ᠥᠪᠥᠷ ᠮᠣᠩᠭᠤᠯ ᠤᠨ ᠠᠶᠢᠮᠠᠭ ᠬᠤᠳᠠ᠂ ᠬᠤᠰᠢᠭᠤ ᠰᠢᠶᠠᠨ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠡᠭᠦᠷᠭᠡ ᠬᠠᠷᠢᠭᠤᠴᠠᠯᠭ᠎ᠠ ᠲᠠᠢ ᠪᠠᠶᠢᠭᠤᠯᠤᠮᠵᠢ ᠶᠢ ᠨᠡᠶᠢᠯᠡᠭᠦᠯᠬᠦ ᠠᠵᠢᠯ ᠢ ᠪᠦᠬᠦ ᠲᠠᠯ᠎ᠠ ᠪᠠᠷ ᠪᠡᠶᠡᠯᠡᠬᠦᠯᠪᠡ
ᠨᠡᠶᠢᠲᠡᠯᠡᠭᠰᠡᠨ ᠴᠠᠭ᠄
2015/12/18
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠥᠯᠥ ᠬᠥᠳᠡᠯᠬᠦ ᠬᠥᠷᠥᠩᠭᠡ ᠶᠢᠨ ᠲᠦᠷᠦ ᠶᠢᠨ ᠪᠤᠳᠤᠯᠭ᠎ᠠ ᠶᠢᠨ ᠮᠡᠷᠭᠡᠵᠢᠯ ᠤᠨ ᠪᠣᠯᠪᠠᠰᠤᠷᠠᠯ ᠤᠨ ᠠᠩᠭᠢ ᠬᠥᠬᠡᠬᠤᠲᠠ ᠳᠤ ᠬᠢᠴᠢᠶᠡᠯ ᠡᠬᠢᠯᠡᠪᠡ᠃ ᠤᠯᠤᠰ ᠤᠨ ᠭᠠᠵᠠᠷ ᠰᠢᠷᠣᠶ ᠶᠢᠨ ᠡᠬᠢ ᠪᠠᠶᠠᠯᠢᠭ ᠤᠨ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠵᠤᠤ ᠳ᠋ᠠ ᠶᠦᠩ ᠬᠤᠷᠠᠯ ᠳᠡᠭᠡᠷ᠎ᠡ ᠲᠠᠨᠢᠯᠴᠠᠭᠤᠯᠤᠭᠰᠠᠨ ᠨᠢ᠂ 12 ᠳ᠋ᠤᠭᠠᠷ ᠰᠠᠷ᠎ᠠ ᠶᠢᠨ 10᠎ ᠤ ᠡᠳᠦᠷ ᠪᠤᠯᠬᠤ ᠳᠤ᠂ ᠪᠦᠬᠦ ᠤᠷᠤᠨ ᠤ ᠠᠶᠢᠮᠠᠭ ᠬᠤᠳᠠ᠂ ᠬᠤᠰᠢᠭᠤ ᠰᠢᠶᠠᠨ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠡᠭᠦᠷᠭᠡ ᠬᠠᠷᠢᠭᠤᠴᠠᠯᠭ᠎ᠠ ᠲᠠᠢ ᠪᠠᠶᠢᠭᠤᠯᠤᠮᠵᠢ ᠶᠢ ᠨᠡᠶᠢᠯᠡᠭᠦᠯᠬᠦ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠦᠨᠡᠮᠯᠡᠯ ᠳᠤ ᠮᠣᠩᠭᠤᠯ ᠦᠰᠦᠭ ᠨᠡᠮᠡᠵᠤ ᠤᠷᠤᠭᠤᠯᠤᠭᠰᠠᠨ ᠪᠥᠭᠡᠳ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠶᠠᠮᠤᠨ ᠳᠤ ᠮᠡᠳᠡᠭᠦᠯᠦᠨ ᠳᠠᠩᠰᠠᠯᠠᠭᠤᠯᠵᠤ᠂ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠳᠡᠪᠲᠡᠷ᠂ ᠦᠨᠡᠮᠯᠡᠯ ᠢ ᠵᠢᠩᠬᠢᠨᠢ ᠪᠠᠷ ᠬᠡᠷᠡᠭᠯᠡᠪᠡ᠃ ᠣᠳᠣᠬᠠᠨ ᠳᠤ᠂ ᠲᠤᠷᠰᠢᠯᠲᠠ ᠶᠢᠨ ᠴᠢᠭ᠋ ᠤᠨ ᠭᠠᠵᠠᠷ ᠣᠷᠣᠨ ᠤ ᠠᠵᠢᠯ ᠤᠨ ᠠᠬᠢᠴᠠ ᠤᠷᠤᠭᠰᠢᠲᠠᠶ ᠪᠠᠶᠢᠵᠤ᠂ ᠥᠯᠥ ᠬᠥᠳᠡᠯᠬᠦ ᠬᠥᠷᠥᠩᠭᠡ ᠶᠢᠨ ᠥᠮᠴᠢᠯᠡᠬᠦ ᠡᠷᠬᠡ ᠶᠢᠨ ᠦᠨᠡᠮᠯᠡᠯ ᠪᠤᠯᠤᠨ ᠭᠡᠷᠡᠴᠢ ᠲᠡᠮᠳᠡᠭ ᠢ 500 ᠭᠠᠷᠤᠢ ᠳᠡᠪᠲᠡᠷ ᠤᠯᠭᠤᠪᠠ᠃ ᠥᠪᠡᠷᠲᠡᠭᠡᠨ ᠵᠠᠰᠠᠬᠤ ᠣᠷᠣᠨ ᠤ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠥᠰᠦᠯ᠂ ᠵᠠᠷᠤᠳᠠᠯ ᠢᠶᠠᠨ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠵᠤ᠂ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ᠂ ᠠᠵᠢᠯ ᠤᠨ ᠵᠦᠭᠯᠡᠭᠦᠷ᠂ ᠦᠨᠡᠮᠯᠡᠯ ᠰᠢᠯᠭᠠᠨ ᠲᠠᠷᠬᠠᠭᠠᠬᠤ᠂ ᠦᠨᠡᠮᠯᠡᠯ ᠤᠨ ᠨᠣᠮᠧᠷ ᠤᠨ ᠬᠠᠮᠢᠶᠠᠷᠤᠯᠲᠠ ᠵᠡᠷᠭᠡ ᠳᠦᠷᠢᠮ ᠤᠨ ᠴᠢᠨᠠᠷᠲᠠᠶ ᠪᠠᠶᠢᠭᠤᠯᠤᠯᠲᠠ ᠶᠢᠨ ᠠᠵᠢᠯ ᠨᠠᠶᠢᠷᠠᠭᠤᠯᠤᠨ ᠪᠢᠴᠢᠬᠦ ᠱᠠᠲᠤᠨ ᠳᠤ ᠤᠷᠤᠪᠠ᠃ ᠥᠪᠡᠷᠲᠡᠭᠡᠨ ᠵᠠᠰᠠᠬᠤ ᠣᠷᠣᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠤᠨ ᠪᠠᠶᠢᠭᠤᠯᠤᠯᠲᠠ ᠶᠢᠨ ᠲᠦᠰᠦᠯ ᠤᠨ ᠶᠡᠷᠦᠩᠬᠡᠶ ᠰᠡᠳᠬᠢᠴᠡ ᠪᠣᠯᠤᠨ ᠪᠡᠶᠡᠯᠡᠭᠦᠯᠬᠦ ᠠᠷᠭ᠎ᠠ ᠵᠠᠮ ᠢ ᠦᠨᠳᠦᠰᠦᠨ ᠳᠡᠭᠡᠨ ᠲᠣᠭᠲᠠᠭᠠᠭᠰᠠᠨ ᠪᠠᠶᠢᠨ᠎ᠠ᠃      ᠥᠪᠥᠷ ᠮᠤᠩᠭᠤᠯ ᠪᠥᠬᠦ ᠣᠷᠣᠨ ᠤ ᠡᠯ᠎ᠡ ᠱᠠᠲᠤᠨ ᠤ ᠰᠠᠯᠠᠭ᠎ᠠ ᠮᠥᠴᠢᠷ ᠤᠳ ᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠭᠠᠵᠠᠷ ᠤᠷᠤᠨ ᠳᠤ ᠦᠨᠡᠨᠬᠦ ᠶᠠᠪᠤᠭᠳᠠᠭᠤᠰᠢᠲᠠᠶ ᠠᠵᠢᠯ ᠤᠨ ᠲᠥᠰᠦᠯ ᠲᠤᠭᠲᠠᠭᠠᠵᠤ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠳᠠᠬᠢᠨ ᠲᠣᠬᠢᠷᠠᠭᠤᠯᠬᠤ ᠪᠠ ᠨᠢᠭᠡᠳᠦᠯᠲᠡᠶ ᠴᠤᠩᠬᠤ ᠪᠠᠶᠢᠭᠤᠯᠬᠤ ᠶᠢ ᠲᠦᠷᠭᠡᠳᠭᠡᠬᠦ ᠬᠡᠷᠡᠭᠲᠡᠢ᠃ ᠤᠯᠤᠰ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠢ ᠲᠤᠷᠰᠢᠨ ᠠᠵᠢᠯᠯᠠᠭᠤᠯᠬᠤ ᠪᠠᠷ ᠰᠠᠭᠤᠷᠢ ᠪᠤᠯᠭᠠᠨ᠂ ᠥᠪᠥᠷ ᠮᠤᠩᠭᠤᠯ ᠤᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠬᠤ ᠶᠢᠨ ᠬᠠᠮᠲᠤ ᠠᠶᠢᠮᠠᠭ ᠬᠤᠳᠠ᠂ ᠬᠤᠰᠢᠭᠤ ᠰᠢᠶᠠᠨ ᠤ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠤᠬᠠᠶᠢᠯᠠᠭᠰᠠᠨ ᠠᠵᠢᠯ ᠢ ᠥᠯᠥ ᠬᠥᠳᠡᠯᠬᠦ ᠬᠥᠷᠥᠩᠭᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠳᠤ ᠨᠢᠭᠡᠳᠦᠯᠲᠡᠶ ᠤᠷᠤᠭᠤᠯᠬᠤ ᠶᠢ ᠵᠢᠯᠤᠭᠤᠳᠴᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠬᠠᠤᠯᠢ ᠶᠣᠰᠣᠭᠠᠷ ᠢᠯᠡ ᠪᠠᠷ ᠪᠠᠶᠢᠴᠠᠭᠠᠨ ᠯᠠᠪᠯᠠᠬᠤ ᠶᠢ ᠪᠡᠶᠡᠯᠡᠬᠦᠯᠬᠦ ᠬᠡᠷᠡᠭᠲᠡᠢ᠃ ᠡᠭᠦᠨ ᠤ ᠬᠠᠮᠲᠤ᠂ ︽ᠭᠡᠷ ᠪᠠᠶᠢᠰᠢᠩ ᠭᠠᠵᠠᠷ ᠰᠢᠷᠣᠶ ᠶᠢ ᠨᠢᠭᠡ ᠴᠤᠭᠴᠠᠵᠢᠭᠤᠯᠬᠤ︾ ᠮᠠᠯᠵᠢᠬᠤ ᠲᠠᠷᠢᠶᠠᠯᠠᠬᠤ ᠤᠷᠤᠨ ᠤ ᠣᠷᠣᠨ ᠰᠠᠭᠤᠴᠠ ᠶᠢᠨ ᠭᠠᠵᠠᠷ᠂ ᠬᠠᠮᠲᠤ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠥᠯᠥ ᠬᠥᠳᠡᠯᠬᠦ ᠬᠥᠷᠥᠩᠭᠡ ᠶᠢᠨ  ᠨᠢᠭᠡᠳᠦᠯᠲᠡᠶ ᠳᠠᠩᠰᠠᠯᠠᠬᠤ ᠰᠢᠰᠲ᠋ᠧᠮᠵᠢ ᠳᠤ ᠤᠷᠤᠭᠤᠯᠬᠤ ᠠᠵᠢᠯ ᠢ ᠪᠦᠬᠦ ᠲᠠᠯ᠎ᠠ ᠪᠠᠷ ᠲᠦᠷᠭᠡᠳᠭᠡᠬᠦ ᠬᠡᠷᠡᠭᠲᠡᠢ ᠭᠡᠵᠤ ᠱᠠᠭᠠᠷᠳᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号