ᠥᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ᠂ ᠬᠤᠲᠠ ᠬᠦᠳᠡᠭᠡ ᠶᠢᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠮ | ᠬᠠᠷᠢᠯᠴᠠᠭᠠᠨ ᠤ ᠲᠢᠩᠬᠢᠮ᠂ ᠤᠰᠤᠨ ᠠᠰᠢᠭᠯᠠᠯᠲᠠ ᠶᠢᠨ ᠲᠢᠩᠬᠢᠮ᠂ ᠠᠵᠢᠯᠴᠢᠨ ᠤ ᠶᠡᠷᠦᠩᠬᠡᠶ ᠡᠪᠯᠡᠯ ᠵᠡᠷᠭᠡ 12 | ᠰᠠᠯᠠᠭ᠎ᠠ ᠮᠥᠴᠢᠷ ᠬᠠᠮᠲᠤᠷᠠᠨ ᠬᠦᠲᠡᠯᠦᠯᠴᠡᠨ ᠥᠷᠢ ᠰᠢᠷᠢ ᠶᠢ ᠢᠯᠭᠠᠷᠠᠭᠤᠯᠵᠤ᠂ ᠴᠠᠭᠠᠨ ᠰᠠᠷ᠎ᠠ ᠠᠴᠠ ᠡᠮᠦᠨ᠎ᠡ | ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠦᠨᠳᠦᠰᠦᠨ ᠳᠡᠭᠡᠨ ᠥᠷᠢᠲᠦᠬᠦ ᠦᠭᠡᠢ ᠪᠠᠶᠢᠬᠤ ᠶᠢ ᠦᠨᠡᠨ | ᠬᠦ ᠪᠠᠲᠤᠯᠠᠬᠤ ᠪᠠᠷ ᠪᠠᠶᠢᠨ᠎ᠠ᠃ | ᠡᠨᠡ ᠵᠢᠯ ᠠᠴᠠ ᠨᠠᠰᠢ᠂ ᠮᠠᠨ ᠤ ᠣᠷᠣᠨ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ︽ | ᠬᠤᠶᠠᠷ ᠰᠦᠯᠵᠢᠶᠡᠵᠢᠭᠦᠯᠬᠦ ︾ ᠬᠠᠮᠢᠶᠠᠷᠤᠯᠲᠠ ᠶᠢ ᠢᠳᠡᠪᠬᠢᠲᠡᠶ ᠬᠡᠷᠡᠭᠵᠢᠭᠦᠯᠵᠦ᠂ ᠬᠡᠷᠡᠭ ᠶᠠᠪᠤᠳᠠᠯ ᠠᠴᠠ ᠡᠮᠦᠨᠡᠬᠢ | ᠪᠠ ᠬᠡᠷᠡᠭ ᠶᠠᠪᠤᠳᠠᠯ ᠤᠨ ᠳᠤᠮᠳᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠥᠳᠡᠯᠮᠦᠷᠢ ᠶᠢᠨ ᠪᠠᠲᠤᠯᠠᠭ᠎ᠠ ᠶᠢᠨ | ᠬᠢᠨᠠᠨ ᠪᠠᠶᠢᠴᠠᠭᠠᠯᠲᠠ ᠳᠤ ᠴᠠᠯᠢᠩ ᠥᠭᠬᠦ ᠲᠦᠷᠦᠯ ᠤᠨ ᠬᠡᠷᠡᠭ ᠤᠨ ᠲᠤᠭ᠎ᠠ ᠠᠳᠠᠯᠢ ᠬᠤᠭᠤᠴᠠᠭᠠᠨ ᠤ ᠬᠢ ᠠᠴᠠ | 53% ᠪᠠᠭᠤᠷᠠᠵᠤ᠂ ᠬᠤᠯᠪᠤᠭᠳᠠᠬᠤ ᠮᠥᠩᠭᠦᠨ ᠤ ᠲᠤᠭ᠎ᠠ ᠠᠳᠠᠯᠢ ᠬᠤᠭᠤᠴᠠᠭᠠᠨ ᠤ ᠬᠢ ᠠᠴᠠ 33% ᠪᠠᠭᠤᠷᠠᠪᠠ᠃ | ᠴᠠᠯᠢᠩ ᠦᠷᠲᠡᠵᠦ ᠪᠠᠶᠢᠭ᠎ᠠ ᠬᠡᠷᠡᠭ ᠤᠨ ᠳᠤᠲᠤᠷ᠎ᠠ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠢᠷᠢᠶᠠᠨ ᠳᠤ | ᠮᠥᠨ ᠬᠦ ᠤᠯᠠᠨ ᠭᠠᠷᠴᠤ᠂ ᠴᠠᠯᠢᠩ ᠦᠷᠲᠡᠬᠦ ᠬᠡᠷᠡᠭ ᠤᠨ ᠶᠡᠷᠦᠩᠬᠡᠶ ᠲᠣᠭᠠᠨ ᠤ ᠪᠠᠷᠤᠭ 88% ᠶᠢ ᠡᠵᠡᠯᠡᠵᠦ | ᠪᠠᠶᠢᠬᠤ ᠪᠦᠭᠡᠳ ᠡᠭᠦᠨ ᠤ ᠵᠡᠷᠭᠡᠴᠡᠭᠡᠪᠡᠷ ᠪᠣᠯᠪᠠᠰᠤᠷᠠᠭᠤᠯᠵᠤ ᠦᠢᠯᠡᠳᠬᠦ ᠦᠢᠯᠡᠰ᠂ ᠠᠭᠤᠷᠬᠠᠶ ᠮᠠᠯᠲᠠᠬᠤ ᠵᠡᠷᠭᠡ | ᠪᠤᠰᠤᠳ ᠬᠦᠷᠢᠶᠡᠨ ᠤ ᠵᠦᠭ ᠥᠷᠭᠡᠵᠢᠬᠦ ᠬᠠᠨᠳᠤᠰᠢ ᠢᠯᠡᠳᠲᠡ ᠪᠤᠯᠵᠤ ᠪᠠᠶᠢᠨ᠎ᠠ᠃ | ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠭᠠᠨ ᠰᠠᠷ᠎ᠠ ᠠᠴᠠ ᠡᠮᠦᠨ᠎ᠡ ᠴᠠᠯᠢᠩ ᠬᠦᠯᠦᠰᠦ ᠪᠠᠨ ᠲᠤᠭ᠎ᠠ | ᠶᠣᠰᠣᠭᠠᠷ ᠣᠯᠵᠤ ᠠᠪᠬᠤ ᠶᠢ ᠪᠠᠲᠤᠯᠠᠬᠤ ᠶᠢᠨ ᠲᠥᠯᠥᠭᠡ᠂ ᠮᠠᠨ ᠤ ᠣᠷᠣᠨ ᠦᠨᠳᠦᠰᠦ ᠰᠤᠷᠪᠤᠯᠵᠢ ᠠᠴᠠ ᠨᠢ | ᠰᠡᠷᠭᠡᠶᠢᠯᠡᠨ ᠬᠢᠵᠠᠭᠠᠷᠯᠠᠬᠤ ᠶᠢ ᠴᠢᠩᠭᠠᠳᠬᠠᠬᠤ ᠶᠢᠨ ᠬᠠᠮᠲᠤ ᠬᠠᠤᠯᠢ ᠬᠡᠷᠡᠭᠵᠢᠭᠦᠯᠬᠦ ᠡᠷᠴᠢᠮ ᠢ ᠨᠡᠮᠡᠭᠳᠡᠭᠦᠯᠵᠦ᠂ | ᠴᠠᠯᠢᠩ ᠦᠷᠲᠡᠬᠦ ᠬᠡᠷᠡᠭ ᠢ ᠲᠦᠷᠭᠡᠨ ᠰᠢᠢᠳᠪᠦᠷᠢᠯᠡᠬᠦ ᠬᠡᠷᠡᠭᠲᠡᠢ᠃ ᠢᠯᠡᠴᠢᠯᠡᠨ ᠮᠡᠳᠡᠭᠦᠯᠵᠦ ᠵᠠᠭᠠᠯᠳᠣᠬᠤ ᠶᠢ | ᠬᠦᠯᠢᠶᠡᠨ ᠠᠪᠬᠤ 24 ᠴᠠᠭ ᠤᠨ ᠵᠢᠵᠢᠭᠦᠷᠯᠡᠬᠦ ᠲᠦᠷᠢᠮ ᠪᠠ ᠤᠷᠢᠳᠠᠪᠠᠷ ᠬᠠᠷᠢᠭᠤᠴᠠᠯᠭ᠎ᠠ ᠬᠡᠯᠡᠯᠴᠡᠬᠦ ᠳᠦᠷᠢᠮ ᠢ | ᠬᠡᠷᠡᠭᠵᠢᠭᠦᠯᠵᠦ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠲᠤᠰᠬᠠᠭᠰᠠᠨ ᠴᠠᠯᠢᠩ ᠢ ᠤᠳᠠᠭᠠᠰᠢᠷᠠᠭᠤᠯᠤᠨ | ᠥᠷᠢᠲᠦᠬᠦ ᠠᠰᠠᠭᠤᠳᠠᠯ ᠢ ᠴᠠᠭ ᠲᠤᠬᠠᠶ ᠳᠤᠨᠢ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠶ᠃ ᠲᠥᠪᠯᠡᠷᠡᠩᠭᠦᠶ | ᠵᠢᠭᠰᠠᠭᠠᠨ ᠪᠠᠶᠢᠴᠠᠭᠠᠬᠤ ᠪᠠ ᠢᠯᠡᠴᠢᠯᠡᠨ ᠮᠡᠳᠡᠭᠦᠯᠦᠭᠰᠡᠨ ᠵᠠᠭᠠᠯᠳᠤᠭᠰᠠᠨ ᠬᠡᠷᠡᠭ ᠢ ᠪᠠᠶᠢᠴᠠᠭᠠᠬᠤ ᠳᠤᠮᠳᠠ ᠣᠯᠵᠤ | ᠮᠡᠳᠡᠭᠰᠡᠨ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠦᠷᠢᠲᠦᠵᠦ ᠪᠠᠶᠢᠬᠤ ᠠᠵᠢᠯᠯᠠᠭ᠎ᠠ ᠶᠢ᠂ ᠠᠵᠤ | ᠠᠬᠤᠶᠢᠯᠠᠯ ᠢ ᠬᠠᠤᠯᠢ ᠶᠣᠰᠣᠭᠠᠷ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠦᠭᠭᠦᠭᠦᠯᠬᠦ ᠬᠡᠷᠡᠭᠲᠡᠢ᠃ | ᠭᠠᠵᠠᠷ ᠣᠷᠣᠨ ᠠᠯᠤᠰᠯᠠᠭᠰᠠᠨ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ᠬᠠᠤᠯᠢ ᠬᠡᠷᠡᠭᠵᠢᠭᠦᠯᠬᠦ | ᠲᠠᠯ᠎ᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠣᠷᠣᠨ ᠪᠦᠰᠡᠠᠯᠤᠰᠯᠠᠭᠰᠠᠨ ᠪᠠᠷᠢᠯᠭ᠎ᠠ ᠶᠢᠨ ᠲᠥᠷᠥᠯ ᠵᠦᠢᠯ ᠢ | ᠬᠢᠨᠠᠨ ᠬᠠᠮᠢᠶᠠᠷᠬᠤ ᠡᠷᠴᠢᠮ ᠢ ᠨᠡᠮᠡᠭᠳᠡᠭᠦᠯᠬᠦ ᠬᠡᠷᠡᠭᠲᠡᠶ᠃ ᠵᠢᠵᠢᠭᠦᠷᠯᠡᠬᠦ ᠠᠵᠢᠯ ᠲᠤ ᠪᠡᠯᠡᠳᠬᠡᠬᠦ ᠪᠠ ᠬᠥᠳᠡᠯᠮᠦᠷᠢ ᠶᠢᠨ | ᠪᠠᠲᠤᠯᠠᠭ᠎ᠠ ᠶᠢᠨ ᠬᠢᠨᠠᠨ ᠪᠠᠶᠢᠴᠠᠭᠠᠬᠤ ᠴᠢᠬᠤᠯᠠ ᠪᠠᠶᠢᠳᠠᠯ ᠢ ᠮᠡᠳᠡᠭᠦᠯᠬᠦ ᠳᠦᠷᠢᠮ ᠢ ᠬᠡᠷᠡᠭᠵᠢᠭᠦᠯᠵᠦ᠂ ᠴᠠᠭᠠᠨ | ᠰᠠᠷ᠎ᠠ ᠠᠴᠠ ᠡᠮᠦᠨ᠎ᠡ ᠪᠠᠴᠢᠮ ᠪᠠᠶᠢᠳᠠᠯ ᠢ ᠠᠷᠭᠠᠴᠠᠬᠤ ᠬᠥᠮᠦᠨ ᠪᠠ ᠲᠡᠷᠭᠡ ᠬᠦᠰᠭᠡ ᠶᠢ ᠴᠠᠭ ᠢᠮᠠᠭᠲᠠ ᠵᠠᠷᠯᠢᠭ | ᠬᠦᠯᠢᠶᠡᠯᠭᠡᠵᠦ᠂ ᠬᠦᠴᠦ ᠶᠠᠪᠤᠭᠴᠢ ᠮᠠᠯᠴᠢᠨ ᠲᠠᠷᠢᠶᠠᠴᠢᠳ ᠤᠨ ᠴᠠᠯᠢᠩ ᠢ ᠥᠷᠢᠲᠦᠭᠰᠡᠨ ᠬᠡᠷᠡᠭ ᠢ ᠲᠡᠷᠡ ᠳᠠᠷᠤᠢ | ᠳᠤᠨᠢ ᠲᠦᠷᠭᠡᠨ ᠰᠢᠢᠳᠪᠦᠷᠢᠯᠡᠬᠦ ᠬᠡᠷᠡᠭᠲᠡᠶ᠃ ᠰᠠᠯᠠᠭ᠎ᠠ ᠮᠥᠴᠢᠷ ᠤᠨ ᠬᠤᠭᠤᠷᠣᠨᠳᠣᠬᠢ ᠨᠡᠪᠲᠡᠷᠡᠯᠴᠡᠭᠡ | ᠵᠤᠬᠢᠴᠠᠭᠤᠯᠭ᠎ᠠ ᠪᠠᠨ ᠴᠢᠩᠭᠠᠳᠬᠠᠵᠤ᠂ ᠬᠠᠷ᠎ᠠ ᠰᠠᠨᠠᠭ᠎ᠠ ᠪᠠᠷ ᠴᠠᠯᠢᠩ ᠦᠷᠲᠡᠬᠦ ᠶᠠᠯᠠᠲᠤ ᠠᠵᠢᠯᠯᠠᠭ᠎ᠠ ᠳᠤ ᠬᠦᠴᠦᠲᠡᠶ | ᠴᠣᠬᠢᠯᠲᠠ ᠦᠭᠬᠦ ᠬᠡᠷᠡᠭᠲᠡᠢ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠪᠠᠰᠠ ᠨᠢᠭᠡ ᠤᠳᠠᠭᠠᠨ ᠤ | ᠲᠤᠰᠬᠠᠶ ᠰᠢᠮᠳᠠᠭᠤᠯᠤᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠭᠠᠵᠠᠷ ᠤᠨ ᠥᠷᠢ ᠰᠢᠷᠢ ᠶᠢ | ᠢᠯᠭᠠᠷᠠᠭᠤᠯᠬᠤ ᠠᠵᠢᠯ ᠢ ᠪᠦᠬᠦ ᠲᠠᠯ᠎ᠠ ᠪᠠᠷ ᠰᠢᠮᠳᠠᠭᠤᠯᠤᠨ ᠪᠠᠶᠢᠴᠠᠭᠠᠬᠤ ᠪᠦᠭᠡᠳ ᠬᠤᠯᠪᠣᠭᠳᠠᠯ ᠪᠦᠭᠦᠢ ᠪᠠᠶᠢᠳᠠᠯ ᠢ | ᠪᠦᠬᠦ ᠣᠷᠣᠨ ᠤ ᠬᠡᠪᠴᠢᠶᠡᠨ ᠳᠣᠲᠣᠷ᠎ᠠ ᠮᠡᠳᠡᠭᠡᠯᠡᠨ᠎ᠡ᠃ |