ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠪᠦᠲᠦᠴᠡ ᠶᠢᠨ ᠳᠤᠬᠢᠷᠠᠭᠤᠯᠤᠯᠲᠠ ᠢᠳᠡᠪᠬᠢᠲᠡᠶ ᠠᠬᠢᠴᠠ ᠲᠠᠢ ᠪᠣᠯᠪᠠ
ᠨᠡᠶᠢᠲᠡᠯᠡᠭᠰᠡᠨ ᠴᠠᠭ᠄
2015/12/18
     ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠣᠷᠣᠨ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠣᠯᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤᠨ ᠶᠡᠭᠡ ᠰᠠᠭᠤᠷᠢᠨ ᠭᠠᠵᠠᠷ︾᠎ ᠤᠨ ᠪᠦᠳᠦᠭᠡᠨ ᠪᠠᠶᠢᠭᠤᠯᠤᠯᠲᠠ ᠶᠢ ᠭᠤᠣᠯᠳᠠᠯᠭ᠎ᠠ ᠪᠣᠯᠭᠠᠵᠤ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠨ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠤᠯᠠᠨ ᠡᠰᠢᠵᠦ ᠬᠥᠭᠵᠢᠭᠰᠡᠨ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠨ ᠪᠠᠶᠢᠭᠤᠯᠵᠤ᠂ ᠭᠤᠷᠪᠠᠨ ᠠᠵᠤ ᠦᠢᠯᠡᠰ ᠤᠨ ᠪᠦᠲᠦᠴᠡ ᠶᠢ 2012 ᠣᠨ ᠤ 9.1:55.4:35.5᠎ ᠠᠴᠠ 2014 ᠣᠨ ᠤ 9.1:51.9:39 ᠪᠣᠯᠭᠠᠨ ᠲᠣᠬᠢᠷᠠᠭᠤᠯᠪᠠ᠃ ᠨᠢᠭᠡ᠂ ᠠᠪᠤᠭᠰᠠᠨ ᠭᠤᠣᠯ ᠠᠷᠭ᠎ᠠ ᠬᠡᠮᠵᠢᠶ᠎ᠡ ᠪᠠ ᠦᠷ᠎ᠡ ᠪᠦᠲᠦᠮᠵᠢ       ︵ᠨᠢᠭᠡ︶ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠶᠡᠬᠡᠪᠡᠷ ᠬᠥᠭᠵᠢᠭᠦᠯᠪᠡ᠃ ᠲᠠᠷᠢᠵᠤ ᠲᠡᠵᠢᠭᠡᠬᠦ ᠪᠦᠲᠦᠴᠡ ᠶᠢ ᠢᠳᠡᠪᠬᠢᠲᠡᠶ ᠲᠣᠬᠢᠷᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠡᠷᠡᠭᠦᠯ ᠪᠥᠭᠡᠳ ᠲᠣᠭᠲᠠᠭᠤᠨ ᠬᠥᠭᠵᠢᠯᠲᠡ ᠶᠢ ᠪᠡᠶᠡᠯᠡᠭᠦᠯᠪᠡ᠃ 2014 ᠣᠨ ᠳᠤ᠂ ᠪᠥᠬᠦ ᠣᠷᠣᠨ ᠤ ᠠᠮᠤ ᠪᠤᠳᠠᠭᠠᠨ ᠤ ᠤᠨᠠᠯᠲᠠ ᠨᠢ 550.6 ᠳ᠋ᠦᠩᠰᠢᠭᠤᠷ ᠵᠢᠩ ᠳᠤ ᠬᠦᠷᠴᠦ᠂ ︽ᠠᠷᠪᠠᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ︾᠎ ᠶᠢ ᠪᠡᠶᠡᠯᠡᠭᠦᠯᠪᠡ︔ ᠮᠠᠯ ᠠᠵᠤ ᠠᠬᠤᠢ ᠶᠢᠨ ᠣᠨ ᠤ ᠲᠡᠵᠢᠭᠡᠵᠦ ᠪᠠᠶᠢᠭ᠎ᠠ ᠮᠠᠯ 1.29 ᠳ᠋ᠦᠩᠰᠢᠭᠤᠷ ᠲᠣᠯᠣᠭᠠᠶ ᠳᠤ ᠬᠦᠷᠴᠦ᠂ ︽ᠠᠷᠪᠠᠨ ᠵᠢᠯ ᠳᠠᠷᠠᠭᠠᠯᠠᠨ ᠲᠣᠭᠲᠠᠭᠤᠨ︾ ᠪᠠᠶᠢᠯᠭᠠᠪᠠ᠃ ᠵᠢᠱᠢᠯᠲᠡ ᠪᠠᠷ 2015 ᠣᠨ ᠤ ᠪᠦᠬᠦ ᠵᠢᠯ ᠤᠨ ᠠᠮᠤ ᠪᠤᠳᠠᠭᠠᠨ ᠤ ᠤᠨᠠᠯᠲᠠ 555.7 ᠳ᠋ᠦᠩᠰᠢᠭᠤᠷ ᠵᠢᠩ ᠳᠤ ᠬᠦᠷᠴᠦ᠂ ︽ᠠᠷᠪᠠᠨ ᠬᠤᠶᠠᠷ ᠵᠢᠯ ᠳᠠᠷᠠᠭᠠᠯᠠᠨ ᠡᠯᠪᠡᠭ ᠬᠤᠷᠢᠶᠠᠯᠲᠠ︾᠎ ᠶᠢ ᠪᠡᠶᠡᠯᠡᠭᠦᠯᠦᠨ᠎ᠡ︔ ᠮᠠᠯ ᠠᠵᠤ ᠠᠬᠤᠶ ᠶᠢᠨ ᠣᠨ ᠤ ᠲᠡᠵᠢᠭᠡᠵᠦ ᠪᠠᠶᠢᠭ᠎ᠠ ᠮᠠᠯ 13585.7 ᠲᠦᠮᠡᠨ ᠲᠣᠯᠣᠭᠠᠶ ᠳᠤ ᠬᠦᠷᠴᠦ᠂ ︽ᠠᠷᠪᠠᠨ ᠨᠢᠭᠡᠨ ᠵᠢᠯ︾ ᠳᠠᠷᠠᠭᠠᠯᠠᠨ  ᠳ᠋ᠦᠩᠰᠢᠭᠤᠷ ᠢ ᠳᠠᠪᠠᠭ᠋ᠤ ᠪᠣᠯᠣᠨ᠎ᠠ᠃       ᠨᠢᠭᠡ ᠳᠤ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ ᠲᠣᠬᠢᠷᠠᠭᠤᠯᠪᠠ᠃ ︽ᠬᠤᠶᠠᠷ ᠪᠦᠰᠡ ᠳᠦᠷᠪᠡᠨ ᠲᠣᠭᠤᠷᠢᠭ︾᠎ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠳᠠᠪᠠᠭᠤᠯᠢᠭ ᠲᠠᠷᠢᠶᠠᠯᠠᠩ ᠤᠨ ᠪᠦᠲᠦᠭᠡᠭᠳᠡᠬᠦᠨ ᠢ ᠳᠠᠪᠠᠭᠤᠯᠢᠭ ᠭᠠᠷᠤᠯᠲᠠ ᠶᠢᠨ ᠣᠷᠣᠨ ᠳᠤ ᠲᠥᠪᠯᠡᠷᠡᠭᠦᠯᠬᠦ ᠶᠢ ᠲᠦᠯᠬᠢᠨ ᠠᠬᠢᠭᠤᠯᠵᠤ᠂ ᠪᠦᠬᠦ ᠤᠯᠤᠰ ᠤᠨ 1000 ᠳ᠋ᠦᠩᠰᠢᠭᠤᠷ ᠵᠢᠩ ᠠᠮᠤ ᠪᠤᠳᠠᠭ᠎ᠠ ᠶᠢ ᠰᠢᠨ᠎ᠡ ᠪᠠᠷ ᠨᠡᠮᠡᠭᠳᠡᠭᠦᠯᠬᠦ ᠦᠢᠯᠡᠳᠪᠦᠷᠢᠯᠡᠯ ᠤᠨ ᠴᠢᠳᠠᠪᠤᠷᠢ ᠶᠢᠨ ᠲᠥᠯᠥᠪᠵᠢᠭᠦᠯᠭᠡ ᠶᠢ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠲᠠᠰᠤᠷᠠᠯᠲᠠ ᠦᠭᠡᠶ ᠴᠢᠩᠭᠠᠷᠠᠭᠤᠯᠵᠤ᠂ ᠪᠡᠯᠡᠳᠬᠡᠮᠵᠢᠲᠦ ᠲᠠᠷᠢᠶᠠᠯᠠᠩ ᠢ ᠢᠳᠡᠪᠬᠢᠲᠡᠶ ᠬᠥᠭᠵᠢᠭᠦᠯᠵᠦ᠂ 2014 ᠣᠨ ᠤ ᠠᠮᠤ ᠪᠤᠳᠠᠭᠠᠨ ᠤ ᠬᠤᠷᠢᠶᠠᠯᠲᠠ ᠶᠢ ᠨᠡᠮᠡᠭᠳᠡᠭᠦᠯᠬᠦ ᠲᠠᠯ᠎ᠠ ᠳᠠᠬᠢ ᠡᠷᠳᠡᠨᠢ ᠰᠢᠰᠢ ᠶᠢᠨ ᠤᠨᠠᠯᠲᠠ ᠶᠢᠨ ᠬᠤᠪᠢ ᠨᠡᠮᠡᠷᠢ ᠶᠢᠨ ᠨᠤᠷᠮ᠎ᠠ ᠶᠢ 142.9% ᠪᠣᠯᠭᠠᠵᠤ᠂ ᠲᠠᠷᠢᠶᠠᠴᠢᠳ ᠤᠨ ᠬᠥᠮᠦᠨ ᠪᠦᠷᠢ ᠶᠢᠨ ᠳᠤᠮᠳᠠᠴᠢ ᠪᠠᠷ ᠨᠣᠭᠳᠠᠬᠤ ᠪᠡᠯᠡᠳᠭᠡᠮᠵᠢᠳᠤ ᠢᠳᠡᠰᠢᠨ ᠨᠣᠭᠤᠭ᠎ᠠ ᠠᠴᠠ ᠢᠷᠡᠭᠰᠡᠨ ᠣᠷᠣᠯᠭ᠎ᠠ ᠶᠢ 1282 ᠲᠥᠭᠦᠷᠢᠭ ᠲᠤ ᠬᠦᠷᠭᠡᠵᠦ᠂ ᠲᠠᠷᠢᠶᠠᠴᠢᠳ ᠤᠨ ᠣᠷᠣᠯᠭ᠎ᠠ ᠶᠢ 13. 6%᠎ ᠶᠢ ᠡᠵᠡᠯᠡᠬᠦ ᠪᠣᠯᠭᠠᠨ᠎ᠠ᠃ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠰᠢᠭ ᠲᠤᠯᠭᠠᠭᠤᠷᠢ ᠶᠢ ᠴᠢᠩᠭᠠᠳᠬᠠᠵᠤ᠂ ᠪᠦᠬᠦ ᠣᠷᠣᠨ ᠤ ᠬᠡᠪᠴᠢᠶᠡᠨ ᠳᠤ ︽ᠡᠪᠦᠯ ᠬᠠᠪᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠭᠤᠷᠢᠨ ᠶᠠᠪᠤᠬᠤ ᠶᠡᠭᠡ ᠪᠣᠯᠪᠠᠰᠤᠷᠠᠭᠤᠯᠤᠯ︾᠂ ︽ᠦᠢ ᠲᠦᠮᠡᠨ ᠠᠶᠢᠯ ᠡᠷᠦᠭᠡ︾᠎ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠠᠵᠢᠯᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠦᠮᠡᠨ ᠠᠵᠢᠯᠲᠠᠳ ᠤᠨ ᠦᠨᠳᠦᠰᠦᠨ ᠱᠠᠲᠤᠨ ᠳᠤ ᠪᠠᠭᠤᠬᠤ ᠠᠵᠢᠯᠯᠠᠭ᠎ᠠ ᠶᠢ ᠥᠷᠨᠢᠭᠦᠯᠵᠦ᠂ ᠲᠠᠪᠤᠨ ᠶᠡᠭᠡ ᠲᠠᠷᠢᠮᠠᠯ ᠤᠨ ᠲᠠᠪᠤᠨ ᠵᠦᠢᠯ ᠤᠨ ᠭᠤᠣᠯ ᠪᠣᠯᠬᠤ ᠮᠡᠷᠭᠡᠵᠢᠯ ᠪᠠ ᠬᠥᠷᠥᠰᠥ ᠰᠢᠷᠣᠶ ᠶᠢ ᠬᠡᠮᠵᠢᠨ ᠰᠢᠯᠭᠠᠵᠤ ᠨᠠᠶᠢᠷᠠᠯᠭ᠎ᠠ ᠲᠠᠢ ᠪᠤᠷᠳᠤᠭᠤᠷ ᠣᠷᠣᠭᠤᠯᠬᠤ᠂ ᠥᠨᠳᠥᠷ ᠪᠦᠲᠦᠮᠵᠢᠲᠡᠶ ᠪᠠᠷ ᠤᠰᠤ ᠠᠷᠪᠢᠯᠠᠬᠤ᠂ ᠨᠢᠮᠬᠡᠨ ᠪᠦᠷᠬᠦᠪᠴᠢ ᠪᠠᠷ ᠪᠦᠷᠬᠦᠬᠦ ᠵᠡᠷᠭᠡ ᠵᠠᠩᠭᠢᠯᠠᠭ᠎ᠠ ᠶᠢᠨ ᠴᠢᠨᠠᠷᠲᠠᠶ ᠮᠡᠷᠭᠡᠵᠢᠯ ᠳᠡᠯᠭᠡᠷᠡᠭᠦᠯᠬᠦ ᠲᠠᠯᠠᠪᠠᠢ ᠶᠢ ᠶᠡᠭᠡ ᠬᠡᠮᠵᠢᠶ᠎ᠡ ᠪᠠᠷ ᠨᠡᠮᠡᠭᠳᠡᠭᠦᠯᠵᠦ᠂ 2014 ᠣᠨ ᠳᠤ 415 ᠲᠦᠮᠡᠨ ᠮᠦ ᠶᠢᠨ ᠵᠢᠱᠢᠶ᠎ᠡ ᠦᠵᠡᠭᠦᠯᠬᠦ ᠬᠡᠰᠡᠭ ᠢᠶᠠᠷ 18.6 ᠳ᠋ᠦᠩᠰᠢᠭᠤᠷ ᠵᠢᠩ ᠠᠮᠤ ᠪᠤᠳᠠᠭᠠᠨ ᠤ ᠬᠤᠷᠢᠶᠠᠯᠲᠠ ᠨᠡᠮᠡᠭᠳᠡᠭᠦᠯᠬᠦ ᠶᠢ ᠳᠠᠶᠢᠴᠢᠯᠠᠪᠠ᠃      ᠬᠤᠶᠠᠷ ᠲᠤ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠬᠤᠪᠢᠷᠠᠭᠤᠯᠪᠠ᠃ ᠲᠠᠯ᠎ᠠ ᠨᠤᠲᠤᠭ ᠲᠤ ᠮᠠᠯᠵᠢᠬᠤ ᠶᠢ ᠴᠠᠭᠠᠵᠠᠯᠠᠬᠤ᠂ ᠪᠡᠯᠴᠢᠭᠡᠷ ᠢ ᠥᠨᠵᠢᠭᠦᠯᠬᠦ᠂ ᠰᠡᠯᠡᠬᠦᠨ ᠮᠠᠯᠵᠢᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠠᠷᠢᠶᠠᠯᠠᠬᠤ ᠣᠷᠣᠨ ᠤ ᠮᠠᠯ ᠠᠵᠤ ᠠᠬᠤᠶ ᠶᠢ ᠶᠡᠬᠡᠪᠡᠷ ᠲᠦᠯᠬᠢᠨ ᠠᠬᠢᠭᠤᠯᠤᠨ᠎ᠠ᠃ ᠲᠤᠬᠠᠶ ᠶᠢᠨ ᠭᠠᠵᠠᠷ ᠲᠤᠨᠢ ᠲᠣᠬᠢᠷᠠᠭᠤᠯᠤᠨ ᠬᠡᠪᠴᠢᠶᠡᠵᠢᠭᠦᠯᠦᠨ ᠡᠵᠡᠩᠨᠡᠬᠦ ᠶᠢ ᠠᠬᠢᠭᠤᠯᠵᠤ᠂ ᠮᠠᠯᠵᠢᠬᠤ ᠣᠷᠣᠨ ᠳᠤ ᠵᠢᠯ ᠪᠦᠷᠢ 500 ᠵᠢᠱᠢᠶ᠎ᠡ ᠦᠵᠡᠭᠦᠯᠬᠦ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠡᠭᠦᠳᠦᠨ ᠪᠠᠶᠢᠭᠤᠯᠵᠤ᠂ ᠲᠠᠷᠢᠶᠠᠯᠠᠬᠤ ᠣᠷᠣᠨ ᠳᠤ ᠵᠢᠯ ᠪᠦᠷᠢ  500 ᠪᠠᠷᠢᠮᠵᠢᠶᠠᠵᠢᠭᠤᠯᠤᠭᠰᠠᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠢ ᠶᠢ ᠡᠭᠦᠳᠦᠨ ᠪᠠᠶᠢᠭᠤᠯᠤᠨ᠎ᠠ᠃ 2014 ᠣᠨ ᠤ ᠡᠴᠦᠰ ᠪᠣᠯᠲᠠᠯ᠎ᠠ᠂ ᠮᠠᠯᠵᠢᠬᠤ ᠣᠷᠣᠨ ᠤ ᠡᠯ᠎ᠡ ᠲᠥᠷᠥᠯ ᠤᠨ ᠭᠡᠷ ᠪᠦᠯᠢ ᠶᠢᠨ ᠮᠠᠯᠵᠢᠯ ᠤᠨ ᠲᠠᠯᠠᠪᠠᠢ ᠨᠢᠭᠡᠨᠲᠡ ᠬᠥᠭᠵᠢᠭᠡᠳ 3.5 ᠲᠦᠮᠡ ᠳᠤ ᠬᠦᠷᠴᠦ᠂ ᠰᠠᠭᠠᠯᠢ ᠶᠢᠨ ᠦᠨᠢᠶᠡᠨ ᠤ ᠪᠠᠷᠢᠮᠵᠢᠶᠠᠵᠢᠭᠤᠯᠤᠭᠰᠠᠨ ᠬᠡᠪᠴᠢᠶᠡᠲᠦ ᠲᠡᠵᠢᠭᠡᠨ ᠦᠷᠡᠵᠢᠭᠦᠯᠬᠦ ᠬᠢᠷᠢ ᠬᠡᠮᠵᠢᠶ᠎ᠡ ᠶᠢ 71.5% ᠬᠦᠷᠲᠡᠯ᠎ᠡ ᠳᠡᠭᠡᠭᠰᠢᠯᠡᠭᠦᠯᠵᠦ᠂ 2008 ᠣᠨ ᠤ ︽ᠭᠤᠷᠪᠠᠨ ᠼᠢᠶᠠᠨᠲᠤ ᠠᠮᠢᠨ ᠤ ᠪᠥᠭᠡᠭᠡᠨᠡᠪᠦᠷᠢ︾᠎ ᠶᠢᠨ ᠬᠡᠷᠡᠭ ᠤᠨ ᠦᠶ᠎ᠡ ᠳᠠᠬᠢ 7%᠎ ᠠᠴᠠ 10 ᠢᠯᠡᠭᠦᠦ ᠳᠠᠬᠢᠨ ᠳᠡᠭᠡᠭᠰᠢᠯᠡᠵᠦ᠂ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ 27 ᠵᠠᠭᠤᠨ ᠤ ᠴᠡᠭ ᠥᠰᠪᠡ᠃ ᠮᠠᠯ ᠤᠨ ︽ᠦᠷ᠎ᠡ ᠶᠢᠨ ᠢᠨᠵᠧᠨᠧᠷᠢᠩ︾ ᠪᠠ ︽ᠬᠤᠣᠰ ᠵᠠᠭᠤ ᠮᠢᠩᠭᠠᠨ ᠲᠦᠮᠡ ᠶᠢᠨ ᠥᠨᠢᠷ ᠥᠰᠥᠯᠲᠡ ᠶᠢ ᠡᠭᠦᠳᠦᠨ ᠪᠠᠶᠢᠭᠤᠯᠬᠤ ᠢᠨᠵᠧᠨᠧᠷᠢᠩ︾᠎ ᠢ ᠬᠡᠷᠡᠭᠵᠢᠭᠦᠯᠵᠦ᠂ ᠳᠠᠪᠠᠭᠤᠯᠢᠭ ᠮᠠᠯ ᠤᠨ ᠡᠭᠦᠯᠳᠡᠷ ᠢ ᠰᠢᠯᠢᠳᠡᠭ ᠡᠭᠦᠯᠳᠡᠷ ᠪᠣᠯᠭᠠᠬᠤ ᠠᠯᠬᠤᠴᠠ ᠶᠢ ᠲᠦᠷᠭᠡᠳᠬᠡᠵᠦ᠂ 2014 ᠣᠨ ᠤ ᠮᠠᠯᠵᠢᠯ ᠤᠨ ᠣᠨ ᠤ ᠰᠢᠯᠢᠳᠡᠭ ᠡᠭᠦᠯᠳᠡᠷ ᠪᠠ ᠡᠭᠦᠯᠳᠡᠷ ᠰᠠᠶᠢᠵᠢᠷᠠᠭᠤᠯᠤᠭᠰᠠᠨ ᠮᠠᠯ ᠤᠨ ᠬᠠᠷᠢᠴᠠᠯ ᠨᠢ 90%᠎ ᠠᠴᠠ ᠳᠡᠭᠡᠭᠰᠢ ᠬᠦᠷᠪᠡ᠃      ᠭᠤᠷᠪᠠ ᠳᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠦᠯᠦᠨ ᠬᠥᠭᠵᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃ ᠬᠥᠲᠥᠴᠢ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ︽ᠳᠠᠭᠠᠭᠤᠯᠤᠭᠴᠢ ᠠᠵᠤ ᠠᠬᠤᠶᠢᠯᠠᠯ ᠢ ᠲᠦᠷᠭᠡᠨ ᠪᠤᠶᠢᠵᠢᠭᠤᠯᠵᠤ ᠠᠵᠤ ᠦᠢᠯᠡᠰ ᠤᠨ ᠪᠥᠯᠥᠭᠯᠡᠨ ᠬᠥᠭᠵᠢᠭᠦᠯᠬᠦ ᠶᠢ ᠲᠦᠯᠬᠢᠨ ᠠᠬᠢᠭᠤᠯᠵᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠦᠯᠦᠨ ᠡᠵᠡᠩᠨᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠲᠤᠬᠠᠶ ᠰᠠᠨᠠᠯ︾᠎ ᠢ ᠲᠣᠭᠲᠠᠭᠠᠨ ᠨᠡᠶᠢᠲᠡᠯᠡᠪᠡ᠃ ᠢᠳᠡᠰᠢᠨ ᠬᠤᠨᠢᠨ ᠤ ᠠᠵᠤ ᠦᠢᠯᠡᠰ ᠤᠨ ︽ᠭᠤᠷᠪᠠᠨ ᠲᠠᠪᠤ︾ ᠢᠨᠵᠧᠨᠧᠷᠢᠩ ᠪᠠ ᠨᠣᠯᠤᠤᠷ ᠤᠨ ᠠᠵᠤ ᠦᠢᠯᠡᠰ ᠢ ᠬᠥᠭᠵᠢᠭᠡᠨ ᠮᠠᠨᠳᠤᠭᠤᠯᠬᠤ ᠢᠨᠵᠧᠨᠧᠷᠢᠩ ᠢ ᠬᠡᠷᠡᠭᠵᠢᠭᠦᠯᠵᠦ᠂ ︽ᠨᠣᠯᠤᠤᠷ ᠤᠨ ᠠᠵᠤ ᠦᠢᠯᠡᠰ ᠢ ᠬᠥᠭᠵᠢᠭᠡᠨ ᠮᠠᠨᠳᠤᠭᠤᠯᠬᠤ ᠶᠢᠨ ᠬᠡᠷᠡᠭᠵᠢᠭᠦᠯᠬᠦ ᠲᠥᠰᠦᠯ︾᠎ ᠢ ᠲᠣᠭᠲᠠᠭᠠᠵᠤ᠂ ᠵᠢᠯ ᠪᠦᠷᠢ 1 ᠳ᠋ᠦᠩᠰᠢᠭᠤᠷ ᠲᠥᠭᠦᠷᠢᠭ ᠤᠨ ᠲᠡᠳᠬᠦᠨ ᠳᠡᠮᠵᠢᠬᠦ ᠪᠡᠯᠡ ᠮᠥᠩᠭᠦ ᠲᠣᠬᠢᠷᠠᠭᠤᠯᠪᠠ᠃ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠭᠠᠷᠭᠠᠬᠤ ᠢᠨᠵᠧᠨᠧᠷᠢᠩ ᠢ ᠬᠡᠷᠡᠭᠵᠢᠭᠦᠯᠵᠦ᠂ ︽ᠮᠧᠩ ᠶᠸᠤ ᠾᠦᠢ︾ ᠡᠯᠧᠺᠲᠷᠣᠨ ᠬᠤᠳᠠᠯᠳᠤᠭᠠᠨ ᠤ ᠲᠠᠪᠴᠠᠩ ᠢ ᠨᠡᠪᠲᠡᠷᠡᠭᠦᠯᠵᠦ᠂ ᠪᠡᠭᠡᠵᠢᠩ ᠪᠣᠯᠤᠨ ᠱᠠᠩᠬᠠᠶ ᠳᠤ ᠮᠠᠨ ᠤ ᠣᠷᠣᠨ ᠤ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠳᠡᠯᠭᠡᠨ ᠦᠵᠡᠭᠦᠯᠬᠦ ᠰᠢᠭᠤᠳ ᠪᠣᠷᠣᠯᠠᠭᠤᠯᠬᠤ ᠲᠥᠪ ᠪᠠ ᠵᠢᠵᠢᠭᠯᠡᠨ ᠬᠤᠳᠠᠯᠳᠤᠬᠤ ᠲᠤᠷᠰᠢᠯᠲᠠ ᠶᠢᠨ ᠳᠡᠯᠭᠡᠭᠦᠷ ᠢ ᠪᠠᠶᠢᠭᠤᠯᠪᠠ᠃ ᠲᠠᠭᠠᠭᠤᠯᠤᠭᠴᠢ ᠠᠵᠤ ᠠᠬᠤᠶᠢᠯᠠᠯ ᠬᠢᠭᠡᠳ ᠲᠠᠷᠢᠶᠠᠴᠢᠨ ᠮᠠᠯᠴᠢᠳ ᠤᠨ ᠠᠰᠢᠭ ᠲᠤᠰᠠ ᠶᠢᠨ ᠬᠤᠯᠪᠣᠭᠠᠰᠤ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠮᠠᠯᠵᠢᠬᠤ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠥᠲᠥᠴᠢ ᠠᠵᠤ ᠠᠬᠤᠶᠢᠯᠠᠯ ᠬᠢᠭᠡᠳ ᠲᠠᠷᠢᠶᠠᠴᠢᠨ ᠮᠠᠯᠴᠢᠳ ᠤᠨ ᠠᠰᠢᠭ ᠲᠤᠰᠠ ᠶᠢᠨ ᠬᠤᠯᠪᠣᠭᠠᠰᠤ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠰᠠᠨᠠᠯ︾᠎ ᠢ ᠲᠣᠭᠲᠠᠭᠠᠨ ᠨᠡᠶᠢᠲᠡᠯᠡᠵᠦ᠂ ᠵᠠᠬᠢᠶᠠᠯᠠᠭ᠎ᠠ ᠶᠢᠨ ᠭᠡᠷ᠎ᠡ ᠶᠢᠨ ᠬᠡᠯᠪᠡᠷᠢ᠂ ᠬᠤᠪᠢ ᠣᠷᠣᠭᠤᠯᠵᠤ ᠬᠤᠷᠰᠢᠬᠤ ᠬᠡᠯᠪᠡᠷᠢ᠂ ︽ᠠᠵᠤ ᠠᠬᠤᠶᠢᠯᠠᠯ + ᠰᠠᠭᠤᠷᠢᠨ ᠭᠠᠵᠠᠷ + ᠲᠠᠷᠢᠶᠠᠯᠠᠬᠤ ᠡᠷᠦᠬᠡ︾ ᠬᠡᠯᠪᠡᠷᠢ ᠵᠡᠷᠭᠡ ᠠᠰᠢᠭ ᠲᠤᠰᠠ ᠪᠠᠨ ᠬᠤᠯᠪᠣᠭᠠᠯᠠᠬᠤ ᠬᠡᠯᠪᠡᠷᠢ ᠶᠢ ᠬᠠᠶᠢᠨ ᠰᠦᠪᠡᠭᠴᠢᠯᠡᠨ ᠪᠦᠷᠢᠯᠳᠦᠭᠦᠯᠵᠦ᠂ ᠲᠠᠷᠢᠶᠠᠴᠢᠨ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠪᠠ᠃      ︵ᠬᠤᠶᠠᠷ︶ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠭᠦᠯᠬᠦ ᠶᠢ ᠲᠦᠯᠬᠢᠨ  ᠠᠬᠢᠭᠤᠯᠪᠠ᠃ ᠤᠯᠤᠰ ᠤᠨ ᠲᠣᠭᠲᠠᠭᠤᠨ ᠨᠡᠮᠡᠭᠳᠡᠯ ᠬᠢᠭᠡᠳ ᠪᠦᠲᠦᠴᠡ ᠲᠣᠬᠢᠷᠠᠭᠤᠯᠬᠤ ᠲᠠᠩᠴᠡᠭᠦᠷᠢᠰᠢᠯ ᠢ ᠪᠠᠲᠤᠯᠠᠬᠤ᠂ ᠥᠭᠡᠷᠡᠴᠢᠯᠡᠯᠲᠡ ᠶᠢ ᠠᠬᠢᠭᠤᠯᠬᠤ ᠬᠢᠭᠡᠳ ᠪᠦᠲᠦᠴᠡ ᠲᠣᠬᠢᠷᠠᠭᠤᠯᠬᠤ ᠶᠢ ᠬᠠᠷᠢᠯᠴᠠᠨ ᠤᠶᠠᠯᠳᠤᠭᠤᠯᠤᠭᠰᠠᠨ ᠪᠠᠶᠢᠷᠢᠯᠠᠭᠤᠯᠤᠯᠲᠠ ᠶᠢ ᠲᠤᠤᠱᠯᠠᠭᠤᠯᠵᠤ᠂ ᠴᠡᠪᠡᠷ ᠡᠨᠧᠷᠭᠢ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠪᠣᠬᠢᠷᠲᠤᠯ ᠦᠭᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠬᠦ ᠵᠡᠷᠭᠡ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠡ ᠶᠢ ᠲᠦᠷᠭᠡᠳᠬᠡᠬᠦ ᠶᠢᠨ ᠵᠢᠯᠣᠭᠤᠳᠬᠤ ᠰᠠᠨᠠᠯ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠰᠠᠨᠠᠯ᠂ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ  ᠬᠤᠷᠢᠭᠯᠠᠨ ᠰᠢᠭᠰᠢᠭᠳᠡᠭᠦᠯᠬᠦ ᠲᠤᠬᠠᠶ ᠲᠣᠭᠲᠠᠭᠠᠯ ᠤᠳ ᠢ ᠲᠣᠭᠲᠠᠭᠠᠵᠤ᠂ ᠶᠡᠷᠦᠩᠬᠡᠶᠢᠯᠡᠭᠰᠡᠨ ᠠᠷᠭ᠎ᠠ ᠪᠤᠲᠤᠯᠭ᠎ᠠ ᠬᠡᠷᠡᠭᠵᠢᠭᠦᠯᠬᠦ ᠪᠠᠷ ᠳᠠᠮᠵᠢᠭᠤᠯᠤᠨ᠂ ᠲᠥᠷᠥᠯ ᠬᠤᠪᠢᠶᠠᠨ ᠵᠢᠯᠣᠭᠤᠳᠴᠤ᠂ ᠠᠵᠤ ᠦᠢᠯᠡᠳᠪᠦᠷᠢ ᠶᠢᠨ ᠪᠦᠲᠦᠴᠡ ᠶᠢᠨ ᠳᠤᠬᠢᠷᠠᠭᠤᠯᠤᠯᠲᠠ ᠢᠳᠡᠪᠬᠢᠲᠡᠶ ᠪᠠᠷ ᠠᠬᠢᠵᠤ᠂ ᠡᠬᠢ ᠪᠠᠶᠠᠯᠢᠭ ᠤᠨ ᠪᠤᠰᠤ ᠬᠡᠯᠪᠡᠷᠢ ᠶᠢᠨ ᠠᠵᠤ ᠦᠢᠯᠡᠰ ᠪᠣᠯᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠲᠥᠷᠭᠡᠨ ᠬᠥᠭᠵᠢᠪᠡ᠃ 2014 ᠣᠨ ᠳᠤ᠂ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠬᠦ ᠳᠡᠭᠡᠳᠦ ᠰᠢᠨ᠎ᠡ ᠮᠡᠷᠭᠡᠵᠢᠯ᠂ ᠲᠤᠨᠤᠭ ᠲᠥᠬᠦᠭᠡᠷᠦᠮᠵᠢ ᠦᠢᠯᠡᠳᠬᠦ᠂ ᠥᠩᠭᠡᠲᠦ ᠲᠡᠮᠦᠷᠯᠢᠭ ᠪᠣᠯᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠦᠢᠯᠡᠳᠪᠦᠷᠢᠯᠡᠵᠦ ᠡᠳ᠋ᠰᠢᠭᠦᠯᠬᠦ ᠶᠢᠨ ᠬᠤᠪᠢ ᠨᠡᠮᠡᠷᠢ ᠶᠢᠨ ᠨᠤᠷᠮ᠎ᠠ ᠨᠢ 39.2%᠎ ᠲᠤ ᠬᠦᠷᠴᠦ᠂ ᠳᠡᠭᠡᠷ᠎ᠡ ᠵᠢᠯ ᠤᠨ ᠬᠢ ᠠᠴᠠ 3.6 ᠵᠠᠭᠤᠨ ᠤ ᠴᠡᠭ ᠎ ᠢᠶᠠᠷ ᠳᠡᠭᠡᠭᠰᠢᠯᠡᠪᠡ︔ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ᠂ ᠳᠡᠭᠡᠳᠦ ᠰᠢᠨ᠎ᠡ ᠮᠡᠷᠭᠡᠵᠢᠯ᠂ ᠥᠩᠭᠡᠲᠦ ᠲᠡᠮᠦᠷᠯᠢᠭ᠂ ᠲᠣᠨᠤᠭ ᠲᠦᠬᠦᠭᠡᠷᠦᠮᠵᠢ ᠦᠢᠯᠡᠳᠬᠦ ᠪᠠ ᠲᠠᠷᠢᠶᠠᠯᠠᠩ ᠮᠠᠯ  ᠤᠨ ᠠᠰᠢᠭ ᠰᠢᠮ᠎ᠡ   ᠎ ᠶᠢᠨ ᠪᠦᠲᠦᠭᠡᠭᠳᠡᠭᠦᠨ ᠎ ᠢ ᠦᠢᠯᠡᠳᠪᠦᠷᠢᠯᠡᠵᠦ ᠡᠳ᠋ᠰᠢᠭᠦᠯᠬᠦ ᠦᠢᠯᠡᠰ ᠨᠡᠯᠢᠶᠡᠳ ᠲᠦᠷᠭᠡᠨ ᠨᠡᠮᠡᠭᠳᠡᠵᠦ᠂  ᠲᠤᠰ ᠲᠤᠰ 23.6%᠂ 19.4%᠂ 10.4% ᠪᠣᠯᠣᠨ 9.3%᠎ ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠠᠴᠠ ᠲᠥᠷᠭᠡᠨ ᠪᠠᠶᠢᠵᠤ᠂ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠦᠭᠰᠡᠨ ᠬᠡᠳᠦᠨ ᠠᠵᠢᠯ ᠲᠦᠷᠦᠯ ᠤᠨ ᠬᠤᠪᠢ ᠨᠡᠮᠡᠷᠢ ᠶᠢᠨ ᠨᠤᠷᠮ᠎ᠠ ᠨᠢ 47.1%᠎ ᠳᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 7.7 ᠵᠠᠭᠤᠨ ᠤ ᠴᠡᠭ ᠢᠶᠠᠷ ᠳᠡᠭᠡᠭᠰᠢᠯᠡᠪᠡ᠃      ᠨᠢᠭᠡ ᠳᠤ ᠦᠢᠯᠡᠳᠪᠦᠷᠢᠯᠡᠯ ᠤᠨ ᠴᠢᠳᠠᠪᠤᠷᠢ ᠦᠯᠡᠭᠦᠳᠡᠭᠰᠡᠨ ᠵᠥᠷᠢᠴᠡᠯ ᠢ ᠢᠳᠡᠪᠬᠢᠲᠡᠢ ᠨᠠᠮᠳᠠᠭᠠᠪᠠ᠃ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢᠯᠡᠯ ᠤᠨ ᠴᠢᠳᠠᠪᠤᠷᠢ ᠦᠯᠡᠭᠦᠳᠡᠵᠦ ᠪᠠᠶᠢᠭ᠎ᠠ ᠵᠥᠷᠢᠴᠡᠯ ᠢ  ᠨᠠᠮᠳᠠᠭᠠᠬᠤ ᠎ ᠶᠢᠨ ᠬᠡᠷᠡᠭᠵᠢᠭᠦᠯᠬᠦ ᠰᠠᠨᠠᠯ ᠢ ᠲᠣᠭᠲᠠᠭᠠᠵᠤ᠂ ᠦᠢᠯᠡᠳᠪᠦᠷᠢᠯᠡᠯ ᠤᠨ ᠴᠢᠳᠠᠪᠤᠷᠢ ᠬᠦᠨᠳᠦ ᠨᠣᠴᠢᠲᠠᠶ ᠦᠯᠡᠭᠦᠳᠡᠵᠦ ᠪᠠᠶᠢᠭ᠎ᠠ ᠠᠵᠢᠯ ᠲᠦᠷᠦᠯ ᠤᠨ ᠲᠣᠭᠲᠠᠭᠠᠯ ᠠᠴᠠ ᠵᠥᠷᠢᠴᠡᠭᠰᠡᠨ ᠲᠦᠷᠦᠯ ᠵᠦᠢᠯ ᠢ ᠪᠦᠬᠦ ᠲᠠᠯ᠎ᠠ ᠪᠠᠷ ᠢᠯᠭᠠᠷᠠᠭᠤᠯᠬᠤ ᠠᠵᠢᠯ ᠢ ᠥᠷᠨᠢᠭᠦᠯᠵᠦ᠂ ᠨᠢᠭᠡᠨᠲᠡ ᠵᠥᠪᠰᠢᠶᠡᠷᠡᠭᠦᠯᠦᠭᠡᠳ ᠠᠵᠢᠯ ᠢᠶᠠᠨ ᠡᠬᠢᠯᠡᠭᠦᠯᠦᠭᠡᠳᠦᠢ ᠲᠣᠭᠲᠠᠭᠠᠯ ᠠᠴᠠ ᠵᠥᠷᠢᠴᠡᠭᠰᠡᠨ 6 ᠲᠦᠷᠦᠯ ᠵᠦᠢᠯ  ᠪᠣᠯᠣᠨ ᠪᠠᠶᠢᠭᠤᠯᠵᠤ ᠪᠠᠶᠢᠭ᠎ᠠ ᠲᠣᠭᠲᠠᠭᠠᠯ ᠠᠴᠠ ᠵᠦᠷᠢᠴᠡᠭᠰᠡᠨ 2 ᠲᠥᠷᠥᠯ ᠵᠦᠢᠯ ᠢ ᠪᠠᠷᠢᠯᠭ᠎ᠠ ᠶᠢ ᠨᠢ ᠵᠣᠭᠰᠣᠭᠠᠬᠤ ᠪᠠᠷ ᠰᠢᠢᠳᠪᠦᠷᠢᠯᠡᠵᠦ᠂ ᠨᠢᠭᠡᠨᠲᠡ ᠪᠠᠶᠢᠭᠤᠯᠤᠭᠳᠠᠭᠰᠠᠨ ᠲᠣᠭᠲᠠᠭᠠᠯ ᠠᠴᠠ ᠵᠥᠷᠢᠴᠡᠭᠰᠡᠨ 62 ᠲᠥᠷᠥᠯ ᠵᠦᠢᠯ ᠳᠤ ᠤᠯᠤᠰ ᠤᠨ ᠳᠠᠩᠰᠠᠯᠠᠭᠤᠯᠬᠤ ᠶᠢ ᠭᠤᠶᠤᠴᠢᠯᠠᠵᠤ᠂ ᠪᠠᠶᠢᠭᠤᠯᠵᠤ ᠪᠠᠶᠢᠭ᠎ᠠ ᠲᠣᠭᠲᠠᠭᠠᠯ ᠠᠴᠠ ᠵᠥᠷᠢᠴᠡᠭᠰᠡᠨ17 ᠲᠦᠷᠦᠯ ᠵᠦᠢᠯ ᠳᠤ ᠤᠯᠤᠰ ᠤᠨ ᠮᠠᠭᠠᠳᠯᠠᠨ ᠲᠣᠭᠲᠠᠭᠠᠬᠤ ᠶᠢ ᠭᠤᠶᠤᠴᠢᠯᠠᠬᠤ ᠪᠥᠭᠡᠳ ᠭᠠᠷᠳᠠᠮ ᠢ ᠨᠥᠬᠦᠪᠥᠷᠢᠯᠡᠨ ᠬᠢᠯᠭᠡᠨ᠎ᠡ᠃ ᠲᠥᠷᠥᠯ ᠵᠦᠢᠯ ᠤᠨ ᠣᠷᠣᠬᠤ ᠵᠥᠪᠰᠢᠶᠡᠷᠡᠯ ᠢ ᠴᠢᠩᠭ᠎ᠠ ᠠᠳᠬᠤᠵᠤ᠂ ᠪᠣᠯᠣᠳ ᠲᠡᠮᠦᠷ᠂ ᠴᠠᠬᠢᠯᠭᠠᠨ ᠵᠠᠳᠠᠯᠤᠯ ᠤᠨ ᠬᠦᠩᠭᠡᠨ ᠴᠠᠭᠠᠨ᠂ ᠱᠦᠢᠨᠢ᠂ ᠬᠠᠪᠲᠠᠭᠠᠶ ᠰᠢᠯ ᠵᠡᠷᠭᠡ ᠠᠵᠢᠯ ᠲᠦᠷᠦᠯ ᠤᠨ ᠰᠢᠨ᠎ᠡ ᠪᠠᠷ ᠨᠡᠮᠡᠭᠳᠡᠭᠰᠡᠨ ᠦᠢᠯᠡᠳᠪᠦᠷᠢᠯᠡᠯ ᠤᠨ ᠴᠢᠳᠠᠪᠤᠷᠢ ᠶᠢᠨ ᠲᠥᠷᠥᠯ ᠵᠦᠢᠯ ᠢ ᠴᠥᠮ ᠬᠠᠷᠭᠤᠭᠤᠯᠤᠨ ᠵᠥᠪᠰᠢᠶᠡᠷᠡᠬᠦ ᠦᠭᠡᠢ ᠪᠤᠶᠤ ᠳᠠᠩᠰᠠᠯᠠᠭᠤᠯᠵᠤ ᠥᠭᠬᠦ ᠦᠭᠡᠢ᠂ ᠭᠠᠵᠠᠷ ᠰᠢᠷᠣᠶ ᠶᠢ ᠤᠷᠢᠳᠴᠢᠯᠠᠨ  ᠬᠢᠨᠠᠬᠤ᠂ ᠣᠷᠴᠢᠨ ᠲᠣᠭᠤᠷᠢᠨ ᠤ ᠦᠨᠡᠯᠡᠯᠲᠡ ᠶᠢ ᠬᠢᠨᠠᠨ ᠵᠥᠪᠰᠢᠶᠡᠷᠡᠬᠦ᠂ ᠰᠢᠨ᠎ᠡ ᠪᠠᠷ ᠨᠡᠮᠡᠭᠳᠡᠭᠦᠯᠬᠦ ᠢᠲᠡᠭᠡᠮᠵᠢ ᠣᠯᠭᠤᠬᠤ ᠭᠤᠶᠤᠴᠢᠯᠠᠯ ᠢ ᠴᠦᠮ ᠬᠦᠯᠢᠶᠡᠨ ᠠᠪᠴᠤ ᠭᠦᠢᠴᠡᠳᠬᠡᠵᠦ ᠥᠭᠭᠦᠭᠰᠡᠨ ᠦᠭᠡᠢ ᠠᠴᠠ ᠦᠢᠯᠡᠳᠪᠦᠷᠢᠯᠡᠯ ᠤᠨ ᠴᠢᠳᠠᠪᠤᠷᠢ ᠨᠢ ᠦᠯᠡᠭᠦᠳᠡᠭᠰᠡᠨ ᠠᠵᠢᠯ ᠲᠦᠷᠦᠯ ᠤᠨ ᠰᠣᠬᠤᠷ ᠪᠠᠯᠠᠶ ᠪᠠᠷ ᠥᠷᠭᠡᠳᠬᠡᠬᠦ ᠶᠢ ᠪᠦᠲᠦᠮᠵᠢᠲᠡᠶ ᠬᠤᠷᠢᠭᠯᠠᠪᠠ᠃ ᠬᠤᠴᠣᠷᠤᠩᠭᠤᠶ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ ᠡᠷᠴᠢᠮ ᠢᠶᠠᠨ ᠴᠢᠩᠭᠠᠷᠠᠭᠤᠯᠵᠤ᠂ ︽12· 5︾᠎ ᠶᠢᠨ ᠲᠥᠯᠥᠪᠵᠢᠭᠦᠯᠭᠡ ᠳᠠᠬᠢ ᠬᠤᠴᠣᠷᠤᠩᠭᠤᠶ  ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ ᠬᠠᠷᠠᠯᠲᠠ ᠶᠢᠨ ᠡᠭᠦᠷᠭᠡ ᠶᠢ ᠨᠢᠭᠡ ᠵᠢᠯ ᠤᠷᠢᠳᠴᠢᠯᠠᠨ   ᠪᠡᠶᠡᠯᠡᠭᠦᠯᠪᠡ᠃      ᠬᠤᠶᠠᠷ ᠲᠤ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠢ ᠶᠡᠬᠡᠪᠡᠷ ᠬᠥᠭᠵᠢᠭᠦᠯᠪᠡ᠃ 2012 ᠣᠨ ᠠᠴᠠ ᠨᠠᠰᠢ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ  ᠪᠣᠢ ᠪᠣᠯᠣᠭᠰᠠᠨ ᠠᠵᠤ ᠦᠢᠯᠡᠰ ᠢ ᠲᠦᠷᠭᠡᠨ ᠪᠤᠶᠢᠵᠢᠭᠤᠯᠤᠨ ᠬᠦᠭᠵᠢᠭᠦᠯᠬᠦ ᠶᠢᠨ ᠬᠡᠷᠡᠭᠵᠢᠭᠦᠯᠬᠦ ᠰᠠᠨᠠᠯ ᠪᠣᠯᠣᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠤᠷᠢᠳ ᠬᠤᠵᠢᠳ ᠲᠣᠭᠲᠠᠭᠠᠨ ᠨᠠᠶᠢᠲᠡᠯᠡᠵᠦ᠂  ᠲᠤᠨᠤᠭ ᠲᠥᠬᠦᠭᠡᠷᠦᠮᠵᠢ ᠦᠢᠯᠡᠳᠬᠦ᠂ ᠬᠡᠷᠡᠯ ᠸᠣᠯᠲ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨ ᠵᠡᠷᠭᠡ ᠠᠵᠢᠯ ᠲᠦᠷᠦᠯ ᠢ ᠬᠥᠭᠵᠢᠭᠦᠯᠬᠦ ᠶᠢ ᠵᠣᠷᠢᠭᠵᠢᠭᠤᠯᠬᠤ ᠲᠦᠷᠦ ᠶᠢᠨ ᠪᠤᠳᠤᠯᠭ᠎ᠠ ᠎ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠤᠯᠤᠰ ᠤᠨ ᠰᠢᠨ᠎ᠡ ᠪᠠᠷ  ᠪᠣᠢ ᠪᠣᠯᠣᠭᠰᠠᠨ ᠠᠵᠤ ᠦᠢᠯᠡᠰ ᠤᠨ ᠠᠳᠠᠯ ᠦᠢᠯᠡᠰ ᠴᠣᠭᠴᠠᠯᠠᠵᠤ ᠪᠡᠯᠡ ᠣᠷᠣᠭᠤᠯᠬᠤ ᠰᠠᠭᠤᠷᠢ ᠮᠥᠩᠭᠦ ᠶᠢ 2 ᠪᠠᠶᠢᠭᠤᠯᠵᠤ᠂ ᠨᠢᠭᠡ ᠪᠦᠯᠦᠭ ᠥᠪᠡᠷᠮᠢᠴᠡ ᠣᠨᠴᠠᠯᠢᠭᠲᠤ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠬᠤ ᠪᠠ ᠰᠢᠨ᠎ᠡ ᠶᠢ ᠡᠭᠦᠳᠬᠦ ᠲᠠᠪᠴᠠᠩ ᠤᠨ ᠪᠥᠳᠥᠭᠡᠨ ᠪᠠᠶᠢᠭᠤᠯᠬᠤ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠪᠡ᠃ 2014 ᠣᠨ ᠳᠤ᠂ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠨᠢ 14.2%᠎ ᠢᠶᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ 4.2 ᠵᠠᠭᠤᠨ ᠤ ᠴᠡᠭ  ᠢᠶᠠᠷ ᠳᠡᠭᠡᠭᠰᠢᠯᠡᠪᠡ᠃ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ᠂  ᠬᠡᠪᠴᠢᠶᠡᠵᠢᠯ ᠠᠴᠠ ᠳᠡᠭᠡᠭᠰᠢᠬᠢ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 23.6%᠎ ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ15 ᠵᠠᠭᠤᠨ ᠤ ᠴᠡᠭ ᠢᠶᠠᠷ ᠳᠡᠭᠡᠭᠰᠢᠯᠡᠪᠡ᠃      ᠭᠤᠷᠪᠠ ᠳᠤ ︽ᠬᠤᠶᠠᠷᠴᠢᠯᠠᠯᠲᠠ︾᠎ ᠶᠢᠨ ᠭᠦᠨᠵᠡᠭᠡᠶ ᠠᠭᠤᠰᠤᠯᠴᠠᠯ ᠢ ᠲᠦᠯᠬᠢᠨ ᠠᠬᠢᠭᠤᠯᠪᠠ᠃ ︽ ᠬᠤᠶᠠᠷᠴᠢᠯᠠᠯᠲᠠ ᠶᠢᠨ ᠠᠭᠤᠰᠤᠯᠴᠠᠯ︾᠎ ᠤᠨ ᠪᠠᠷᠢᠮᠵᠢᠶ᠎ᠠ ᠶᠢ ᠲᠤᠤᠱᠯᠠᠭᠤᠯᠬᠤ ᠠᠵᠢᠯ ᠢ ᠥᠷᠨᠢᠭᠦᠯᠵᠦ᠂ ᠪᠦᠬᠦ ᠣᠷᠣᠨ ᠤ 12 ᠠᠵᠤ ᠠᠬᠤᠶᠢᠯᠠᠯ ᠨᠢ ᠤᠯᠤᠰ ᠤᠨ ᠲᠤᠷᠰᠢᠯᠲᠠ ᠶᠢᠨ ᠴᠢᠭ᠋ ᠲᠤ ᠵᠢᠭᠰᠠᠭᠠᠭᠳᠠᠪᠠ᠃ ᠥᠪᠥᠷ ᠮᠣᠩᠭᠤᠯ ᠤᠨ ᠲᠣᠣᠷ ᠰᠦᠯᠵᠢᠶ᠎ᠡ ᠶᠢᠨ ᠬᠠᠮᠵᠢᠯᠴᠠᠨ ᠦᠢᠯᠡᠳᠬᠦ ᠭᠤᠣᠯ ᠲᠠᠪᠴᠠᠩ ᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠡᠬᠢᠯᠡᠭᠦᠯᠵᠦ᠂ ᠴᠠᠭᠠᠨ ᠢᠳᠡᠭᠡᠨ᠂ ᠬᠤᠨᠢᠨ ᠤ ᠮᠢᠬ᠎ᠠ ᠵᠡᠷᠭᠡ ᠢᠳᠡᠭᠡᠨ ᠤ  ᠶᠠᠰᠤ ᠴᠢᠨᠠᠷ ᠲᠤ ᠮᠥᠷᠳᠡᠬᠦ ᠰᠢᠰᠲ᠋ᠧᠮᠵᠢ ᠶᠢᠨ ᠲᠤᠷᠰᠢᠯᠲᠠ ᠶᠢ ᠥᠷᠨᠢᠭᠦᠯᠵᠦ᠂ ᠥᠪᠥᠷ ᠮᠣᠩᠭᠤᠯ ᠤᠨ  ᠪᠤᠳᠠᠰᠯᠢᠭ ᠬᠤᠯᠪᠣᠭᠠᠲᠤ ᠰᠦᠯᠵᠢᠶ᠎ᠡ ᠳᠤ ᠰᠠᠭᠤᠷᠢᠯᠠᠭᠰᠠᠨ ᠮᠠᠯ ᠤᠨ ᠮᠢᠬ᠎ᠠ ᠶᠢ ᠮᠦᠷᠳᠡᠬᠦ ᠣᠷᠣᠨ ᠨᠤᠲᠤᠭ ᠪᠠᠷᠢᠮᠵᠢᠶ᠎ᠠ ᠲᠣᠭᠲᠠᠭᠠᠬᠤ ᠠᠵᠢᠯ ᠢ ᠪᠡᠶᠡᠯᠡᠭᠦᠯᠪᠡ᠃ ᠨᠡᠭᠦᠷᠡᠰᠦ᠂ ᠠᠯᠺᠠᠨ᠂ PVC᠂ ᠬᠡᠦᠷᠡᠰᠦ᠂ ᠥᠩᠭᠡᠲᠦ ᠲᠡᠮᠦᠷᠯᠢᠭ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠵᠡᠷᠭᠡ ᠶᠡᠭᠡ ᠬᠡᠮᠵᠢᠶᠡᠨ ᠤ ᠠᠵᠤ ᠦᠢᠯᠡᠳᠪᠦᠷᠢ ᠶᠢᠨ ᠦᠢᠯᠡᠳᠬᠦᠨ ᠳᠤ ᠡᠯᠧᠺᠲᠷᠣᠨ ᠠᠷᠠᠯᠵᠢᠶᠠᠯᠠᠬᠤ ᠲᠠᠪᠴᠠᠩ ᠪᠠᠶᠢᠭᠤᠯᠬᠤ ᠶᠢ ᠲᠦᠯᠬᠢᠨ ᠠᠬᠢᠭᠤᠯᠪᠠ᠃      ᠲᠦᠷᠪᠡ ᠳᠤ ᠤᠯᠠᠮᠵᠢᠯᠠᠯᠲᠤ ᠠᠵᠤ ᠦᠢᠯᠡᠰ ᠤᠨ ᠤᠷᠲᠤᠳᠬᠠᠨ ᠲᠡᠰ ᠳᠡᠪᠰᠢᠭᠦᠯᠬᠦ ᠶᠢ ᠲᠥᠷᠭᠡᠳᠪᠡ᠃ ᠨᠡᠭᠦᠷᠡᠰᠦ ᠴᠡᠪᠡᠷᠵᠢᠭᠦᠯᠦᠨ ᠠᠰᠢᠭᠯᠠᠬᠤ ᠶᠢ ᠲᠦᠯᠬᠢᠨ ᠠᠬᠢᠭᠤᠯᠵᠤ᠂ ᠤᠯᠤᠰ ᠤᠨ ︽ ᠨᠡᠭᠦᠷᠡᠰᠦ ᠶᠢ ᠠᠮᠤᠷ ᠲᠦᠪᠰᠢᠨ ᠪᠦᠭᠡᠳ ᠪᠣᠬᠢᠷᠳᠣᠯ ᠦᠭᠡᠢ ᠨᠡᠭᠡᠭᠡᠬᠦ ᠪᠠ ᠴᠡᠪᠡᠷ ᠪᠥᠭᠡᠳ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠬᠤ ᠲᠤᠬᠠᠶ ᠰᠠᠨᠠᠯ︾᠂ ︽ᠨᠡᠭᠦᠷᠡᠰᠦᠨ ᠤ ᠶᠡᠷᠦᠩᠬᠡᠶ ᠬᠡᠮᠵᠢᠶ᠎ᠡ ᠶᠢ   ᠲᠣᠬᠢᠷᠠᠭᠤᠯᠤᠨ ᠡᠵᠡᠮᠳᠡᠵᠦ ᠠᠵᠤ ᠦᠢᠯᠡᠰ ᠤᠨ ᠪᠠᠶᠢᠷᠢᠰᠢᠯᠠᠭᠤᠯᠤᠯᠲᠠ ᠶᠢ ᠰᠢᠯᠢᠳᠡᠭᠵᠢᠭᠦᠯᠬᠦ ᠶᠢᠨ ᠵᠢᠯᠣᠭᠤᠳᠬᠤ ᠰᠠᠨᠠᠯ︾ ᠪᠠ ︽ᠨᠡᠭᠦᠷᠡᠰᠦᠨ ᠤ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨᠴᠢ ᠬᠦᠭᠵᠢᠯᠲᠡ ᠶᠢ ᠠᠬᠢᠭᠤᠯᠬᠤ ᠶᠢᠨ ᠵᠢᠯᠣᠭᠤᠳᠬᠤ ᠰᠠᠨᠠᠯ︾᠎ ᠢ ᠨᠠᠶᠢᠳᠠᠪᠤᠷᠢᠵᠢᠭᠤᠯᠵᠤ᠂ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ ᠬᠢᠵᠠᠭᠠᠷᠯᠠᠵᠤ᠂ ᠨᠡᠭᠦᠷᠡᠰᠦ ᠦᠢᠯᠡᠳᠪᠦᠷᠢᠯᠡᠬᠦ ᠠᠵᠤ ᠠᠬᠤᠶᠢᠯᠠᠯ ᠬᠢᠭᠡᠳ ᠰᠡᠭᠦᠯᠴᠢ ᠶᠢᠨ ᠬᠡᠯᠬᠢᠶ᠎ᠡ ᠳᠤ ᠤᠯᠠᠷᠢᠭᠤᠯᠬᠤ ᠠᠵᠤ ᠠᠬᠤᠶᠢᠯᠠᠯ ᠯᠤᠭ᠎ᠠ ᠪᠠᠶᠢᠯᠳᠤᠬᠤ ᠪᠤᠳᠤᠯᠭ᠎ᠠ ᠶᠢᠨ ᠳᠠᠬᠢᠨ  ᠪᠠᠶᠢᠭᠤᠯᠬᠤ ᠶᠢ ᠲᠦᠯᠬᠢᠨ ᠠᠬᠢᠭᠤᠯᠵᠤ᠂ ᠨᠡᠭᠦᠷᠡᠰᠦ ᠴᠠᠬᠢᠯᠭᠠᠨ᠂ ᠨᠡᠭᠦᠷᠡᠰᠦ ᠬᠢᠮᠢ ᠶᠢᠨ ᠬᠤᠯᠪᠣᠭᠠᠯᠠᠨ ᠬᠥᠭᠵᠢᠬᠦ ᠶᠢ ᠬᠡᠷᠡᠭᠵᠢᠭᠦᠯᠪᠡ᠃ ᠴᠡᠪᠡᠷ ᠡᠨᠧᠷᠭᠢ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠲᠥᠷᠭᠡᠳᠭᠡᠵᠦ᠂ ᠰᠢᠯᠢ ᠶᠢᠨ ᠭᠤᠣᠯ ᠠᠶᠢᠮᠠᠭ ᠠᠴᠠ ᠱᠠᠨᠳᠦ᠋ᠩ ᠬᠦᠷᠬᠦ᠂ ᠥᠪᠥᠷ ᠮᠣᠩᠭᠤᠯ ᠤᠨ ᠪᠠᠷᠠᠭᠤᠨ ᠬᠡᠰᠡᠭ ᠠᠴᠠ ᠲᠢᠶᠠᠨᠵᠢᠨ ᠤ ᠡᠮᠦᠨ᠎ᠡ ᠬᠡᠰᠡᠭ ᠬᠦᠷᠬᠦ ᠣᠨᠴᠠ ᠥᠨᠳᠥᠷ ᠬᠦᠴᠦᠳᠡᠯᠲᠦ ᠭᠠᠳᠠᠭᠰᠢ ᠳᠠᠮᠵᠢᠭᠤᠯᠵᠤ ᠨᠡᠪᠲᠡᠷᠡᠭᠦᠯᠬᠦ ᠵᠠᠮ ᠱᠤᠭᠤᠮ ᠪᠣᠯᠣᠨ ᠨᠢᠭᠡ ᠪᠦᠯᠦᠭ ᠳᠦᠬᠦᠷᠵᠢᠭᠰᠡᠨ ᠴᠠᠬᠢᠯᠭᠠᠨ ᠤ  ᠡᠭᠦᠰᠬᠡᠯ ᠤᠨ ᠴᠢᠭ᠋ ᠢ ᠠᠵᠢᠯ ᠡᠬᠢᠯᠡᠭᠦᠯᠵᠦ ᠪᠦᠲᠦᠭᠡᠨ ᠪᠠᠶᠢᠭᠤᠯᠪᠠ᠃ ᠡᠬᠢ ᠪᠠᠶᠠᠯᠢᠭ ᠤᠨ ᠬᠡᠯᠪᠡᠷᠢ ᠪᠦᠬᠦᠢ ᠠᠵᠤ ᠦᠢᠯᠡᠰ  ᠤᠨ ᠤᠷᠲᠤᠳᠬᠠᠨ ᠡᠳ᠋ᠰᠢᠭᠦᠯᠬᠦ ᠶᠢ ᠲᠦᠯᠬᠢᠨ ᠠᠬᠢᠭᠤᠯᠵᠤ᠂ ᠨᠡᠭᠦᠷᠡᠰᠦ ᠴᠠᠬᠢᠯᠭᠠᠨ ᠲᠡᠮᠦᠷᠯᠢᠭ᠂  ᠨᠡᠭᠦᠷᠡᠰᠦ ᠴᠠᠬᠢᠯᠭᠠᠨ ᠬᠢᠮᠢ᠂ ᠨᠡᠭᠦᠷᠡᠰᠦ ᠴᠠᠬᠢᠯᠭᠠᠨ ᠴᠠᠬᠢᠭᠤᠷ ᠤᠨ ᠠᠵᠤ ᠦᠢᠯᠡᠰ ᠤᠨ ᠬᠡᠯᠬᠢᠶ᠎ᠡ ᠶᠢᠨ ᠬᠡᠪᠴᠢᠶ᠎ᠡ ᠶᠢ ᠥᠷᠭᠡᠳᠬᠡᠵᠦ᠂ ᠴᠠᠬᠢᠯᠭᠠᠨ ᠵᠠᠳᠠᠯᠤᠯ ᠤᠨ ᠬᠥᠩᠭᠡᠨ ᠴᠠᠭᠠᠨ ᠢ ᠤᠷᠲᠤᠳᠬᠠᠨ  ᠡᠳ᠋ᠰᠢᠭᠦᠯᠬᠦ ᠨᠤᠷᠮ᠎ᠠ 60%᠎ ᠳᠤ ᠬᠦᠷᠴᠦ᠂ ᠬᠤᠪᠣᠷ ᠰᠢᠷᠣᠶ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠲᠤ ᠡᠵᠡᠯᠡᠬᠦ ᠬᠤᠪᠣᠷ ᠰᠢᠷᠣᠶ ᠶᠢᠨ ᠰᠡᠭᠦᠯᠴᠢ ᠬᠡᠯᠬᠢᠶ᠎ᠡ ᠶᠢᠨ ᠦᠢᠯᠡᠳᠭᠦᠨ ᠤ ᠥᠷᠲᠡᠭ ᠤᠨ  ᠬᠤᠪᠢ ᠶᠢᠨ ᠵᠢᠩ ᠨᠢ 50% ᠪᠣᠯᠣᠨ ᠳᠡᠭᠡᠭᠰᠢᠯᠡᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠢ ᠦᠢᠯᠡᠳᠪᠦᠷᠢᠯᠡᠵᠦ ᠡᠳ᠋ᠰᠢᠯᠡᠭᠦᠯᠬᠦ ᠲᠥᠷᠥᠯ ᠨᠢ1350 ᠪᠣᠯᠵᠤ ᠨᠡᠮᠡᠭᠳᠡᠪᠡ᠃      ᠲᠠᠪᠤ ᠳᠤ ᠭᠤᠣᠯᠳᠠᠯᠭᠠᠲᠤ ᠠᠵᠤ ᠦᠢᠯᠡᠰ ᠤᠨ ᠪᠠᠶᠢᠷᠢᠯᠠᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠪᠡ᠃ ᠬᠥᠬᠡᠬᠤᠲᠠ ᠪᠤᠭᠤᠲᠤ ᠤᠷᠳᠤᠰ ᠢᠶᠠᠷ ᠭᠤᠣᠯ ᠪᠣᠯᠭᠠᠭᠰᠠᠨ ᠬᠠᠳᠤᠨ ᠭᠤᠣᠯ ᠪᠠ ᠵᠠᠮ ᠬᠠᠷᠢᠯᠴᠠᠭᠠᠨ ᠤ ᠭᠤᠣᠯ ᠱᠤᠭᠤᠮ ᠳᠠᠭᠠᠤ ᠶᠢᠨ ᠠᠵᠤ ᠦᠢᠯᠡᠰ ᠤᠨ ᠪᠦᠰᠡ ᠪᠠ ᠵᠡᠭᠦᠨ ᠬᠡᠰᠡᠭ ᠤᠨ ᠠᠶᠢᠮᠠᠭ ᠬᠤᠳᠠ ᠶᠢᠨ ᠭᠤᠣᠯᠳᠠᠯᠭᠠᠲᠤ ᠠᠵᠤ ᠦᠢᠯᠡᠰ ᠤᠨ ᠬᠦᠭᠵᠢᠯᠲᠡ ᠶᠢᠨ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠠᠵᠤ ᠦᠢᠯᠡᠰ ᠤᠨ ᠲᠥᠪᠯᠡᠷᠡᠯ ᠡᠷᠴᠢᠮᠯᠡᠭ ᠰᠣᠯᠪᠢᠴᠠᠨ ᠬᠦᠭᠵᠢᠬᠦ ᠶᠢ ᠠᠬᠢᠭᠤᠯᠪᠠ᠃ ᠬᠠᠳᠤᠨ ᠭᠤᠣᠯ ᠪᠠ ᠵᠠᠮ ᠬᠠᠷᠢᠯᠴᠠᠭᠠᠨ ᠤ ᠭᠤᠣᠯ ᠱᠤᠭᠤᠮ ᠳᠠᠭᠠᠤ ᠶᠢᠨ 22 ᠬᠡᠰᠡᠭ ᠭᠤᠣᠯᠳᠠᠯᠭᠠᠲᠤ ᠠᠵᠤ ᠦᠢᠯᠡᠳᠪᠦᠷᠢ ᠲᠥᠪᠯᠡᠷᠡᠭᠰᠡᠨ ᠣᠷᠣᠨ ᠤ ᠪᠡᠶᠡᠯᠡᠭᠦᠯᠦᠭᠰᠡᠨ ᠦᠢᠯᠡᠳᠪᠦᠷᠢᠯᠡᠯ ᠤᠨ ᠦᠷᠲᠡᠭ ᠨᠢ ᠪᠠᠷᠠᠭᠤᠨ ᠬᠡᠰᠡᠭ ᠤᠨ ᠠᠶᠢᠮᠠᠭ ᠬᠤᠲᠠ ᠶᠢᠨ ᠪᠦᠬᠦ ᠨᠡᠬᠡᠬᠡᠯᠲᠡ ᠶᠢᠨ ᠲᠣᠭᠤᠷᠢᠭ ︵ᠬᠦᠷᠢᠶᠡᠯᠡᠩ ᠲᠣᠭᠤᠷᠢᠭ︶᠎ ᠤᠨ 80%᠎ ᠠᠴᠠ ᠳᠡᠭᠡᠭᠰᠢ ᠶᠢ ᠡᠵᠡᠯᠡᠨ᠎ᠡ︔ ᠵᠡᠭᠦᠨ ᠬᠡᠰᠡᠭ ᠤᠨ ᠠᠶᠢᠮᠠᠭ ᠬᠤᠳᠠ ᠶᠢᠨ 13 ᠬᠡᠰᠡᠭ ᠠᠵᠤ ᠦᠢᠯᠡᠳᠪᠦᠷᠢ ᠲᠥᠪᠯᠡᠷᠡᠭᠰᠡᠨ ᠣᠷᠣᠨ ᠤ ᠦᠢᠯᠡᠳᠪᠦᠷᠢᠯᠡᠯ ᠤᠨ ᠦᠷᠳᠡᠭ ᠨᠢ ᠵᠡᠭᠦᠨ ᠬᠡᠰᠡᠭ ᠤᠨ ᠠᠶᠢᠮᠠᠭ ᠬᠤᠳᠠ ᠶᠢᠨ ᠪᠦᠬᠦ ᠨᠡᠬᠡᠬᠡᠯᠲᠡ ᠶᠢᠨ ᠲᠣᠭᠤᠷᠢᠭ ︵ᠬᠦᠷᠢᠶᠡᠯᠡᠩ ᠲᠣᠭᠤᠷᠢᠭ︶᠎ ᠤᠨ 60%᠎ ᠠᠴᠠ ᠳᠡᠭᠡᠭᠰᠢ ᠶᠢ ᠡᠵᠡᠯᠡᠨ᠎ᠡ᠃ ︽ᠬᠤᠣᠰ ᠵᠠᠭᠤᠨ ᠳ᠋ᠦᠩᠰᠢᠭᠤᠷ ᠤᠨ ᠢᠨᠵᠧᠨᠧᠷᠢᠩ︾᠎ ᠢ ᠲᠦᠷᠭᠡᠳᠬᠡᠨ ᠠᠬᠢᠭᠤᠯᠵᠤ᠂ ᠡᠵᠡᠩᠨᠡᠯᠲᠡ ᠶᠢᠨ ᠣᠷᠣᠯᠭ᠎ᠠ ᠨᠢ ᠵᠠᠭᠤᠨ ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠦᠢᠯᠡᠳᠪᠦᠷᠢ ᠶᠢᠨ ᠣᠷᠤᠨ ᠲᠣᠭᠤᠷᠢᠭ 50 ᠬᠦᠷᠴᠦ᠂ ᠡᠭᠦᠨ ᠳᠤ 500 ᠳ᠋ᠦᠩᠰᠢᠭᠤᠷ ᠲᠥᠭᠦᠷᠢᠭ ᠢ ᠳᠠᠪᠠᠭᠰᠠᠨ ᠨᠢ 6 ᠪᠠᠶᠢᠵᠤ᠂ ᠮᠢᠩᠭᠠᠨ ᠳ᠋ᠦᠩᠰᠢᠭᠤᠷ ᠲᠥᠭᠦᠷᠢᠭ ᠢ ᠳᠠᠪᠠᠭᠰᠠᠨ ᠨᠢ 2 ᠪᠠᠶᠢᠨ᠎ᠠ᠃      ︵ᠭᠤᠷᠪᠠ︶ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠪᠡ᠃ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠶᠢ ᠠᠷᠭ᠎ᠠ ᠮᠠᠶ᠋ᠢᠭ ᠢᠶᠠᠨ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠪᠣᠯᠭᠠᠵᠤ ᠪᠠᠶᠢᠭᠠᠳ ᠬᠦᠭᠵᠢᠯᠲᠡ ᠪᠠᠨ ᠬᠤᠷᠳᠤᠳᠬᠠᠬᠤ᠂ ᠬᠤᠪᠢ ᠶᠢᠨ ᠵᠢᠩ ᠢ ᠳᠡᠭᠡᠭᠰᠢᠯᠡᠭᠦᠯᠬᠦ᠂ ᠬᠢᠷᠢ ᠲᠥᠪᠰᠢᠨ ᠢᠶᠠᠨ ᠳᠡᠭᠡᠭᠰᠢᠯᠡᠭᠦᠯᠬᠦ ᠶᠢ ᠴᠢᠷᠮᠠᠶᠢᠨ ᠠᠬᠢᠭᠤᠯᠪᠠ᠃ 2014 ᠣᠨ ᠳᠤ ᠂ ᠦᠢᠯᠡᠳᠪᠦᠷᠢᠯᠡᠯ ᠤᠨ ᠶᠡᠷᠦᠩᠬᠡᠢ ᠦᠷᠲᠡᠭ ᠲᠠᠬᠢ ᠡᠵᠡᠯᠡᠬᠦ ᠦᠢᠯᠡᠴᠢᠯᠡᠭᠡᠨ ᠤ ᠦᠢᠯᠡᠰ ᠤᠨ ᠨᠡᠮᠡᠭᠳᠡᠯ ᠦᠷᠳᠡᠭ ᠤᠨ ᠬᠤᠪᠢ ᠶᠢᠨ ᠵᠢᠩ ᠨᠢ 39%᠎ ᠳᠤ ᠬᠦᠷᠴᠦ᠂ ᠳᠡᠭᠡᠷ᠎ᠡ ᠵᠢᠯ ᠤᠨ ᠬᠢ ᠠᠴᠠ 2.5%᠎ ᠪᠠᠷ ᠳᠡᠭᠡᠭᠰᠢᠯᠡᠵᠡᠢ᠃ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠤᠨ ᠬᠤᠷᠳᠤᠴᠠ ᠨᠢ ᠨᠢᠭᠡᠳᠦᠭᠡᠷ ᠤᠯᠠᠷᠢᠯ ᠪᠠ ᠳᠡᠭᠡᠳᠦ ᠬᠠᠭᠠᠰ ᠵᠢᠯ ᠤᠨ ᠬᠢ ᠠᠴᠠ 2.5% ᠳᠡᠭᠡᠭᠰᠢᠯᠡᠪᠡ᠃      ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠦᠢᠯᠡᠴᠢᠯᠡᠭᠡᠨ ᠤ ᠠᠵᠢᠯ ᠢ ᠲᠦᠯᠬᠢᠨ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ︽ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠠᠵᠤ ᠦᠢᠯᠡᠰ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ︾᠎ ᠢ ᠲᠣᠭᠲᠠᠭᠠᠵᠤ᠂ ᠤᠳᠤᠷᠢᠳᠬᠤ ᠳᠤᠭᠤᠶᠢᠯᠠᠩ ᠵᠢᠴᠢ ᠠᠯᠪᠠᠨ ᠭᠡᠷ᠂ ᠡᠯ᠎ᠡ ᠪᠦᠷᠢᠯᠳᠦᠬᠦᠨ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠤᠷᠬᠠᠶᠢᠯᠠᠵᠤ᠂ ᠪᠦᠬᠦ ᠣᠷᠣᠨ ᠤ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ ᠲᠦᠯᠬᠢᠨ ᠠᠬᠢᠭᠤᠯᠬᠤ ᠠᠵᠢᠯ ᠤᠨ ᠨᠡᠶᠢᠯᠡᠮᠡᠯ ᠬᠦᠴᠦᠨ ᠢ ᠪᠤᠢ ᠪᠣᠯᠭᠠᠭᠰᠠᠨ ᠪᠠᠶᠢᠨ᠎ᠠ᠃ ᠦᠢᠯᠡᠴᠢᠯᠡᠭᠡᠨ ᠤ ᠦᠢᠯᠡᠰ ᠤᠨ ᠠᠵᠢᠯ ᠤᠨ ᠴᠢᠬᠤᠯᠠ ᠵᠦᠢᠯ ᠢ ᠣᠨ ᠢᠶᠠᠷ ᠲᠣᠭᠲᠠᠭᠠᠵᠤ᠂ ᠭᠤᠣᠯᠳᠠᠯᠭᠠᠲᠤ ᠠᠵᠢᠯ ᠤᠨ ᠡᠭᠦᠷᠭᠡ ᠶᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠦᠷᠲᠡᠯ᠎ᠡ ᠵᠠᠳᠠᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠪᠦᠬᠦ ᠣᠷᠣᠨ ᠤ ᠦᠢᠯᠡᠴᠢᠯᠡᠭᠡᠨ ᠤ ᠦᠢᠯᠡᠰ ᠤᠨ ᠲᠤᠷᠰᠢᠯᠭ᠎ᠠ ᠰᠣᠯᠢᠯᠴᠠᠬᠤ ᠲᠤᠬᠠᠢ ᠶᠢᠨ ᠲᠠᠯᠠᠪᠠᠢ ᠶᠢᠨ ᠬᠤᠷᠠᠯ ᠢ ᠬᠤᠷᠠᠯᠳᠤᠭᠤᠯᠤᠨ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠤᠷᠰᠢᠯᠭ᠎ᠠ ᠪᠠᠨ ᠰᠣᠯᠢᠯᠴᠠᠨ ᠰᠤᠷᠤᠯᠴᠠᠵᠤ᠂ ᠦᠢᠯᠡᠴᠢᠯᠡᠭᠡᠨ ᠤ ᠦᠢᠯᠡᠰ ᠤᠨ ᠠᠵᠢᠯ ᠤᠨ ᠦᠷᠨᠢᠯᠲᠡ ᠶᠢ ᠲᠦᠯᠬᠢᠨ ᠠᠬᠢᠭᠤᠯᠪᠠ᠃      ᠬᠤᠶᠠᠷ ᠲᠤ ᠬᠥᠭᠵᠢᠯᠲᠡ ᠶᠢᠨ ᠣᠷᠴᠢᠨ ᠠᠬᠤᠢ ᠶᠢ ᠪᠣᠢ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠢ ᠲᠦᠷᠭᠡᠳᠬᠡᠨ ᠬᠦᠭᠵᠢᠭᠦᠯᠬᠦ ᠶᠢᠨ ᠬᠡᠷᠡᠭᠵᠢᠭᠦᠯᠬᠦ ᠰᠠᠨᠠᠯ᠂ ᠡᠷᠡᠭᠦᠯᠵᠢᠭᠦᠯᠬᠦ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠰᠠᠨᠠᠯ᠂ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠵᠤ ᠦᠢᠯᠡᠰ ᠤᠨ ᠬᠡᠯᠪᠡᠷᠢ ᠪᠠᠨ ᠬᠤᠪᠢᠷᠠᠨ ᠲᠡᠰ ᠳᠡᠪᠰᠢᠬᠦ ᠶᠢ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠰᠠᠨᠠᠯ᠂ ᠡᠭᠦᠯᠡᠨ ᠪᠤᠳᠤᠯᠳᠠ ᠶᠢᠨ ᠰᠢᠨ᠎ᠡ ᠶᠢ ᠡᠭᠦᠳᠬᠦ ᠬᠦᠭᠵᠢᠯᠲᠡ ᠶᠢᠨ ᠠᠵᠢᠯᠯᠠᠭᠠᠨ ᠤ ᠲᠥᠰᠦᠯ᠂ ︽ᠢᠨᠲ᠋ᠤᠷ ᠰᠦᠯᠵᠢᠶ᠎ᠡ +︾ ᠠᠵᠢᠯ ᠢ ᠲᠦᠷᠭᠡᠳᠬᠡᠨ ᠠᠬᠢᠭᠤᠯᠬᠤ ᠶᠢᠨ ᠵᠢᠯᠣᠭᠤᠳᠬᠤ ᠰᠠᠨᠠᠯ ᠵᠡᠷᠭᠡ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠵᠢᠴᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠬᠢᠭᠡᠳ ᠰᠠᠭᠤᠭᠠᠯᠢ ᠠᠷᠠᠳ ᠤᠨ ᠭᠡᠷ ᠪᠦᠯᠢ ᠶᠢᠨ ᠴᠠᠬᠢᠯᠭᠠᠨ ᠬᠡᠷᠡᠭᠯᠡᠬᠦ᠂ ᠢᠯᠴᠢ ᠬᠡᠷᠡᠭᠯᠡᠬᠦ ᠶᠢ ᠠᠳᠠᠯᠢ ᠦᠨ᠎ᠡ ᠲᠠᠢ ᠪᠠᠶᠢᠯᠭᠠᠬᠤ ᠲᠦᠷᠦ ᠶᠢᠨ ᠪᠤᠳᠤᠯᠭ᠎ᠠ ᠶᠢ ᠲᠣᠭᠲᠠᠭᠠᠨ ᠨᠡᠶᠢᠲᠡᠯᠡᠭᠰᠡᠨ ᠪᠦᠭᠡᠳ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠣᠷᠣᠨ ᠤ ᠦᠢᠯᠡᠴᠢᠯᠡᠭᠡᠨ ᠤ ᠦᠢᠯᠡᠰ ᠤᠨ ᠭᠤᠣᠯᠳᠠᠯᠭᠠᠲᠤ ᠠᠵᠢᠯ ᠤᠨ ᠡᠭᠦᠷᠭᠡ ᠵᠢᠴᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠤᠰᠬᠠᠶ ᠵᠦᠢᠯ ᠢᠶᠠᠷ ᠰᠢᠮᠳᠠᠭᠤᠯᠤᠨ ᠪᠠᠶᠢᠴᠠᠭᠠᠯᠲᠠ ᠦᠷᠨᠢᠭᠦᠯᠵᠦ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠪᠠ᠃     ᠭᠤᠷᠪᠠ ᠳᠤ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠪᠠ᠃ 2014 ᠣᠨ ᠳᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠣᠬᠢᠷᠠᠭᠤᠯᠤᠭᠰᠠᠨ ᠦᠢᠯᠡᠴᠢᠯᠡᠭᠡᠨ ᠤ ᠦᠢᠯᠡᠰ ᠤᠨ ᠲᠤᠰᠬᠠᠶ ᠵᠦᠢᠯ ᠤᠨ ᠪᠡᠯᠡ ᠮᠥᠩᠭᠦ ᠨᠢ 13.4 ᠳ᠋ᠦᠩᠰᠢᠭᠤᠷ ᠲᠥᠭᠦᠷᠢᠭ ᠪᠠᠶᠢᠵᠤ᠂ ᠳᠡᠭᠡᠷ᠎ᠡ ᠵᠢᠯ ᠤᠨ ᠬᠢ ᠠᠴᠠ ᠪᠠᠨ 3.4 ᠳ᠋ᠦᠩᠰᠢᠭᠤᠷ ᠲᠥᠭᠦᠷᠢᠭ ᠨᠡᠮᠡᠭᠳᠡᠪᠡ᠃ ᠡᠭᠦᠨ ᠤ ᠬᠠᠮᠲᠤ᠂ ᠤᠯᠤᠰ ᠤᠨ ᠪᠠᠷᠠᠭᠠᠨ ᠤ ᠭᠦᠢᠯᠭᠡᠭᠡ᠂ ᠮᠡᠳᠡᠭᠡ ᠵᠠᠩᠭᠢ᠂ ᠰᠣᠶᠣᠯ᠂ ᠵᠢᠭᠤᠯᠴᠢᠯᠠᠯ᠂ ᠡᠷᠡᠭᠦᠯ ᠮᠡᠨᠳᠦ᠂ ᠦᠢᠯᠡᠴᠢᠯᠡᠭᠡᠨ ᠤ ᠦᠢᠯᠡᠰ ᠵᠡᠷᠭᠡ ᠲᠤᠰᠬᠠᠶ ᠵᠦᠢᠯ ᠤᠨ ᠪᠡᠯᠡ ᠮᠥᠩᠭᠦ ᠶᠢ ᠢᠳᠡᠪᠬᠢᠲᠡᠶ ᠣᠯᠵᠤ᠂ ᠨᠢᠭᠡ ᠪᠦᠯᠦᠭ ᠵᠢᠱᠢᠶ᠎ᠡ ᠦᠵᠡᠭᠦᠯᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠳᠡᠮᠵᠢᠪᠡ᠃ 2015 ᠣᠨ ᠳᠤ᠂ ᠥᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠲᠣᠬᠢᠷᠠᠭᠤᠯᠤᠭᠰᠠᠨ ᠦᠢᠯᠡᠴᠢᠯᠡᠭᠡᠨ ᠤ ᠦᠢᠯᠡᠰ ᠤᠨ ᠲᠤᠰᠬᠠᠶ ᠵᠦᠢᠯ ᠤᠨ ᠪᠡᠯᠡ ᠮᠥᠩᠭᠦ 11.4 ᠳ᠋ᠦᠩᠰᠢᠭᠤᠷ ᠲᠦᠭᠦᠷᠢᠭ ᠪᠠᠶᠢᠵᠤ᠂ ᠡᠭᠦᠨ ᠤ ᠬᠠᠮᠲᠤ ᠦᠢᠯᠡᠴᠢᠯᠡᠭᠡᠨ ᠤ ᠦᠢᠯᠡᠰ ᠤᠨ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢ ᠬᠥᠲᠥᠯᠥᠨ ᠵᠢᠯᠣᠭᠤᠳᠬᠤ 6 ᠳ᠋ᠦᠩᠰᠢᠭᠤᠷ ᠲᠦᠭᠦᠷᠢᠭ ᠤᠨ ᠰᠠᠭᠤᠷᠢ ᠮᠥᠩᠭᠦ ᠶᠢ ᠪᠠᠶᠢᠭᠤᠯᠵᠤ᠂ ᠨᠡᠶᠢᠭᠡᠮ ᠤᠨ ᠭᠦᠷᠦᠩᠭᠡ ᠶᠢ ᠲᠠᠲᠠᠵᠤ ᠦᠢᠯᠡᠴᠢᠯᠡᠭᠡᠨ ᠤ ᠦᠢᠯᠡᠰ ᠤᠨ ᠬᠦᠷᠢᠶᠡᠨ ᠳᠤ ᠤᠷᠤᠭᠤᠯᠤᠯᠲᠠ ᠬᠢᠯᠭᠡᠪᠡ᠃      ᠳᠥᠷᠪᠡ ᠳᠤ ᠥᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠬᠤ ᠶᠢ ᠭᠦᠨᠵᠡᠭᠡᠶᠢᠷᠡᠭᠦᠯᠪᠡ᠃ ᠬᠥᠬᠡᠬᠤᠲᠠ ᠳᠠᠬᠢ ᠤᠯᠤᠰ ᠤᠨ ᠦᠢᠯᠡᠴᠢᠯᠡᠭᠡᠨ ᠤ ᠦᠢᠯᠡᠰ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠤᠨ ᠠᠵᠢᠯ ᠢ ᠦᠷᠭᠦᠯᠵᠢᠯᠡᠨ ᠲᠦᠯᠬᠢᠨ ᠠᠬᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠦᠢᠯᠡᠰ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠤᠷᠰᠢᠯᠲᠠ ᠶᠢᠨ ᠴᠢᠭ᠋ ᠤᠨ ᠠᠵᠢᠯ ᠤᠨ ᠲᠥᠰᠦᠯ︾᠎ ᠢ ᠲᠣᠭᠲᠠᠭᠠᠭᠠᠳ᠂ ᠥᠪᠡᠷᠲᠡᠭᠡᠨ ᠵᠠᠰᠠᠬᠤ ᠣᠷᠣᠨ ᠤ ᠦᠢᠯᠡᠴᠢᠯᠡᠭᠡᠨ ᠤ ᠦᠢᠯᠡᠰ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠤᠷᠰᠢᠯᠲᠠ ᠶᠢᠨ ᠴᠢᠭ᠋ ᠤᠨ ᠠᠵᠢᠯ ᠢ ᠡᠬᠢᠯᠡᠭᠦᠯᠦᠨ ᠦᠷᠨᠢᠭᠦᠯᠵᠦ᠂ ᠪᠠᠶᠢᠭᠤᠯᠤᠯ ᠤᠨ ᠲᠣᠭᠲᠠᠴᠠ᠂ ᠲᠦᠷᠤ ᠶᠢᠨ ᠪᠤᠳᠤᠯᠭ᠎ᠠ ᠶᠢᠨ ᠣᠷᠴᠢᠨ ᠠᠬᠤᠢ᠂ ᠦᠢᠯᠡᠴᠢᠯᠡᠭᠡᠨ ᠤ ᠵᠠᠭᠪᠤᠷ᠂ ᠪᠡᠯᠡ ᠣᠷᠣᠭᠤᠯᠤᠯᠲᠠ ᠶᠢᠨ ᠠᠷᠭ᠎ᠠ ᠮᠠᠶ᠋ᠢᠭ ᠵᠡᠷᠭᠡ ᠲᠠᠯ᠎ᠠ ᠳᠤ ᠰᠢᠨ᠎ᠡ ᠶᠢ ᠡᠭᠦᠳᠬᠦ ᠪᠠᠷ ᠳᠠᠮᠵᠢᠵᠤ᠂ ᠪᠦᠬᠦ ᠣᠷᠣᠨ ᠤ ᠦᠢᠯᠡᠴᠢᠯᠡᠭᠡᠨ ᠤ ᠦᠢᠯᠡᠰ ᠢ ᠲᠥᠷᠭᠡᠨ ᠬᠥᠭᠵᠢᠭᠦᠯᠬᠦ ᠳᠤ ᠬᠠᠶᠢᠨ ᠰᠦᠪᠡᠭᠴᠢᠯᠡᠯᠲᠡ ᠬᠢᠭᠰᠡᠨ ᠪᠠ ᠲᠤᠷᠰᠢᠯᠭ᠎ᠠ ᠬᠤᠷᠠᠮᠳᠠᠭᠤᠯᠪᠠ᠃ ᠦᠢᠯᠡᠴᠢᠯᠡᠭᠡᠨ ᠤ ᠬᠦᠷᠢᠶᠡᠨ ᠤ ᠨᠡᠭᠡᠭᠡᠯᠳᠠ ᠶᠢ ᠥᠷᠭᠡᠳᠬᠡᠵᠦ᠂ ᠡᠷᠬᠢᠨ ᠲᠣᠭᠤᠷᠢᠨ ᠤ ᠮᠤᠵᠢ ᠣᠷᠣᠨ ᠵᠢᠴᠢ ᠣᠷᠣᠰ᠂ ᠮᠣᠩᠭᠤᠯ ᠵᠡᠷᠭᠡ ᠤᠯᠤᠰ ᠲᠠᠢ ᠠᠷᠠᠯᠵᠢᠶ᠎ᠠ ᠬᠤᠳᠠᠯᠳᠤᠭ᠎ᠠ᠂ ᠪᠠᠷᠠᠭᠠᠨ ᠤ ᠭᠦᠢᠯᠭᠡᠭᠡ᠂ ᠵᠢᠭᠤᠯᠴᠢᠯᠠᠯ᠂ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠦᠢᠯᠡᠴᠢᠯᠡᠭᠡᠨ ᠤ ᠦᠢᠯᠡᠰ ᠲᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ 2014 ᠣᠨ ᠳᠤ ᠦᠢᠯᠡᠴᠢᠯᠡᠭᠡᠨ ᠤ ᠦᠢᠯᠡᠰ ᠨᠢ ᠤᠯᠤᠰ ᠤᠨ ᠳᠣᠲᠣᠭᠠᠳᠤ ︵ᠣᠷᠤᠨ ᠤ ᠭᠠᠳᠠᠨᠠᠬᠢ︶᠎ ᠶᠢᠨ ᠪᠡᠯᠡ ᠮᠦᠩᠭᠦ ᠶᠢ 1004.4 ᠳ᠋ᠦᠩᠰᠢᠭᠤᠷ ᠲᠥᠭᠦᠷᠢᠭ ᠲᠠᠲᠠᠨ ᠤᠷᠤᠭᠤᠯᠵᠤ᠂ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠤᠨ ᠪᠣᠳᠠᠲᠠᠶᠢᠵᠢᠭᠰᠠᠨ ᠪᠡᠯᠡ ᠮᠥᠩᠭᠦ ᠨᠢ 512 ᠳ᠋ᠦᠩᠰᠢᠭᠤᠷ ᠲᠦᠭᠦᠷᠢᠭ ᠲᠤ ᠬᠦᠷᠪᠡ᠃      ᠲᠠᠪᠤ ᠳᠤ ᠬᠥᠭᠵᠢᠯᠲᠡ ᠶᠢᠨ ᠬᠢᠷᠢ ᠲᠥᠪᠰᠢᠨ ᠢ ᠳᠡᠭᠡᠭᠰᠢᠯᠡᠭᠦᠯᠪᠡ᠃ ᠲᠦᠷᠦᠯ ᠲᠡᠮᠳᠡᠭᠲᠦ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠂ ᠦᠢᠯᠡᠴᠢᠯᠡᠭᠡᠨ ᠤ ᠦᠢᠯᠡᠰ ᠤᠨ ᠬᠦᠲᠦᠴᠢ ᠠᠵᠤ ᠠᠬᠤᠶᠢᠯᠠᠯ ᠢ ᠪᠤᠶᠢᠵᠢᠭᠤᠯᠵᠤ᠂ ᠦᠢᠯᠡᠴᠢᠯᠡᠭᠡᠨ ᠤ ᠦᠢᠯᠡᠰ ᠤᠨ ᠨᠡᠷᠡᠳᠦ ᠲᠦᠷᠦᠯ ᠲᠡᠮᠳᠡᠭᠲᠦ ᠶᠢ ᠪᠣᠢ ᠪᠣᠯᠭᠠᠪᠠ᠃ 2013 — 2014 ᠣᠨ ᠳᠤ᠂ ᠪᠦᠬᠦ ᠣᠷᠣᠨ ᠤ ᠦᠢᠯᠡᠴᠢᠯᠡᠭᠡᠨ ᠤ ᠬᠦᠷᠢᠶᠡᠨ ᠳᠤ ᠨᠡᠶᠢᠲᠡ 3 ᠨᠡᠷ᠎ᠡ ᠠᠯᠳᠠᠷᠰᠢᠭᠰᠠᠨ ᠲᠠᠸᠠᠷ ᠤᠨ ᠲᠡᠮᠳᠡᠭ᠂ 8 ᠨᠡᠷᠡᠲᠡᠢ ᠲᠠᠸᠠᠷ ᠤᠨ ᠲᠡᠮᠳᠡᠭ ᠲᠠᠢ ᠪᠣᠯᠪᠠ︔ ᠳᠦᠷᠪᠡᠨ A ᠳᠡᠰ ᠤᠨ ᠵᠢᠭᠤᠯᠴᠢᠯᠠᠯ ᠤᠨ ᠦᠵᠡᠮᠵᠢᠲᠦ ᠣᠷᠣᠨ15᠂ ᠲᠠᠪᠤᠨ A ᠳᠡᠰ ᠤᠨ ᠵᠢᠭᠤᠯᠴᠢᠯᠠᠯ ᠤᠨ ᠦᠵᠡᠮᠵᠢᠲᠦ ᠣᠷᠣᠨ 2᠎ ᠢ ᠡᠭᠦᠳᠦᠨ ᠪᠠᠶᠢᠭᠤᠯᠵᠤ᠂ ᠰᠡᠯᠡᠭᠦᠴᠡᠯ ᠤᠨ ᠲᠠᠷᠢᠶᠠᠯᠠᠩ ᠬᠢᠭᠡᠳ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠢᠭ᠋ ᠢ 47᠂ ᠬᠥᠳᠡᠭᠡ ᠲᠣᠰᠬᠤᠨ ᠤ ᠵᠢᠭᠤᠯᠴᠢᠯᠠᠯ ᠤᠨ ᠬᠦᠯᠢᠶᠡᠨ ᠠᠪᠬᠤ ᠡᠷᠦᠬᠡ ᠶᠢ 100 ᠪᠦᠲᠦᠭᠡᠨ ᠪᠠᠶᠢᠭᠤᠯᠪᠠ︔ ᠥᠪᠡᠷᠲᠡᠭᠡᠨ ᠵᠠᠰᠠᠬᠤ ᠣᠷᠣᠨ ᠤ ᠳᠡᠰ ᠤᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠢ 21 ᠪᠠ ᠥᠪᠡᠷᠲᠡᠭᠡᠨ ᠵᠠᠰᠠᠬᠤ ᠤᠷᠤᠨ ᠤ ᠳᠡᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢ 30 ᠰᠢᠨ᠎ᠡ ᠪᠠᠷ ᠲᠣᠭᠲᠠᠭᠠᠵᠤ᠂ ᠰᠠᠭᠤᠷᠢ ᠪᠠ ᠳᠠᠯᠳᠠ ᠬᠦᠴᠦᠨ ᠪᠦᠬᠦᠢ ᠦᠢᠯᠡᠳᠪᠦᠷᠢᠯᠡᠯ ᠤᠨ ᠬᠦᠴᠦᠨ ᠢ ᠠᠬᠢᠭᠤᠯᠬᠤ ᠲᠥᠪ ᠢ 20 ᠪᠣᠶᠢᠵᠢᠭᠤᠯᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠢ ᠤᠯᠤᠰ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠪᠣᠯᠭᠠᠨ ᠲᠣᠭᠲᠠᠭᠠᠬᠤ ᠪᠠᠷ ᠴᠢᠷᠮᠠᠶᠢᠨ᠎ᠡ᠃ ᠦᠢᠯᠡᠴᠢᠯᠡᠭᠡᠨ ᠤ ᠦᠢᠯᠡᠰ ᠤᠨ ᠴᠤᠭᠯᠠᠷᠠᠭᠰᠠᠨ ᠣᠷᠣᠨ ᠢ ᠢᠳᠡᠪᠬᠢᠲᠡᠶ ᠪᠤᠶᠢᠵᠢᠭᠤᠯᠤᠨ ᠬᠥᠭᠵᠢᠭᠦᠯᠵᠦ᠂ 2014 ᠣᠨ ᠳᠤ ᠥᠪᠡᠷᠲᠡᠭᠡᠨ ᠵᠠᠰᠠᠬᠤ ᠤᠷᠤᠨ ᠤ ᠳᠡᠰ ᠤᠨ ᠦᠢᠯᠡᠴᠢᠯᠡᠭᠡᠨ ᠤ ᠦᠢᠯᠡᠰ ᠤᠨ ᠴᠤᠭᠯᠠᠷᠠᠭᠰᠠᠨ ᠣᠷᠣᠨ ᠢ 28 ᠦᠨᠡᠮᠰᠢᠨ ᠲᠣᠭᠲᠠᠭᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号