠷ ᠬᠦᠴᠦᠳᠡᠯᠳᠦ ᠴᠠᠭ ᠦᠶ᠎ᠡ ᠶᠢᠨ ᠬᠦᠷᠴᠦ ᠢᠷᠡᠬᠦ ᠶᠢ ᠳᠠᠭᠠᠯᠳᠤᠨ᠂ ᠮᠠᠨ ᠤ | ᠣᠷᠣᠨ ᠤᠳᠤ ᠶᠠᠭ ᠤᠯᠤᠰ ᠤᠨ 21 ᠳ᠋ᠦ᠋ᠭᠡᠷ ᠵᠠᠭᠤᠨ ᠤ ᠡᠨᠧᠷᠭᠢ ᠶᠢᠨ ᠰᠤᠷᠪᠤᠯᠵᠢ ᠶᠢᠨ ᠬᠠᠩᠭᠠᠯᠭ᠎ᠠ ᠶᠢᠨ ᠤᠮᠠᠷᠠᠲᠤ | ᠣᠷᠣᠨ ᠤ ᠲᠥᠪ ᠪᠤᠯᠵᠤ ᠪᠠᠶᠢᠨ᠎ᠠ᠃ | ᠣᠶᠢᠯᠠᠭᠠᠭᠰᠠᠨ ᠢᠶᠠᠷ᠂ ᠣᠳᠣᠬᠠᠨ ᠳᠤ ᠪᠦᠬᠦ ᠣᠷᠣᠨ ᠤ ᠲᠢᠩᠬᠢᠮ ᠲᠣᠪᠴᠢᠶ᠎ᠠ ᠶᠢᠨ ᠲᠡᠰ ᠤᠨ | ᠪᠠᠶᠢᠭᠤᠯᠤᠮᠵᠢ ᠠᠴᠠ ᠴᠠᠬᠢᠯᠭᠠᠨ ᠭᠠᠷᠭᠠᠬᠤ ︵ᠡᠨᠧᠷᠭᠢ︶ ᠪᠦᠯᠦᠭᠯᠡᠯᠲᠤ ᠺᠣᠮᠫᠠᠨᠢ10 ᠢᠯᠡᠭᠦᠦ ᠪᠠᠶᠢᠵᠤ᠂ | ᠬᠡᠪᠴᠢᠶ᠎ᠡ ᠠᠴᠠ ᠳᠡᠭᠡᠭᠰᠢᠬᠢ ᠴᠠᠬᠢᠯᠭᠠᠨ ᠭᠠᠷᠭᠠᠬᠤ ᠨᠢᠭᠡᠴᠡ 527 ᠳᠤ ᠬᠦᠷᠴᠦ᠂ ᠳᠠᠬᠢᠠ ᠡᠭᠦᠰᠴᠦ ᠪᠣᠯᠬᠤ | ᠡᠨᠧᠷᠭᠢ ᠶᠢᠨ ᠮᠠᠰᠢᠨ ᠴᠤᠭᠴᠠᠯᠠᠪᠤᠷᠢ ᠶᠢᠨ ᠬᠤᠪᠢ ᠶᠢᠨ ᠵᠢᠩ ᠨᠡᠮᠡᠭᠳᠡᠭᠡᠳ 29% ᠪᠤᠯᠵᠡᠢ᠃ ᠪᠤᠬᠢᠷᠳᠤᠯ ᠦᠭᠡᠢ | ᠰᠠᠯᠬᠢᠨ ᠬᠦᠴᠦᠨ ᠤ ᠴᠠᠬᠢᠯᠭᠠᠨ ᠭᠠᠷᠭᠠᠯᠲᠠ ᠨᠢ ᠨᠢᠭᠡᠨᠲᠡ ᠨᠦᠬᠦᠪᠦᠷᠢ ᠡᠨᠧᠷᠭᠢ ᠶᠢᠨ ᠰᠤᠷᠪᠤᠯᠵᠢ | ᠪᠠᠶᠢᠭᠰᠠᠨ ᠠᠴᠠ ᠪᠠᠨ ᠣᠷᠣᠯᠠᠬᠤ ᠡᠨᠧᠷᠭᠢ ᠶᠢᠨ ᠰᠤᠷᠪᠤᠯᠵᠢ ᠵᠦᠭ ᠰᠢᠯᠵᠢᠪᠡ᠃ ︽12.5︾ ᠤᠨ | ᠬᠤᠭᠤᠴᠠᠭᠠᠨ ᠳᠤ᠂ ᠮᠠᠨ ᠤ ᠣᠷᠣᠨ ᠤ ᠴᠠᠬᠢᠯᠭᠠᠨ ᠬᠦᠴᠦᠨ ᠤ ᠠᠵᠢᠯ ᠲᠥᠷᠥᠯ ᠤᠨ ᠶᠡᠷᠦᠩᠬᠡᠶᠢᠯᠡᠭᠰᠡᠨ ᠪᠣᠳᠠᠲᠤ | ᠬᠦᠴᠦᠨ ᠮᠡᠳᠡᠭᠳᠡᠬᠦ᠋ᠢᠴᠡ ᠴᠢᠩᠭᠠᠷᠠᠵᠤ᠂ ᠥᠪᠡᠷᠲᠡᠭᠡᠨ ᠵᠠᠰᠠᠬᠤ ᠣᠷᠣᠨ ᠤ GDP ᠶᠢᠨ ᠳᠣᠲᠣᠷ᠎ᠠ ᠡᠵᠡᠯᠡᠬᠦ | ᠬᠠᠷᠢᠴᠠᠯ ᠳᠡᠭᠡᠭᠰᠢᠯᠡᠭᠡᠳ ᠨᠢᠭᠡᠨᠲᠡ ᠭᠤᠷᠪᠠᠨ ᠤ ᠨᠢᠭᠡ ᠬᠤᠪᠢ ᠶᠢ ᠡᠵᠡᠯᠡᠵᠦ᠂ ᠴᠠᠬᠢᠯᠭᠠᠨ ᠭᠠᠷᠭᠠᠬᠤ ᠮᠠᠰᠢᠨ | ᠴᠣᠭᠴᠠᠯᠠᠪᠤᠷᠢ᠂ ᠬᠥᠮᠦᠨ ᠪᠦᠷᠢ ᠶᠢᠨ ᠳᠤᠮᠳᠠᠴᠢ ᠮᠠᠰᠢᠨ ᠴᠣᠭᠴᠠᠯᠠᠪᠤᠷᠢ᠂ ᠰᠠᠯᠬᠢᠨ ᠬᠦᠴᠦᠨ ᠤ ᠴᠠᠬᠢᠯᠭᠠᠨ | ᠭᠠᠷᠭᠠᠬᠤ ᠮᠠᠰᠢᠨ ᠴᠣᠭᠴᠠᠯᠠᠪᠤᠷᠢ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ ᠴᠠᠬᠢᠯᠭᠠᠨ ᠤ ᠬᠡᠮᠵᠢᠶ᠎ᠡ᠂ ᠭᠠᠳᠠᠭᠰᠢ | ᠬᠦᠷᠭᠡᠬᠦ ᠴᠠᠬᠢᠯᠭᠠᠨ ᠤ ᠬᠡᠮᠵᠢᠶ᠎ᠡ ᠵᠡᠷᠭᠡ 5 ᠵᠦᠢᠯ ᠨᠢ ᠪᠦᠬᠦ ᠤᠯᠤᠰ ᠲᠤ ᠨᠢᠭᠡᠳᠦᠭᠡᠷ ᠪᠠᠶᠢᠷᠢ ᠶᠢ ᠡᠵᠡᠯᠡᠬᠦ | ᠲᠡᠮᠳᠡᠭᠯᠡᠯ ᠢ ᠪᠠᠲᠤᠯᠠᠭᠰᠠᠭᠠᠷ ᠪᠠᠶᠢᠭ᠎ᠠ ᠶᠤᠮ᠃ ᠡᠭᠦᠨ ᠤ ᠬᠠᠮᠲᠤ ᠴᠠᠬᠢᠯᠭᠠᠨ ᠬᠦᠴᠦᠨ ᠤ ᠪᠦᠲᠦᠭᠡᠨ ᠪᠠᠢᠭᠤᠯᠤᠯᠲᠠ | ᠨᠢ ᠪᠦᠳᠦᠭᠦᠯᠢᠭ ᠬᠡᠯᠪᠡᠷᠢ ᠠᠴᠠ ᠪᠠᠨ ᠡᠷᠴᠢᠮᠵᠢᠬᠦ᠂ ᠵᠦᠪᠬᠡᠨ ᠴᠠᠬᠢᠯᠭᠠᠨ ᠭᠠᠷᠭᠠᠵᠤ ᠪᠠᠶᠢᠭᠰᠠᠨᠡᠴᠠ ᠪᠠᠨ ᠨᠡᠭᠦᠷᠡᠰᠦ | ᠴᠠᠬᠢᠯᠭᠠᠨ ᠢ ᠨᠢᠭᠡ ᠴᠤᠭᠴᠠᠵᠢᠭᠤᠯᠬᠤ᠂ ᠰᠠᠯᠬᠢ ᠭᠡᠷᠡᠯ ᠬᠠᠷᠢᠯᠴᠠᠨ ᠨᠦᠬᠦᠪᠦᠷᠢᠯᠡᠭᠦᠯᠬᠦ ᠵᠠᠭᠪᠤᠷᠰᠢᠯ ᠵᠦᠭ | ᠬᠡᠯᠪᠡᠷᠢ ᠪᠠᠨ ᠬᠤᠪᠢᠷᠠᠭᠤᠯᠵᠤ᠂ ᠭᠠᠭᠴᠠ ᠮᠠᠰᠢᠨ ᠤ 30 ᠲᠦᠮᠡᠨ ᠺᠢᠯᠣᠸᠠᠲ᠂ 60 ᠲᠦᠮᠡᠨ ᠺᠢᠯᠣᠸᠠᠲ ᠤᠨ | ᠲᠤᠮᠤ ᠬᠡᠯᠪᠡᠷᠢ ᠶᠢᠨ ᠭᠠᠯ ᠴᠠᠬᠢᠯᠭᠠᠨ ᠮᠠᠰᠢᠨ ᠤ ᠪᠦᠯᠦᠭ ᠤᠨ ᠴᠤᠭᠴᠠᠯᠠᠪᠤᠷᠢ ᠮᠠᠰᠢᠨ ᠤ ᠬᠤᠪᠢ ᠶᠢᠨ ᠵᠢᠩ | 70% ᠠᠴᠠ ᠳᠡᠭᠡᠭᠰᠢ ᠲᠤ ᠬᠦᠷᠴᠦ᠂ ᠨᠢᠭᠡᠨᠲᠡ 10 ᠠᠶᠢᠮᠠᠭ ᠬᠤᠳᠠ ᠶᠢ ᠪᠦᠷᠬᠦᠭᠰᠡᠨ 500 ᠺᠢᠯᠤᠸᠤᠯᠲ ᠤᠨ | ᠪᠠᠲᠤ ᠪᠠᠬᠢ ᠲᠣᠣᠷ ᠤᠨ ᠴᠤᠭᠴᠠ᠂ 220 ᠺᠢᠯᠤᠸᠤᠯᠲ ᠤᠨ ᠲᠣᠣᠷ ᠤᠨ ᠴᠤᠭᠴᠠ ᠨᠢᠭᠡᠨᠲᠡ ᠪᠤᠢ ᠪᠦᠬᠦᠢ | ᠬᠤᠰᠢᠭᠤ ᠰᠢᠶᠠᠨ ᠪᠠ ᠭᠤᠣᠯ ᠪᠣᠯᠬᠤ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠲᠤ ᠦᠨᠳᠦᠰᠦᠨ ᠳᠡᠭᠡᠨ | ᠬᠦᠷᠴᠦ ᠴᠢᠳᠠᠭᠰᠠᠨ ᠪᠠᠶᠢᠨ᠎ᠠ᠃ ᠡᠭᠦᠨ ᠤ ᠳᠡᠭᠡᠷ᠎ᠡ ᠰᠢᠯᠢ ᠶᠢᠨ ᠭᠤᠣᠯ ᠠᠶᠢᠮᠠᠭ — ᠱᠠᠨᠳᠦ᠋ᠩ᠂ ᠰᠢᠯᠢ ᠶᠢᠨ | ᠭᠤᠣᠯ ᠠᠶᠢᠮᠠᠭ — ᠳᠠᠶᠢᠵᠸᠤ᠂ ᠱᠠᠩᠬᠠᠶ ᠰᠦᠮ᠎ᠡ — ᠱᠠᠨᠳᠦ᠋ᠩ± 800 ᠺᠢᠯᠤᠸᠤᠯᠲ ᠤᠨ ᠤᠨᠴᠠ | ᠥᠨᠳᠥᠷ ᠬᠦᠴᠦᠳᠡᠯᠲᠦ ᠲᠣᠭᠲᠠᠮᠠᠯ ᠴᠠᠬᠢᠯᠭᠠᠨ ᠤ ᠢᠨᠵᠧᠨᠧᠷᠢᠩ ᠵᠠᠯᠭᠠᠯᠳᠤᠭ᠎ᠠ ᠪᠠᠷ ᠠᠵᠢᠯ ᠡᠬᠢᠯᠡᠵᠦ᠂ ᠮᠠᠨ ᠤ | ᠣᠷᠣᠨ ᠤ ᠴᠠᠬᠢᠯᠭᠠᠨ ᠬᠦᠴᠦᠨ ᠤ ᠠᠵᠢᠯ ᠲᠦᠷᠦᠯ ᠤᠨ ᠬᠥᠭᠵᠢᠯᠲᠡ ᠶᠢᠨ ᠴᠤ᠋ ᠰᠢᠨ᠎ᠡ ᠴᠠᠭ ᠦᠶ᠎ᠡ ᠶᠠᠭ ᠬᠦᠷᠴᠦ | ᠢᠷᠡᠵᠦ ᠪᠠᠶᠢᠨ᠎ᠠ᠃ |