| | | ︽12.5︾ ᠶᠢᠨ ᠬᠤᠭᠤᠴᠠᠭᠠᠨ ᠳᠤ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ | ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠦᠨᠡᠯᠡᠨ ᠵᠢᠱᠢᠵᠤ᠂ ︽13.5︾ ᠶᠢᠨ | ᠬᠤᠭᠤᠴᠠᠭᠠᠨ ᠳᠤ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠤᠨ ᠲᠦᠷᠦ ᠶᠢᠨ | ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠪᠦᠷᠢᠨᠰᠢᠭᠦᠯᠬᠦ ᠶᠢᠨ ᠲᠥᠯᠦᠭᠡ᠂ 2015 ᠣᠨ ᠤ 12 ᠳ᠋ᠤᠭᠠᠷ ᠰᠠᠷ᠎ᠠ ᠶᠢᠨ 6 | —10 ᠤ ᠡᠳᠦᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠪᠠᠷᠠᠭᠤᠨ ᠣᠷᠣᠨ ᠢ ᠨᠡᠬᠡᠬᠡᠨ | ᠬᠥᠭᠵᠢᠭᠦᠯᠬᠦ ᠵᠤᠷᠭᠠᠨ ᠤ ᠳᠡᠳ᠋ ᠳᠠᠷᠤᠭ᠎ᠠ ᠲᠥᠡᠭ ᠵᠠᠩ ᠱᠦᠨ᠂ ᠬᠥᠳᠡᠭᠡ ᠠᠵᠤ ᠠᠬᠤᠶ ᠶᠢᠨ ᠶᠠᠮᠤᠨ ᠤ ᠨᠤᠲᠤᠭ | ᠪᠡᠯᠴᠢᠭᠡᠷ ᠤᠨ ᠬᠢᠨᠠᠨ ᠬᠠᠮᠢᠶᠠᠷᠬᠤ ᠲᠥᠪ ᠤᠨ ᠳᠡᠳ᠋ ᠡᠷᠬᠢᠯᠡᠭᠴᠢ ᠯᠢᠦ ᠵᠢᠶᠠ ᠸᠧᠨ ᠨᠠᠷ ᠮᠠᠨ ᠤ ᠣᠷᠣᠨ ᠤ | ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠤᠨ ︽12.5︾ ᠶᠢᠨ | ᠬᠤᠭᠤᠴᠠᠭᠠᠨ ᠳᠤ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ ᠰᠣᠳᠣᠯᠪᠠ᠃ ᠪᠠᠶᠢᠴᠠᠭᠠᠨ ᠰᠤᠳᠤᠯᠬᠤ | ᠳᠤᠭᠤᠶᠢᠯᠠᠩ ᠤᠨ ᠬᠢᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠳᠡᠳ᠋ | ᠡᠷᠬᠢᠯᠡᠭᠴᠢ᠂ ᠪᠠᠷᠠᠭᠤᠨ ᠣᠷᠣᠨ ᠢ ᠨᠡᠬᠡᠬᠡᠨ ᠬᠥᠭᠵᠢᠭᠦᠯᠬᠦ ᠠᠯᠪᠠᠨ ᠭᠡᠷ ᠤᠨ ᠡᠷᠬᠢᠯᠡᠭᠴᠢ ᠸᠠᠩ ᠷᠦ᠂ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠯᠢᠦ ᠶᠥᠡᠭ ᡁᠢ ᠵᠢᠴᠢ | ᠬᠠᠮᠢᠶ᠎ᠠ ᠪᠥᠬᠦᠢ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠨ ᠤ ᠪᠠᠷ᠎ᠠ ᠪᠣᠯᠣᠯᠭ᠎ᠠ ᠪᠠᠷ᠂ ᠠᠯᠤᠰ ᠬᠤᠯᠠ ᠶᠢᠨ | ᠲᠦᠩᠯᠢᠶᠣᠤ ᠬᠤᠲᠠ ᠶᠢᠨ ᠵᠠᠷᠤᠳ ᠬᠤᠰᠢᠭᠤ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤ ᠪᠣᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠳᠤ ᠬᠦᠷᠴᠦ᠂ ᠭᠡᠷᠴᠢᠯᠠᠭᠤ ᠰᠤᠮᠤ ᠶᠢᠨ | ᠬᠥᠭᠦᠷᠭᠡ ᠭᠠᠴᠠᠭ᠎ᠠ᠂ ᠤᠯᠠᠭᠠᠨᠮᠣᠳᠣ ᠰᠤᠮᠤ ᠶᠢᠨ ᠥᠪᠥᠷ ᠵᠢᠯᠠᠭ᠎ᠠ ᠭᠠᠴᠠᠭ᠎ᠠ ᠳᠤ ᠭᠦᠨᠵᠡᠭᠡᠶᠢᠷᠡᠨ᠂ ᠠᠶᠢᠯ | ᠡᠷᠦᠬᠡ ᠪᠠᠷ ᠲᠣᠭᠤᠷᠢᠨ᠂ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠨ ᠦᠵᠡᠵᠦ᠂ ᠦᠨᠳᠦᠰᠦᠨ ᠱᠠᠲᠤᠨ ᠤ | ᠺᠠᠳ᠋ᠷ ᠣᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ᠂ ᠮᠠᠯᠴᠢᠨ ᠲᠠᠷᠢᠶᠠᠴᠢᠳ ᠤᠨ ᠲᠥᠯᠥᠭᠡᠯᠡᠭᠴᠢ ᠲᠠᠢ | ᠰᠠᠨᠠᠯ ᠢᠶᠠᠨ ᠳᠣᠲᠣᠨᠣ ᠪᠠᠷ ᠰᠣᠯᠢᠯᠴᠠᠵᠤ᠂ ᠢᠯᠠᠩᠭᠤᠶ᠎ᠠ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ | ᠢᠨᠵᠧᠨᠧᠷᠢᠩ ᠢ ᠬᠡᠷᠡᠭᠵᠢᠭᠦᠯᠬᠦ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠣᠯᠣᠨ ᠳᠠᠷᠠᠭ᠎ᠠ ᠠᠯᠬᠤᠮ ᠤᠨ | ᠲᠡᠭᠦᠯᠳᠡᠷᠵᠢᠭᠦᠯᠬᠦ ᠠᠷᠭ᠎ᠠ ᠬᠡᠮᠵᠢᠶ᠎ᠡ ᠶᠢᠨ ᠲᠣᠬᠠᠢ ᠭᠦᠨᠵᠡᠭᠡᠶ ᠣᠶᠢᠯᠠᠭᠠᠯᠴᠠᠭᠰᠠᠨ ᠪᠠᠶᠢᠨ᠎ᠠ᠃ ᠬᠠᠬᠢᠷ ᠬᠦᠢᠲᠡᠨ ᠡᠪᠦᠯ᠂ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠨᠠᠮ ᠪᠠ ᠤᠯᠤᠰ ᠠᠴᠠ ᠲᠠᠯ᠎ᠠ ᠨᠤᠲᠤᠭ ᠤᠨ ᠮᠠᠯᠵᠢᠬᠤ ᠣᠷᠣᠨ ᠢ | ᠬᠠᠯᠠᠮᠵᠢᠯᠠᠵᠤ ᠪᠠᠶᠢᠭ᠎ᠠ ᠬᠠᠶᠢᠷ᠎ᠠ ᠬᠠᠯᠠᠮᠵᠢ ᠶᠢ ᠥᠷᠭᠡᠨ ᠣᠯᠠᠨ ᠮᠠᠯᠴᠢᠨ ᠲᠠᠷᠢᠶᠠᠴᠢᠳ ᠤᠨ ᠰᠡᠳᠬᠢᠯ ᠳᠤ ᠬᠦᠷᠭᠡᠵᠦ | ᠥᠭᠪᠡ᠃ | ᠵᠤᠷᠭᠠᠨ ᠤ ᠳᠡᠳ᠋ ᠳᠠᠷᠤᠭ᠎ᠠ ᠲᠥᠡᠭ ᠵᠠᠩ ᠱᠦᠨ ᠨᠠᠷ ᠲᠠᠷᠢᠶᠠᠯᠠᠬᠤ ᠮᠠᠯᠵᠢᠬᠤ ᠣᠷᠣᠨ ᠤ ᠦᠢᠯᠡᠳᠪᠦᠷᠢᠯᠡᠯ | ᠠᠮᠢᠳᠤᠷᠠᠯ ᠤᠨ ᠠᠰᠠᠭᠤᠳᠠᠯ ᠳᠤ ᠲᠦᠢᠯ ᠢᠶᠠᠷ ᠰᠡᠳᠬᠢᠯ ᠲᠠᠯᠪᠢᠵᠤ᠂ ᠡᠪᠡᠰᠦ ᠪᠣᠷᠳᠤᠭ᠎ᠠ ᠲᠠᠷᠢᠬᠤ᠂ ᠮᠠᠯ ᠤᠨ | ᠳᠤᠯᠠᠭᠠᠨ ᠰᠠᠷᠠᠪᠴᠢ ᠪᠠᠶᠢᠭᠤᠯᠬᠤ ᠪᠠ ᠲᠣᠣᠷ ᠬᠦᠷᠢᠶ᠎ᠡ ᠪᠠᠶᠢᠭᠤᠯᠬᠤ ᠵᠡᠷᠭᠡ ᠶᠢ ᠨᠠᠷᠢᠨ ᠬᠢᠨᠠᠮᠠᠭᠠᠶ ᠪᠠᠶᠢᠴᠠᠭᠠᠨ | ᠰᠣᠳᠣᠯᠵᠣ᠂ ᠬᠥᠷᠦᠭᠰᠡᠨ ᠭᠠᠵᠠᠷ ᠪᠦᠬᠦᠨ ᠳᠡᠭᠡᠨ ᠴᠥᠮ ᠠᠰᠢᠭ ᠬᠦᠷᠲᠡᠭᠰᠡᠨ ᠮᠠᠯᠴᠢᠳ ᠲᠠᠢ ᠳᠣᠲᠣᠨᠣ ᠪᠠᠷ | ᠣᠶᠢᠯᠠᠭᠠᠯᠴᠠᠵᠤ᠂ ᠮᠠᠯᠴᠢᠨ ᠲᠠᠷᠢᠶᠠᠴᠢᠳ ᠤᠨ ᠬᠦᠴᠢᠷᠳᠡᠯ ᠪᠣᠯᠣᠨ ᠬᠡᠷᠡᠭᠴᠡᠭᠡ ᠱᠠᠭᠠᠷᠳᠠᠯᠭ᠎ᠠ ᠶᠢ ᠬᠢᠨᠠᠮᠠᠭᠠᠶ | ᠰᠣᠨᠣᠰᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠤᠯᠠᠭᠠᠨᠮᠣᠳᠣ ᠰᠤᠮᠤ ᠶᠢᠨ ᠮᠠᠯᠴᠢᠨ ᠪᠠᠭᠠᠨ᠎ᠠ ᠶᠢᠨ ᠭᠡᠷ ᠲᠤ ᠬᠦᠷᠴᠦ᠂ ᠪᠠᠭᠠᠨ᠎ᠠ ᠲᠠᠢ ᠳᠣᠲᠣᠨᠣ ᠪᠠᠷ | ᠶᠠᠷᠢᠯᠴᠠᠵᠤ ᠲᠡᠭᠦᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠬᠢᠭᠡᠳ ᠮᠠᠯᠵᠢᠬᠤ ᠶᠢ ᠵᠣᠭᠰᠣᠭᠠᠵᠤ ᠡᠪᠡᠰᠦ | ᠪᠡᠯᠴᠢᠭᠡᠷ ᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠦᠭᠰᠡᠨ ᠠᠴᠠ ᠨᠠᠰᠢ ᠲᠡᠳᠡᠨ ᠤ ᠦᠢᠯᠡᠳᠪᠦᠷᠢᠯᠡᠯ ᠠᠮᠢᠳᠤᠷᠠᠯ ᠤᠨ | ᠲᠠᠯ᠎ᠠ ᠪᠠᠷ ᠬᠢ ᠬᠤᠪᠢᠷᠠᠯᠲᠠ ᠵᠢᠴᠢ ᠬᠦᠷᠲᠡᠭᠰᠡᠨ ᠠᠰᠢᠭ ᠲᠤᠰᠠ ᠶᠢ ᠨᠠᠷᠢᠨ ᠣᠶᠢᠯᠠᠭᠠᠪᠠ᠃ | 12 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠪᠠᠶᠢᠴᠠᠭᠠᠨ ᠰᠤᠳᠤᠯᠬᠤ | ᠳᠤᠭᠤᠶᠢᠯᠠᠩ ᠤᠨ ᠬᠢᠨ ᠤᠯᠠᠭᠠᠨᠬᠤᠲᠠ ᠳᠤ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ | ᠢᠨᠵᠧᠨᠧᠷᠢᠩ ᠤᠨ ᠵᠡᠭᠦᠨ ᠬᠤᠶᠢᠲᠤ ᠶᠢᠨ ᠬᠡᠰᠡᠭ ᠭᠠᠵᠠᠷ ᠣᠷᠣᠨ ᠤ ᠶᠠᠷᠢᠯᠴᠠᠬᠤ ᠬᠤᠷᠠᠯ ᠢ ᠬᠤᠷᠠᠯᠳᠤᠭᠤᠯᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠭᠢᠷᠢᠨ ᠮᠤᠵᠢ᠂ ᠬᠠᠷᠠᠮᠥ᠋ᠷᠡᠨ ᠮᠤᠵᠢ᠂ ᠯᠢᠶᠣᠤᠨᠢᠩ | ᠮᠤᠵᠢ ᠶᠢᠨ ᠬᠥᠭᠵᠢᠭᠦᠯᠦᠯᠲᠡ ᠥᠭᠡᠷᠡᠴᠢᠯᠡᠯᠲᠡ ᠪᠣᠯᠣᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ | ᠬᠠᠮᠢᠶ᠎ᠡ ᠪᠦᠬᠦᠢ ᠤᠳᠤᠷᠢᠳᠤᠯᠭ᠎ᠠ᠂ ᠪᠦᠬᠦ ᠤᠯᠤᠰ ᠤᠨ ᠡᠪᠡᠰᠦ ᠪᠡᠯᠴᠢᠭᠡᠷ ᠤᠨ ᠠᠵᠤ ᠦᠢᠯᠡᠰ ᠤᠨ ᠰᠢᠰᠲ᠋ᠧᠮᠵᠢ ᠶᠢᠨ | ᠬᠠᠮᠢᠶ᠎ᠡ ᠪᠦᠬᠦᠢ ᠲᠤᠰᠬᠠᠶ ᠮᠡᠷᠭᠡᠵᠢᠯᠲᠡᠨ ᠨᠡᠶᠢᠲᠡ 50 ᠭᠠᠷᠤᠶ ᠬᠥᠮᠦᠨ ᠬᠤᠷᠠᠯ ᠳᠤ ᠣᠷᠣᠯᠴᠠᠵᠠᠶ᠃ ᠬᠤᠷᠠᠯ | ᠳᠡᠭᠡᠷ᠎ᠡ᠂ ᠲᠢᠩᠬᠢᠮ ᠤᠨ ᠳᠡᠳ᠋ ᠳᠠᠷᠤᠭ᠎ᠠ ᠯᠢᠦ ᠶᠥᠡᠭ ᡁᠢ ᠠᠴᠠ ︽12.5︾ ᠶᠢᠨ ᠬᠤᠭᠤᠴᠠᠭᠠᠨ ᠳᠤ ᠮᠠᠨ ᠤ | ᠣᠷᠣᠨ ᠤ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠦᠭᠰᠡᠨ ᠪᠠᠶᠢᠳᠠᠯ | ᠪᠠ ︽13.5︾ ᠶᠢᠨ ᠬᠤᠭᠤᠴᠠᠭᠠᠨ ᠳᠠᠬᠢ ᠳᠦᠷᠦ ᠶᠢᠨ ᠪᠤᠲᠤᠯᠭ᠎ᠠ ᠶᠢᠨ ᠰᠠᠨᠠᠭᠤᠯᠭ᠎ᠠ ᠶᠢᠨ ᠲᠣᠬᠠᠢ ᠬᠠᠷᠢᠭᠤ | ᠮᠡᠳᠡᠭᠦᠯᠦᠯᠲᠡ ᠬᠢᠭᠰᠡᠨ ᠪᠠᠶᠢᠨ᠎ᠠ᠃ ᠲᠢᠩᠬᠢᠮ ᠤᠨ ᠳᠡᠳ᠋ ᠳᠠᠷᠤᠭ᠎ᠠ ᠯᠢᠦ ᠶᠥᠡᠭ ᡁᠢ ᠠᠴᠠ ᠤᠯᠤᠰ ᠤᠨ ᠰᠢᠨ᠎ᠡ ᠨᠢᠭᠡ | ᠬᠤᠭᠤᠴᠠᠭᠠᠨ ᠤ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠳᠤ ᠬᠡᠳᠦᠨ ᠵᠦᠢᠯ ᠤᠨ | ᠰᠠᠨᠠᠭᠤᠯᠭ᠎ᠠ ᠳᠤᠷᠠᠳᠪᠠ᠂ ᠨᠢᠭᠡ ᠳᠤ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠯᠠᠮ ᠨᠢᠭᠡ | ᠠᠯᠬᠤᠮ ᠪᠠᠷᠢᠮᠵᠢᠶ᠎ᠠ ᠪᠠᠨ ᠳᠡᠭᠡᠭᠰᠢᠯᠡᠭᠦᠯᠦᠨ ᠬᠡᠪᠴᠢᠶ᠎ᠡ ᠪᠠᠨ ᠥᠷᠭᠡᠳᠬᠡᠬᠦ ᠬᠡᠷᠡᠭᠲᠡᠶ᠃ ᠬᠤᠶᠠᠷ ᠲᠤ᠂ ᠤᠯᠠᠮ ᠨᠢᠭᠡ | ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ︽ᠳᠥᠷᠪᠡ ᠶᠢ ᠮᠤᠵᠢ ᠬᠦᠷᠲᠡᠯ᠎ᠡ | ᠪᠤᠲᠠᠲᠠᠶᠢᠵᠢᠭᠤᠯᠬᠤ︾ ᠶᠢ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠶ᠃ ᠭᠤᠷᠪᠠ ᠳᠤ᠂ ᠠᠭᠤᠯᠭ᠎ᠠ ᠶᠢ ᠨᠢ ᠤᠯᠠᠮ | ᠨᠢᠭᠡ ᠠᠯᠬᠤᠮ ᠪᠠᠶᠠᠯᠢᠭᠵᠢᠭᠤᠯᠵᠤ᠂ ᠮᠠᠯᠴᠢᠨ ᠲᠠᠷᠢᠶᠠᠴᠢᠳ ᠤᠨ ᠪᠠᠴᠢᠮ ᠬᠡᠷᠡᠭᠰᠡᠬᠦ ᠰᠠᠭᠤᠷᠢ ᠪᠡᠯᠡᠳᠬᠡᠮᠵᠢ ᠶᠢᠨ | ᠪᠦᠳᠦᠭᠡᠨ ᠪᠠᠶᠢᠭᠤᠯᠤᠯᠲᠠ ᠶᠢᠨ ᠠᠭᠤᠯᠭ᠎ᠠ ᠶᠢ ᠨᠡᠮᠡᠭᠳᠡᠬᠦᠯᠬᠦ ᠬᠡᠷᠡᠭᠲᠡᠢ᠃ ᠲᠦᠷᠪᠡ ᠳᠤ᠂ ᠮᠠᠯᠵᠢᠬᠤ ᠶᠢ ᠵᠣᠭᠰᠣᠭᠠᠵᠤ | ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠢ ᠨᠤᠲᠤᠭ ᠪᠡᠯᠴᠢᠭᠡᠷ ᠤᠨ ᠨᠥᠬᠦᠪᠦᠷᠢᠯᠡᠬᠦ ᠱᠠᠩᠨᠠᠬᠤ ᠲᠣᠭᠲᠠᠴᠠ ᠲᠠᠢ | ᠣᠷᠭᠠᠨᠢᠭ ᠢᠶᠠᠷ ᠤᠶᠠᠯᠳᠤᠭᠤᠯᠵᠤ᠂ ︽ᠡᠪᠡᠰᠦ ᠪᠡᠯᠴᠢᠭᠡᠷ ᠢ ᠰᠡᠷᠭᠦᠭᠡᠬᠦ︾ ᠡᠷᠴᠢᠮ ᠢ ᠤᠯᠠᠮ ᠨᠢᠭᠡ ᠠᠯᠬᠤᠮ | ᠴᠢᠩᠭᠠᠷᠠᠭᠤᠯᠬᠤ ᠬᠡᠷᠡᠭᠲᠡᠢ ᠭᠡᠵᠡᠢ᠃ ᠡᠪᠡᠰᠦ ᠪᠡᠯᠴᠢᠭᠡᠷ ᠤᠨ ᠠᠵᠤ ᠦᠢᠯᠡᠰ ᠤᠨ ᠰᠢᠰᠲ᠋ᠧᠮᠵᠢ ᠶᠢᠨ ᠲᠤᠰᠬᠠᠶ | ᠮᠡᠷᠭᠡᠵᠢᠯᠲᠡᠨ ᠨᠠᠷ ᠴᠦ ᠳᠠᠷᠠᠭ᠎ᠠ ᠨᠢᠭᠡ ᠬᠤᠭᠤᠴᠠᠭᠠᠨ ᠤ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ | ᠢᠨᠵᠧᠨᠧᠷᠢᠩ ᠢ ᠤᠷᠤᠭᠰᠢᠲᠠᠶ ᠬᠡᠷᠡᠭᠵᠢᠭᠦᠯᠬᠦ ᠳᠤ ᠰᠠᠨᠠᠯ ᠵᠥᠪᠯᠡᠯᠭᠡ ᠳᠤᠷᠠᠳᠤᠨ ᠤᠬᠠᠭᠠᠨ ᠪᠤᠳᠤᠯᠭ᠎ᠠ ᠭᠠᠷᠭᠠᠨ | ᠥᠭᠴᠦ᠂ ᠮᠠᠰᠢ ᠰᠠᠶᠢᠨ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠣᠳᠣᠯᠬᠤ ᠪᠠ ᠶᠠᠷᠢᠯᠴᠠᠨ ᠰᠠᠨᠠᠯ ᠢᠶᠠᠨ ᠰᠣᠯᠢᠯᠴᠠᠬᠤ ᠪᠠᠷ | ᠳᠠᠮᠵᠢᠭᠤᠯᠤᠨ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠣᠷᠣᠨ ᠤ ᠮᠠᠯᠵᠢᠬᠤ ᠶᠢ ᠵᠣᠭᠰᠣᠭᠠᠵᠤ | ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠣᠯᠤᠭᠰᠠᠨ | ᠠᠮᠵᠢᠯᠲᠠ ᠶᠢ ᠭᠦᠢᠴᠡᠳ ᠨᠤᠳᠠᠯᠠᠪᠠ᠃ ᠡᠭᠦᠨ ᠤ ᠬᠠᠮᠲᠤ ᠵᠢᠭᠠᠵᠤ ᠭᠠᠷᠭᠠᠭᠰᠠᠨ ᠨᠢ᠂ ᠮᠠᠯᠵᠢᠬᠤ ᠶᠢ ᠵᠣᠭᠰᠣᠭᠠᠵᠤ | ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠪᠣᠯ ᠤᠯᠤᠰ ᠠᠴᠠ ᠳᠤᠷᠠᠳᠤᠭᠰᠠᠨ ᠪᠠᠷᠠᠭᠤᠨ ᠣᠷᠣᠨ ᠢ ᠶᠡᠭᠡ ᠪᠠᠷ | ᠨᠡᠭᠡᠭᠡᠨ ᠬᠥᠭᠵᠢᠭᠦᠯᠬᠦ ᠶᠢ ᠠᠬᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ | ᠲᠥᠷᠭᠡᠳᠬᠡᠬᠦ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠮᠦᠨ᠂ ᠨᠤᠲᠤᠭ ᠪᠡᠯᠴᠢᠭᠡᠷ ᠤᠨ ᠠᠮᠢ ᠠᠬᠤᠶ ᠶᠢᠨ | ᠣᠷᠴᠢᠨ ᠲᠣᠭᠤᠷᠢᠨ ᠢ ᠰᠠᠶᠢᠵᠢᠷᠠᠭᠤᠯᠬᠤ ᠪᠠ ᠮᠠᠯ ᠠᠵᠤ ᠠᠬᠤᠶ ᠶᠢᠨ ᠥᠷᠭᠦᠯᠵᠢᠯᠡᠨ ᠬᠥᠭᠵᠢᠬᠦ ᠶᠢ ᠠᠬᠢᠭᠤᠯᠬᠤ | ᠨᠢᠭᠡᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠢᠨᠵᠧᠨᠧᠷᠢᠩ ᠮᠥᠨ᠂ ᠨᠤᠲᠤᠭ ᠪᠡᠯᠴᠢᠭᠡᠷ ᠤᠨ ᠠᠮᠢ ᠠᠬᠤᠶ ᠶᠢ | ᠪᠥᠲᠦᠭᠡᠨ ᠪᠠᠶᠢᠭᠤᠯᠬᠤ ᠪᠠ ᠬᠠᠮᠠᠭᠠᠯᠠᠬᠤ ᠨᠢᠭᠡᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠠᠷᠭ᠎ᠠ ᠬᠡᠮᠵᠢᠶ᠎ᠡ ᠮᠦᠨ | ᠭᠡᠵᠡᠢ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠣᠷᠣᠨ ᠮᠠᠯᠵᠢᠬᠤ ᠶᠢ ᠵᠣᠭᠰᠣᠭᠠᠵᠤ ᠡᠪᠡᠰᠦ | ᠪᠡᠯᠴᠢᠭᠡᠷ ᠢ ᠰᠡᠷᠭᠦᠭᠡᠬᠦ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠡᠷᠴᠢᠮ ᠢᠶᠠᠨ ᠥᠷᠭᠦᠯᠵᠢᠯᠡᠨ | ᠴᠢᠩᠭᠠᠷᠠᠭᠤᠯᠵᠤ᠂ ᠦᠷ᠎ᠡ ᠪᠦᠲᠦᠭᠡᠯ ᠢᠶᠠᠨ ᠪᠠᠬᠢᠵᠢᠭᠦᠯᠦᠨ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠵᠤ᠂ | ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ ᠢᠨᠵᠧᠨᠧᠷᠢᠩ ᠢᠶᠠᠷ ᠳᠠᠮᠵᠢᠭᠤᠯᠤᠨ ᠨᠡᠩ ᠰᠠᠶᠢᠨ ᠦᠷ᠎ᠡ | ᠠᠰᠢᠭ ᠤᠯᠬᠤ ᠶᠢ ᠬᠦᠰᠡᠪᠡ᠃ | | |