| 12 ᠳ᠋ᠤᠭᠠᠷ ᠰᠠᠷ᠎ᠠ ᠶᠢᠨ 11 ᠤ ᠡᠳᠦᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ | 13·5﹀ ᠶᠢᠨ ᠬᠤᠭᠤᠴᠠᠭᠠᠨ ᠤ ᠬᠤᠲᠠ ᠶᠢᠨ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠬᠥᠭᠵᠢᠯᠲᠡ ᠶᠢᠨ | ᠲᠥᠯᠥᠪᠵᠢᠭᠦᠯᠭᠡ ︵ᠰᠠᠨᠠᠯ ᠬᠤᠷᠢᠶᠠᠬᠤ ᠡᠬᠡ ᠨᠤᠤᠷᠠᠭ︶︾ ᠶᠢᠨ ᠯᠠᠪᠯᠠᠭ᠎ᠠ ᠬᠢᠬᠦ ᠬᠢᠨᠠᠨ ᠪᠠᠶᠢᠴᠠᠭᠠᠬᠤ ᠬᠤᠷᠠᠯ ᠢ | ᠬᠥᠬᠡᠬᠤᠲᠠ ᠳᠤ ᠬᠤᠷᠠᠯᠳᠤᠭᠤᠯᠪᠠ᠃ ᠬᠤᠷᠠᠯ ᠳᠤ ᠵᠠᠮ ᠲᠡᠭᠡᠭᠡᠪᠦᠷᠢ ᠶᠢᠨ ᠶᠠᠮᠤᠨ ᠤ ᠵᠠᠰᠠᠮᠠᠯ ᠵᠠᠮ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠡᠷᠲᠡᠭᠡᠨ ᠵᠠᠰᠠᠬᠤ | ᠤᠷᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ | ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ | ᠲᠢᠩᠬᠢᠮ ᠵᠡᠷᠭᠡ ᠨᠢᠭᠡᠴᠡ ᠶᠢᠨ ᠤᠳᠤᠷᠢᠳᠤᠯᠭ᠎ᠠ ᠪᠤᠯᠤᠨ ᠲᠤᠰᠬᠠᠶ ᠮᠡᠷᠭᠡᠵᠢᠯᠲᠡᠨ ᠢ ᠬᠢᠨᠠᠨ ᠪᠠᠶᠢᠴᠠᠭᠠᠬᠤ ᠲᠤᠰᠬᠠᠶ | ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠬᠦᠨ ᠢᠶᠠᠷ ᠤᠷᠢᠵᠤ᠂ ᠥᠪᠡᠷᠲᠡᠭᠡᠨ ᠵᠠᠰᠠᠬᠤ ᠣᠷᠣᠨ ᠤ ᠵᠠᠮ | ᠲᠡᠭᠡᠭᠡᠪᠦᠷᠢ ᠶᠢᠨ ᠲᠢᠩᠬᠢᠮ ᠤᠨ ᠲᠥᠯᠥᠪᠵᠢᠭᠦᠯᠭᠡ ᠶᠢᠨ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ᠂ | ᠡᠳ᠋ ᠤᠨ ᠶᠠᠪᠤᠳᠠᠯ ᠤᠨ ᠭᠠᠵᠠᠷ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ᠵᠢᠴᠢ ᠲᠥᠯᠥᠪᠵᠢᠭᠦᠯᠭᠡ ᠶᠢ | ᠨᠠᠶᠢᠷᠠᠭᠤᠯᠤᠨ ᠲᠤᠭᠲᠠᠭᠠᠬᠤ ᠨᠢᠭᠡᠴᠡ ᠶᠢᠨ ᠵᠠᠮ ᠲᠡᠭᠡᠭᠡᠪᠦᠷᠢ ᠶᠢᠨ ᠬᠡᠯᠲᠡᠰ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠤᠨ ᠬᠠᠮᠢᠶ᠎ᠠ ᠪᠦᠬᠦᠢ ᠠᠵᠢᠯᠲᠠᠳ ᠡᠨᠡ ᠤᠳᠠᠭᠠᠨ ᠤ ᠬᠤᠷᠠᠯ ᠳᠤ ᠣᠷᠣᠯᠴᠠᠭᠰᠠᠨ | ᠪᠠᠶᠢᠨ᠎ᠠ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿13·5﹀ ᠶᠢᠨ ᠬᠤᠭᠤᠴᠠᠭᠠᠨ ᠳᠠᠬᠢ | ᠬᠤᠳᠠ ᠶᠢᠨ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ︾ ᠶᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠤᠯᠤᠰ ᠠᠷᠠᠳ ᠤᠨ ᠠᠵᠤ | ᠠᠬᠤᠶ ᠪᠤᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠯᠡᠭᠡ ᠶᠢ | ᠨᠠᠶᠢᠷᠠᠭᠤᠯᠤᠨ ᠲᠤᠭᠲᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2014﹈ | 105 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ ᠨᠠᠶᠢᠷᠠᠭᠤᠯᠤᠨ ᠲᠤᠭᠲᠠᠭᠠᠬᠤ ᠪᠤᠯᠬᠤᠷ᠂ ︽ᠥᠪᠡᠷᠲᠡᠭᠡᠨ | ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠣᠯᠤᠨ ᠠᠵᠢᠯ ᠲᠦᠷᠤᠯ ᠤᠨ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠤᠨ ᠬᠠᠮᠲᠤᠷᠠᠨ ᠬᠢᠨᠠᠨ ᠵᠥᠪᠰᠢᠶᠡᠷᠡᠬᠦ ᠲᠦᠷᠦᠯ ᠤᠨ ᠲᠥᠯᠥᠪᠵᠢᠭᠦᠯᠭᠡ︾ ᠳᠤ | ᠬᠠᠷᠢᠶᠠᠯᠠᠭᠳᠠᠨ᠎ᠠ᠃ ︽ᠲᠥᠯᠥᠪᠵᠢᠭᠦᠯᠭᠡ︾ ᠳᠤ ᠯᠠᠪᠯᠠᠭ᠎ᠠ ᠬᠢᠬᠦ ᠪᠠ ᠬᠢᠨᠠᠨ ᠪᠠᠶᠢᠴᠠᠭᠠᠬᠤ ᠬᠤᠷᠠᠯ ᠢ ᠥᠪᠡᠷᠲᠡᠭᠡᠨ | ᠵᠠᠰᠠᠬᠤ ᠤᠷᠤᠨ ᠤ ᠵᠠᠮ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠰᠢᠤᠢ ᠢᠦᠢ | ᠰᠢᠶᠠᠩ ᠡᠷᠬᠢᠯᠡᠵᠤ᠂ ᠲᠥᠯᠥᠪᠵᠢᠭᠦᠯᠭᠡ ᠨᠠᠶᠢᠷᠠᠭᠤᠯᠤᠨ ᠲᠣᠭᠲᠠᠭᠠᠬᠤ ᠨᠢᠭᠡᠴᠡ ᠶᠢᠨ ᠵᠠᠮ ᠲᠡᠭᠡᠭᠡᠪᠦᠷᠢ ᠶᠢᠨ | ᠭᠡᠯᠲᠡᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠠᠴᠠ ︽ᠲᠥᠯᠥᠪᠵᠢᠭᠦᠯᠭᠡ︾ ᠶᠢ ᠨᠠᠶᠢᠷᠠᠭᠤᠯᠤᠨ | ᠲᠤᠭᠲᠠᠭᠠᠭᠰᠠᠨ ᠶᠠᠪᠤᠴᠠ ᠪᠤᠯᠤᠨ ᠭᠤᠣᠯ ᠠᠭᠤᠯᠭ᠎ᠠ ᠶᠢ ᠲᠠᠨᠢᠯᠴᠠᠭᠤᠯᠵᠤ᠂ ︽12·5︾ ᠶᠢᠨ ᠬᠤᠭᠤᠴᠠᠭᠠᠨ | ᠳᠠᠬᠢ ᠥᠪᠡᠷᠲᠡᠭᠡᠨ ᠵᠠᠰᠠᠬᠤ ᠤᠷᠤᠨ ᠤ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠬᠥᠭᠵᠢᠯᠲᠡ ᠶᠢ ᠳ᠋ᠦᠩᠨᠡᠵᠤ᠂ | ᠬᠠᠨᠳᠤᠰᠢ ᠪᠣᠯᠤᠨ ᠬᠡᠷᠡᠭᠴᠡᠭᠡ ᠱᠠᠭᠠᠷᠳᠠᠯᠭ᠎ᠠ ᠶᠢ ᠵᠠᠳᠠᠯᠬᠤ ᠪᠠᠷ ᠳᠠᠮᠵᠢᠭᠤᠯᠤᠨ ︽13 · 5︾ ᠶᠢᠨ ᠬᠤᠭᠤᠴᠠᠭᠠᠨ ᠤ | ᠬᠥᠭᠵᠢᠯᠲᠡ ᠶᠢᠨ ᠦᠨᠳᠦᠰᠦᠨ ᠵᠠᠷᠴᠢᠮ᠂ ᠬᠠᠷᠠᠯᠲᠠ᠂ ᠭᠤᠤᠯᠳᠠᠯᠭ᠎ᠠ ᠲᠠᠢ ᠡᠭᠦᠷᠭᠡ ᠪᠤᠯᠤᠨ ᠪᠠᠲᠤᠯᠠᠭ᠎ᠠ ᠶᠢᠨ ᠠᠷᠭ᠎ᠠ | ᠬᠡᠮᠵᠢᠶ᠎ᠡ ᠶᠢ ᠲᠤᠭᠲᠠᠭᠠᠭᠰᠠᠨ ᠪᠠᠶᠢᠨ᠎ᠠ᠃ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠳ ᠭᠦᠨᠵᠡᠭᠡᠶ | ᠰᠤᠳᠤᠯᠤᠨ ᠶᠠᠷᠢᠯᠴᠠᠬᠤ ᠪᠠᠷ ᠳᠠᠮᠵᠢᠨ᠂ ᠲᠤᠰ ᠲᠥᠯᠥᠪᠵᠢᠭᠦᠯᠭᠡ ᠨᠢ ᠬᠢᠨᠠᠨ ᠪᠠᠶᠢᠴᠠᠭᠠᠯᠲᠠ ᠪᠠᠷ ᠪᠠᠲᠤᠯᠠᠭᠳᠠᠭᠰᠠᠨ ᠢ | ᠵᠠᠷᠴᠢᠮ ᠳᠡᠭᠡᠷ᠎ᠡ ᠪᠠᠨ ᠵᠦᠪᠰᠢᠶᠡᠷᠡᠭᠰᠡᠨ ᠤ ᠬᠠᠮᠲᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠪᠦᠷᠢᠨᠰᠢᠬᠦᠯᠬᠦ | ᠰᠠᠨᠠᠯ ᠪᠤᠯᠤᠨ ᠰᠠᠨᠠᠭᠤᠯᠭ᠎ᠠ ᠶᠢ ᠬᠠᠨᠳᠤᠯᠭᠠᠲᠤ ᠴᠢᠨᠠᠷᠲᠠᠢ ᠳᠤᠷᠠᠳᠪᠠ᠃ | ᠬᠤᠷᠠᠯ ᠤᠨ ᠲᠡᠭᠦᠰᠭᠡᠯ ᠳᠤ᠂ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠲᠢᠩᠬᠢᠮ ᠤᠨ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠶᠡᠷᠦᠩᠬᠡᠶ ᠢᠨᠵᠧᠨᠧᠷᠴᠢ ᠯᠢ ᠾᠧ ᠫᠢᠩ ᠬᠤᠷᠠᠯ ᠤᠨ | ᠳ᠋ᠦᠩᠨᠡᠯᠲᠡ ᠬᠢᠵᠦ᠂ ᠲᠡᠷᠡ ᠡᠯ᠎ᠡ ᠰᠠᠯᠠᠭ᠎ᠠ ᠮᠥᠴᠢᠷ ᠤᠳ ᠮᠠᠨ ᠤ ᠤᠷᠤᠨ ᠤ ︽13·5︾ ᠶᠢᠨ | ᠬᠤᠭᠤᠴᠠᠭᠠᠨ ᠤ ᠬᠤᠲᠠ ᠶᠢᠨ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠬᠥᠭᠵᠢᠯᠲᠡ ᠳᠤ ᠠᠷᠭ᠎ᠠ | ᠰᠦᠪᠡᠭᠴᠢᠯᠡᠭᠰᠡᠨ ᠪᠠ ︽13 · 5︾ ᠶᠢᠨ ᠬᠤᠭᠤᠴᠠᠭᠠᠨ ᠤ ᠬᠤᠳᠠ ᠶᠢᠨ ᠤᠯᠠᠨ ᠨᠡᠶᠢᠳᠡ ᠶᠢᠨ ᠵᠠᠮ | ᠬᠠᠷᠢᠯᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ | ᠲᠤᠭᠲᠠᠭᠠᠬᠤ ᠳᠤ ᠬᠦᠴᠦᠲᠡᠶ ᠳᠡᠮᠵᠢᠯᠬᠡ ᠦᠵᠡᠭᠦᠯᠦᠭᠰᠡᠨ ᠳᠤ ᠲᠠᠯᠠᠷᠬᠠᠯ ᠢᠶᠠᠨ ᠳᠡᠪᠰᠢᠬᠦᠯᠪᠡ᠃ ᠲᠡᠷᠡ | ᠲᠥᠯᠥᠪᠵᠢᠭᠦᠯᠭᠡ ᠶᠢ ᠨᠠᠶᠢᠷᠠᠭᠤᠯᠤᠨ ᠲᠤᠭᠲᠠᠭᠠᠬᠤ ᠨᠢᠭᠡᠴᠡ ᠲᠤᠰᠬᠠᠶ ᠮᠡᠷᠭᠡᠵᠢᠯᠲᠡᠨ ᠪᠤᠯᠤᠨ ᠡᠯ᠎ᠡ ᠰᠠᠯᠠᠭ᠎ᠠ | ᠮᠥᠴᠢᠷ ᠤᠨ ᠳᠤᠷᠠᠳᠤᠭᠰᠠᠨ ᠡᠷᠬᠢᠮ ᠨᠠᠨᠳᠢᠨ ᠰᠠᠨᠠᠯ ᠪᠤᠯᠤᠨ ᠰᠠᠨᠠᠭᠤᠯᠭ᠎ᠠ ᠶᠢ ᠬᠢᠨᠠᠮᠠᠭᠠᠶ ᠡᠮᠬᠢᠯᠡᠨ ᠲᠢᠭᠯᠡᠵᠤ᠂ | ᠲᠦᠷᠭᠡᠬᠡᠨ ᠵᠠᠰᠠᠨ ᠪᠦᠷᠢᠨᠰᠢᠬᠦᠯᠬᠦ ᠶᠢ ᠬᠦᠰᠡᠭᠰᠡᠨ ᠤ ᠬᠠᠮᠲᠤ ᠲᠥᠯᠥᠪᠵᠢᠭᠦᠯᠭᠡ ᠶᠢ ᠴᠢᠩᠭ᠎ᠠ ᠨᠠᠶᠢᠳᠠᠪᠤᠷᠢᠵᠢᠭᠤᠯᠵᠤ᠂ | ᠦᠢᠯᠡᠳᠦᠯᠭᠡ ᠶᠢᠨ ᠠᠵᠢᠯ ᠢ ᠨᠡᠩ ᠰᠠᠶᠢᠲᠤᠷ ᠵᠢᠯᠣᠭᠤᠳᠤᠨ᠂ ᠦᠢᠯᠡᠴᠢᠯᠡᠭᠡᠨ ᠤ ᠶᠠᠰᠤ ᠴᠢᠨᠠᠷ ᠢ ᠲᠦᠷᠭᠡᠳᠭᠡᠨ | ᠳᠡᠭᠡᠭᠰᠢᠯᠡᠭᠦᠯᠵᠦ᠂ ᠮᠠᠨ ᠤ ᠤᠷᠤᠨ ᠤ ᠬᠤᠳᠠ ᠶᠢᠨ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠴᠢᠨᠠᠷᠯᠢᠭ ᠪᠥᠭᠡᠳ | ᠲᠦᠷᠭᠡᠨ ᠬᠥᠭᠵᠢᠯᠲᠡ ᠶᠢ ᠠᠬᠢᠭᠤᠯᠬᠤ ᠬᠡᠷᠡᠭᠲᠡᠶ ᠬᠡᠵᠤ ᠵᠢᠭᠠᠵᠤ ᠭᠠᠷᠭᠠᠪᠠ᠃ |