| 12 ᠳ᠋ᠤᠭᠠᠷ ᠰᠠᠷ᠎ᠠ ᠶᠢᠨ 17 ᠤ ᠡᠳᠦᠷ᠂ ᠪᠦᠬᠦ ᠣᠷᠣᠨ ᠤ ︽ᠭᠤᠷᠪᠠᠨ ᠴᠢᠩᠭ᠎ᠠ ᠭᠤᠷᠪᠠᠨ ᠪᠣᠳᠠᠲᠠᠢ︾ | ᠲᠤᠰᠬᠠᠢ ᠰᠡᠳᠦᠪᠲᠦ ᠬᠥᠮᠥᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠫᠧᠩ ᠰᠢᠨ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠯᠢ ᠫᠧᠩ ᠰᠢᠨ ᠵᠢᠭᠠᠵᠤ ᠭᠠᠷᠭᠠᠬᠤ ᠳᠠᠭᠠᠨ᠂ ᠪᠦᠬᠦ ᠣᠷᠣᠨ ᠤ ᠲᠤᠰᠬᠠᠢ ᠰᠡᠳᠦᠪᠲᠦ | ᠬᠥᠮᠥᠵᠢᠯ ᠤᠷᠤᠭᠰᠢᠲᠠᠢ ᠶᠠᠪᠤᠭᠳᠠᠨ᠂ ᠡᠷᠡᠭᠦᠯ ᠢᠶᠠᠷ ᠬᠥᠭᠵᠢᠵᠦ᠂ ᠱᠠᠲᠤᠴᠢ ᠴᠢᠨᠠᠷᠲᠠᠢ ᠦᠷ᠎ᠡ ᠪᠦᠲᠦᠮᠵᠢ ᠣᠯᠪᠠ᠂ | ᠳᠠᠷᠠᠭᠠᠴᠢ ᠶᠢᠨ ᠠᠯᠬᠤᠮ ᠳᠤ᠂ ᠲᠥᠪ ᠤᠨ ᠬᠡᠰᠡᠭ ᠮᠤᠵᠢ ᠬᠤᠲᠠ ᠶᠢᠨ ︽ᠭᠤᠷᠪᠠᠨ ᠴᠢᠩᠭ᠎ᠠ ᠭᠤᠷᠪᠠᠨ ᠪᠣᠳᠠᠲᠠᠢ︾ | ᠲᠤᠰᠬᠠᠢ ᠰᠡᠳᠦᠪᠲᠦ ᠬᠥᠮᠥᠵᠢᠯ ᠤᠨ ᠶᠠᠷᠢᠯᠴᠠᠬᠤ ᠤᠨ ᠬᠤᠷᠠᠯ ᠤᠨ ᠵᠣᠷᠢᠭ ᠰᠠᠨᠠᠭ᠎ᠠ ᠶᠢ ᠲᠣᠣᠱᠯᠠᠭᠤᠯᠵᠤ᠂ ᠲᠤᠰᠬᠠᠢ | ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠬᠡᠷᠡᠭᠲᠡᠢ᠃ ︽ᠭᠤᠷᠪᠠᠨ | ᠦᠷ᠎ᠡ ᠪᠦᠲᠦᠮᠵᠢ ᠶᠢ ᠣᠯᠬᠤ︾ ᠬᠠᠷᠠᠯᠲᠠ ᠶᠢᠨ ᠱᠠᠭᠠᠷᠳᠠᠯᠭ᠎ᠠ ᠪᠠᠷ᠂ ︽ᠪᠣᠴᠠᠵᠤ ᠬᠠᠷᠠᠬᠤ︾ ᠠᠵᠢᠯ ᠢ ᠯᠠᠪᠳᠠᠭᠤᠨ | ᠪᠠᠲᠤᠲᠠᠢ ᠵᠣᠬᠢᠶᠠᠨ ᠪᠠᠶᠢᠭᠤᠯᠬᠤ ᠬᠡᠷᠡᠭᠲᠡᠢ ᠭᠡᠪᠡ᠃ | ᠯᠢ ᠫᠧᠩ ᠰᠢᠨ ᠠᠴᠠ᠂ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠯᠠᠪᠳᠠᠭᠤᠨ | ᠠᠳᠬᠤᠬᠤ ᠨᠢ ᠴᠢᠬᠤᠯᠠ ᠠᠴᠠ ᠴᠢᠬᠤᠯᠠ᠂ ᠨᠠᠷᠢᠨ ᠬᠢᠨᠠᠮᠠᠭᠠᠢ ᠦᠨᠡᠨ ᠪᠣᠳᠠᠲᠠᠢ ᠪᠠᠶᠢᠬᠤ ᠵᠣᠷᠢᠭ ᠰᠠᠨᠠᠭ᠎ᠠ ᠪᠠᠷ ᠶᠠᠰᠤ | ᠴᠢᠨᠠᠷ ᠪᠠ ᠦᠷ᠎ᠡ ᠳ᠋ᠦᠩ ᠢ ᠪᠠᠲᠤᠯᠠᠬᠤ ᠬᠡᠷᠡᠭᠲᠡᠢ᠃ ᠭᠦᠨᠵᠡᠭᠡᠢ ᠰᠤᠷᠤᠯᠴᠠᠵᠤ ᠨᠡᠪᠲᠡ ᠤᠬᠠᠬᠤ ᠶᠢ ᠳᠣᠪᠣᠶᠢᠯᠭᠠᠵᠤ᠂ | ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ | ᠰᠤᠷᠤᠯᠴᠠᠵᠤ᠂ ᠦᠵᠡᠯ ᠰᠠᠨᠠᠭᠠᠨ ᠤ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠭᠦᠨ ᠠᠭᠤᠳᠠᠯᠵᠤ | ᠨᠠᠷᠢᠨ ᠪᠠᠶᠢᠴᠠᠭᠠᠬᠤ ᠶᠢ ᠳᠣᠪᠣᠶᠢᠯᠭᠠᠵᠤ᠂ ᠵᠣᠬᠢᠶᠠᠨ ᠪᠠᠶᠢᠭᠤᠯᠤᠯᠲᠠ᠂ ᠤᠳᠤᠷᠢᠳᠤᠯᠭ᠎ᠠ᠂ ᠬᠤᠪᠢ ᠬᠥᠮᠥᠨ ᠪᠠ | ᠤᠯᠠᠨ ᠲᠦᠮᠡᠨ ᠤ ᠬᠦᠴᠦ ᠶᠢ ᠭᠦᠢᠴᠡᠳ ᠬᠡᠷᠡᠭᠯᠡᠵᠦ᠂ ᠴᠢᠩᠭ᠎ᠠ ᠪᠤᠰᠤ ᠪᠣᠳᠠᠲᠠᠢ ᠪᠤᠰᠤ ᠲᠣᠪᠣᠶᠢᠮ᠎ᠠ ᠠᠰᠠᠭᠤᠳᠠᠯ ᠢ | ᠦᠨᠡᠨ ᠬᠦ ᠣᠨᠣᠪᠴᠢᠲᠠᠢ ᠡᠷᠢᠵᠦ ᠭᠠᠷᠭᠠᠬᠤ ᠬᠡᠷᠡᠭᠲᠡᠢ᠃ ᠰᠠᠬᠢᠯᠭ᠎ᠠ ᠪᠠᠲᠤ ᠶᠣᠰᠣ ᠭᠤᠷᠢᠮ ᠢ ᠲᠣᠪᠣᠶᠢᠯᠭᠠᠵᠤ᠂ ᠰᠢ | ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠣᠰᠣᠭᠠᠷ᠂ ᠨᠠᠮ ᠤᠨ | ᠳᠦᠷᠢᠮ ᠤᠨ ᠲᠣᠭᠲᠠᠭᠠᠯ ᠪᠠ ᠨᠠᠮ ᠤᠨ ᠭᠡᠰᠢᠭᠦᠨ ᠤ ᠪᠠᠷᠢᠮᠵᠢᠶ᠎ᠠ ᠶᠤᠰᠤᠭᠠᠷ᠂ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠵᠢᠷᠤᠮᠯᠠᠯ︾ ᠪᠠ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠤᠨ ᠳᠦᠷᠢᠮ︾ ᠤᠨ ᠶᠣᠰᠣᠭᠠᠷ᠂ ᠨᠠᠮᠴᠢ ᠴᠢᠨᠠᠷ ᠤᠨ ᠵᠠᠳᠠᠯᠤᠯᠲᠠ ᠶᠢ | ᠦᠨᠡᠨ ᠬᠦ ᠥᠷᠨᠢᠭᠦᠯᠬᠦ ᠬᠡᠷᠡᠭᠲᠡᠢ᠃ ᠰᠤᠷᠲᠠᠯ ᠴᠡᠭᠴᠡᠯᠡᠬᠦ ᠵᠣᠷᠢᠭ ᠰᠠᠨᠠᠭ᠎ᠠ ᠶᠢ ᠳᠣᠪᠣᠶᠢᠯᠭᠠᠵᠤ᠂ ᠰᠢᠭᠦᠮᠵᠢᠯᠡᠯ ᠪᠠ | ᠥᠪᠡᠷ ᠤᠨ ᠰᠢᠭᠦᠮᠵᠢᠯᠡᠯ ᠢ ᠴᠢᠩᠭ᠎ᠠ ᠬᠢᠨᠠᠮᠠᠭᠠᠢ ᠣᠪᠣᠷ ᠢᠶᠠᠷ ᠥᠷᠨᠢᠭᠦᠯᠵᠦ᠂ ︽ᠪᠦᠯᠬᠦᠮᠳᠡᠯ — ᠰᠢᠭᠦᠮᠵᠢᠯᠡᠯ — | ᠪᠦᠯᠬᠦᠮᠳᠡᠯ︾ ᠤᠨ ᠬᠠᠷᠠᠯᠲᠠ ᠳᠤ ᠦᠨᠡᠨ ᠬᠦ ᠬᠥᠷᠥᠭᠰᠡᠨ ᠪᠠᠶᠢᠬᠤ ᠬᠡᠷᠡᠭᠲᠡᠢ᠃ ᠴᠢᠩᠭ᠎ᠠ ᠬᠠᠷᠢᠭᠤᠴᠠᠬᠤ ᠶᠢ | ᠲᠣᠪᠣᠶᠢᠯᠭᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠳᠤᠭᠤᠶᠢᠯᠠᠩ︶ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠠᠳᠠᠷᠠᠭᠤᠯᠵᠤ᠂ ᠰᠢᠮᠳᠠᠭᠤᠯᠤᠨ ᠵᠢᠯᠣᠭᠤᠳᠬᠤ ᠪᠠᠨ ᠦᠨᠡᠨ ᠬᠦ ᠴᠢᠩᠭᠠᠳᠬᠠᠬᠤ ᠬᠡᠷᠡᠭᠲᠡᠢ ᠭᠡᠵᠦ | ᠱᠠᠭᠠᠷᠳᠠᠪᠠ᠃ | ᠯᠢ ᠫᠧᠩ ᠰᠢᠨ ᠠᠴᠠ᠂ ᠴᠡᠭᠴᠡᠯᠡᠨ ᠥᠭᠡᠷᠡᠴᠢᠯᠡᠵᠤ ᠨᠠᠶᠢᠳᠠᠪᠤᠷᠢᠵᠢᠭᠤᠯᠬᠤ ᠪᠠ ᠳᠦᠷᠢᠮ ᠲᠣᠭᠲᠠᠭᠠᠵᠤ | ᠰᠠᠬᠢᠯᠭ᠎ᠠ ᠪᠠᠲᠤ ᠬᠡᠷᠡᠭᠵᠢᠭᠦᠯᠬᠦ ᠶᠢ ᠬᠦᠴᠦᠲᠡᠢ ᠠᠳᠬᠤᠵᠤ᠂ ᠠᠰᠠᠭᠤᠳᠠᠯ ᠤᠨ ᠦᠵᠡᠯ ᠤᠬᠠᠮᠰᠠᠷ ᠢᠶᠠᠨ | ᠴᠢᠩᠭᠠᠷᠠᠭᠤᠯᠵᠤ᠂ ᠠᠰᠠᠭᠤᠳᠠᠯ ᠤᠨ ᠨᠠᠷᠢᠨ ᠳᠠᠩᠰᠠ᠂ ᠴᠡᠭᠴᠡᠯᠡᠨ ᠥᠭᠡᠷᠡᠴᠢᠯᠡᠬᠦ ᠨᠠᠷᠢᠨᠲ᠋ᠠᠩᠰᠠ᠂ | ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠠᠶᠢᠭᠤᠯᠵᠤ᠂ ᠴᠢᠩᠭ᠎ᠠ ᠪᠤᠰᠤ ᠪᠣᠳᠠᠲᠠᠢ ᠪᠤᠰᠤ ᠠᠰᠠᠭᠤᠳᠠᠯ ᠢ ᠴᠡᠭᠴᠡᠯᠡᠨ | ᠥᠭᠡᠷᠡᠴᠢᠯᠡᠵᠤ ᠨᠠᠶᠢᠳᠠᠪᠤᠷᠢᠵᠢᠭᠤᠯᠬᠤ ᠶᠢ ᠲᠥᠪᠯᠡᠷᠡᠭᠦᠯᠦᠨᠰᠠᠶᠢᠲᠤᠷ ᠠᠳᠬᠤᠵᠤ᠂ ᠳᠦᠷᠢᠮ ᠲᠣᠭᠲᠠᠭᠠᠯ ᠢ ᠤᠯᠠᠮ | ᠨᠢᠭᠡ ᠠᠯᠬᠤᠮ ᠲᠡᠭᠦᠯᠳᠡᠷᠵᠢᠭᠦᠯᠦᠨ ᠪᠠᠶᠢᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠬᠡᠪᠰᠢᠭᠦᠯᠬᠦ ᠪᠠ ᠤᠷᠲᠤ | ᠬᠤᠭᠤᠴᠠᠭᠠᠨ ᠤ ᠪᠦᠲᠦᠮᠵᠢ ᠲᠠᠢ ᠪᠣᠯᠬᠤ ᠶᠢ ᠲᠦᠯᠬᠢᠨ ᠠᠬᠢᠭᠤᠯᠬᠤ ᠬᠡᠷᠡᠭᠲᠡᠢ᠃ ︽ᠭᠤᠷᠪᠠᠨ ᠴᠢᠩᠭ᠎ᠠ ᠭᠤᠷᠪᠠᠨ | ᠪᠣᠳᠠᠲᠠᠢ︾ ᠲᠤᠰᠬᠠᠢ ᠰᠡᠳᠦᠪᠲᠦ ᠬᠥᠮᠥᠵᠢᠯ ᠢ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠶᠢᠰᠦᠳᠦᠭᠡᠷ ᠬᠤᠭᠤᠴᠠᠭᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠪᠦᠬᠦ ᠭᠡᠰᠢᠭᠦᠨ ᠤ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠰᠣᠷᠣᠯᠴᠠᠨ ᠲᠤᠤᠱᠯᠠᠭᠤᠯᠵᠤ᠂ ︽13·5︾ ᠶᠢᠨ ᠲᠥᠯᠥᠪᠵᠢᠭᠦᠯᠭᠡ ᠶᠢᠨ | ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠰᠡᠳᠬᠢᠨ ᠰᠦᠪᠡᠭᠴᠢᠯᠡᠬᠦ ᠯᠦᠭᠡ ᠤᠶᠠᠯᠳᠤᠭᠤᠯᠵᠤ᠂ ᠺᠠᠳ᠋ᠷ ᠢ ᠴᠢᠩᠭ᠎ᠠ | ᠬᠥᠮᠥᠵᠢᠭᠦᠯᠬᠦ ᠪᠠ ᠬᠠᠮᠢᠶᠠᠷᠬᠤ ᠶᠢ ᠡᠯ᠎ᠡ ᠱᠠᠲᠤᠨ ᠤ ᠺᠠᠳ᠋ᠷ ᠤᠨ ᠴᠤᠭ ᠵᠢᠪᠬᠤᠭ᠎ᠠ ᠶᠢ ᠪᠠᠳᠠᠷᠠᠭᠤᠯᠬᠤ᠂ ᠰᠤᠷᠲᠠᠯ ᠢ | ᠰᠠᠶᠢᠲᠤᠷ ᠪᠣᠢ ᠪᠣᠯᠭᠠᠵᠤ᠂ ᠬᠡᠷᠡᠭᠵᠢᠭᠦᠯᠬᠦ ᠴᠢᠳᠠᠪᠤᠷᠢ ᠶᠢ ᠴᠢᠩᠭᠠᠳᠬᠠᠬᠤ ᠯᠤᠭ᠎ᠠ ᠤᠶᠠᠯᠳᠤᠭᠤᠯᠵᠤ᠂ ᠴᠢᠩᠭ᠎ᠠ ᠪᠠᠷ | ᠨᠠᠮ ᠢ ᠬᠠᠮᠢᠶᠠᠷᠬᠤ ᠨᠠᠮ ᠢ ᠵᠠᠰᠠᠬᠤ ᠡᠯ᠎ᠡ ᠲᠥᠷᠥᠯ ᠤᠨ ᠡᠭᠦᠷᠭᠡ ᠶᠢ ᠨᠠᠶᠢᠳᠠᠪᠤᠷᠢᠵᠢᠭᠤᠯᠬᠤ᠂ ᠨᠠᠮ ᠤᠨ | ᠪᠠᠶᠢᠭᠤᠯᠤᠯᠲᠠ ᠶᠢᠨ ᠠᠵᠢᠯ ᠤᠨ ᠲᠣᠰᠢᠶᠠᠯ ᠤᠨ ᠮᠡᠳᠡᠭᠦᠯᠦᠯᠲᠡ ᠳᠤ ᠦᠨᠡᠯᠡᠯᠲᠡ ᠬᠢᠵᠦ ᠰᠢᠯᠭᠠᠨ ᠬᠢᠨᠠᠬᠤ ᠲᠠᠢ | ᠤᠶᠠᠯᠳᠤᠭᠤᠯᠵᠤ ᠪᠠᠶᠢᠭᠠᠳ᠂ ᠲᠤᠰᠬᠠᠢ ᠰᠡᠳᠦᠪᠲᠦ ᠬᠥᠮᠥᠵᠢᠯ ᠢ ᠬᠦᠨᠳᠦᠳᠬᠡᠨ ᠡᠬᠢᠯᠡᠭᠦᠯᠵᠦ ᠲᠡᠭᠦᠰᠬᠡᠵᠦ᠂ ᠰᠠᠶᠢᠨ | ᠬᠢᠵᠦ ᠰᠠᠶᠢᠲᠤᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃ |