︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠶᠡᠷᠦᠩᠬᠡᠶ ᠲᠥᠰᠦᠯ︾᠎ ᠤᠨ ᠲᠣᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2015/12/2
    ᠡᠯ᠎ᠡ ᠠᠶᠢᠮᠠᠭ ᠬᠤᠲᠠ᠂ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠡᠯᠲᠡᠰ᠂ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠪᠣᠯᠣᠨ ᠡᠯ᠎ᠡ ᠠᠷᠠᠳ ᠤᠨ ᠪᠦᠯᠬᠦᠮ᠄     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠶᠡᠷᠦᠩᠬᠡᠶ ᠲᠥᠰᠦᠯ︾ ︵ᠳᠣᠷᠣᠭᠰᠢ ︽ᠶᠡᠷᠦᠩᠬᠡᠶ ᠲᠥᠰᠦᠯ︾ ᠭᠡᠵᠦ ᠲᠣᠪᠴᠢᠯᠠᠨ᠎ᠠ︶  ᠎ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ  ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃      ᠠᠯᠪᠠᠨ ᠲᠡᠷᠬᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠳᠥᠯᠭᠢᠨ ᠠᠬᠢᠭᠤᠯᠬᠤ ᠨᠢ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠠᠷᠪᠢᠯᠠᠨ ᠭᠠᠮᠨᠠᠬᠤ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠮᠥᠨ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠂ ᠠᠷᠤ ᠲᠠᠯ᠎ᠠ ᠶᠢᠨ ᠦᠢᠯᠡᠴᠢᠯᠡᠭᠡ ᠶᠢ ᠨᠡᠶᠢᠭᠡᠮᠴᠢᠯᠡᠬᠦ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠴᠢᠬᠤᠯᠠ ᠠᠭᠤᠯᠭ᠎ᠠ ᠮᠥᠨ᠂ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠳᠦᠷᠢ ᠲᠥᠷᠬᠦ ᠶᠢ ᠬᠠᠮᠠᠭᠠᠯᠠᠬᠤ ᠲᠤᠯᠭᠠᠮ᠎ᠠ ᠱᠠᠭᠠᠷᠳᠠᠯᠭ᠎ᠠ ᠪᠣᠯᠣᠨ᠎ᠠ᠃ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠶ ᠱᠦᠵᠢ ᠰᠢ ᠶᠢᠨ ᠫᠢᠩ᠂ ᠶᠡᠷᠦᠩᠬᠡᠶ ᠰᠠᠶᠢᠳ ᠯᠢ ᠺᠧ ᠴᠢᠶᠠᠩ ᠣᠯᠠᠨᠲᠠ ᠴᠢᠬᠤᠯᠠ ᠵᠢᠭᠠᠪᠤᠷᠢ ᠥᠭᠴᠦ᠂ ᠳᠤᠮᠳᠠᠳᠤ ᠤᠯᠤᠰ ᠎ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠲᠤᠰᠬᠠᠶ ᠵᠢᠯᠣᠭᠤᠳᠬᠤ ᠰᠠᠨᠠᠯ ᠨᠡᠶᠢᠲᠡᠯᠡᠵᠦ᠂ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠳᠥᠯᠭᠢᠨ ᠠᠬᠢᠭᠤᠯᠬᠤ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠶ ᠱᠦᠵᠢ ᠰᠢ ᠶᠢᠨ ᠫᠢᠩ᠂ ᠶᠡᠷᠦᠩᠬᠡᠶ ᠰᠠᠶᠢᠳ ᠯᠢ ᠺᠧ ᠴᠢᠶᠠᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠬᠤᠷᠢᠶ᠎ᠠ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠥᠪ  ᠬᠤᠷᠢᠶ᠎ᠠ ᠶᠢᠨ ᠱᠠᠭᠠᠷᠳᠠᠯᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ︽ᠶᠡᠷᠦᠩᠬᠡᠶ ᠲᠥᠰᠦᠯ︾᠎ ᠤᠨ ᠪᠠᠶᠢᠷᠢᠯᠠᠭᠤᠯᠤᠯᠲᠠ ᠶᠣᠰᠣᠭᠠᠷ᠂ ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠵᠦ᠂ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠳᠤ ᠳᠥᠭᠦᠮ ᠳᠥᠲᠡ ᠵᠦᠢ ᠵᠣᠬᠢᠰᠲᠠᠶ᠂ ᠵᠠᠮ ᠬᠠᠷᠢᠯᠴᠠᠭᠠᠨ ᠤ ᠵᠠᠷᠤᠳᠠᠯ ᠢ ᠠᠷᠪᠢᠯᠠᠨ ᠡᠵᠡᠮᠳᠡᠵᠦ ᠪᠣᠯᠬᠤ᠂ ᠲᠡᠷᠭᠡ ᠬᠥᠰᠬᠡ ᠶᠢᠨ ᠬᠠᠮᠢᠶᠠᠷᠤᠯᠲᠠ ᠨᠢ ᠳᠦᠷᠢᠮᠵᠢᠯ ᠲᠠᠢ ᠢᠯᠡ ᠲᠣᠳᠣ᠂ ᠬᠢᠨᠠᠨ ᠬᠠᠮᠢᠶᠠᠷᠴᠤ ᠬᠠᠷᠢᠭᠤᠴᠠᠯᠭ᠎ᠠ ᠨᠡᠬᠡᠮᠵᠢᠯᠡᠬᠦ ᠨᠢ ᠰᠢᠨᠵᠢᠯᠡᠬᠦ ᠤᠬᠠᠭᠠᠨᠴᠢ ᠪᠥᠭᠡᠳ ᠦᠷ᠎ᠡ ᠪᠦᠲᠦᠮᠵᠢᠲᠡᠶ ᠪᠠᠶᠢᠬᠤ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠳᠤ ᠨᠡᠶᠢᠴᠡᠭᠰᠡᠨ ᠠᠯᠪᠠᠨ ᠲᠡᠷᠭᠡ ᠬᠡᠷᠡᠭᠯᠡᠬᠦ ᠰᠢᠨ᠎ᠡ ᠳᠦᠷᠢᠮ ᠤᠨ ᠬᠠᠷᠠᠯᠲᠠ ᠱᠠᠭᠠᠷᠳᠠᠯᠭ᠎ᠠ ᠶᠢ ᠦᠨᠳᠦᠰᠦᠨ ᠳᠡᠭᠡᠨ ᠪᠣᠢ ᠪᠣᠯᠭᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠥᠭᠡᠷᠡᠴᠢᠯᠡᠯᠲᠡ ᠶᠢᠨ ᠲᠥᠰᠦᠯ ᠤᠨ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠤᠨ ᠢᠶᠠᠨ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠶᠡᠷᠦᠩᠬᠡᠶ ᠬᠠᠷᠢᠭᠤᠴᠠᠯᠭ᠎ᠠ ᠶᠢ ᠬᠠᠷᠢᠭᠤᠴᠠᠵᠤ᠂ ᠡᠯ᠎ᠡ ᠠᠶᠢᠮᠠᠭ ᠬᠤᠳᠠ ᠶᠢᠨ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ  ᠠᠵᠢᠯ ᠤᠨ ᠳᠤᠭᠤᠶᠢᠯᠠᠩ ᠤᠨ ᠬᠢᠨ ᠲᠥᠰᠦᠯ ᠨᠠᠶᠢᠷᠠᠭᠤᠯᠤᠨ ᠵᠣᠬᠢᠶᠠᠬᠤ᠂ ᠵᠣᠬᠢᠴᠠᠭᠤᠯᠵᠤ ᠲᠦᠯᠬᠢᠨ ᠠᠬᠢᠭᠤᠯᠬᠤ ᠶᠢ ᠬᠢᠨᠠᠮᠠᠭᠠᠢ ᠰᠠᠶᠢᠲᠤᠷ ᠬᠢᠵᠦ᠂ ᠥᠭᠡᠷᠡᠴᠢᠯᠡᠯᠲᠡ ᠶᠢᠨ ᠳᠤᠮᠳᠠ ᠭᠠᠷᠤᠭᠰᠠᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ︔ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠳᠤ ᠣᠷᠣᠯᠴᠠᠬᠤ ᠡᠯ᠎ᠡ ᠨᠢᠭᠡᠴᠡ ᠨᠢ ᠲᠤᠰᠬᠠᠶ ᠪᠠᠶᠢᠭᠤᠯᠤᠮᠵᠢ ᠪᠣᠯᠣᠨ ᠬᠥᠮᠦᠰ ᠢ ᠵᠢᠭᠠᠨ ᠲᠣᠭᠲᠠᠭᠠᠵᠤ ᠬᠠᠮᠢᠶ᠎ᠠ ᠪᠦᠬᠦᠢ ᠥᠭᠡᠷᠡᠴᠢᠯᠡᠯᠲᠡ ᠶᠢᠨ ᠠᠵᠢᠯ ᠤᠳ ᠢ ᠲᠦᠯᠬᠢᠨ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ︽ᠶᠡᠷᠦᠩᠬᠡᠶ ᠲᠥᠰᠦᠯ︾᠎ ᠳᠤ ᠲᠣᠭᠲᠠᠭᠠᠭᠰᠠᠨ ᠳᠡᠰ ᠳᠠᠷᠠᠭᠠᠯᠠᠯ᠂ ᠪᠠᠷᠢᠮᠵᠢᠶ᠎ᠠ ᠪᠣᠯᠤᠨ ᠴᠠᠭ ᠤᠨ ᠬᠢᠵᠠᠭᠠᠷ ᠤᠨ ᠱᠠᠭᠠᠷᠳᠠᠯᠭ᠎ᠠ ᠪᠠᠷ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠲᠦᠯᠬᠢᠨ ᠠᠬᠢᠭᠤᠯᠵᠤ᠂ ᠲᠡᠷᠭᠡ ᠬᠥᠰᠬᠡ ᠶᠢ ᠪᠢᠲᠡᠭᠦᠮᠵᠢᠯᠡᠨ ᠬᠠᠳᠠᠭᠠᠯᠠᠬᠤ ᠪᠠ ᠰᠢᠯᠵᠢᠭᠦᠯᠬᠦ᠂ ᠵᠢᠯᠣᠭᠤᠴᠢ ᠶᠢ ᠲᠥᠪᠬᠢᠨᠡᠭᠦᠯᠬᠦ᠂ ᠨᠥᠬᠦᠪᠥᠷᠢ ᠣᠯᠭᠤᠬᠤ ᠵᠢᠴᠢ ᠥᠭᠡᠷᠡᠴᠢᠯᠡᠯᠲᠡ ᠶᠢᠨ ᠳᠠᠷᠠᠭ᠎ᠠ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠶᠢ ᠪᠠᠲᠤᠯᠠᠬᠤ ᠵᠡᠷᠭᠡ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠦᠯᠡᠳᠡᠭᠡᠭᠰᠡᠨ ᠲᠡᠷᠭᠡ ᠬᠥᠰᠬᠡ ᠶᠢᠨ ᠣᠷᠣᠨ ᠲᠣᠭᠠᠨ ᠤ ᠬᠠᠮᠢᠶᠠᠷᠤᠯᠲᠠ ᠶᠢ ᠴᠢᠩᠭᠠᠳᠬᠠᠨ᠂ ᠡᠳᠦᠷ ᠲᠤᠳᠤᠮ ᠤᠨ ᠬᠠᠮᠢᠶᠠᠷᠤᠯᠲᠠ ᠶᠢᠨ ᠲᠥᠷᠢᠮ ᠢ ᠲᠡᠭᠦᠯᠳᠡᠷᠵᠢᠭᠦᠯᠬᠦ ᠬᠡᠷᠡᠭᠲᠡᠢ ︔ ᠰᠢᠢᠳᠪᠦᠷᠢᠯᠡᠬᠦ ᠭᠡᠵᠦ ᠪᠠᠶᠢᠭ᠎ᠠ ᠲᠡᠷᠭᠡ ᠬᠦᠰᠭᠡ ᠶᠢ ᠳᠦᠷᠢᠮᠵᠢᠭᠰᠡᠨ ᠪᠥᠭᠡᠳ ᠢᠯᠡ ᠲᠣᠳᠣ ᠪᠠᠶᠢᠯᠭᠠᠵᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠠᠯᠳᠠᠭᠳᠠᠯ ᠭᠠᠷᠬᠤ ᠠᠴᠠ ᠵᠠᠶᠢᠯᠠᠰᠬᠢᠬᠤ ᠬᠡᠷᠡᠭᠲᠡᠢ᠃      ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠵᠢᠴᠢ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠬᠠᠷᠢᠶ᠎ᠠ ᠪᠦᠬᠦᠢ ᠠᠵᠢᠯ ᠦᠢᠯᠡᠰ ᠤᠨ ᠨᠢᠭᠡᠴᠡ ᠶᠢᠨ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ 2015 ᠣᠨ ᠤ ᠰᠡᠭᠦᠯᠴᠢ ᠪᠠᠷ ᠦᠨᠳᠦᠰᠦᠨ ᠳᠡᠭᠡᠨ ᠪᠡᠶᠡᠯᠡᠭᠦᠯᠵᠦ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ 2016 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠦᠨᠳᠦᠰᠦᠨ ᠳᠡᠭᠡᠨ ᠪᠡᠶᠡᠯᠡᠭᠦᠯᠬᠦ ᠬᠡᠷᠡᠭᠲᠡᠢ᠃      ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠣᠭᠤᠳᠬᠤ ᠶᠢ ᠴᠢᠩᠭᠠᠳᠬᠠᠨ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠬᠤ ᠬᠡᠷᠡᠭᠲᠡᠢ᠃ ᠡᠯ᠎ᠡ ᠭᠠᠵᠠᠷ ᠣᠷᠣᠨ ᠤ ᠡᠯ᠎ᠡ ᠬᠤᠯᠪᠣᠭᠳᠠᠯ ᠪᠥᠬᠦᠢ ᠰᠠᠯᠠᠭ᠎ᠠ ᠮᠦᠴᠢᠷ ᠤᠳ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢᠨ ᠠᠵᠢᠯ ᠢ ᠦᠨᠡᠨ ᠬᠦ ᠴᠢᠩᠭᠠᠳᠬᠠᠵᠤ᠂ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠥᠭᠡᠷᠡᠴᠢᠯᠡᠯᠲᠡ ᠶᠢᠨ ᠵᠣᠷᠢᠯᠭ᠎ᠠ ᠪᠣᠯᠣᠨ ᠠᠴᠢ ᠬᠤᠯᠪᠣᠭᠳᠠᠯ ᠢ ᠲᠠᠶᠢᠯᠪᠤᠷᠢᠯᠠᠵᠤ᠂ ᠥᠭᠡᠷᠡᠴᠢᠯᠡᠯᠲᠡ ᠶᠢᠨ ᠠᠬᠢᠴᠠ ᠪᠣᠯᠣᠨ ᠠᠮᠵᠢᠯᠲᠠ ᠶᠢ ᠪᠦᠬᠦ ᠲᠠᠯ᠎ᠠ ᠪᠠᠷ ᠲᠠᠨᠢᠯᠴᠠᠭᠤᠯᠵᠤ᠂ ᠺᠠᠳ᠋ᠷ ᠠᠵᠢᠯᠲᠠᠨ ᠠᠵᠢᠯᠴᠢᠨ ᠪᠣᠯᠣᠨ ᠨᠡᠶᠢᠭᠡᠮ ᠤᠨ ᠠᠩᠬᠠᠷᠴᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠬᠠᠷᠢᠭᠤᠯᠵᠤ᠂ ᠥᠷᠭᠡᠨ ᠤᠯᠠᠨ ᠠᠯᠪᠠᠲᠠᠨ ᠪᠣᠯᠤᠨ ᠠᠷᠠᠳ ᠤᠯᠠᠨ ᠳᠤ ᠥᠭᠡᠷᠡᠴᠢᠯᠡᠯᠲᠡ ᠶᠢ ᠣᠶᠢᠯᠠᠭᠠᠭᠤᠯᠤᠨ ᠲᠡᠳᠡᠨ ᠢᠶᠠᠷ ᠳᠡᠮᠵᠢᠭᠦᠯᠵᠦ᠂ ᠥᠭᠡᠷᠡᠴᠢᠯᠡᠯᠲᠡ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠠᠯᠪᠠᠨ  ᠲᠡᠷᠭᠡ ᠬᠡᠷᠡᠭᠯᠡᠬᠦ ᠬᠠᠮᠢᠶᠠᠷᠤᠯᠲᠠ ᠶᠢᠨ ᠡᠯ᠎ᠡ ᠵᠦᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠣᠨᠴᠠᠭᠠᠶ ᠬᠡᠷᠡᠭᠴᠡᠭᠡ ᠲᠠᠢ ᠭᠡᠬᠦ ᠵᠡᠷᠭᠡ ᠰᠢᠯᠲᠠᠭᠠᠨ ᠢᠶᠠᠷ ᠬᠡᠯᠪᠡᠷᠢ ᠶᠢ ᠨᠢ ᠥᠭᠡᠷᠡᠲᠡᠭᠦᠯᠦᠨ ᠣᠷᠣᠨ ᠲᠤᠭ᠎ᠠ ᠠᠴᠠ ᠬᠡᠲᠦᠷᠡᠭᠦᠯᠦᠨ᠂ ᠪᠠᠷᠢᠮᠵᠢᠶ᠎ᠠ ᠠᠴᠠ ᠬᠡᠲᠦᠷᠡᠭᠦᠯᠦᠨ ᠠᠯᠪᠠᠨ ᠲᠡᠷᠭᠡ ᠲᠣᠬᠢᠷᠠᠭᠤᠯᠵᠤ ᠪᠣᠯᠬᠤ ᠦᠭᠡᠢ᠂ ᠬᠠᠷᠢᠶ᠎ᠠ ᠨᠢᠭᠡᠴᠡ ᠪᠤᠶᠤ ᠪᠤᠰᠤᠳ ᠨᠢᠭᠡᠴᠡ ᠪᠣᠯᠣᠨ ᠬᠤᠪᠢ ᠬᠥᠮᠦᠨ ᠤ ᠮᠠᠰᠢᠨ ᠲᠡᠷᠭᠡ ᠶᠢ ᠶᠠᠮᠠᠷᠪᠠ ᠬᠡᠯᠪᠡᠷᠢ ᠪᠠᠷ ᠰᠣᠯᠢᠵᠤ ᠬᠡᠷᠡᠭᠯᠡᠬᠦ᠂ ᠵᠢᠭᠡᠯᠡᠨ ᠬᠡᠷᠡᠭᠯᠡᠬᠦ᠂ ᠡᠵᠡᠯᠡᠨ ᠬᠡᠷᠡᠭᠯᠡᠵᠦ ᠪᠣᠯᠬᠤ ᠦᠭᠡᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ  ᠪᠣᠯᠣᠨ ᠬᠤᠪᠢ ᠬᠥᠮᠦᠨ ᠤ ᠪᠡᠯᠡᠭᠯᠡᠨ ᠬᠦᠷᠭᠡᠭᠰᠡᠨ ᠲᠡᠷᠭᠡ ᠶᠢ ᠬᠦᠯᠢᠶᠡᠨ ᠠᠪᠴᠤ ᠪᠣᠯᠬᠤ ᠦᠭᠡᠶ᠂ ᠬᠠᠤᠯᠢ  ᠬᠡᠷᠡᠭᠵᠢᠭᠦᠯᠵᠦ ᠡᠭᠦᠷᠭᠡ ᠭᠦᠢᠴᠡᠳᠬᠡᠬᠦ᠂ ᠴᠢᠬᠤᠯᠠ ᠨᠢᠭᠤᠴᠠ ᠴᠢᠮᠡᠭᠡ ᠨᠡᠪᠲᠡᠷᠡᠯᠭᠡ ᠵᠡᠷᠭᠡ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢ ᠶᠠᠮᠠᠷ ᠴᠤ ᠰᠢᠯᠲᠠᠭ ᠢᠶᠠᠷ ᠬᠡᠷᠡᠭᠴᠡᠭᠡ ᠠᠴᠠ ᠵᠦᠷᠢᠴᠡᠨ ᠬᠡᠷᠡᠭᠯᠡᠬᠦ ᠪᠤᠶᠤ ᠬᠤᠪᠢ ᠬᠥᠮᠦᠨ ᠳᠤ ᠥᠭᠴᠦ ᠲᠣᠭᠲᠠᠮᠠᠯ ᠢᠶᠠᠷ ᠬᠡᠷᠡᠭᠯᠡᠭᠦᠯᠵᠦ ᠪᠣᠯᠬᠤ ᠦᠭᠡᠢ᠂ ᠵᠠᠮ ᠬᠠᠷᠢᠯᠴᠠᠭᠠᠨ ᠤ ᠨᠥᠬᠦᠪᠥᠷᠢ ᠶᠢᠨ ᠨᠡᠷ᠎ᠡ ᠪᠠᠷ ᠬᠡᠯᠪᠡᠷᠢ ᠶᠢ ᠨᠢ ᠥᠭᠡᠷᠡᠲᠡᠭᠦᠯᠦᠨ ᠠᠰᠠᠷᠠᠮᠵᠢ ᠣᠯᠭᠤᠵᠤ ᠪᠣᠯᠬᠤ ᠦᠭᠡᠢ᠂ ᠠᠯᠪᠠᠨ ᠶᠠᠪᠤᠳᠠᠯ ᠤᠨ ᠵᠠᠮ ᠬᠠᠷᠢᠯᠴᠠᠭᠠᠨ ᠤ ᠨᠥᠬᠦᠪᠥᠷᠢ ᠠᠪᠣᠭᠰᠠᠨ ᠮᠥᠷᠲᠡᠭᠡᠨ ᠪᠠᠰᠠ ᠲᠣᠭᠲᠠᠭᠠᠯ ᠠᠴᠠ ᠵᠥᠷᠢᠴᠡᠨ ᠠᠯᠪᠠᠨ ᠲᠡᠷᠭᠡᠨ ᠳᠤ ᠰᠠᠭᠤᠵᠤ ᠪᠣᠯᠬᠤ ᠦᠭᠡᠢ ᠵᠡᠷᠭᠡ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠠᠯᠪᠠᠨ ᠲᠡᠷᠭᠡ ᠶᠢᠨ ᠬᠠᠮᠢᠶᠠᠷᠤᠯᠲᠠ ᠶᠢᠨ ᠨᠡᠪᠲᠡᠷᠡᠭᠦᠯᠬᠦ ᠳᠦᠷᠢᠮ ᠢ ᠪᠠᠶᠢᠭᠤᠯᠤᠨ᠂ ᠠᠯᠪᠠᠨ ᠲᠡᠷᠭᠡ ᠲᠣᠬᠢᠷᠠᠭᠤᠯᠬᠤ᠂ ᠠᠷᠠᠴᠢᠯᠠᠨ ᠬᠠᠮᠠᠭᠠᠯᠠᠬᠤ ᠵᠡᠷᠭᠡ ᠪᠠᠶᠢᠳᠠᠯ ᠢ ᠵᠠᠰᠠᠭ ᠤᠨ ᠶᠠᠪᠤᠳᠠᠯ ᠢ ᠢᠯᠡ ᠪᠣᠯᠭᠠᠬᠤ ᠬᠦᠷᠢᠶ᠎ᠡ ᠬᠡᠪᠴᠢᠶᠡᠨ ᠳᠤ ᠣᠷᠣᠭᠤᠯᠬᠤ ᠬᠡᠷᠡᠭᠲᠡᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠬᠤᠷᠢᠶ᠎ᠠ ᠶᠢᠨ ᠠᠯᠪᠠᠨ ᠲᠢᠩᠬᠢᠮ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ 2015 ᠣᠨ ᠤ 11 ᠳ᠋ᠦ᠋ᠭᠡᠷ ᠰᠠᠷ᠎ᠠ ᠶᠢᠨ 29᠎ ᠤ ᠡᠳᠦᠷ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠶᠡᠷᠦᠩᠬᠡᠶ ᠲᠥᠰᠦᠯ      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ᠂ ᠳᠥᠷᠪᠡᠳᠦᠭᠡᠷ ᠪᠦᠭᠦᠳᠡ ᠬᠤᠷᠠᠯ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ︽ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ ᠭᠠᠮᠨᠠᠬᠤ ᠶᠢ ᠡᠷᠬᠢᠮᠯᠡᠨ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠳᠦᠷᠢᠮ︾᠎ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠠᠯᠪᠠᠨ ᠲᠡᠷᠭᠡ ᠬᠡᠷᠡᠭᠯᠡᠬᠦ ᠰᠢᠨ᠎ᠡ ᠲᠦᠷᠢᠮ ᠢ ᠲᠦᠷᠭᠡᠨ ᠪᠠᠶᠢᠭᠤᠯᠵᠤ᠂ ᠵᠠᠰᠠᠭ ᠵᠠᠬᠢᠷᠭᠠᠨ ᠤ ᠥᠪᠡᠷ ᠤᠨ ᠦᠷᠳᠡᠭ ᠢ ᠪᠦᠲᠦᠮᠵᠢᠲᠡᠶ ᠪᠠᠭᠤᠷᠠᠭᠤᠯᠤᠨ᠂ ︽ ︿ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠳᠥᠯᠭᠢᠨ ᠠᠬᠢᠭᠤᠯᠬᠤ ᠲᠤᠬᠠᠶ ᠵᠢᠯᠣᠭᠤᠳᠬᠤ ᠰᠠᠨᠠᠯ﹀᠎ ᠢ ᠳᠠᠷᠤᠮᠠᠯᠯᠠᠨ ᠲᠠᠷᠬᠠᠭᠠᠬᠤ ᠮᠡᠳᠡᠭᠳᠡᠯ︾ ︵ᠲᠥᠪ ᠠᠯᠪᠠᠨ ᠲᠠᠷᠬᠠᠭᠠᠭᠰᠠᠨ ﹇2014﹈ 40 ᠳ᠋ᠦ᠋ᠭᠡᠷ ᠲᠣᠭᠠᠲᠤ︶᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠤᠰ ᠲᠥᠰᠦᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ᠂ ᠶᠡᠷᠦᠩᠬᠡᠶ ᠬᠠᠷᠠᠯᠲᠠ ᠪᠣᠯᠣᠨ ᠦᠨᠳᠦᠰᠦᠨ ᠵᠠᠷᠴᠢᠮ      ︵ᠨᠢᠭᠡ︶ ᠵᠢᠯᠣᠭᠤᠳᠬᠤ ᠦᠵᠡᠯ ᠰᠠᠨᠠᠭ᠎ᠠ      ᠠᠷᠪᠢᠯᠠᠨ ᠭᠠᠮᠨᠠᠬᠤ ᠶᠢ ᠡᠷᠬᠢᠮᠯᠡᠨ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠲᠤᠬᠠᠶ ᠲᠥᠪ  ᠬᠤᠷᠢᠶ᠎ᠠ ᠶᠢᠨ ᠱᠠᠭᠠᠷᠳᠠᠯᠭ᠎ᠠ ᠪᠣᠯᠤᠨ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠳᠥᠯᠭᠢᠨ ᠠᠬᠢᠭᠤᠯᠬᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠨᠡᠶᠢᠭᠡᠮᠴᠢᠯᠡᠬᠦ᠂ ᠵᠠᠬ᠎ᠠ ᠳᠡᠯᠭᠡᠭᠦᠷᠴᠢᠯᠡᠬᠦ ᠴᠢᠭᠯᠡᠯ ᠢ ᠪᠠᠷᠢᠮᠲᠠᠯᠠᠵᠤ᠂ ᠤᠳᠦ ᠶᠢᠨ ᠠᠯᠪᠠᠨ ᠲᠡᠷᠭᠡ ᠬᠡᠷᠡᠭᠯᠡᠬᠦ ᠳᠦᠷᠢᠮ ᠢ ᠥᠭᠡᠷᠡᠴᠢᠯᠡᠵᠦ᠂ ᠠᠯᠪᠠᠨ ᠲᠡᠷᠭᠡᠨ ᠤ ᠡᠬᠢ ᠪᠠᠶᠠᠯᠢᠭ ᠢ ᠵᠦᠢ ᠵᠣᠬᠢᠰᠲᠠᠶ ᠲᠣᠬᠢᠷᠠᠭᠤᠯᠤᠨ᠂ ᠵᠠᠰᠠᠭ ᠵᠠᠬᠢᠷᠭᠠᠨ ᠤ ᠥᠪᠡᠷ ᠤᠨ ᠦᠷᠳᠡᠭ ᠢ ᠪᠦᠲᠦᠮᠵᠢᠲᠡᠶ ᠪᠠᠭᠤᠷᠠᠭᠤᠯᠵᠤ᠂  ᠮᠠᠨ ᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠪᠣᠯᠣᠨ ᠣᠷᠣᠨ ᠪᠦᠰᠡ ᠶᠢᠨ ᠣᠷᠴᠢᠨ ᠲᠣᠭᠤᠷᠢᠨ ᠤ ᠪᠣᠳᠠᠲᠤ ᠪᠠᠶᠢᠳᠠᠯ ᠳᠤ ᠲᠣᠬᠢᠷᠠᠭᠰᠠᠨ ᠠᠯᠪᠠᠨ ᠲᠡᠷᠭᠡ ᠬᠡᠷᠡᠭᠯᠡᠬᠦ ᠰᠢᠨ᠎ᠡ ᠳᠦᠷᠢᠮ ᠢ ᠠᠯᠬᠤᠮ ᠠᠯᠬᠤᠮ ᠢᠶᠠᠷ ᠪᠠᠶᠢᠭᠤᠯᠤᠨ᠂ ᠠᠷᠢᠭᠤᠨ ᠴᠢᠬᠡᠴᠢ ᠬᠡᠯᠪᠡᠷᠢ ᠶᠢᠨ ᠪᠠᠶᠢᠭᠤᠯᠭ᠎ᠠ ᠪᠣᠯᠣᠨ ᠠᠷᠪᠢᠯᠠᠨ ᠭᠠᠮᠨᠠᠬᠤ ᠬᠡᠯᠪᠡᠷᠢ ᠶᠢᠨ ᠨᠡᠶᠢᠭᠡᠮ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠠᠢ ᠲᠦᠯᠬᠢᠨ ᠠᠬᠢᠭᠤᠯᠤᠨ᠎ᠠ᠃      ︵ᠬᠤᠶᠠᠷ︶ ᠶᠡᠷᠦᠩᠬᠡᠶ ᠬᠠᠷᠠᠯᠲᠠ      2015 ᠣᠨ ᠤ ᠵᠢᠯ ᠤᠨ ᠡᠴᠦᠰ ᠠᠴᠠ ᠡᠮᠦᠨ᠎ᠡ᠂ ᠪᠦᠬᠦ ᠣᠷᠣᠨ ᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠪᠣᠯᠣᠨ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠭᠡᠴᠡ ᠶᠢᠨ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠵᠦ᠂ ᠲᠥᠪ ᠬᠤᠷᠢᠶ᠎ᠠ ᠶᠢᠨ ᠲᠣᠭᠲᠠᠭᠠᠭᠰᠠᠨ ᠬᠤᠭᠤᠴᠠᠭ᠎ᠠ ᠶᠣᠰᠣᠭᠠᠷ᠂ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠬᠤ ᠦᠭᠡᠢ ᠠᠵᠢᠯ ᠦᠢᠯᠡᠰ ᠤᠨ ᠨᠢᠭᠡᠴᠡ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠴᠠᠭ ᠬᠤᠭᠤᠴᠠᠭ᠎ᠠ ᠶᠢ ᠦᠵᠡᠵᠦ ᠪᠠᠶᠢᠭᠠᠳ ᠡᠬᠢᠯᠡᠭᠦᠯᠦᠨ᠎ᠡ᠃ ᠥᠭᠡᠷᠡᠴᠢᠯᠡᠯᠲᠡ ᠬᠢᠬᠦ ᠪᠠᠷ ᠳᠠᠮᠵᠢᠭᠤᠯᠤᠨ᠂ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠳᠤ ᠳᠥᠭᠦᠮ ᠳᠥᠲᠡ ᠵᠦᠢ ᠵᠣᠬᠢᠰᠲᠠᠶ᠂ ᠵᠠᠮ ᠬᠠᠷᠢᠯᠴᠠᠭᠠᠨ ᠤ ᠵᠠᠷᠤᠳᠠᠯ ᠢ ᠠᠷᠪᠢᠯᠠᠨ ᠡᠵᠡᠮᠳᠡᠵᠦ ᠪᠣᠯᠬᠤ᠂ ᠲᠡᠷᠭᠡ ᠬᠥᠰᠬᠡ ᠶᠢᠨ ᠬᠠᠮᠢᠶᠠᠷᠤᠯᠲᠠ ᠎ ᠨᠢ ᠳᠦᠷᠢᠮᠵᠢᠯ ᠲᠠᠢ ᠪᠥᠭᠡᠳ ᠢᠯᠡ ᠲᠣᠳᠣ᠂ ᠬᠢᠨᠠᠨ ᠬᠠᠮᠢᠶᠠᠷᠴᠤ ᠬᠠᠷᠢᠭᠤᠴᠠᠯᠭ᠎ᠠ ᠨᠡᠬᠡᠮᠵᠢᠯᠡᠬᠦ ᠨᠢ ᠰᠢᠨᠵᠢᠯᠡᠬᠦ ᠤᠬᠠᠭᠠᠨᠴᠢ ᠪᠥᠭᠡᠳ ᠦᠷ᠎ᠡ ᠪᠦᠲᠦᠮᠵᠢᠲᠡᠶ ᠪᠠᠶᠢᠬᠤ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠳᠤ ᠨᠡᠶᠢᠴᠡᠭᠰᠡᠨ ᠠᠯᠪᠠᠨ ᠲᠡᠷᠭᠡ ᠬᠡᠷᠡᠭᠯᠡᠬᠦ ᠰᠢᠨ᠎ᠡ ᠳᠦᠷᠢᠮ ᠢ ᠦᠨᠳᠦᠰᠦᠨ ᠳᠡᠭᠡᠨ ᠪᠣᠢ ᠪᠣᠯᠭᠠᠨ᠎ᠠ᠃       ︵ᠭᠤᠷᠪᠠ︶ ᠦᠨᠳᠦᠰᠦᠨ ᠵᠠᠷᠴᠢᠮ      1.ᠳᠦᠷᠢᠮ ᠤᠨ ᠰᠢᠨ᠎ᠡ ᠶᠢ ᠡᠭᠦᠳᠬᠦ ᠶᠢ ᠪᠠᠷᠢᠮᠳᠠᠯᠠᠵᠤ᠂ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠶᠢ ᠪᠠᠲᠤᠯᠠᠬᠤ ᠬᠡᠷᠡᠭᠲᠡᠢ᠃ ᠠᠯᠪᠠᠨ ᠲᠡᠷᠭᠡ ᠬᠡᠷᠡᠭᠯᠡᠬᠦ ᠳᠤ ᠪᠣᠳᠠᠲᠤ ᠪᠣᠳᠠᠰ ᠬᠠᠩᠭᠠᠬᠤ ᠠᠷᠭ᠎ᠠ ᠮᠠᠶ᠋ᠢᠭ ᠢ ᠦᠭᠡᠷᠡᠴᠢᠯᠡᠨ᠂ ᠡᠩ ᠤᠨ ᠠᠯᠪᠠᠨ ᠶᠠᠪᠤᠳᠠᠯ ᠳᠤ ᠲᠡᠷᠭᠡ ᠬᠡᠷᠡᠭᠯᠡᠬᠦ ᠶᠢ ᠬᠦᠴᠦᠨ ᠦᠭᠡᠢ ᠪᠣᠯᠭᠠᠵᠤ᠂ ᠶᠡᠷᠦ ᠶᠢᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠠᠷᠭ᠎ᠠ ᠮᠠᠶ᠋ᠢᠭ ᠢ ᠠᠯᠪᠠᠲᠠᠨ ᠦᠪᠡᠰᠦᠪᠡᠨ ᠰᠤᠩᠭᠤᠵᠤ᠂ ᠨᠡᠶᠢᠭᠡᠮᠴᠢᠯᠡᠭᠰᠡᠨ ᠬᠠᠩᠭᠠᠯᠲᠠ ᠪᠠ ᠵᠣᠬᠢᠬᠤ ᠬᠡᠮᠵᠢᠶᠡᠨ ᠤ ᠵᠠᠮ ᠬᠠᠷᠢᠴᠯᠠᠭᠠᠨ ᠤ ᠵᠠᠷᠤᠳᠠᠯ ᠤᠨ ᠨᠦᠬᠦᠪᠦᠷᠢ ᠮᠦᠩᠭᠦ ᠦᠭᠬᠦ ᠶᠢ ᠬᠡᠷᠡᠭᠵᠢᠭᠦᠯᠦᠨ᠎ᠡ᠃ ᠲᠣᠭᠲᠠᠭᠰᠠᠨ ᠴᠢᠭᠯᠡᠯᠲᠦ ᠪᠠᠲᠤᠯᠠᠭ᠎ᠠ ᠶᠢᠨ ᠠᠯᠪᠠᠨ ᠲᠡᠷᠭᠡ ᠶᠢ ᠴᠢᠩᠭ᠎ᠠ ᠲᠣᠬᠢᠷᠠᠭᠤᠯᠵᠤ᠂ ᠬᠡᠪ ᠤᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠶᠢ ᠥᠨᠡᠨᠬᠦ ᠪᠠᠲᠤᠯᠤᠨ᠎ᠠ᠃      2. ᠨᠢᠭᠡᠳᠦᠯᠲᠡᠶ ᠲᠥᠯᠥᠪᠯᠡᠨ ᠬᠠᠮᠲᠤ ᠳᠤᠨᠢ ᠬᠠᠷᠠᠭᠠᠯᠵᠠᠬᠤ ᠶᠢ ᠪᠠᠷᠢᠮᠳᠠᠯᠠᠵᠤ᠂ ᠲᠥᠷᠦ ᠶᠢᠨ ᠪᠣᠳᠤᠯᠭ᠎ᠠ ᠶᠢᠨ ᠢᠵᠢ ᠪᠦᠷᠢᠳᠦᠭᠦᠯᠬᠦ ᠶᠢ ᠴᠢᠬᠤᠯᠠᠴᠢᠯᠠᠬᠤ ᠬᠡᠷᠡᠭᠲᠡᠢ᠃ ᠠᠯᠪᠠᠨ ᠲᠡᠷᠭᠡ ᠬᠡᠷᠡᠭᠯᠡᠬᠦ ᠳᠦᠷᠢᠮ ᠤᠨ ᠦᠭᠡᠷᠡᠴᠢᠯᠡᠯᠲᠡ ᠶᠢᠨ ᠲᠤᠬᠠᠢ ᠲᠥᠪ ᠬᠤᠷᠢᠶᠠᠨ ᠤ ᠰᠢᠢᠳᠪᠦᠷᠢᠲᠤ ᠪᠣᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠠᠯᠠᠭᠤᠯᠵᠤ ᠨᠠᠶᠢᠳᠠᠪᠤᠷᠢᠵᠢᠭᠤᠯᠤᠨ᠂ ᠭᠠᠳᠠᠭᠰᠢ ᠭᠠᠷᠬᠤ ᠡᠯ᠎ᠡ ᠵᠦᠢᠯ ᠤᠨ ᠨᠦᠭᠦᠴᠡᠯ ᠢ ᠶᠡᠷᠦᠩᠬᠡᠶᠢᠯᠡᠨ ᠪᠣᠳᠤᠯᠬᠢᠯᠠᠵᠤ᠂ ᠠᠯᠪᠠᠨ ᠲᠡᠷᠭᠡ ᠬᠡᠷᠡᠭᠯᠡᠬᠦ ᠳᠦᠷᠢᠮ ᠤᠨ ᠦᠭᠡᠷᠡᠴᠢᠯᠡᠯᠲᠡ ᠶᠢᠨ ᠲᠥᠰᠦᠯ ᠪᠠ ᠢᠵᠢ ᠪᠦᠷᠢᠳᠦᠭᠰᠡᠨ ᠲᠥᠷᠦ ᠶᠢᠨ ᠪᠣᠳᠤᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠦᠭᠡᠷᠡᠴᠢᠯᠡᠯᠲᠡ ᠳᠤ ᠬᠤᠯᠪᠤᠭᠳᠠᠭᠰᠠᠨ ᠡᠯ᠎ᠡ ᠲᠠᠯ᠎ᠠ ᠶᠢᠨ ᠠᠰᠢᠭ ᠲᠤᠰᠠ ᠶᠢᠨ ᠬᠠᠷᠢᠴᠠᠭ᠎ᠠ ᠶᠢ ᠲᠣᠬᠢᠲᠠᠶ ᠰᠢᠢᠳᠪᠦᠷᠢᠯᠡᠵᠦ᠂ ᠰᠢᠨ᠎ᠡ ᠬᠠᠭᠤᠴᠢᠨ ᠲᠣᠭᠲᠠᠴᠠ ᠶᠢᠨ ᠲᠣᠭᠲᠠᠭᠤᠨ ᠢᠶᠠᠷ ᠰᠢᠯᠵᠢᠬᠦ᠂ ᠣᠷᠭᠠᠨᠢᠭ ᠢᠶᠠᠷ ᠵᠣᠯᠭᠠᠭᠤᠯᠬᠤ ᠶᠢ ᠪᠠᠲᠤᠯᠠᠨ᠎ᠠ᠃      3. ᠨᠢᠭᠡᠳᠦᠯᠲᠡᠶ ᠪᠠᠶᠢᠷᠢᠯᠠᠭᠤᠯᠵᠤ᠂ ᠲᠦᠷᠦᠯ ᠬᠤᠪᠢᠶᠠᠨ ᠠᠯᠬᠤᠮ ᠳᠠᠷᠠᠭ᠎ᠠ ᠲᠠᠢ ᠪᠠᠷ ᠲᠦᠯᠬᠢᠨ ᠠᠬᠢᠭᠤᠯᠬᠤ ᠶᠢ ᠪᠠᠷᠢᠮᠳᠠᠯᠠᠬᠤ ᠬᠡᠷᠡᠭᠲᠡᠢ᠃ ᠲᠥᠪ ᠬᠤᠷᠢᠶᠠᠨ ᠤ ᠱᠠᠭᠠᠷᠳᠠᠯᠭ᠎ᠠ ᠶᠣᠰᠤᠭᠠᠷ᠂ ᠤᠷᠢᠳᠠᠪᠡᠷ ᠦᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠪᠠ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠭᠡᠴᠡ ᠳᠤ ᠠᠯᠪᠠᠨ ᠲᠡᠷᠭᠡ ᠬᠡᠷᠡᠭᠯᠡᠬᠦ ᠳᠦᠷᠢᠮ ᠤᠨ ᠦᠭᠡᠷᠡᠴᠢᠯᠡᠯᠲᠡ ᠶᠢ ᠠᠬᠢᠭᠤᠯᠵᠤ᠂ ᠨᠢᠭᠡᠴᠡ ᠶᠢᠨ ᠠᠯᠪᠠᠨ ᠲᠡᠷᠭᠡ ᠬᠡᠷᠡᠭᠯᠡᠬᠦ ᠳᠦᠷᠢᠮ ᠤᠨ ᠦᠭᠡᠷᠡᠴᠢᠯᠡᠯᠲᠡ ᠶᠢ ᠬᠠᠷᠢᠶᠠᠲᠤ ᠭᠠᠵᠠᠷ ᠤᠨ ᠵᠠᠷᠴᠢᠮ ᠶᠣᠰᠤᠭᠠᠷ ᠠᠬᠢᠭᠤᠯᠬᠤ ᠶᠢ ᠦᠪᠡᠷᠲᠡᠭᠡᠨ ᠵᠠᠰᠠᠬᠤ ᠤᠷᠤᠨ ᠠᠴᠠ ᠰᠢᠭᠤᠳ ᠬᠠᠮᠢᠶᠠᠷᠴᠤ᠂ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠬᠤ ᠦᠭᠡᠢ ᠠᠵᠢᠯ ᠦᠢᠯᠡᠰ ᠤᠨ ᠨᠢᠭᠡᠴᠡ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠯᠪᠠᠨ ᠲᠡᠷᠭᠡ ᠬᠡᠷᠡᠭᠯᠡᠬᠦ ᠳᠦᠷᠢᠮ ᠤᠨ ᠦᠭᠡᠷᠡᠴᠢᠯᠡᠯᠲᠡ ᠶᠢ ᠲᠥᠪ ᠬᠤᠷᠢᠶ᠎ᠠ ᠪᠠ ᠦᠪᠡᠷᠲᠡᠭᠡᠨ ᠵᠠᠰᠠᠬᠤ ᠤᠷᠤᠨ ᠤ ᠪᠠᠶᠢᠷᠢᠯᠠᠭᠤᠯᠤᠯᠲᠠ ᠶᠣᠰᠤᠭᠠᠷ ᠡᠮᠬᠢ ᠵᠢᠷᠤᠮ ᠲᠠᠢ ᠪᠠᠷ ᠠᠬᠢᠭᠤᠯᠤᠨ᠎ᠠ᠃      4. ᠭᠠᠮᠨᠠᠨ ᠠᠷᠪᠢᠯᠠᠵᠤ᠂ ᠰᠢᠨᠵᠢᠯᠡᠬᠦ ᠤᠬᠠᠭᠠᠨᠴᠢ ᠪᠠᠷ ᠲᠥᠰᠦᠯ ᠲᠣᠭᠲᠠᠭᠠᠬᠤ ᠶᠢ ᠪᠠᠷᠢᠮᠳᠠᠯᠠᠬᠤ ᠬᠡᠷᠡᠭᠲᠡᠢ᠃  ︽ᠠᠷᠪᠢᠯᠠᠨ ᠭᠠᠮᠨᠠᠬᠤ ᠳᠤ ᠠᠰᠢᠭᠲᠠᠢ᠂ ᠠᠵᠢᠯᠯᠠᠬᠤ ᠳᠤ ᠠᠰᠢᠭᠲᠠᠢ᠂ ᠠᠷᠢᠭᠤᠨ ᠴᠢᠭᠡᠴᠢ ᠪᠠᠷ ᠵᠠᠰᠠᠭ ᠪᠠᠷᠢᠬᠤ ᠳᠤ ᠠᠰᠢᠭᠲᠠᠢ᠂ ᠲᠣᠭᠳᠠᠭᠤᠨ ᠪᠠᠶᠢᠯᠭᠠᠬᠤ ᠳᠤ ᠠᠰᠢᠭᠲᠠᠢ︾ ᠦᠭᠡᠷᠡᠴᠢᠯᠡᠯᠲᠡ ᠶᠢᠨ ᠬᠠᠷᠠᠯᠲᠠ ᠶᠢᠨ ᠬᠠᠨᠳᠤᠰᠢ ᠶᠢ ᠡᠵᠡᠮᠰᠢᠵᠦ᠂ ᠦᠭᠡᠷᠡᠴᠢᠯᠡᠯᠲᠡ ᠶᠢᠨ ᠲᠦᠰᠦᠯ ᠪᠠ ᠬᠠᠮᠢᠶ᠎ᠠ ᠪᠦᠬᠦᠢ ᠢᠵᠢ ᠪᠦᠷᠢᠳᠦᠭᠰᠡᠨ ᠲᠥᠷᠦ ᠶᠢᠨ ᠪᠣᠳᠤᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ᠃ ᠲᠥᠪ ᠤᠨ ᠱᠠᠭᠠᠷᠳᠠᠯᠭ᠎ᠠ ᠶᠣᠰᠤᠭᠠᠷ᠂ ᠦᠪᠡᠷᠲᠡᠭᠡᠨ ᠵᠠᠰᠠᠬᠤ ᠤᠷᠤᠨ ᠤ ᠪᠦᠬᠦᠯᠢ ᠴᠣᠭᠴᠠ ᠪᠠ ᠦᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠵᠠᠷᠤᠯᠭ᠎ᠠ ᠪᠠᠨ ᠠᠷᠪᠢᠯᠠᠬᠤ ᠨᠤᠷᠮ᠎ᠠ ᠶᠢ ᠵᠠᠷᠴᠢᠮ ᠳᠡᠭᠡᠷ᠎ᠡ ᠪᠠᠨ 7%᠎ ᠳᠤ ᠬᠦᠷᠦᠭᠦᠯᠦᠨ᠎ᠡ᠃      ᠬᠤᠶᠠᠷ᠂ ᠭᠤᠣᠯ ᠡᠭᠦᠷᠭᠡ      ︵ᠨᠢᠭᠡ︶ ᠦᠭᠡᠷᠡᠴᠢᠯᠡᠯᠲᠡ ᠳᠤ ᠤᠷᠤᠯᠴᠠᠬᠤ ᠬᠦᠷᠢᠶ᠎ᠡ ᠬᠡᠪᠴᠢᠶ᠎ᠡ      1. ᠪᠠᠶᠢᠭᠤᠯᠤᠮᠵᠢ ᠶᠢᠨ ᠬᠦᠷᠢᠶ᠎ᠡ ᠬᠡᠪᠴᠢᠶ᠎ᠡ᠃ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ︵ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ᠂ ᠤᠯᠤᠰ ᠲᠥᠷᠦ ᠶᠢᠨ ᠵᠦᠪᠯᠡᠯᠭᠡᠨ᠂ ᠰᠢᠭᠦᠨ ᠲᠠᠰᠤᠯᠠᠬᠤ᠂ ᠪᠠᠶᠢᠴᠠᠭᠠᠬᠤ ᠪᠠᠶᠢᠭᠤᠯᠭ᠎ᠠ᠂ ᠡᠯ᠎ᠡ ᠠᠷᠠᠳᠴᠢᠯᠠᠭᠰᠠᠨ ᠨᠠᠮ ᠪᠦᠯᠦᠭ ᠪᠠ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠯᠪᠠᠳᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠷᠠᠳ ᠤᠨ ᠪᠦᠯᠬᠦᠮ᠂ ᠤᠯᠠᠨ ᠲᠦᠮᠡᠨ ᠤ ᠪᠦᠯᠬᠦᠮ᠂ ᠠᠵᠢᠯ ᠦᠢᠯᠡᠰ ᠤᠨ ᠨᠢᠭᠡᠴᠡ ᠪᠠᠭᠲᠠᠨ᠎ᠠ᠂ ᠳᠣᠷᠤᠭᠰᠢ ᠠᠳᠠᠯᠢ︶ ᠪᠦᠬᠦᠨ ᠦᠭᠡᠷᠡᠴᠢᠯᠡᠯᠲᠡ ᠳᠤ ᠣᠷᠤᠯᠴᠠᠨ᠎ᠠ᠃ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠬᠤ ᠦᠭᠡᠢ ᠠᠵᠢᠯ ᠦᠢᠯᠡᠰ ᠤᠨ ᠨᠢᠭᠡᠴᠡ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠯᠪᠠᠨ ᠲᠡᠷᠭᠡ ᠬᠡᠷᠡᠭᠯᠡᠬᠦ ᠳᠦᠷᠢᠮ ᠤᠨ ᠦᠭᠡᠷᠡᠴᠢᠯᠡᠯᠲᠡ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠲᠡᠷᠭᠡ ᠬᠡᠷᠡᠭᠯᠡᠬᠦ ᠳᠦᠷᠢᠮ ᠤᠨ ᠦᠭᠡᠷᠡᠴᠢᠯᠡᠯᠲᠡ ᠳᠠᠭᠤᠰᠤᠭᠰᠠᠨ ᠤ ᠳᠠᠷᠠᠭ᠎ᠠ ᠳᠠᠬᠢᠨ ᠲᠥᠷᠦ ᠶᠢᠨ ᠪᠣᠳᠤᠯᠭ᠎ᠠ ᠲᠤᠭᠲᠠᠭᠠᠵᠤ᠂ ᠡᠬᠢᠯᠡᠨ ᠬᠡᠷᠡᠭᠵᠢᠭᠦᠯᠦᠨ᠎ᠡ᠃      2. ᠠᠵᠢᠯᠲᠠᠨ ᠤ ᠬᠦᠷᠢᠶ᠎ᠡ ᠬᠡᠪᠴᠢᠶ᠎ᠡ᠃ ᠣᠷᠤᠨ ᠲᠤᠭ᠎ᠠ ᠡᠵᠡᠯᠡᠵᠦ ᠪᠠᠶᠢᠬᠤ ᠠᠵᠢᠯ ᠤᠨ ᠪᠠᠶᠢᠷᠢᠨ ᠳᠤ ᠪᠠᠶᠢᠭ᠎ᠠ ᠲᠢᠩᠬᠢᠮ ᠲᠣᠪᠴᠢᠶ᠎ᠠ ᠶᠢᠨ ᠳᠡᠰ ᠵᠢᠴᠢ ᠲᠡᠭᠦᠨ ᠠᠴᠠ ᠳᠣᠷᠤᠭᠰᠢᠬᠢ ᠠᠵᠢᠯᠲᠠᠨ ᠠᠯᠪᠠᠨ ᠲᠡᠷᠭᠡ ᠬᠡᠷᠡᠭᠯᠡᠬᠦ ᠳᠦᠷᠢᠮ ᠤᠨ ᠦᠭᠡᠷᠡᠴᠢᠯᠡᠯᠲᠡ ᠳᠤ ᠣᠷᠤᠯᠴᠠᠵᠤ ︵ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠢ ᠬᠠᠮᠢᠶᠠᠷᠬᠤ ᠪᠠᠶᠢᠭᠤᠯᠤᠮᠵᠢ ᠶᠢᠨ ᠠᠵᠢᠯᠲᠠᠨ ᠢ ᠪᠠᠭᠲᠠᠭᠠᠨ᠎ᠠ︶᠂ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷ ᠢ ᠲᠦᠷ ᠦᠭᠡᠷᠡᠴᠢᠯᠡᠯᠲᠡ ᠶᠢᠨ ᠬᠦᠷᠢᠶ᠎ᠡ ᠬᠡᠪᠴᠢᠶᠡᠨ ᠳᠤ ᠤᠷᠤᠭᠤᠯᠬᠤ ᠦᠭᠡᠢ᠃ ᠦᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ︵ᠤᠯᠠᠨ ᠲᠦᠮᠡᠨ ᠤ ᠪᠦᠯᠬᠦᠮ᠂ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠᠭᠲᠠᠨ᠎ᠠ︶ ᠪᠠ ᠠᠯᠪᠠᠳᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠵᠢᠩᠬᠢᠨᠢ ᠲᠢᠩᠬᠢᠮ ᠤᠨ ᠳᠡᠰ ᠤᠨ ᠠᠵᠢᠯ ᠦᠢᠯᠡᠰ ᠤᠨ ᠨᠢᠭᠡᠴᠡ ᠶᠢᠨ ᠵᠢᠩᠬᠢᠨᠢ ᠲᠤᠰᠢᠶᠠᠯ ᠤᠨ ᠭᠤᠣᠯ ᠬᠠᠷᠢᠭᠤᠴᠠᠯᠭᠠᠲᠠᠨ᠂ ᠵᠢᠴᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠭᠤᠣᠯ ᠬᠠᠷᠢᠭᠤᠴᠠᠯᠭᠠᠲᠠᠨ ᠠᠯᠪᠠᠨ ᠲᠡᠷᠭᠡ ᠬᠡᠷᠡᠭᠯᠡᠬᠦ ᠳᠦᠷᠢᠮ ᠤᠨ ᠦᠭᠡᠷᠡᠴᠢᠯᠡᠯᠲᠡ ᠳᠤ ᠣᠷᠤᠯᠴᠠᠬᠤ ᠶᠢ ᠵᠣᠷᠢᠭᠵᠢᠭᠤᠯᠵᠤ᠂ ᠣᠷᠴᠢᠨ ᠲᠣᠭᠤᠷᠢᠨ ᠤ ᠬᠢᠵᠠᠭᠠᠷᠯᠠᠯ ᠪᠠ ᠠᠵᠢᠯ ᠤᠨ ᠬᠡᠷᠡᠭᠴᠡᠭᠡ ᠠᠴᠠ ᠪᠣᠯᠵᠤ ᠠᠯᠪᠠᠨ ᠲᠡᠷᠭᠡ ᠬᠡᠷᠡᠭᠯᠡᠬᠦ ᠶᠢ ᠬᠦᠴᠦᠨ ᠦᠭᠡᠢ ᠪᠣᠯᠭᠠᠬᠤ ᠳᠤ ᠦᠨᠡᠬᠡᠷ ᠳᠦᠭᠦᠮ ᠦᠭᠡᠢ ᠪᠠᠶᠢᠪᠠᠯ᠂ ᠵᠣᠬᠢᠰᠲᠠᠶ ᠲᠦᠪᠯᠡᠷᠡᠭᠦᠯᠬᠦ ᠬᠡᠯᠪᠡᠷᠢ ᠪᠠᠷ ᠠᠵᠢᠯ ᠤᠨ ᠲᠡᠷᠭᠡ ᠪᠣᠳᠠᠲᠤ ᠪᠣᠳᠠᠰ ᠤᠨ ᠪᠠᠲᠤᠯᠠᠭ᠎ᠠ ᠬᠠᠩᠭᠠᠬᠤ ᠶᠢ ᠵᠦᠪᠰᠢᠶᠡᠷᠡᠵᠦ ᠪᠣᠯᠤᠨ᠎ᠠ᠂ ᠭᠡᠪᠡᠴᠦ ᠡᠷᠬᠡᠪᠰᠢ ᠴᠢᠩᠭ᠎ᠠ ᠵᠢᠷᠤᠮᠵᠢᠭᠤᠯᠤᠨ ᠬᠠᠮᠢᠶᠠᠷᠬᠤ ᠬᠡᠷᠡᠭᠲᠡᠢ᠂ ᠳᠠᠬᠢᠵᠤ ᠠᠯᠪᠠᠨ ᠶᠠᠪᠤᠳᠠᠯ ᠤᠨ ᠵᠠᠮ ᠬᠠᠷᠢᠯᠴᠠᠭᠠᠨ ᠤ ᠨᠦᠬᠦᠪᠦᠷᠢ ᠮᠦᠩᠭᠦ ᠠᠪᠴᠤ ᠪᠣᠯᠬᠤ ᠦᠭᠡᠢ᠃      3.ᠲᠡᠷᠭᠡ ᠬᠦᠰᠭᠡ ᠶᠢᠨ ᠬᠦᠷᠢᠶ᠎ᠡ ᠬᠡᠪᠴᠢᠶ᠎ᠡ᠃ ᠶᠡᠷᠦ ᠶᠢᠨ ᠠᠯᠪᠠᠨ ᠲᠡᠷᠭᠡ ᠪᠠ ᠶᠡᠷᠦ ᠶᠢᠨ ᠬᠠᠤᠯᠢ ᠬᠡᠷᠡᠭᠵᠢᠭᠦᠯᠵᠦ ᠡᠭᠦᠷᠭᠡ ᠭᠦᠢᠴᠡᠳᠬᠡᠬᠦ ᠳᠤ ᠬᠡᠷᠡᠭᠯᠡᠬᠦ ᠲᠡᠷᠭᠡ ᠪᠦᠬᠦᠨ ᠢ ᠠᠯᠪᠠᠨ ᠲᠡᠷᠭᠡ ᠬᠡᠷᠡᠭᠯᠡᠬᠦ ᠦᠭᠡᠷᠡᠴᠢᠯᠡᠯᠲᠡ ᠎ ᠳᠤ ᠣᠷᠤᠭᠤᠯᠤᠨ᠎ᠠ᠃ ᠶᠡᠷᠦ ᠶᠢᠨ ᠠᠯᠪᠠᠨ ᠲᠡᠷᠭᠡ ᠶᠢ ᠬᠦᠴᠦᠨ ᠦᠭᠡᠢ ᠪᠣᠯᠭᠠᠵᠤ᠂ ᠴᠢᠬᠤᠯᠠ ᠨᠢᠭᠤᠴᠠ ᠴᠢᠮᠡᠭᠡ ᠨᠡᠪᠲᠡᠷᠡᠯᠭᠡ ᠪᠠᠴᠢᠮ ᠪᠠᠶᠢᠳᠠᠯ ᠢ ᠠᠷᠭᠠᠴᠠᠭᠠᠬᠤ ᠲᠡᠷᠭᠡ᠂ ᠣᠨᠴᠠ ᠲᠦᠷᠦᠯ ᠤᠨ ᠲᠤᠰᠬᠠᠢ ᠮᠡᠷᠭᠡᠵᠢᠯ ᠤᠨ ᠲᠡᠷᠭᠡ ᠪᠠ ᠲᠣᠭᠲᠠᠭᠠᠯ ᠳᠤ ᠨᠡᠶᠢᠴᠡᠬᠦ ᠨᠢᠭᠡᠳᠦᠭᠡᠷ ᠹᠷᠣᠨᠲ ᠤᠨ ᠬᠠᠤᠯᠢ ᠬᠡᠷᠡᠭᠵᠢᠭᠦᠯᠵᠦ ᠡᠭᠦᠷᠭᠡ ᠭᠦᠢᠴᠡᠳᠬᠡᠬᠦ ᠠᠵᠢᠯ ᠤᠨ ᠪᠠᠶᠢᠷᠢᠨ ᠤ ᠲᠡᠷᠭᠡ ᠬᠥᠰᠭᠡ ᠵᠢᠴᠢ ᠪᠣᠰᠤᠳ ᠲᠡᠷᠭᠡ ᠬᠥᠰᠭᠡ ᠶᠢ ᠦᠯᠡᠳᠡᠭᠡᠨ᠎ᠡ᠃       ᠬᠡᠷᠡᠭᠴᠡᠭᠡ ᠪᠦᠬᠦᠢ ᠴᠢᠬᠤᠯᠠ ᠨᠢᠭᠤᠴᠠ ᠴᠢᠮᠡᠭᠡ ᠨᠡᠪᠲᠡᠷᠡᠯᠭᠡ ᠪᠠᠴᠢᠮ ᠪᠠᠶᠢᠳᠠᠯ ᠢ ᠠᠷᠭᠠᠴᠠᠭᠠᠬᠤ ᠪᠠ ᠪᠠᠶᠢᠴᠠᠭᠠᠨ ᠰᠣᠳᠤᠯᠤᠯᠲᠠ ᠬᠢᠬᠦ ᠳᠤ ᠬᠡᠷᠡᠭᠯᠡᠬᠦ ᠲᠡᠷᠭᠡ ᠶᠢ ᠦᠯᠡᠳᠡᠭᠡᠨ᠎ᠡ᠃ ᠲᠣᠭᠲᠠᠭᠰᠠᠨ ᠴᠢᠭᠯᠡᠯᠲᠦ ᠪᠣᠳᠠᠲᠤ ᠪᠣᠳᠠᠰ ᠤᠨ ᠪᠠᠲᠤᠯᠠᠭ᠎ᠠ ᠶᠢᠨ ᠲᠡᠷᠭᠡ ᠶᠢ ᠭᠠᠷᠭᠠᠪᠠᠯ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠤᠷᠳᠤᠨ᠂ ᠤᠯᠤᠰ ᠲᠥᠷᠦ ᠶᠢᠨ ᠵᠦᠪᠯᠡᠯᠭᠡᠨ ᠲᠤᠰ ᠪᠦᠷᠢ ᠴᠢᠬᠤᠯᠠ ᠨᠢᠭᠤᠴᠠ ᠴᠢᠮᠡᠭᠡ ᠨᠡᠪᠲᠡᠷᠡᠯᠭᠡ ᠪᠠᠴᠢᠮ ᠪᠠᠶᠢᠳᠠᠯ ᠢ ᠠᠷᠭᠠᠴᠠᠭᠠᠬᠤ ᠳᠤ ᠬᠡᠷᠡᠭᠯᠡᠬᠦ 5 ᠲᠡᠷᠭᠡ ᠠᠴᠠ ᠳᠡᠭᠡᠭᠰᠢ ᠦᠯᠡᠳᠡᠭᠡᠵᠦ ᠪᠣᠯᠬᠤ ᠦᠭᠡᠢ᠂ ᠦᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠵᠢᠯᠲᠠᠨ ᠤ ᠣᠷᠤᠨ ᠲᠤᠭ᠎ᠠ ᠨᠢ 50 ᠬᠦᠮᠦᠨ ︵50 ᠬᠦᠮᠦᠨ ᠪᠠᠭᠲᠠᠨ᠎ᠠ︶᠎ ᠠᠴᠠ ᠳᠣᠷᠤᠭᠰᠢ ᠪᠠᠶᠢᠪᠠᠯ ᠨᠢᠭᠡ ᠲᠡᠷᠭᠡ ᠦᠯᠡᠳᠡᠭᠡᠵᠦ᠂ 50 ᠬᠦᠮᠦᠨ ᠠᠴᠠ100 ᠬᠦᠮᠦᠨ ︵100 ᠬᠦᠮᠦᠨ ᠪᠠᠭᠲᠠᠨ᠎ᠠ︶ ᠪᠠᠶᠢᠪᠠᠯ 2 ᠲᠡᠷᠭᠡ ᠦᠯᠡᠳᠡᠭᠡᠵᠦ᠂ 100 ᠬᠦᠮᠦᠨ ᠠᠴᠠ150 ᠬᠦᠮᠦᠨ ︵150 ᠬᠦᠮᠦᠨ ᠪᠠᠭᠲᠠᠨ᠎ᠠ︶ ᠪᠠᠶᠢᠪᠠᠯ 3 ᠲᠡᠷᠭᠡ ᠦᠯᠡᠳᠡᠭᠡᠵᠦ᠂150᠎ ᠠᠴᠠ ᠳᠡᠭᠡᠭᠰᠢ ᠪᠠᠶᠢᠪᠠᠯ 4 ᠲᠡᠷᠭᠡ ᠦᠯᠡᠳᠡᠭᠡᠨ᠎ᠡ︔ ᠦᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠠᠯᠪᠠᠳᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠣᠷᠤᠨ ᠲᠤᠭ᠎ᠠ ᠨᠢ 10 ᠬᠦᠮᠦᠨ ᠠᠴᠠ ᠳᠣᠷᠤᠭᠰᠢ ᠪᠠᠶᠢᠪᠠᠯ ᠦᠯᠡᠳᠡᠭᠡᠬᠦ ᠦᠭᠡᠢ᠂ 10 ᠬᠦᠮᠦᠨ ᠠᠴᠠ100 ᠬᠦᠮᠦᠨ ︵100 ᠬᠦᠮᠦᠨ ᠪᠠᠭᠲᠠᠨ᠎ᠠ︶ ᠪᠠᠶᠢᠪᠠᠯ 1 ᠲᠡᠷᠭᠡ ᠦᠯᠡᠳᠡᠭᠡᠵᠦ᠂ 100 ᠬᠦᠮᠦᠨ ᠠᠴᠠ ᠳᠡᠭᠡᠭᠰᠢ ᠪᠠᠶᠢᠪᠠᠯ 2 ᠲᠡᠷᠭᠡ ᠦᠯᠡᠳᠡᠭᠡᠵᠦ ᠪᠣᠯᠤᠨ᠎ᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠᠶᠢᠴᠠᠭᠠᠠᠨ ᠰᠤᠳᠤᠯᠤᠯᠲᠠ ᠬᠢᠬᠦ ᠳᠤ ᠲᠤᠰ ᠪᠦᠷᠢ 4 ᠲᠡᠷᠭᠡ ᠠᠴᠠ ᠳᠡᠭᠡᠭᠰᠢ ᠦᠯᠡᠳᠡᠭᠡᠵᠦ ᠪᠣᠯᠬᠤ ᠦᠭᠡᠢ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠦᠪᠯᠡᠯᠭᠡᠨ ᠪᠠᠶᠢᠴᠠᠭᠠᠠᠨ ᠰᠤᠳᠤᠯᠤᠯᠲᠠ ᠬᠢᠬᠦ ᠳᠤ ᠲᠤᠰ ᠪᠦᠷᠢ 3 ᠲᠡᠷᠭᠡ ᠠᠴᠠ ᠳᠡᠭᠡᠭᠰᠢ ᠦᠯᠡᠳᠡᠭᠡᠵᠦ ᠪᠣᠯᠬᠤ ᠦᠭᠡᠢ᠂ ᠦᠪᠡᠷᠲᠡᠭᠡᠨ ᠵᠠᠰᠠᠬᠤ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ ᠪᠠ ᠦᠪᠡᠷᠲᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠪᠠᠶᠢᠴᠠᠭᠠᠠᠨ ᠰᠤᠳᠤᠯᠤᠯᠲᠠ ᠬᠢᠬᠦ ᠳᠤ ᠲᠤᠰ ᠪᠦᠷᠢ 2 ᠲᠡᠷᠭᠡ ᠠᠴᠠ ᠳᠡᠭᠡᠭᠰᠢ ᠦᠯᠡᠳᠡᠭᠡᠵᠦ ᠪᠣᠯᠬᠤ ᠦᠭᠡᠢ᠂ ᠪᠠᠶᠢᠴᠠᠭᠠᠠᠨ ᠰᠤᠳᠤᠯᠤᠯᠲᠠ ᠬᠢᠬᠦ ᠳᠤ ᠬᠡᠷᠡᠭᠯᠡᠬᠦ ᠲᠡᠷᠭᠡ ᠨᠢ ᠳᠤᠮᠳᠠ ᠬᠡᠯᠪᠡᠷᠢ ᠶᠢᠨ ᠠᠶᠠᠨᠴᠢᠨ ᠤ ᠲᠡᠷᠭᠡ ᠪᠠᠷ ᠭᠤᠣᠯᠯᠠᠬᠤ ᠬᠡᠷᠡᠭᠲᠡᠢ᠃      ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ᠶᠢᠨ ᠴᠢᠬᠤᠯᠠ ᠨᠢᠭᠤᠴᠠ ᠴᠢᠮᠡᠭᠡ ᠨᠡᠪᠲᠡᠷᠡᠯᠭᠡ ᠪᠠᠴᠢᠮ ᠪᠠᠶᠢᠳᠠᠯ ᠢ ᠠᠷᠭᠠᠴᠠᠭᠠᠬᠤ ᠪᠠ ᠪᠠᠶᠢᠴᠠᠭᠠᠠᠨ ᠰᠤᠳᠤᠯᠤᠯᠲᠠ ᠬᠢᠬᠦ ᠳᠤ ᠬᠡᠷᠡᠭᠯᠡᠬᠦ ᠲᠡᠷᠭᠡ ᠪᠠᠷ ᠦᠯᠡᠳᠡᠭᠡᠬᠦ ᠲᠤᠭ᠎ᠠ ᠶᠢ ᠪᠣᠯ ᠶᠡᠷᠦᠩᠬᠡᠶ ᠬᠡᠮᠵᠢᠶ᠎ᠡ ᠶᠢ ᠡᠵᠡᠮᠳᠡᠬᠦ ᠵᠠᠷᠢᠴᠮ ᠢᠶᠠᠷ ᠬᠢᠨᠠᠨ ᠲᠣᠭᠲᠠᠭᠠᠵᠤ᠂ ᠪᠣᠳᠠᠲᠠᠢ ᠬᠡᠷᠡᠭᠵᠢᠭᠦᠯᠬᠦ ᠲᠦᠰᠦᠯ ᠢ ᠠᠶᠢᠮᠠᠭ ᠬᠤᠲᠠ ᠲᠣᠭᠲᠠᠭᠠᠭᠰᠠᠨ ᠤ ᠳᠠᠷᠠᠭ᠎ᠠ ᠦᠪᠡᠷᠲᠡᠭᠡᠨ ᠵᠠᠰᠠᠬᠤ ᠤᠷᠤᠨ ᠤ ᠠᠯᠪᠠᠨ ᠲᠡᠷᠭᠡ ᠬᠡᠷᠡᠭᠯᠡᠬᠦ ᠳᠦᠷᠢᠮ ᠤᠨ ᠦᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠳᠤ ᠮᠡᠳᠡᠭᠦᠯᠵᠦ ᠬᠢᠨᠠᠨ ᠵᠦᠪᠰᠢᠶᠡᠷᠡᠭᠦᠯᠦᠨ᠎ᠡ᠃      ᠬᠠᠤᠯᠢ ᠬᠡᠷᠡᠭᠵᠢᠭᠦᠯᠵᠦ ᠡᠭᠦᠷᠭᠡ ᠭᠦᠢᠴᠡᠳᠬᠡᠬᠦ ᠳᠤ ᠬᠡᠷᠡᠭᠯᠡᠬᠦ ᠲᠡᠷᠭᠡ ᠶᠢ ᠰᠠᠶᠢᠵᠢᠷᠠᠭᠤᠯᠤᠨ ᠲᠣᠬᠢᠷᠠᠭᠤᠯᠬᠤ ᠬᠡᠷᠡᠭᠲᠡᠢ᠃ ᠬᠠᠤᠯᠢ ᠬᠡᠷᠡᠭᠵᠢᠭᠦᠯᠵᠦ ᠡᠭᠦᠷᠭᠡ ᠭᠦᠢᠴᠡᠳᠬᠡᠬᠦ ᠳᠤ ᠬᠡᠷᠡᠭᠯᠡᠬᠦ ᠲᠡᠷᠭᠡ ᠶᠢ ᠲᠣᠬᠢᠷᠠᠭᠤᠯᠬᠤ ᠬᠦᠷᠢᠶ᠎ᠡ ᠬᠡᠪᠴᠢᠶ᠎ᠡ᠂ ᠤᠷᠤᠨ ᠲᠤᠭ᠎ᠠ ᠪᠠ ᠪᠠᠷᠢᠮᠵᠢᠶ᠎ᠠ ᠶᠢ ᠴᠢᠩᠭ᠎ᠠ ᠡᠵᠡᠮᠳᠡᠨ᠎ᠡ᠃ ᠮᠠᠨ ᠤ ᠤᠷᠤᠨ ᠤ ᠬᠠᠤᠯᠢ ᠬᠡᠷᠡᠭᠵᠢᠭᠦᠯᠵᠦ ᠡᠭᠦᠷᠭᠡ ᠭᠦᠢᠴᠡᠳᠬᠡᠬᠦ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠴᠢᠩᠭ᠎ᠠ᠂ ᠰᠠᠭᠤᠷᠢ ᠲᠤᠭ᠎ᠠ ᠨᠢ ᠨᠡᠯᠢᠶᠡᠳ ᠴᠦᠬᠡᠨ᠂ ᠨᠤᠲᠤᠭ ᠳᠡᠪᠢᠰᠬᠡᠷ ᠥᠷᠭᠡᠨ ᠠᠭᠤᠳᠠᠮ᠂ ᠭᠠᠵᠠᠷ ᠤᠷᠤᠨ ᠤ ᠵᠠᠮ ᠬᠠᠷᠢᠯᠴᠠᠭᠠᠨ ᠤ ᠨᠦᠭᠦᠴᠡᠯ ᠪᠣᠳᠤᠯᠢᠶᠠᠨᠲᠠᠢ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡ ᠬᠦᠭᠵᠢᠭᠰᠡᠨ ᠦᠭᠡᠢ ᠶᠢ ᠦᠨᠳᠦᠰᠦᠯᠡᠵᠦ ᠂ 2011 ᠣᠨ ᠲᠥᠪ ᠬᠤᠷᠢᠶᠠᠨ ᠠᠴᠠ ᠦᠷᠨᠢᠭᠦᠯᠦᠭᠰᠡᠨ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠲᠡᠷᠭᠡ ᠬᠡᠷᠡᠭᠯᠡᠬᠦ ᠠᠰᠠᠭᠤᠳᠠᠯ ᠢ ᠲᠤᠰᠬᠠᠶᠢᠯᠠᠨ ᠵᠠᠰᠠᠬᠤ ᠠᠵᠢᠯ ᠳᠤ ᠲᠣᠳᠤᠷᠬᠠᠶᠢᠯᠠᠭᠰᠠᠨ ᠬᠠᠤᠯᠢ ᠬᠡᠷᠡᠭᠵᠢᠭᠦᠯᠵᠦ ᠡᠭᠦᠷᠭᠡ ᠭᠦᠢᠴᠡᠳᠬᠡᠬᠦ ᠰᠠᠯᠠᠭ᠎ᠠ ᠮᠦᠴᠢᠷ ︵ᠰᠢᠰᠲ᠋ᠧᠮᠵᠢ︶᠎ ᠤᠨ ᠬᠠᠤᠯᠢ ᠬᠡᠷᠡᠭᠵᠢᠭᠦᠯᠵᠦ ᠡᠭᠦᠷᠭᠡ ᠭᠦᠢᠴᠡᠳᠬᠡᠬᠦ ᠮᠠᠰᠢᠨ ᠲᠡᠷᠭᠡ ᠶᠢᠨ ᠤᠷᠤᠨ ᠲᠤᠭ᠎ᠠ ᠶᠢ ᠴᠢᠩᠭ᠎ᠠ ᠬᠢᠨᠠᠨ ᠲᠣᠭᠲᠠᠭᠠᠬᠤ ᠪᠦᠭᠡᠳ ᠣᠨᠴᠠ ᠲᠦᠷᠦᠯ ᠤᠨ ᠲᠤᠰᠬᠠᠶ ᠮᠡᠷᠭᠡᠵᠢᠯ ᠤᠨ ᠮᠠᠰᠢᠨ ᠲᠡᠷᠭᠡ ᠶᠢᠨ ᠤᠷᠤᠨ ᠲᠤᠭ᠎ᠠ ᠶᠢ ᠬᠠᠰᠤᠭᠰᠠᠨ ᠤ ᠰᠠᠭᠤᠷᠢᠨ ᠳᠡᠭᠡᠷ᠎ᠡ᠂ ᠦᠯᠡᠳᠡᠭᠡᠬᠦ ᠬᠠᠷᠢᠴᠠᠯ ᠭᠡᠪᠡᠯ ᠦᠪᠡᠷᠲᠡᠭᠡᠨ ᠵᠠᠰᠠᠬᠤ ᠤᠷᠤᠨ ᠤ ᠲᠤᠰ ᠱᠠᠲᠤ ᠨᠢ 40%᠎ ᠠᠴᠠ ᠬᠡᠲᠦᠷᠡᠵᠦ ᠪᠣᠯᠬᠤ ᠦᠭᠡᠢ᠂ ᠠᠶᠢᠮᠠᠭ ᠬᠤᠲᠠ ᠶᠢᠨ ᠱᠠᠲᠤ ᠨᠢ 60%᠎ ᠠᠴᠠ ᠬᠡᠲᠦᠷᠡᠵᠦ ᠪᠣᠯᠬᠤ ᠦᠭᠡᠢ᠂ ᠬᠤᠰᠢᠭᠤ ᠰᠢᠶᠠᠨ ᠤ ᠱᠠᠲᠤ ᠵᠢᠴᠢ ᠲᠡᠭᠦᠨ ᠠᠴᠠ ᠳᠣᠷᠤᠭᠰᠢᠬᠢ ᠨᠢ 70%᠎ ᠠᠴᠠ ᠬᠡᠲᠦᠷᠡᠬᠦ ᠦᠭᠡᠢ ᠪᠠᠶᠢᠬᠤ ᠪᠠᠷᠢᠮᠵᠢᠶ᠎ᠠ ᠶᠣᠰᠤᠭᠠᠷ ᠬᠡᠷᠡᠭᠵᠢᠭᠦᠯᠦᠨ᠎ᠡ᠃ ᠬᠠᠤᠯᠢ ᠬᠡᠷᠡᠭᠵᠢᠭᠦᠯᠵᠦ ᠡᠭᠦᠷᠭᠡ ᠭᠦᠢᠴᠡᠳᠬᠡᠬᠦ ᠳᠤ ᠬᠡᠷᠡᠭᠯᠡᠬᠦ ᠲᠡᠷᠭᠡ ᠶᠢ ᠲᠣᠬᠢᠷᠠᠭᠤᠯᠬᠤ ᠳᠠᠭᠠᠨ ᠨᠢᠭᠡᠳᠦᠭᠡᠷ ᠹᠷᠣᠨᠲ ᠤᠨ ᠬᠠᠤᠯᠢ ᠬᠡᠷᠡᠭᠵᠢᠭᠦᠯᠵᠦ ᠡᠭᠦᠷᠭᠡ ᠭᠦᠢᠴᠡᠳᠬᠡᠬᠦ ᠪᠠᠷ ᠴᠢᠩᠭ᠎ᠠ ᠬᠢᠵᠠᠭᠠᠷᠯᠠᠵᠤ᠂ ᠪᠠᠶᠢᠭᠤᠯᠭ᠎ᠠ ᠶᠢᠨ ᠳᠣᠲᠤᠭᠠᠲᠤ ᠶᠢᠨ ᠬᠠᠮᠢᠶᠠᠷᠤᠯᠲᠠ ᠪᠠ ᠠᠷᠤ ᠲᠠᠯ᠎ᠠ ᠶᠢᠨ ᠦᠢᠯᠡᠴᠢᠯᠡᠭᠡᠨ ᠤ ᠠᠵᠢᠯ ᠤᠨ ᠪᠠᠶᠢᠷᠢ ᠵᠢᠴᠢ ᠪᠠᠶᠢᠭᠤᠯᠭ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠡ ᠳᠤ ᠴᠦᠮ ᠲᠣᠬᠢᠷᠠᠭᠤᠯᠵᠤ ᠪᠣᠯᠬᠤ ᠦᠭᠡᠢ᠃ ᠡᠯ᠎ᠡ ᠰᠠᠯᠠᠭ᠎ᠠ ᠮᠦᠴᠢᠷ ᠤᠨ ᠬᠠᠤᠯᠢ ᠬᠡᠷᠡᠭᠵᠢᠭᠦᠯᠵᠦ ᠡᠭᠦᠷᠭᠡ ᠭᠦᠢᠴᠡᠳᠬᠡᠬᠦ ᠳᠤ ᠬᠡᠷᠡᠭᠯᠡᠬᠦ ᠲᠡᠷᠭᠡ ᠨᠢ ᠬᠢᠨᠠᠨ ᠲᠣᠭᠲᠠᠭᠠᠭᠰᠠᠨ ᠪᠠᠭᠠᠰᠬᠠᠬᠤ ᠬᠠᠷᠢᠴᠠᠯ ᠳᠤ ᠬᠦᠷᠦᠭᠰᠡᠨ ᠦᠭᠡᠢ ᠪᠠᠶᠢᠪᠠᠯ᠂ ᠢᠯᠡᠭᠦᠦ ᠨᠢᠭᠡ ᠲᠡᠷᠭᠡ ᠦᠯᠡᠳᠡᠭᠡᠪᠡᠯ᠂ ᠲᠤᠰ ᠰᠠᠯᠠᠭ᠎ᠠ ᠮᠦᠴᠢᠷ ᠤᠨ ᠵᠠᠮ ᠬᠠᠷᠢᠯᠴᠠᠭᠠᠨ ᠤ ᠨᠦᠬᠦᠪᠦᠷᠢ ᠵᠠᠷᠤᠳᠠᠯ ᠠᠴᠠ ᠵᠢᠯ ᠪᠦᠷᠢ 6 ᠲᠦᠮᠡᠨ ᠲᠦᠭᠦᠷᠢᠭ ᠬᠠᠰᠤᠨ᠎ᠠ︔ ᠦᠯᠡᠳᠡᠭᠡᠭᠰᠡᠨ ᠲᠡᠷᠭᠡ ᠶᠢᠨ ᠬᠠᠷᠢᠴᠠᠯ ᠨᠢ 90%᠎ ᠶᠢ ᠳᠠᠪᠠᠭᠰᠠᠨ ᠰᠠᠯᠠᠭ᠎ᠠ ᠮᠦᠴᠢᠷ ᠲᠤ᠂ ᠠᠯᠪᠠᠨ ᠤ ᠶᠠᠪᠤᠳᠠᠯ ᠤᠨ ᠵᠠᠮ ᠬᠠᠷᠢᠯᠴᠠᠭᠠᠨ ᠤ ᠨᠦᠬᠦᠪᠦᠷᠢ ᠮᠦᠩᠭᠦ ᠣᠯᠭᠤᠬᠤ ᠦᠭᠡᠢ᠃ ᠡᠯ᠎ᠡ ᠭᠠᠵᠠᠷ ᠤᠷᠤᠨ ᠮᠡᠳᠡᠭᠡ ᠵᠠᠩᠬᠢᠵᠢᠯᠲᠠ ᠶᠢᠨ ᠬᠠᠮᠢᠶᠠᠷᠤᠯᠲᠠ ᠪᠠᠷ ᠰᠠᠭᠤᠷᠢᠯᠠᠵᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠠᠪᠴᠠᠩ ᠢ ᠪᠠᠶᠢᠭᠤᠯᠵᠤ᠂ 2 ᠵᠢᠯ ᠤᠨ ᠳᠣᠲᠤᠷ᠎ᠠ ᠪᠠᠶᠢᠭᠤᠯᠵᠤ ᠳᠠᠭᠤᠰᠬᠤ ᠬᠡᠷᠡᠭᠲᠡᠢ᠃ ᠬᠠᠤᠯᠢ ᠬᠡᠷᠡᠭᠵᠢᠭᠦᠯᠵᠦ ᠡᠭᠦᠷᠭᠡ ᠭᠦᠢᠴᠡᠳᠬᠡᠬᠦ ᠳᠤ ᠬᠡᠷᠡᠭᠯᠡᠬᠦ ᠲᠡᠷᠭᠡ ᠶᠢᠨ ᠲᠣᠬᠢᠷᠠᠭᠤᠯᠤᠯᠲᠠ ᠬᠠᠮᠢᠶᠠᠷᠤᠯᠲᠠ ᠶᠢ ᠴᠢᠩᠭᠠᠳᠬᠠᠵᠤ᠂ ᠭᠡᠨᠡᠳᠲᠡ ᠶᠢᠨ ᠴᠢᠬᠤᠯᠠ ᠶᠡᠭᠡ ᠬᠡᠷᠡᠭ ᠶᠠᠪᠤᠳᠠᠯ ᠭᠠᠷᠭᠠᠪᠠᠯ᠂ ᠨᠢᠭᠡᠳᠦᠯᠲᠡᠶ ᠲᠣᠬᠢᠷᠠᠭᠤᠯᠤᠨ ᠬᠡᠷᠡᠭᠯᠡᠨ᠎ᠡ᠃      ᠲᠥᠪ ᠠᠴᠠ ᠬᠢᠨᠠᠨ ᠲᠣᠭᠲᠠᠭᠠᠭᠰᠠᠨ ᠬᠠᠤᠯᠢ ᠬᠡᠷᠡᠭᠵᠢᠭᠦᠯᠵᠦ ᠡᠭᠦᠷᠭᠡ ᠭᠦᠢᠴᠡᠳᠭᠡᠬᠦ ᠰᠠᠯᠠᠭ᠎ᠠ ᠮᠦᠴᠢᠷ ︵ᠰᠢᠰᠲ᠋ᠧᠮᠵᠢ︶᠎ ᠠᠴᠠ ᠪᠣᠰᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ ᠲᠠᠢ ᠰᠠᠯᠠᠭ᠎ᠠ ᠮᠦᠴᠢᠷ ᠣᠳᠣ ᠪᠠᠶᠢᠭ᠎ᠠ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠮᠠᠰᠢᠨ ᠲᠡᠷᠭᠡ ᠶᠢᠨ ᠲᠤᠭ᠎ᠠ ᠶᠢ ᠴᠢᠩᠭ᠎ᠠ ᠬᠢᠨᠠᠨ ᠲᠣᠭᠲᠠᠭᠠᠵᠤ᠂ ᠦᠪᠡᠷᠲᠡᠭᠡᠨ ᠵᠠᠰᠠᠬᠤ ᠤᠷᠤᠨ ᠤ ᠲᠤᠰ ᠱᠠᠲᠤ ᠨᠢ 30%᠎ ᠠᠴᠠ ᠬᠡᠲᠦᠷᠡᠬᠦ ᠦᠭᠡᠢ᠂ ᠠᠶᠢᠮᠠᠭ ᠬᠤᠲᠠ ᠶᠢᠨ ᠱᠠᠲᠤ ᠨᠢ 50%᠎ ᠠᠴᠠ ᠬᠡᠲᠦᠷᠡᠬᠦ ᠦᠭᠡᠢ᠂ ᠬᠤᠰᠢᠭᠤ ᠰᠢᠶᠠᠨ ᠤ ᠱᠠᠲᠤ ᠵᠢᠴᠢ ᠲᠡᠭᠦᠨ ᠠᠴᠠ ᠳᠣᠷᠤᠭᠰᠢᠬᠢ ᠨᠢ 60%᠎ ᠠᠴᠠ ᠬᠡᠲᠦᠷᠡᠬᠦ ᠦᠭᠡᠢ ᠬᠠᠷᠢᠴᠠᠯ ᠶᠣᠰᠣᠭᠠᠷ ᠦᠯᠡᠳᠡᠭᠡᠵᠦ᠂ ᠰᠠᠯᠠᠭ᠎ᠠ ᠮᠦᠴᠢᠷ ᠠᠯᠤᠰᠯᠠᠭᠰᠠᠨ ᠮᠡᠳᠡᠭᠡ ᠵᠠᠩᠬᠢᠵᠢᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠳᠤ ᠬᠡᠷᠡᠭᠯᠡᠬᠦ ᠲᠡᠷᠭᠡ ᠶᠢᠨ ᠲᠠᠪᠴᠠᠩ ᠢ ᠪᠠᠶᠢᠭᠤᠯᠬᠤ ᠬᠡᠷᠡᠭᠲᠡᠢ᠃      ᠠᠯᠪᠠᠨ ᠲᠡᠷᠭᠡ ᠬᠡᠷᠡᠭᠯᠡᠬᠦ ᠦᠭᠡᠷᠡᠴᠢᠯᠡᠯᠲᠡ ᠶᠢᠨ ᠬᠦᠷᠢᠶ᠎ᠡ ᠬᠡᠪᠴᠢᠶᠡᠨ ᠳᠤ ᠣᠷᠤᠭᠰᠠᠨ ᠠᠵᠢᠯᠲᠠᠨ ᠪᠠ ᠲᠡᠷᠭᠡ ᠬᠥᠰᠭᠡ ᠪᠦᠬᠦᠨ ᠢ ᠡᠷᠬᠡᠪᠰᠢ ᠪᠦᠷᠢᠨ ᠭᠦᠢᠴᠡᠳ ᠦᠭᠡᠷᠡᠴᠢᠯᠡᠵᠦ᠂ ᠰᠣᠬᠤᠷ ᠴᠢᠭ᠋ ᠦᠯᠡᠳᠡᠭᠡᠵᠦ ᠪᠣᠯᠬᠤ ᠦᠭᠡᠢ᠃      ︵ᠬᠤᠶᠠᠷ︶ ᠥᠭᠡᠷᠡᠴᠢᠯᠡᠯᠲᠡ ᠬᠢᠬᠦ ᠠᠷᠭ᠎ᠠ ᠮᠠᠶ᠋ᠢᠭ      1 . ᠨᠥᠬᠦᠪᠥᠷᠢ ᠶᠢᠨ ᠪᠠᠷᠢᠮᠵᠢᠶ᠎ᠠ᠃ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠵᠠᠮ ᠬᠠᠷᠢᠯᠴᠠᠭᠠᠨ ᠤ ᠨᠥᠬᠦᠪᠥᠷᠢ ᠶᠢᠨ ᠪᠠᠷᠢᠮᠵᠢᠶ᠎ᠠ ᠶᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠨᠥᠬᠦᠪᠥᠷᠢ ᠶᠢᠨ ᠪᠠᠷᠢᠮᠵᠢᠶ᠎ᠠ ᠶᠢᠨ 150%᠎ ᠠᠴᠠ ᠳᠡᠭᠡᠭᠦᠷ ᠪᠠᠶᠢᠯᠭᠠᠵᠤ ᠪᠣᠯᠬᠤ ᠦᠭᠡᠢ ᠭᠡᠰᠡᠨ ᠲᠥᠪ ᠤᠨ ᠲᠣᠭᠲᠠᠭᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠯᠪᠠᠨ ᠶᠠᠪᠤᠳᠠᠯ ᠤᠨ ᠵᠠᠮ ᠬᠠᠷᠢᠯᠴᠠᠭᠠᠨ ᠤ ᠨᠥᠬᠦᠪᠥᠷᠢ ᠶᠢ 7 ᠳᠡᠰ ᠬᠤᠪᠢᠶᠠᠵᠤ᠂ ᠨᠥᠬᠦᠪᠥᠷᠢ ᠶᠢᠨ ᠪᠠᠷᠢᠮᠵᠢᠶ᠎ᠠ ᠶᠢᠨ ᠬᠠᠮᠤᠭ ᠤᠨ ᠥᠨᠳᠥᠷ ᠬᠡᠮᠵᠢᠶ᠎ᠡ ᠭᠡᠪᠡᠯ᠄ ᠲᠢᠩᠬᠢᠮ ᠤᠨ ᠳᠡᠰ ᠤᠨ ᠬᠥᠮᠦᠨ ᠪᠣᠯᠭᠠᠨ ᠳᠤ ᠰᠠᠷ᠎ᠠ ᠪᠦᠷᠢ 1950 ᠳ᠋ᠦᠩᠰᠢᠭᠤᠷ ᠲᠥᠭᠦᠷᠢᠭ᠂ ᠳᠡᠳ᠋ ᠲᠢᠩᠬᠢᠮ ᠤᠨ ᠳᠡᠰ ᠤᠨ ᠬᠥᠮᠦᠨ ᠪᠣᠯᠭᠠᠨ ᠳᠤ ᠰᠠᠷ᠎ᠠ ᠪᠦᠷᠢ 1800 ᠲᠥᠭᠦᠷᠢᠭ᠂ ᠭᠠᠵᠠᠷ ᠤᠨ ᠳᠡᠰ ᠤᠨ ᠬᠥᠮᠦᠨ ᠪᠣᠯᠭᠠᠨ ᠳᠤ ᠰᠠᠷ᠎ᠠ ᠪᠦᠷᠢ 1200 ᠲᠥᠭᠦᠷᠢᠭ᠂ ᠳᠡᠳ᠋ ᠭᠠᠵᠠᠷ ᠤᠨ ᠳᠡᠰ ᠤᠨ ᠬᠥᠮᠦᠨ ᠪᠣᠯᠭᠠᠨ ᠳᠤ ᠰᠠᠷ᠎ᠠ ᠪᠦᠷᠢ 1050 ᠲᠥᠭᠦᠷᠢᠭ᠂ ᠰᠠᠯᠠᠭᠠᠨ ᠤ ᠳᠡᠰ ᠤᠨ ᠬᠥᠮᠦᠨ ᠪᠣᠯᠭᠠᠨ ᠳᠤ ᠰᠠᠷ᠎ᠠ ᠪᠦᠷᠢ 750 ᠲᠥᠭᠦᠷᠢᠭ᠂ ᠳᠡᠳ᠋ ᠰᠠᠯᠠᠭᠠᠨ ᠤ ᠳᠡᠰ ᠤᠨ ᠬᠥᠮᠦᠨ ᠪᠣᠯᠭᠠᠨ ᠳᠤ ᠰᠠᠷ᠎ᠠ ᠪᠦᠷᠢ 600 ᠲᠥᠭᠦᠷᠢᠭ᠂ ᠰᠠᠯᠠᠭᠠᠨ ᠳᠡᠰ ᠠᠴᠠ ᠳᠣᠷᠣᠭᠰᠢᠬᠢ ᠬᠥᠮᠦᠨ ᠪᠣᠯᠭᠠᠨ ᠳᠤ ᠰᠠᠷ᠎ᠠ ᠪᠦᠷᠢ 450 ᠲᠥᠭᠦᠷᠢᠭ ᠣᠯᠭᠤᠨ᠎ᠠ᠃      ᠡᠯ᠎ᠡ ᠠᠶᠢᠮᠠᠭ ᠬᠤᠳᠠ ᠶᠢᠨ ᠠᠯᠪᠠᠨ ᠶᠠᠪᠤᠳᠠᠯ ᠤᠨ ᠵᠠᠮ ᠬᠠᠷᠢᠯᠴᠠᠭᠠᠨ ᠤ ᠨᠥᠬᠦᠪᠥᠷᠢ ᠶᠢᠨ ᠳᠡᠰ ᠢ ᠬᠤᠪᠢᠶᠠᠬᠤ ᠳᠠᠭᠠᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢᠯᠠᠯ ᠢᠶᠠᠷ ᠯᠠᠪᠯᠠᠯᠲᠠ ᠪᠣᠯᠭᠠᠨ᠎ᠠ᠂ ᠭᠡᠪᠡᠴᠦ ᠠᠳᠠᠯᠢ ᠨᠢᠭᠡ ᠳᠡᠰ ᠤᠨ ᠨᠥᠬᠦᠪᠥᠷᠢ ᠶᠢᠨ ᠪᠠᠷᠢᠮᠵᠢᠶ᠎ᠠ ᠨᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠨᠥᠬᠦᠪᠥᠷᠢ ᠶᠢᠨ ᠪᠠᠷᠢᠮᠵᠢᠶ᠎ᠠ ᠠᠴᠠ ᠳᠡᠭᠡᠭᠦᠷ ᠪᠠᠶᠢᠵᠤ ᠪᠣᠯᠬᠤ ᠦᠭᠡᠢ᠃      ᠠᠶᠢᠮᠠᠭ ᠬᠤᠳᠠ ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ ᠤ ᠡᠭᠴᠡ ᠬᠠᠮᠢᠶᠠᠷᠤᠯᠲᠠᠲᠤ ᠨᠢᠭᠡᠴᠡ ᠶᠢᠨ ᠨᠥᠬᠦᠪᠥᠷᠢ ᠶᠢᠨ ᠪᠠᠷᠢᠮᠵᠢᠶ᠎ᠠ ᠶᠢ ᠣᠷᠣᠨᠴᠢᠯᠠᠬᠤ ᠵᠠᠷᠴᠢᠮ ᠤᠨ ᠶᠣᠰᠣᠭᠠᠷ ᠪᠠᠶᠢᠭ᠎ᠠ ᠭᠠᠵᠠᠷ ᠣᠷᠣᠨ ᠤ ᠬᠢᠨᠢ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ᠂ ᠵᠠᠷᠤᠳᠠᠯ ᠢ ᠨᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠡᠭᠦᠷᠭᠡᠯᠡᠨ᠎ᠡ᠃      2 . ᠨᠥᠬᠦᠪᠥᠷᠢ ᠥᠭᠬᠦ ᠠᠷᠭ᠎ᠠ ᠮᠠᠶ᠋ᠢᠭ᠃ ᠠᠯᠪᠠᠨ ᠶᠠᠪᠤᠳᠠᠯ ᠤᠨ ᠵᠠᠮ ᠬᠠᠷᠢᠯᠴᠠᠭᠠᠨ ᠤ ᠨᠥᠬᠦᠪᠥᠷᠢ ᠪᠣᠯ ᠥᠭᠡᠷᠡᠴᠢᠯᠡᠯᠲᠡ ᠶᠢᠨ ᠴᠢᠨᠠᠷᠲᠠᠶ ᠨᠥᠬᠦᠪᠥᠷᠢ ᠪᠣᠯᠬᠤᠷ᠂ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠵᠠᠮ ᠬᠠᠷᠢᠯᠴᠠᠭᠠᠨ ᠤ ᠵᠠᠷᠤᠳᠠᠯ ᠤᠨ ᠳᠣᠲᠣᠷ᠎ᠠ ᠠᠴᠠ ᠭᠠᠷᠭᠠᠨ᠂ ᠰᠠᠷ᠎ᠠ ᠪᠦᠷᠢ ᠬᠤᠪᠢ ᠬᠥᠮᠦᠨ ᠳᠤᠨᠢ ᠥᠭᠴᠦ᠂ ᠠᠯᠪᠠᠲᠠᠨ ᠤ ᠡᠩ ᠤᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠶᠢ ᠪᠠᠲᠤᠯᠬᠤ ᠳᠤ ᠬᠡᠷᠡᠭᠯᠡᠨ᠎ᠡ᠃      ᠠᠯᠪᠠᠨ ᠶᠠᠪᠤᠳᠠᠯ ᠤᠨ ᠵᠠᠮ ᠬᠠᠷᠢᠯᠴᠠᠭᠠᠨ ᠤ ᠨᠥᠬᠦᠪᠥᠷᠢ ᠶᠢᠨ ᠪᠠᠲᠤᠯᠠᠭ᠎ᠠ ᠶᠢᠨ ᠵᠠᠷᠤᠳᠠᠯ ᠪᠣᠯᠣᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ ᠤᠨ ᠪᠠᠲᠤᠯᠠᠭ᠎ᠠ ᠶᠢᠨ ᠵᠠᠷᠤᠳᠠᠯ ᠢ ᠪᠦᠲᠦᠮᠵᠢᠲᠡᠶ ᠵᠣᠯᠭᠠᠭᠤᠯᠬᠤ ᠠᠵᠢᠯ ᠢ ᠦᠨᠡᠨᠬᠦ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠨᠢᠭᠡᠴᠡ ᠶᠢᠨ ᠠᠯᠪᠠᠲᠠᠨ ᠬᠥᠬᠡᠬᠤᠲᠠ ᠶᠢᠨ ᠲᠣᠭᠤᠷᠢᠭ  ︵ᠢᠦᠢ ᠴᠢᠤᠸᠠᠨ ᠲᠣᠭᠤᠷᠢᠭ᠂ ᠬᠤᠲᠤᠩ ᠠᠷᠠᠳ ᠤᠨ ᠲᠣᠭᠤᠷᠢᠭ᠂ ᠰᠢᠨ᠎ᠡ ᠬᠤᠲᠠ ᠲᠣᠭᠤᠷᠢᠭ᠂ ᠰᠠᠶᠢᠬᠠᠨ ᠲᠣᠭᠤᠷᠢᠭ︶ ᠎ ᠤᠨ ᠳᠣᠲᠣᠷ᠎ᠠ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠳᠤ ᠨᠡᠶᠢᠭᠡᠮᠴᠢᠯᠡᠭᠰᠡᠨ ᠬᠠᠨᠭ᠍ᠭᠠᠯᠲᠠ ᠶᠢ ᠬᠡᠷᠡᠭᠵᠢᠭᠦᠯᠵᠦ᠂ ᠠᠯᠪᠠᠨ ᠶᠠᠪᠤᠳᠠᠯ ᠤᠨ ᠵᠠᠮ ᠬᠠᠷᠢᠯᠴᠠᠭᠠᠨ ᠤ ᠵᠠᠷᠤᠳᠠᠯ ᠢ ᠳᠠᠬᠢᠵᠤ ᠮᠡᠳᠡᠭᠦᠯᠦᠨ ᠳᠠᠶᠢᠯᠬᠤ ᠦᠭᠡᠢ᠂᠃ ᠣᠷᠣᠨ ᠪᠦᠰᠡ ᠠᠯᠤᠰᠯᠠᠨ  ︵ᠬᠥᠬᠡᠬᠤᠲᠠ ᠶᠢᠨ ᠬᠥᠷᠰᠢ ᠵᠡᠷᠭᠡᠯᠡᠳᠡᠭᠡ ᠬᠤᠰᠢᠭᠤ ᠰᠢᠶᠠᠨ ᠢ ᠪᠠᠭᠲᠠᠭᠠᠨ᠎ᠠ︶  ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠶᠢ ᠠᠯᠪᠠᠨ ᠶᠠᠪᠤᠳᠠᠯ ᠢᠶᠠᠷ ᠭᠠᠳᠠᠭᠰᠢ ᠭᠠᠷᠤᠭᠰᠠᠨ ᠢᠶᠠᠷ ᠦᠵᠡᠵᠦ᠂  ᠬᠠᠮᠢᠶ᠎ᠡ ᠪᠦᠬᠦᠢ ᠵᠠᠮ ᠬᠠᠷᠢᠯᠴᠠᠭᠠᠨ ᠤ ᠵᠠᠷᠤᠳᠠᠯ ᠢ ᠨᠢ ᠬᠤᠯᠪᠣᠭᠳᠠᠯ ᠪᠦᠬᠦᠢ ᠠᠯᠪᠠᠨ ᠠᠵᠢᠯ ᠢᠶᠠᠷ ᠭᠠᠳᠠᠭᠰᠢ ᠭᠠᠷᠬᠤ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ  ᠶᠣᠰᠣᠭᠠᠷ  ᠳᠠᠩᠰᠠ  ᠲᠠᠶᠢᠯᠬᠤ  ᠬᠡᠷᠡᠭᠲᠡᠢ᠃      ᠡᠯ᠎ᠡ ᠠᠶᠢᠮᠠᠭ ᠬᠤᠳᠠ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠮ ᠬᠠᠷᠢᠯᠴᠠᠭᠠᠨ ᠤ ᠨᠥᠬᠦᠪᠥᠷᠢ ᠶᠢᠨ ᠬᠡᠪᠴᠢᠶ᠎ᠡ ᠪᠠᠷ ᠯᠠᠪᠯᠠᠯᠲᠠ ᠪᠣᠯᠭᠠᠵᠤ᠂ ᠲᠤᠰ ᠭᠠᠵᠠᠷ ᠣᠷᠣᠨ ᠤ ᠪᠠᠨ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠮ ᠬᠠᠷᠢᠯᠴᠠᠭᠠᠨ ᠤ ᠨᠥᠬᠦᠪᠥᠷᠢ ᠶᠢᠨ ᠬᠡᠪᠴᠢᠶ᠎ᠡ ᠶᠢ ᠰᠤᠳᠤᠯᠤᠨ ᠲᠣᠭᠲᠠᠭᠠᠬᠤ ᠬᠡᠷᠡᠭᠲᠡᠶ᠃      3 . ᠨᠥᠬᠦᠪᠥᠷᠢ ᠥᠭᠬᠦ ᠴᠠᠭ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠬᠡᠪᠴᠢᠶ᠎ᠡ ᠳᠤ ᠣᠷᠤᠭᠤᠯᠤᠭᠰᠠᠨ ᠰᠠᠯᠠᠭ᠎ᠠ ᠮᠥᠴᠢᠷ ᠨᠢᠭᠡᠴᠡ ᠨᠦᠭᠦᠳ ᠲᠤᠰ ᠲᠥᠰᠦᠯ ᠢ ᠳᠠᠷᠤᠮᠠᠯᠯᠠᠨ ᠲᠠᠷᠬᠠᠭᠠᠭᠰᠠᠨ ᠤ ᠳᠠᠷᠠᠭᠠᠬᠢ 2 ᠰᠠᠷ᠎ᠠ ᠶᠢᠨ ᠳᠣᠲᠣᠷ᠎ᠠ᠂ ᠲᠡᠷᠭᠡ ᠬᠥᠰᠬᠡ ᠪᠠᠨ ᠪᠢᠲᠡᠭᠦᠮᠵᠢᠯᠡᠨ ᠬᠠᠳᠠᠭᠠᠯᠠᠬᠤ ᠠᠵᠢᠯ ᠢ ᠪᠡᠶᠡᠯᠡᠭᠦᠯᠬᠦ ᠬᠡᠷᠡᠭᠲᠡᠶ᠃ ᠲᠡᠷᠭᠡ ᠬᠥᠰᠬᠡ ᠪᠠᠨ ᠪᠢᠲᠡᠭᠦᠮᠵᠢᠯᠡᠨ ᠬᠠᠳᠠᠭᠠᠯᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠠᠴᠠ ᠠᠯᠪᠠᠨ ᠲᠡᠷᠭᠡ ᠬᠡᠷᠡᠭᠯᠡᠬᠦ ᠵᠠᠮ ᠬᠠᠷᠢᠯᠴᠠᠭᠠᠨ ᠤ ᠨᠥᠬᠦᠪᠥᠷᠢ ᠶᠢ ᠪᠤᠳᠤᠵᠤ ᠥᠭᠬᠦ ᠴᠠᠭ ᠢ ᠲᠣᠭᠲᠠᠭᠠᠨ᠎ᠠ᠃ ᠲᠣᠭᠲᠠᠭᠰᠠᠨ ᠴᠠᠭ ᠤᠨ ᠳᠣᠲᠣᠷ᠎ᠠ ᠲᠡᠷᠭᠡ ᠬᠥᠰᠬᠡ ᠪᠠᠨ ᠪᠢᠲᠡᠭᠦᠮᠵᠢᠯᠡᠨ ᠬᠠᠳᠠᠭᠠᠯᠠᠭᠰᠠᠨ ᠦᠭᠡᠢ ᠪᠠᠶᠢᠪᠠᠯ᠂ ᠠᠯᠪᠠᠨ ᠶᠠᠪᠤᠳᠠᠯ ᠤᠨ ᠵᠠᠮ ᠬᠠᠷᠢᠯᠴᠠᠭᠠᠨ ᠤ ᠨᠥᠬᠦᠪᠥᠷᠢ ᠶᠢ ᠲᠦᠷ ᠣᠯᠭᠤᠬᠤ ᠦᠭᠡᠢ᠂ ᠪᠤᠳᠤᠵᠤ ᠥᠭᠬᠦ ᠴᠠᠭ ᠢ ᠨᠢ ᠠᠰ ᠲᠤᠨᠢ ᠰᠣᠳᠣᠯᠣᠨ ᠶᠠᠷᠢᠯᠴᠠᠨ᠎ᠠ᠃      ᠡᠯ᠎ᠡ ᠠᠶᠢᠮᠠᠭ ᠬᠤᠳᠠ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠤᠳᠤᠯᠬᠤ ᠲᠣᠭᠲᠠᠭᠠᠭᠰᠠᠨ ᠠᠯᠪᠠᠨ ᠶᠠᠪᠤᠳᠠᠯ ᠤᠨ ᠵᠠᠮ ᠬᠠᠷᠢᠯᠴᠠᠭᠠᠨ ᠤ ᠨᠥᠬᠦᠪᠥᠷᠢ ᠥᠭᠬᠦ ᠠᠷᠭ᠎ᠠ ᠮᠠᠶ᠋ᠢᠭ ᠢ ᠯᠠᠪᠯᠠᠯᠲᠠ ᠪᠣᠯᠭᠠᠬᠤ ᠬᠡᠷᠡᠭᠲᠡᠢ᠃      ︵ᠭᠤᠷᠪᠠ︶ ᠲᠡᠷᠭᠡ ᠬᠥᠰᠬᠡ ᠰᠢᠢᠳᠪᠦᠷᠢᠯᠡᠬᠦ      1 . ᠬᠦᠴᠦᠨ ᠦᠭᠡᠢ ᠪᠣᠯᠭᠠᠭᠰᠠᠨ ᠠᠯᠪᠠᠨ ᠲᠡᠷᠭᠡ ᠶᠢ ᠡᠯ᠎ᠡ ᠱᠠᠲᠤᠨ ᠤ ᠠᠯᠪᠠᠨ ᠲᠡᠷᠭᠡ ᠶᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠨᠢᠭᠡᠳᠦᠯᠲᠡᠶ ᠵᠢᠷᠤᠮᠵᠢᠭᠤᠨ ᠰᠢᠢᠳᠪᠦᠷᠢᠯᠡᠨ᠎ᠡ ︵ᠥᠪᠡᠷᠲᠡᠭᠡᠨ ᠵᠠᠰᠠᠬᠤ ᠣᠷᠣᠨ ᠎ ᠤ ᠲᠤᠰ ᠱᠠᠲᠤ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶᠃ ᠤᠯᠤᠰ ᠤᠨ ᠲᠣᠭᠲᠠᠭᠠᠭᠰᠠᠨ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠰᠢᠢᠳᠪᠦᠷᠢᠯᠡᠬᠦ ᠠᠷᠭ᠎ᠠ ᠪᠠᠨ ᠲᠣᠭᠲᠠᠭᠠᠵᠤ᠂ ᠰᠢᠢᠳᠪᠦᠷᠢᠯᠡᠭᠡᠳ ᠣᠯᠤᠭᠰᠠᠨ ᠠᠰᠢᠭ ᠣᠷᠣᠯᠭ᠎ᠠ ᠠᠴᠠ ᠬᠤᠯᠪᠣᠭᠳᠠᠯ ᠪᠦᠭᠦᠢ ᠭᠠᠶᠢᠯᠢ ᠰᠠᠭᠤᠯᠭᠠᠨ ᠠᠪᠤᠭᠰᠠᠨ ᠤ ᠲᠠᠷᠠᠭ᠎ᠠ ᠴᠦᠮ ᠠᠳᠠᠯᠢ ᠱᠠᠲᠤᠨ ᠤ ᠤᠯᠤᠰ ᠤᠨ ᠰᠡᠩ ᠳᠤ ᠲᠤᠰᠢᠶᠠᠬᠤ ᠬᠡᠷᠡᠭᠲᠡᠶ᠃      2 . ᠢᠯᠡ ᠪᠠᠷ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠵᠠᠭᠤᠴᠢ ᠶᠢᠨ ᠪᠠᠶᠢᠭᠤᠯᠤᠮᠵᠢ ᠰᠣᠩᠭᠤᠨ ᠬᠦᠴᠦᠨ ᠦᠭᠡᠢ ᠪᠣᠯᠭᠠᠭᠰᠠᠨ ᠠᠯᠪᠠᠨ ᠲᠡᠷᠭᠡ ᠶᠢ ᠦᠨᠡᠯᠡᠨ ᠵᠢᠱᠢᠵᠤ᠂ ᠦᠨᠡᠯᠡᠨ ᠵᠢᠱᠢᠭᠰᠡᠨ ᠦᠨ᠎ᠡ ᠪᠠᠷ ᠰᠠᠭᠤᠷᠢ ᠦᠨ᠎ᠡ ᠪᠣᠯᠭᠠᠵᠤ᠂ ᠢᠯᠠ ᠪᠠᠷ ᠦᠨ᠎ᠡ ᠬᠠᠶᠠᠵᠤ ᠬᠤᠳᠠᠯᠳᠤᠬᠤ ᠵᠡᠷᠭᠡ ᠠᠷᠭ᠎ᠠ ᠮᠠᠶ᠋ᠢᠭ ᠢ ᠬᠡᠷᠡᠭᠯᠡᠨ ᠢᠯᠡ ᠪᠠᠷ ᠰᠢᠢᠳᠪᠦᠷᠢᠯᠡᠵᠦ᠂ ᠰᠢᠢᠳᠪᠦᠷᠢᠯᠡᠭᠰᠡᠨ ᠦᠷ᠎ᠡ ᠳ᠋ᠥᠡᠭ ᠢ ᠨᠡᠶᠢᠭᠡᠮ ᠳᠤ ᠢᠯᠡ ᠪᠣᠯᠭᠠᠬᠤ ᠬᠡᠷᠡᠭᠲᠡᠶ᠃ ᠲᠡᠷᠭᠡ ᠬᠥᠰᠬᠡ ᠶᠢ ᠬᠢᠨᠠᠨ ᠲᠣᠭᠲᠠᠭᠠᠵᠤ ᠦᠨᠡᠯᠡᠨ ᠵᠢᠱᠢᠬᠦ ᠪᠠᠶᠢᠭᠤᠯᠤᠮᠵᠢ ᠪᠣᠯᠣᠨ ᠦᠨ᠎ᠡ ᠬᠠᠶᠠᠵᠤ ᠬᠤᠳᠠᠯᠳᠤᠬᠤ ᠪᠠᠶᠢᠭᠤᠯᠤᠮᠵᠢ ᠶᠢ ᠡᠯ᠎ᠡ ᠱᠠᠲᠤᠨ ᠤ ᠠᠯᠪᠠᠨ ᠲᠡᠷᠭᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠠᠰᠠᠭ ᠤᠨ ᠣᠷᠳᠣᠨ ᠠᠴᠠ ᠢᠯᠡ ᠪᠠᠷ ᠳᠠᠭᠠᠭᠠᠴᠢᠯᠠᠯᠲᠠ ᠵᠠᠷᠯᠠᠨ ᠲᠥᠪᠯᠡᠷᠡᠭᠦᠯᠦᠨ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠷᠢᠴᠠᠩᠭᠤᠢ ᠬᠢᠷᠢ ᠴᠢᠳᠠᠮᠵᠢ ᠪᠥᠬᠦᠢ ᠨᠡᠶᠢᠭᠡᠮ ᠤᠨ ᠵᠠᠭᠤᠴᠢ ᠪᠠᠶᠢᠭᠤᠯᠤᠮᠵᠢ ᠶᠢᠨ ᠳᠣᠲᠣᠷ᠎ᠠ ᠠᠴᠠ ᠲᠣᠭᠲᠠᠭᠠᠨ᠎ᠠ᠃ ᠲᠡᠷᠭᠡ ᠬᠥᠰᠬᠡ ᠰᠢᠢᠳᠪᠦᠷᠢᠯᠡᠬᠦ ᠠᠵᠢᠯ ᠤᠨ ᠳᠤᠮᠳᠠ᠂ ᠬᠢᠮᠳᠠᠷᠠᠭᠤᠯᠤᠨ ᠬᠤᠳᠠᠯᠳᠤᠬᠤ ᠪᠠ ᠬᠢᠮᠳᠠ ᠪᠠᠷ ᠬᠤᠳᠠᠯᠳᠤᠬᠤ ᠦᠵᠡᠭᠳᠡᠯ ᠢ ᠰᠡᠷᠭᠡᠶᠢᠯᠡᠨ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠠᠯᠳᠠᠭᠳᠠᠬᠤ ᠠᠴᠠ ᠵᠠᠶᠢᠯᠠᠰᠬᠢᠬᠤ ᠬᠡᠷᠡᠭᠲᠡᠢ᠃ ᠴᠠᠭ ᠲᠤᠬᠠᠶ ᠳᠤᠨᠢ ᠰᠢᠢᠳᠪᠦᠷᠢᠯᠡᠵᠦ ᠳᠡᠶᠢᠯᠬᠦ ᠦᠭᠡᠢ ᠲᠡᠷᠭᠡ ᠶᠢ ᠦᠨᠡᠯᠡᠨ ᠵᠢᠱᠢᠭᠰᠡᠨ ᠤ ᠳᠠᠷᠠᠭ᠎ᠠ ᠤᠯᠤᠰ ᠤᠨ ᠬᠥᠷᠥᠩᠭᠡ ᠪᠣᠯᠭᠠᠨ ᠰᠢᠯᠵᠢᠯᠲᠡ ᠶᠢᠨ ᠴᠢᠨᠠᠷᠲᠠᠶ ᠠᠯᠪᠠᠨ ᠲᠡᠷᠭᠡᠨ ᠤ ᠦᠢᠯᠡᠴᠢᠯᠡᠭᠡᠨ ᠤ ᠺᠣᠮᠫᠠᠨᠢ ᠳᠤ ᠥᠭᠴᠦ᠂ ᠦᠢᠯᠡᠴᠢᠯᠡᠭᠡᠨ ᠤ ᠺᠣᠮᠫᠠᠨᠢ ᠨᠢ ᠨᠡᠶᠢᠭᠡᠮ ᠳᠤ ᠬᠠᠨᠳᠤᠭᠤᠯᠤᠨ ᠦᠢᠯᠡᠴᠢᠯᠡᠭᠡ ᠬᠠᠨᠭ᠍ᠭᠠᠵᠤ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠬᠢᠯᠭᠡᠨ᠎ᠡ᠂ ᠵᠠᠰᠠᠭ ᠤᠨ ᠣᠷᠳᠣᠨ ᠠᠴᠠ ᠲᠡᠳᠡᠨ ᠳᠤ ᠡᠳ᠋ ᠤᠨ ᠵᠠᠰᠠᠭ ᠤᠨ ᠴᠢᠨᠠᠷᠲᠠᠶ ᠨᠥᠬᠦᠪᠥᠷᠢ ᠥᠭᠴᠦ ᠪᠣᠯᠬᠤ ᠦᠭᠡᠢ᠃      ︵ᠲᠦᠷᠪᠡ︶ ᠵᠢᠯᠣᠭᠤᠴᠢ ᠠᠵᠢᠯᠲᠠᠨ ᠢ ᠲᠥᠪᠬᠢᠨᠡᠭᠦᠯᠬᠦ      1 . ᠠᠯᠪᠠᠨ ᠲᠡᠷᠭᠡ ᠶᠢ ᠦᠯᠡᠳᠡᠭᠡᠬᠦ ᠪᠣᠳᠠᠲᠠᠶ ᠬᠡᠷᠡᠭᠴᠡᠭᠡ ᠶᠢ ᠦᠨᠳᠦᠰᠦᠯᠡᠨ᠂ ᠵᠢᠯᠣᠭᠤᠴᠢ ᠠᠵᠢᠯᠲᠠᠨ ᠤ ᠠᠵᠢᠯ ᠤᠨ ᠪᠠᠶᠢᠷᠢ ᠶᠢ ᠵᠦᠢ ᠵᠣᠬᠢᠰᠲᠠᠶ ᠲᠣᠬᠢᠷᠠᠭᠤᠯᠵᠤ᠂ ᠢᠯᠡ ᠪᠥᠭᠡᠳ ᠡᠷᠬᠡ ᠲᠡᠭᠰᠢ᠂ ᠥᠷᠢᠰᠥᠯᠳᠦᠭᠦᠯᠬᠦ᠂ ᠰᠢᠯᠢᠳᠡᠭ ᠢ ᠨᠢ ᠰᠣᠩᠭᠤᠬᠤ ᠵᠠᠷᠴᠢᠮ ᠶᠣᠰᠤᠭᠠᠷ᠂ ᠠᠵᠢᠯ ᠤᠨ ᠪᠠᠶᠢᠷᠢ ᠳᠤ ᠦᠷᠢᠰᠦᠯᠳᠦᠨ ᠭᠠᠷᠬᠤ᠂ ᠶᠡᠷᠦᠩᠬᠡᠶᠢᠯᠡᠭᠡᠳ ᠰᠢᠯᠢᠳᠡᠭ ᠢ ᠨᠢ ᠰᠣᠩᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠤᠳᠤ ᠪᠠᠶᠢᠭ᠎ᠠ ᠠᠯᠪᠠᠨ ᠶᠣᠰᠤᠨ ᠤ ᠵᠢᠯᠣᠭᠤᠴᠢ ᠠᠵᠢᠯᠲᠠᠨ ᠤ ᠳᠣᠲᠣᠷ᠎ᠠ ᠠᠴᠠ ᠠᠵᠢᠯ ᠤᠨ ᠪᠠᠶᠢᠷᠢ ᠳᠤ ᠭᠠᠷᠬᠤ ᠬᠥᠮᠦᠰ ᠢ ᠲᠣᠭᠲᠠᠭᠠᠬᠤ ᠬᠡᠷᠡᠭᠲᠡᠶ᠃      2 . ᠬᠥᠮᠦᠨ ᠢᠶᠠᠷ ᠦᠨᠳᠦᠰᠦ ᠪᠣᠯᠭᠠᠬᠤ᠂ ᠢᠳᠡᠪᠬᠢᠲᠡᠶ ᠪᠥᠭᠡᠳ ᠯᠠᠪᠳᠠᠭᠤᠨ᠂ ᠲᠤᠬᠠᠶ ᠶᠢᠨ ᠭᠠᠵᠠᠷ ᠲᠤᠨᠢ ᠲᠣᠬᠢᠷᠠᠭᠤᠯᠬᠤ ᠵᠠᠷᠴᠢᠮ ᠶᠣᠰᠤᠭᠠᠷ᠂ ᠳᠣᠲᠣᠭᠠᠳᠤ ᠳᠠᠭᠠᠨ ᠰᠢᠩᠭᠡᠭᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠳᠣᠲᠣᠭᠠᠳᠤ ᠳᠠᠭᠠᠨ ᠠᠵᠢᠯ ᠤᠨ ᠪᠠᠶᠢᠷᠢ ᠰᠣᠯᠢᠬᠤ᠂ ᠰᠢᠨ᠎ᠡ ᠠᠵᠢᠯ ᠤᠨ ᠪᠠᠶᠢᠷᠢ ᠨᠡᠬᠡᠬᠡᠬᠦ᠂ ᠠᠵᠢᠯ ᠤᠨ ᠪᠠᠶᠢᠷᠢ ᠠᠴᠠ ᠪᠠᠨ ᠤᠷᠢᠳᠴᠢᠯᠠᠨ ᠰᠠᠯᠬᠤ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠪᠤᠰᠤᠳ ᠵᠢᠯᠣᠭᠤᠴᠢ ᠠᠵᠢᠯᠲᠠᠨ ᠢ ᠰᠠᠶᠢᠲᠤᠷ ᠲᠦᠪᠬᠢᠨᠡᠭᠦᠯᠬᠦ ᠬᠡᠷᠡᠭᠲᠡᠢ᠂ ᠨᠡᠶᠢᠭᠡᠮ ᠳᠤ ᠲᠦᠯᠬᠢᠨ ᠶᠠᠪᠤᠭᠤᠯᠵᠤ ᠪᠣᠯᠬᠤ ᠦᠭᠡᠢ ᠃ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠭᠰᠠᠨ ᠠᠯᠪᠠᠨ ᠲᠡᠷᠭᠡᠨ ᠤ ᠦᠢᠯᠡᠴᠢᠯᠡᠭᠡᠨ ᠤ ᠺᠣᠮᠫᠠᠨᠢ ᠨᠢ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠳᠤᠮᠳᠠ ᠤᠷᠢᠨ ᠬᠡᠷᠡᠭᠯᠡᠬᠦ ᠭᠡᠷ᠎ᠡ ᠪᠤᠶᠤ ᠬᠥᠳᠡᠯᠮᠦᠷᠢ ᠶᠢᠨ ᠭᠡᠷ᠎ᠡ ᠪᠠᠨ ᠴᠣᠴᠠᠯᠠᠭᠰᠠᠨ ᠵᠢᠯᠣᠭᠤᠴᠢ ᠠᠵᠢᠯᠲᠠᠨ ᠢ ᠵᠣᠬᠢᠬᠤ ᠬᠠᠷᠢᠴᠠᠯ ᠢᠶᠠᠷ ᠲᠣᠬᠢᠷᠠᠭᠤᠯᠵᠤ ᠡᠯᠰᠡᠨ ᠬᠡᠷᠡᠭᠯᠡᠬᠦ ᠬᠡᠷᠡᠭᠲᠡᠢ᠃      3 . ᠬᠠᠮᠢᠶ᠎ᠡ ᠪᠦᠬᠦᠢ ᠠᠵᠢᠯᠳᠠᠨ ᠤᠷᠢᠵᠤ ᠬᠡᠷᠡᠭᠯᠡᠬᠦ ᠭᠡᠷ᠎ᠡ ᠪᠤᠶᠤ ᠬᠥᠳᠡᠯᠮᠦᠷᠢ ᠶᠢᠨ ᠭᠡᠷ᠎ᠡ ᠶᠢ ᠡᠴᠦᠰᠯᠡᠭᠦᠯᠬᠦ᠂ ᠴᠤᠴᠠᠯᠠᠬᠤ ᠠᠵᠢᠯ ᠢ ᠰᠠᠶᠢᠲᠤᠷ ᠬᠢᠵᠦ᠂ ᠡᠶᠢᠮᠦ ᠬᠡᠯᠪᠡᠷᠢ ᠶᠢᠨ ᠵᠢᠯᠣᠭᠤᠴᠢ ᠠᠵᠢᠯᠲᠠᠨ ᠪᠣᠯᠣᠨ ᠪᠠᠶᠢᠭᠤᠯᠭ᠎ᠠ ᠶᠢᠨ ᠠᠵᠢᠯᠳᠠᠨ ᠤ ᠶᠠᠪᠤᠳᠠᠯ ᠤᠨ ᠬᠥᠳᠡᠯᠮᠦᠷᠢ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠬᠠᠮᠢᠶ᠎ᠡ ᠪᠦᠬᠦᠢ ᠬᠥᠮᠦᠰ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠬᠤ ᠬᠡᠷᠡᠭᠲᠡᠢ᠃ ᠬᠡᠷᠡᠭᠰᠡᠬᠦ ᠵᠠᠷᠤᠯᠭ᠎ᠠ ᠶᠢ ᠨᠢ ᠠᠳᠠᠯᠢ ᠱᠠᠲᠤᠨ ᠤ ᠡᠳ᠋ ᠤᠨ ᠵᠠᠰᠠᠭ ᠠᠴᠠ ᠲᠤᠰᠬᠠᠶ ᠵᠦᠢᠯ ᠤᠨ ᠵᠠᠷᠤᠳᠠᠯ ᠲᠣᠬᠢᠷᠠᠭᠤᠯᠤᠨ ᠪᠠᠲᠤᠯᠠᠬᠤ ᠶᠢᠨ ᠬᠠᠮᠲᠤ ᠠᠯᠪᠠᠨ ᠲᠡᠷᠭᠡ ᠶᠢ ᠰᠢᠢᠳᠪᠦᠷᠢᠯᠡᠭᠰᠡᠨ ᠠᠰᠢᠭ ᠣᠷᠣᠯᠭ᠎ᠠ ᠪᠣᠯᠣᠨ ᠰᠠᠯᠠᠭ᠎ᠠ ᠮᠥᠴᠢᠷ ᠤᠨ ᠣᠳᠣ ᠪᠠᠶᠢᠭ᠎ᠠ ᠵᠠᠷᠤᠳᠠᠯ ᠤᠨ ᠮᠥᠡᠭᠭᠦ ᠪᠠᠷ ᠳᠠᠮᠵᠢᠭᠤᠯᠤᠨ ᠤᠯᠠᠨ ᠠᠷᠭ᠎ᠠ ᠵᠠᠮ ᠢᠶᠠᠷ ᠴᠤᠭᠯᠠᠭᠤᠯᠤᠨ ᠰᠢᠢᠳᠪᠦᠷᠢᠯᠡᠬᠦ ᠬᠡᠷᠡᠭᠲᠡᠶ᠃      4 . ᠠᠵᠢᠯᠲᠠᠨ ᠲᠥᠪᠬᠢᠨᠡᠭᠦᠯᠬᠦ ᠠᠵᠢᠯ ᠢ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ ᠳᠣᠣᠷ᠎ᠠ᠂ ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠦᠷᠦᠭᠦᠯᠡᠨ ᠵᠢᠯᠣᠭᠤᠴᠢ ᠠᠵᠢᠯᠲᠠᠨ ᠢ ᠲᠥᠪᠬᠢᠨᠡᠭᠦᠯᠬᠦ ᠳᠤᠭᠤᠶᠢᠯᠠᠩ ᠪᠠᠶᠢᠭᠤᠯᠵᠤ᠂ ᠥᠭᠡᠷᠡᠴᠢᠯᠡᠯᠲᠡ ᠳᠤ ᠣᠷᠣᠯᠴᠠᠬᠤ ᠨᠢᠭᠡᠴᠡ ᠶᠢᠨ ᠵᠢᠯᠣᠭᠤᠴᠢ ᠠᠵᠢᠯᠲᠠᠨ ᠢ ᠲᠥᠪᠬᠢᠨᠡᠭᠦᠯᠬᠦ ᠠᠵᠢᠯ ᠢ ᠰᠠᠶᠢᠲᠤᠷ ᠬᠢᠬᠦ ᠶᠢ ᠬᠠᠷᠢᠭᠤᠴᠠᠨ ᠵᠢᠯᠤᠭᠤᠳᠬᠤ ᠬᠡᠷᠡᠭᠲᠡᠶ᠃      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠠᠯᠪᠠᠨ ᠲᠡᠷᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ      ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠬᠢᠨᠠᠨ ᠲᠣᠭᠲᠠᠭᠠᠵᠤ ᠦᠯᠡᠳᠡᠭᠡᠭᠰᠡᠨ ᠲᠡᠷᠭᠡ ᠳᠤ ᠣᠷᠣᠨ ᠲᠤᠭ᠎ᠠ ᠪᠠᠷ ᠬᠠᠮᠢᠶᠠᠷᠬᠤ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠲᠡᠷᠭᠡ ᠶᠢ ᠲᠣᠬᠢᠷᠠᠭᠤᠯᠤᠨ ᠬᠡᠷᠡᠭᠯᠡᠬᠦ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ᠶᠢ ᠬᠠᠷᠢᠭᠤᠴᠠᠨ ᠵᠠᠰᠠᠪᠤᠷᠢ ᠣᠷᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠮᠠᠰᠢᠨ ᠲᠡᠷᠭᠡᠨ ᠤ ᠣᠷᠣᠨ ᠲᠤᠭ᠎ᠠ ᠶᠢᠨ ᠲᠤᠭ᠎ᠠ ᠬᠡᠮᠵᠢᠶ᠎ᠡ ᠶᠢ ᠬᠢᠨᠠᠨ ᠲᠣᠭᠲᠠᠭᠠᠵᠤ᠂ ᠠᠯᠪᠠᠨ ᠲᠡᠷᠭᠡ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠣᠷᠣᠨ ᠤ ᠠᠯᠪᠠᠨ ᠲᠡᠷᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠲᠣᠭᠲᠠᠭᠠᠭᠰᠠᠨ ᠵᠠᠷᠴᠢᠮ ᠪᠣᠯᠣᠨ ᠪᠠᠷᠢᠮᠵᠢᠶ᠎ᠠ ᠶᠣᠰᠤᠭᠠᠷ᠂ ᠴᠢᠭᠯᠡᠯ ᠢᠶᠠᠷ ᠪᠠᠲᠤᠯᠠᠬᠤ ᠠᠯᠪᠠᠨ ᠲᠡᠷᠭᠡ ᠬᠡᠷᠡᠭᠯᠡᠬᠦ ᠵᠠᠷᠴᠢᠮ ᠪᠣᠯᠣᠨ ᠪᠠᠷᠢᠮᠵᠢᠶ᠎ᠡ ᠪᠠᠨ ᠴᠢᠩᠭ᠎ᠠ ᠬᠢᠨᠠᠨ ᠲᠣᠭᠲᠠᠭᠠᠬᠤ ᠬᠡᠷᠡᠭᠲᠡᠢ᠃ ᠦᠯᠡᠳᠡᠭᠡᠭᠰᠡᠨ ᠠᠯᠪᠠᠨ ᠲᠡᠷᠭᠡ ᠶᠢ ᠨᠢᠭᠡᠴᠡ ᠠᠴᠠ ᠲᠥᠪᠯᠡᠷᠡᠭᠦᠯᠦᠨ ᠬᠠᠮᠢᠶᠠᠷᠬᠤ ᠶᠢ ᠬᠡᠷᠡᠭᠵᠢᠭᠦᠯᠦᠨ᠎ᠡ᠃ ᠴᠢᠬᠤᠯᠠ ᠨᠢᠭᠤᠴᠠ ᠴᠢᠮᠡᠭᠡ ᠨᠡᠪᠲᠡᠷᠡᠯᠭᠡ ᠪᠠᠴᠢᠮ ᠪᠠᠶᠢᠳᠠᠯ ᠢ ᠠᠷᠭᠠᠴᠠᠬᠤ᠂ ᠬᠠᠷᠢᠴᠠᠩᠭᠤᠶ ᠲᠣᠭᠲᠠᠮᠠᠯ ᠱᠤᠭᠤᠮ ᠢᠶᠠᠷ ᠬᠠᠤᠯᠢ ᠬᠡᠷᠡᠭᠵᠢᠭᠦᠯᠵᠦ ᠡᠭᠦᠷᠭᠡ ᠭᠦᠢᠴᠡᠳᠬᠡᠬᠦ ᠵᠡᠷᠭᠡ ᠳᠤ ᠬᠡᠷᠡᠭᠯᠡᠬᠦ ᠲᠡᠷᠭᠡ ᠶᠢ ᠲᠣᠬᠢᠷᠠᠭᠤᠯᠤᠨ ᠰᠢᠨᠡᠳᠬᠡᠬᠦ ᠳᠡᠭᠡᠨ ︽ᠵᠠᠰᠠᠭ ᠤᠨ ᠣᠷᠳᠣᠨ ᠤ ᠪᠠᠶᠢᠭᠤᠯᠭ᠎ᠠ ᠵᠢᠴᠢ ᠣᠯᠠᠨ ᠨᠡᠶᠢᠲᠡ ᠶᠢᠨ ᠪᠠᠶᠢᠭᠤᠯᠤᠮᠵᠢ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠳᠤ ᠬᠡᠷᠡᠭᠵᠢᠭᠦᠯᠬᠦ ᠲᠥᠰᠦᠯ︾ ︵ᠲᠥᠷᠥ ᠬᠠᠮᠢᠶᠠᠷᠤᠯᠲᠠ ᠡᠨᠧᠷᠭᠢ ᠠᠷᠪᠢᠯᠠᠬᠤ ﹇2014﹈ 293 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠰᠢᠨ᠎ᠡ ᠡᠨᠧᠷᠭᠢ ᠶᠢᠨ ᠮᠠᠰᠢᠨ ᠲᠡᠷᠭᠡ ᠬᠡᠷᠡᠭᠯᠡᠵᠦ᠂ ᠲᠡᠷᠭᠡ ᠰᠢᠨᠡᠳᠬᠡᠬᠦ ᠦᠶ᠎ᠡ ᠳᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠶᠢ ᠵᠣᠬᠢᠬᠤ ᠬᠠᠷᠢᠴᠠᠯ ᠲᠠᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠦᠯᠡᠳᠡᠭᠡᠭᠰᠡᠨ ᠬᠠᠤᠯᠢ ᠬᠡᠷᠡᠭᠵᠢᠭᠦᠯᠵᠦ ᠡᠭᠦᠷᠭᠡ ᠭᠦᠢᠴᠡᠳᠬᠡᠬᠦ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠳᠠᠩᠰᠠᠯᠠᠨ ᠲᠡᠮᠳᠡᠭᠯᠡᠬᠦ᠂ ᠨᠡᠶᠢᠲᠡ ᠳᠤ ᠵᠠᠷᠯᠠᠬᠤ ᠵᠡᠷᠭᠡ ᠡᠯ᠎ᠡ ᠵᠦᠢᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠤᠯᠤᠰ ᠤᠨ ᠠᠮᠤᠷ ᠲᠦᠪᠰᠢᠨ᠂ ᠲᠤᠷᠰᠢᠨ ᠪᠠᠶᠢᠴᠠᠭᠠᠵᠤ ᠬᠡᠷᠡᠭ ᠰᠢᠳᠬᠡᠬᠦ ᠵᠡᠷᠭᠡ ᠬᠤᠯᠪᠣᠭᠳᠠᠯ ᠪᠦᠬᠦᠢ ᠲᠤᠰᠬᠠᠶ ᠠᠵᠢᠯ ᠤᠨ ᠬᠡᠷᠡᠭᠴᠡᠭᠡ ᠳᠤ ᠬᠤᠯᠪᠤᠭᠳᠠᠬᠤ ᠠᠴᠠ ᠭᠠᠳᠠᠨ᠎ᠠ᠂ ᠬᠠᠤᠯᠢ ᠬᠡᠷᠡᠭᠵᠢᠭᠦᠯᠵᠦ ᠡᠭᠦᠷᠭᠡ ᠭᠦᠢᠴᠡᠳᠬᠡᠬᠦ ᠲᠡᠷᠭᠡ ᠬᠥᠰᠬᠡ ᠴᠥᠮ ᠨᠢᠭᠡᠳᠦᠯᠲᠡᠶ ᠢᠯᠡᠳᠬᠡᠯᠲᠡ ᠶᠢᠨ ᠲᠡᠮᠳᠡᠭ ᠢ ᠢᠯᠡᠳᠲᠡ ᠰᠦᠷᠴᠢᠨ ᠰᠢᠷᠳᠡᠬᠦ ᠬᠡᠷᠡᠭᠲᠡᠢ᠃ ᠣᠨᠴᠠ ᠲᠦᠷᠦᠯ ᠤᠨ ᠲᠤᠰᠬᠠᠶ ᠬᠡᠷᠡᠭᠯᠡᠬᠦ ᠲᠡᠷᠭᠡ ᠶᠢ ᠴᠢᠩᠭ᠎ᠠ ᠵᠠᠭᠠᠭᠯᠠᠨ ᠲᠣᠭᠲᠠᠭᠠᠵᠤ᠂ ᠲᠣᠭᠲᠠᠭᠠᠭᠰᠠᠨ ᠤ ᠲᠠᠷᠠᠭ᠎ᠠ ᠲᠤᠰᠠᠭᠠᠷ ᠣᠷᠣᠨ ᠲᠤᠭ᠎ᠠ ᠳᠤ ᠣᠷᠤᠭᠤᠯᠬᠤ ᠬᠡᠷᠡᠭᠲᠡᠶ᠃      ᠡᠯ᠎ᠡ ᠠᠶᠢᠮᠠᠭ ᠬᠤᠳᠠ ᠨᠤᠭᠤᠳ ᠥᠪᠡᠷᠲᠡᠭᠡᠨ ᠵᠠᠰᠠᠬᠤ ᠣᠷᠣᠨ ᠤ ᠬᠢᠵᠠᠭᠠᠷᠯᠠᠬᠤ ᠬᠠᠷᠠᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠲᠤᠰ ᠠᠶᠢᠮᠠᠭ ᠬᠤᠲᠠ ᠶᠢᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠠᠵᠢᠯ ᠤᠨ ᠰᠢᠨᠵᠢ ᠴᠢᠨᠠᠷ ᠪᠠ ᠪᠣᠳᠠᠲᠤ ᠪᠠᠶᠢᠳᠠᠯ ᠢ ᠦᠨᠳᠦᠰᠦᠯᠡᠨ᠂ ᠠᠯᠪᠠᠨ ᠲᠡᠷᠭᠡ ᠦᠯᠡᠳᠡᠭᠡᠬᠦ ᠪᠠᠷᠢᠮᠵᠢᠶ᠎ᠠ ᠪᠠᠨ ᠥᠪᠡᠰᠦᠪᠡᠨ ᠬᠢᠨᠠᠨ ᠲᠣᠭᠲᠠᠭᠠᠨ᠎ᠠ᠃ ᠣᠨᠴᠠ ᠬᠦᠨᠳᠦ ᠶᠡᠭᠡ ᠠᠶᠤᠯ ᠠᠴᠠ ᠠᠪᠤᠷᠠᠵᠤ ᠭᠠᠮᠰᠢᠭ ᠢ ᠲᠡᠩᠬᠡᠷᠡᠭᠦᠯᠬᠦ᠂ ᠡ᠊ᠨᠳᠡᠯ ᠢ ᠰᠢᠢᠳᠪᠦᠷᠢᠯᠡᠬᠦ᠂ ᠭᠡᠨᠡᠳᠲᠡ ᠶᠢᠨ ᠬᠡᠷᠡᠭ ᠤᠴᠢᠷ ᠢ ᠰᠢᠢᠳᠪᠦᠷᠢᠯᠡᠬᠦ ᠵᠡᠷᠭᠡ ᠤᠷᠢᠳᠴᠢᠯᠠᠨ ᠮᠡᠳᠡᠬᠦ ᠶᠢᠨ ᠠᠷᠭ᠎ᠠ ᠦᠭᠡᠢ ᠣᠨᠴᠠᠭᠠᠶ ᠬᠡᠷᠡᠭ ᠶᠠᠪᠤᠳᠠᠯ ᠳᠤ᠂ ᠪᠣᠳᠠᠲᠠᠶ ᠪᠠᠶᠢᠳᠠᠯ ᠠᠴᠠ ᠪᠠᠨ ᠡᠭᠦᠰᠴᠦ᠂  ᠠᠯᠪᠠᠨ ᠲᠡᠷᠭᠡ ᠬᠡᠷᠡᠭᠯᠡᠬᠦ ᠶᠢ ᠪᠠᠲᠤᠯᠠᠬᠤ ᠠᠷᠭ᠎ᠠ ᠶᠢ ᠲᠤᠭᠲᠠᠭᠠᠵᠤ ᠪᠤᠯᠤᠨ᠎ᠠ᠃      ︵ᠬᠤᠶᠠᠷ︶ ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠨ᠎ᠠ      ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠵᠠᠮ ᠬᠠᠷᠢᠯᠴᠠᠭᠠᠨ ᠤ ᠵᠠᠷᠤᠳᠠᠯ ᠤᠨ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠠᠯᠪᠠᠨ ᠶᠠᠪᠤᠳᠠᠯ ᠤᠨ ᠵᠠᠮ ᠬᠠᠷᠢᠯᠴᠠᠭᠠᠨ ᠤ ᠨᠥᠬᠦᠪᠥᠷᠢ ᠥᠭᠬᠦ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠣᠷᠣᠨ ᠲᠣᠭᠠᠨ ᠳᠤ ᠪᠠᠶᠢᠭ᠎ᠠ ᠠᠵᠢᠯ ᠤᠨ ᠪᠠᠶᠢᠷᠢᠨ ᠳᠤ ᠪᠠᠶᠢᠭ᠎ᠠ ᠠᠯᠪᠠᠲᠠᠨ ᠤ ᠲᠤᠭ᠎ᠠ ᠪᠠ ᠵᠡᠷᠭᠡ ᠲᠤᠰᠢᠶᠠᠯ ᠤᠨ ᠶᠣᠰᠣᠭᠠᠷ ᠬᠢᠨᠠᠨ ᠲᠤᠭᠲᠠᠭᠠᠨ ᠨᠥᠬᠦᠪᠥᠷᠢ ᠦᠭᠴᠦ᠂ ᠠᠯᠪᠠᠨ ᠶᠠᠪᠤᠳᠠᠯ ᠤᠨ ᠵᠠᠮ ᠬᠠᠷᠢᠯᠴᠠᠭᠠᠨ ᠤ ᠨᠥᠬᠦᠪᠥᠷᠢ ᠤᠯᠭᠤᠬᠤ ᠶᠢ ᠴᠢᠩᠭ᠎ᠠ ᠬᠠᠮᠢᠶᠠᠷᠴᠤ᠂ ᠨᠥᠬᠦᠪᠥᠷᠢ ᠦᠭᠬᠦ ᠬᠥᠮᠦᠰ ᠤᠨ ᠬᠦᠷᠢᠶ᠎ᠡ ᠬᠡᠪᠴᠢᠶ᠎ᠡ᠂ ᠨᠥᠬᠦᠪᠥᠷᠢ ᠥᠭᠬᠦ ᠪᠠᠷᠢᠮᠵᠢᠶ᠎ᠠ ᠶᠢ ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠢ᠃      ︵ᠭᠤᠷᠪᠠ︶ ᠠᠯᠪᠠᠨ ᠲᠡᠷᠭᠡ ᠬᠡᠷᠡᠭᠯᠡᠬᠦ ᠳᠠᠬᠢ ᠰᠠᠬᠢᠯᠭ᠎ᠠ ᠪᠠᠲᠤ ᠪᠠᠶᠢᠴᠠᠭᠠᠬᠤ ᠪᠠ ᠬᠢᠨᠠᠨ ᠪᠣᠳᠣᠯᠲᠠ ᠶᠢ ᠴᠢᠩᠭᠠᠳᠬᠠᠨ᠎ᠠ       ᠠᠯᠪᠠᠨ ᠲᠡᠷᠭᠡ ᠬᠡᠷᠡᠭᠯᠡᠬᠦ ᠳᠠᠬᠢ ᠰᠠᠬᠢᠯᠭ᠎ᠠ ᠪᠠᠲᠤ ᠶᠢ ᠲᠦᠪ ᠴᠢᠩᠭ᠎ᠠ ᠪᠤᠯᠭᠠᠵᠤ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠮᠠᠰᠢᠨ ᠲᠡᠷᠭᠡᠨ ᠤ ᠣᠷᠣᠨ ᠲᠣᠭᠠᠨ ᠶᠢ ᠴᠢᠩᠭ᠎ᠠ ᠬᠢᠨᠠᠨ ᠲᠤᠭᠲᠠᠭᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠣᠨᠴᠠᠭᠠᠶ ᠬᠡᠷᠡᠭᠴᠡᠭᠡ ᠲᠠᠢ ᠭᠡᠬᠦ ᠵᠡᠷᠭᠡ ᠰᠢᠯᠲᠠᠭᠠᠨ ᠢᠶᠠᠷ ᠬᠡᠯᠪᠡᠷᠢ ᠶᠢ ᠨᠢ ᠥᠭᠡᠷᠡᠲᠡᠭᠦᠯᠦᠨ ᠤᠷᠤᠨ ᠲᠤᠭ᠎ᠠ ᠠᠴᠠ ᠬᠡᠲᠦᠷᠡᠭᠦᠯᠬᠦ᠂ ᠪᠠᠷᠢᠮᠵᠢᠶ᠎ᠠ ᠠᠴᠠ ᠬᠡᠲᠦᠷᠡᠭᠦᠯᠦᠨ ᠠᠯᠪᠠᠨ ᠲᠡᠷᠭᠡ ᠲᠣᠬᠢᠷᠠᠭᠤᠯᠵᠤ ᠪᠤᠯᠬᠤ ᠦᠭᠡᠢ᠂ ᠬᠠᠷᠢᠶ᠎ᠠ ᠨᠢᠭᠡᠴᠡ ᠪᠤᠶᠤ ᠪᠤᠰᠤᠳ ᠪᠠᠶᠢᠭᠤᠯᠭ᠎ᠠ ᠪᠠ ᠬᠤᠪᠢ ᠬᠥᠮᠦᠨ ᠤ ᠮᠠᠰᠢᠨ ᠲᠡᠷᠭᠡ ᠶᠢ ᠶᠠᠮᠠᠷᠪᠠ ᠬᠡᠯᠪᠡᠷᠢ ᠪᠠᠷ ᠰᠣᠯᠢᠵᠤ ᠬᠡᠷᠡᠭᠯᠡᠬᠦ᠂ ᠵᠢᠭᠡᠯᠡᠨ ᠬᠡᠷᠡᠭᠯᠡᠬᠦ᠂ ᠡᠵᠡᠯᠡᠨ ᠬᠡᠷᠡᠭᠯᠡᠵᠦ ᠪᠤᠯᠬᠤ ᠦᠭᠡᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠬᠤᠪᠢ ᠬᠥᠮᠦᠨ ᠤ ᠪᠡᠯᠡᠭᠯᠡᠨ ᠬᠦᠷᠭᠡᠭᠰᠡᠨ ᠲᠡᠷᠭᠡ ᠶᠢ ᠬᠦᠯᠢᠶᠡᠨ ᠠᠪᠴᠤ ᠪᠣᠯᠬᠤ ᠦᠭᠡᠶ᠂ ᠬᠠᠤᠯᠢ ᠬᠡᠷᠡᠭᠵᠢᠭᠦᠯᠵᠦ ᠡᠭᠦᠷᠭᠡ ᠭᠦᠢᠴᠡᠳᠬᠡᠬᠦ᠂ ᠨᠢᠭᠤᠴᠠ ᠴᠢᠬᠤᠯᠠ ᠴᠢᠮᠡᠭᠡ  ᠨᠡᠪᠲᠡᠷᠡᠯᠭᠡ ᠵᠡᠷᠭᠡ ᠠᠯᠪᠠᠨ ᠳᠤ ᠬᠡᠷᠡᠭᠯᠡᠬᠦ ᠲᠡᠷᠭᠡ ᠶᠢ ᠶᠠᠮᠠᠷ ᠴᠤ ᠰᠢᠯᠲᠠᠭ ᠢᠶᠠᠷ ᠬᠡᠷᠡᠭᠴᠡᠭᠡᠨ ᠠᠴᠠ ᠵᠦᠷᠢᠴᠡᠨ ᠬᠡᠷᠡᠭᠯᠡᠬᠦ ᠪᠤᠶᠤ ᠬᠤᠪᠢ ᠬᠥᠮᠦᠨ ᠳᠤ ᠥᠭᠴᠦ ᠲᠤᠭᠲᠠᠮᠠᠯ ᠬᠡᠷᠡᠭᠯᠡᠭᠦᠯᠵᠦ ᠵᠦᠷᠢᠴᠡᠵᠦ ᠪᠤᠯᠬᠤ ᠦᠭᠡᠢ᠂ ᠵᠠᠮ ᠬᠠᠷᠢᠯᠴᠠᠭᠠᠨ ᠤ ᠨᠥᠬᠦᠪᠥᠷᠢ ᠶᠢᠨ ᠨᠡᠷ᠎ᠡ ᠪᠠᠷ ᠬᠡᠯᠪᠡᠷᠢ ᠶᠢ ᠨᠢ ᠥᠭᠡᠷᠡᠲᠡᠭᠦᠯᠦᠨ ᠠᠰᠠᠷᠠᠮᠵᠢ ᠤᠯᠭᠤᠵᠤ ᠪᠤᠯᠬᠤ ᠦᠭᠡᠢ ᠃ ᠪᠤᠢ ᠪᠥᠬᠦᠢ ᠲᠡᠷᠭᠡ ᠶᠢ ᠬᠤᠳᠠᠯᠳᠤᠨ ᠠᠪᠬᠤ ᠳᠠᠭᠠᠨ ᠡᠷᠬᠡᠪᠰᠢ ᠮᠠᠰᠢᠨ ᠲᠡᠷᠭᠡᠨ ᠤᠷᠤᠨ ᠲᠤᠭᠠᠨ ᠤ ᠠᠯᠪᠠᠨ ᠭᠡᠷ ᠢᠶᠠᠷ ᠬᠢᠨᠠᠨ ᠵᠦᠪᠰᠢᠶᠡᠷᠡᠭᠦᠯᠬᠦ ᠬᠡᠷᠡᠭᠲᠡᠢ᠂ ᠬᠢᠨᠠᠨ ᠵᠥᠪᠰᠢᠶᠡᠷᠡᠭᠦᠯᠦᠭᠰᠡᠨ ᠦᠭᠡᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠫᠠᠶᠢᠰᠠ ᠣᠯᠭᠤᠵᠤ ᠪᠣᠯᠬᠤ ᠦᠭᠡᠶ᠂ ᠡᠳ᠋ ᠤᠨ ᠵᠠᠰᠠᠭ ᠤᠨ ᠰᠠᠯᠠᠭ᠎ᠠ ᠮᠥᠴᠢᠷ ᠵᠠᠷᠤᠳᠠᠯ ᠤᠨ ᠮᠦᠩᠭᠦ ᠬᠢᠨᠠᠨ ᠣᠯᠭᠤᠵᠤ ᠪᠣᠯᠬᠤ ᠥᠭᠡᠢ᠃      ᠦᠯᠡᠳᠡᠭᠡᠭᠰᠡᠨ ᠠᠯᠪᠠᠨ ᠬᠡᠷᠡᠭᠯᠡᠭᠡᠨ ᠤ ᠲᠡᠷᠭᠡ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ︽ᠠᠯᠪᠠᠨ ᠤ ᠲᠡᠷᠭᠡ ᠶᠢ ᠴᠤ ᠬᠡᠷᠡᠭᠯᠡᠭᠡᠳ᠂ ᠨᠦᠬᠦᠪᠦᠷᠢ ᠪᠠᠨ ᠴᠤ ᠠᠪᠬᠤ︾ ᠦᠵᠡᠭᠳᠡᠯ ᠭᠠᠷᠬᠤ ᠶᠢ ᠰᠡᠷᠭᠡᠶᠢᠯᠡᠨ ᠬᠤᠷᠢᠭᠯᠠᠵᠤ᠂ ᠨᠡᠶᠢᠭᠡᠮᠴᠢᠯᠡᠭᠰᠡᠨ ᠬᠢᠨᠠᠯᠲᠠ ᠲᠠᠯᠪᠢᠬᠤ ᠪᠦᠲᠦᠮᠵᠢᠲᠡᠶ ᠬᠡᠯᠪᠡᠷᠢ ᠪᠠ ᠪᠣᠳᠠᠲᠠᠶ ᠠᠷᠭ᠎ᠠ ᠶᠢ ᠠᠯᠬᠤᠮ ᠠᠯᠬᠤᠮ ᠢᠶᠠᠷ ᠬᠠᠶᠢᠨ ᠰᠦᠪᠡᠭᠴᠢᠯᠡᠨ᠎ᠡ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠤᠭᠤᠳ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠤᠨ ᠬᠢᠨᠠᠨ ᠪᠠᠶᠢᠴᠠᠭᠠᠯᠲᠠ ᠪᠠᠨ ᠴᠢᠩᠭᠠᠳᠬᠠᠵᠤ᠂ ᠤᠯᠠᠨ ᠲᠦᠮᠡᠨ ᠤ ᠢᠯᠡᠴᠢᠯᠡᠨ ᠮᠡᠳᠡᠭᠦᠯᠦᠯᠲᠡ ᠶᠢ ᠴᠠᠭ ᠲᠤᠬᠠᠶ ᠳᠤᠨᠢ ᠬᠦᠯᠢᠶᠡᠨ ᠠᠪᠴᠤ  ᠰᠢᠢᠳᠪᠦᠷᠢᠯᠡᠵᠦ᠂ ᠬᠡᠲᠦᠷᠡᠲᠡᠯ᠎ᠡ ᠵᠠᠷᠤᠭᠠᠳ ᠪᠤᠰᠤᠳ ᠲᠤ ᠨᠦᠮᠦᠷᠢᠭᠦᠯᠬᠦ᠂ ᠳᠤᠷ᠎ᠠ ᠪᠠᠷ ᠢᠶᠠᠨ ᠮᠡᠳᠡᠭᠦᠯᠵᠦ ᠳᠤᠷ᠎ᠠ ᠪᠠᠷ ᠢᠶᠠᠨ ᠵᠠᠷᠤᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠠᠮᠢᠶ᠎ᠠ ᠪᠥᠬᠦᠢ ᠬᠠᠷᠢᠭᠤᠴᠠᠯᠭ᠎ᠠ ᠡᠭᠦᠷᠭᠡᠯᠡᠭᠴᠢ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃ ᠬᠢᠨᠠᠨ ᠪᠤᠳᠤᠬᠤ ᠪᠠᠶᠢᠭᠤᠯᠭ᠎ᠠ ᠥᠭᠡᠷᠡᠴᠢᠯᠡᠯᠲᠡ ᠬᠢᠭᠰᠡᠨ ᠤ ᠳᠠᠷᠠᠭᠠᠬᠢ ᠠᠯᠪᠠᠨ ᠲᠡᠷᠭᠡ ᠶᠢᠨ ᠳᠤᠬᠢᠷᠠᠭᠤᠯᠤᠯᠲᠠ ᠪᠠ ᠠᠷᠠᠴᠢᠯᠠᠨ ᠬᠠᠮᠠᠭᠠᠯᠠᠬᠤ ᠵᠠᠷᠤᠳᠠᠯ᠂ ᠵᠠᠮ ᠬᠠᠷᠢᠯᠴᠠᠭᠠᠨ ᠤ ᠨᠥᠬᠦᠪᠥᠷᠢ ᠣᠯᠭᠤᠬᠤ᠂ ᠲᠡᠷᠭᠡ ᠬᠥᠰᠬᠡ ᠰᠢᠢᠳᠪᠦᠷᠢᠯᠡᠭᠰᠡᠨ ᠪᠠᠶᠢᠳᠠᠯ ᠵᠡᠷᠭᠡ ᠡᠳᠦᠷ ᠲᠤᠲᠤᠮ ᠤᠨ ᠪᠠ ᠲᠤᠰᠬᠠᠶ ᠵᠦᠢᠯ ᠤᠨ ᠬᠢᠨᠠᠨ ᠪᠤᠳᠤᠯᠲᠠ ᠬᠢᠵᠦ ᠬᠢᠨᠠᠯᠲᠠ ᠲᠠᠯᠪᠢᠬᠤ ᠬᠡᠷᠡᠭᠲᠡᠢ᠃      ︵ᠲᠦᠷᠪᠡ︶ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠶᠢ ᠦᠨᠡᠨ ᠬᠦ ᠪᠠᠲᠤᠯᠠᠬᠤ ᠬᠡᠷᠡᠭᠲᠡᠢ      ᠡᠯ᠎ᠡ ᠱᠠᠲᠤᠨ ᠤ ᠵᠠᠰᠠᠭ ᠤᠨ ᠣᠷᠳᠣᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ ᠰᠢᠰᠲ᠋ᠧᠮᠵᠢ ᠶᠢ ᠦᠳᠲᠡᠷ ᠲᠦᠷᠭᠡᠨ ᠲᠡᠭᠦᠯᠳᠡᠷᠵᠢᠭᠦᠯᠵᠦ᠂ ᠠᠯᠪᠠᠨ ᠶᠠᠪᠤᠳᠠᠯ ᠢᠶᠠᠷ ᠭᠠᠳᠠᠭᠰᠠᠢ ᠭᠠᠷᠬᠤ ᠳᠤ ᠲᠤᠬᠢᠷᠠᠭᠰᠠᠨ ᠵᠠᠬ᠎ᠠ ᠳᠡᠯᠭᠡᠭᠦᠷᠴᠢᠯᠡᠭᠰᠡᠨ ᠵᠠᠮ ᠬᠠᠷᠢᠯᠴᠠᠭᠠᠨ ᠤ ᠵᠤᠷᠰᠢᠯᠲᠦ ᠦᠢᠯᠡᠴᠢᠯᠡᠭᠡ ᠶᠢ ᠬᠠᠶᠢᠨ ᠰᠦᠪᠡᠭᠴᠢᠯᠡᠵᠦ᠂ ᠨᠡᠶᠢᠭᠡᠮᠴᠢᠯᠡᠭᠰᠡᠨ ᠵᠠᠮ ᠬᠠᠷᠢᠯᠴᠠᠭᠠᠨ ᠤ ᠪᠠᠭᠠᠵᠢ ᠶᠢ ᠨᠡᠮᠡᠭᠳᠡᠭᠦᠯᠵᠦ᠂ ᠠᠯᠪᠠᠨ ᠶᠠᠪᠤᠳᠠᠯ ᠢᠶᠠᠷ ᠭᠠᠳᠠᠭᠰᠠᠢ ᠭᠠᠷᠬᠤ ᠳᠤ ᠲᠤᠯᠭᠠᠷᠠᠬᠤ ᠪᠣᠳᠠᠲᠠᠶ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠥᠭᠡᠷᠡᠴᠢᠯᠡᠯᠲᠡ ᠬᠢᠭᠰᠡᠨ ᠤ ᠳᠠᠷᠠᠭᠠᠬᠢ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠶᠢ ᠦᠨᠡᠨ ᠬᠦ ᠪᠦᠲᠦᠮᠵᠢᠲᠡᠶ ᠪᠠᠲᠤᠯᠠᠬᠤ ᠬᠡᠷᠡᠭᠲᠡᠢ᠃ ᠡᠯ᠎ᠡ ᠭᠠᠵᠠᠷ ᠤᠨ ᠬᠢᠨ ᠪᠣᠳᠠᠲᠤ ᠪᠠᠶᠢᠳᠠᠯ ᠢᠶᠠᠨ ᠦᠨᠳᠦᠰᠦᠯᠡᠨ᠂ ᠲᠦᠷ ᠴᠠᠭ ᠰᠢᠢᠳᠪᠦᠷᠢᠯᠡᠵᠦ ᠴᠢᠳᠠᠭᠰᠠᠨ ᠦᠭᠡᠢ ᠲᠡᠷᠭᠡ ᠬᠥᠰᠬᠡ ᠶᠢ ᠵᠣᠬᠢᠶᠠᠨ ᠪᠠᠶᠢᠭᠤᠯᠤᠨ ᠰᠢᠯᠵᠢᠯᠲᠡ ᠶᠢᠨ ᠴᠢᠨᠠᠷᠲᠠᠶ ᠲᠡᠷᠭᠡ ᠬᠦᠰᠭᠡ ᠶᠢᠨ ᠦᠢᠯᠡᠴᠢᠯᠡᠭᠡᠨ ᠤ ᠲᠥᠪ ᠪᠤᠶᠤ ᠨᠡᠶᠢᠭᠡᠮᠴᠢᠯᠡᠭᠰᠡᠨ ᠲᠡᠷᠭᠡ ᠲᠦᠷᠢᠶᠡᠰᠦᠯᠡᠬᠦ ᠺᠤᠮᠫᠠᠨᠢ ᠶᠢ ᠠᠰᠢᠭᠯᠠᠨ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢ ᠬᠡᠷᠡᠭᠵᠢᠭᠦᠯᠵᠦ᠂ ᠦᠨ᠎ᠡ ᠲᠥᠯᠥᠪᠦᠷᠢ ᠲᠠᠢ ᠦᠢᠯᠡᠴᠢᠯᠡᠭᠡ ᠬᠠᠩᠭᠠᠵᠤ ᠪᠤᠯᠤᠨ᠎ᠠ᠂ ᠵᠠᠰᠠᠭ ᠤᠨ ᠣᠷᠳᠣᠨ ᠠᠴᠠ ᠶᠠᠮᠠᠷᠪᠠ ᠠᠷᠭ᠎ᠠ ᠬᠡᠯᠪᠡᠷᠢ ᠪᠠᠷ ᠲᠡᠳᠡᠨ ᠳᠤ ᠡᠳ᠋ ᠤᠨ ᠵᠠᠰᠠᠭ ᠤᠨ ᠴᠢᠨᠠᠷ ᠲᠠᠢ ᠨᠥᠬᠦᠪᠥᠷᠢ ᠦᠭᠴᠦ ᠪᠤᠯᠬᠤ ᠦᠭᠡᠢ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠬᠡᠷᠡᠭᠴᠡᠭᠡ ᠶᠢ ᠦᠨᠳᠦᠰᠦᠯᠡᠨ᠂ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠵᠦ᠂ ᠠᠯᠪᠠᠨ ᠶᠠᠪᠤᠳᠠᠯ ᠤᠨ ᠵᠠᠮ ᠬᠠᠷᠢᠯᠴᠠᠭᠠᠨ ᠤ ᠨᠦᠬᠦᠪᠦᠷᠢ ᠶᠢᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠠᠯᠪᠠᠨ ᠶᠠᠪᠤᠳᠠᠯ ᠢᠶᠠᠷ ᠭᠠᠳᠠᠭᠰᠢ ᠭᠠᠷᠬᠤ ᠵᠠᠷᠤᠳᠠᠯ ᠤᠨ ᠪᠠᠲᠤᠯᠠᠭ᠎ᠠ ᠶᠢᠨ ᠬᠡᠪᠴᠢᠶ᠎ᠡ ᠲᠠᠢ ᠵᠣᠯᠭᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃      ᠳᠥᠷᠪᠡ᠂ ᠵᠣᠬᠢᠶᠠᠨ ᠪᠠᠶᠢᠭᠤᠯᠤᠨ ᠬᠡᠷᠡᠭᠵᠢᠭᠦᠯᠬᠦ      ︵ᠨᠢᠭᠡ︶ ᠤᠳᠤᠷᠢᠳᠤᠯᠭ᠎ᠠ ᠪᠠᠨ ᠴᠢᠩᠭᠠᠳᠬᠠᠬᠤ      ᠥᠪᠡᠷᠲᠡᠭᠡᠨ ᠵᠠᠰᠠᠬᠤ ᠣᠷᠣᠨ ᠤ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠪᠦᠬᠦ ᠣᠷᠣᠨ ᠤ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠵᠢᠯᠣᠭᠤᠳᠬᠤ ᠪᠠ ᠵᠣᠬᠢᠴᠠᠭᠤᠯᠬᠤ ᠶᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠪᠠᠶᠢᠭᠤᠯᠭ᠎ᠠ ᠪᠠ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠭᠡᠴᠡ ᠶᠢᠨ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠯ᠎ᠡ ᠠᠶᠢᠮᠠᠭ ᠬᠤᠳᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯᠯᠠᠬᠤ ᠳᠤᠭᠤᠶᠢᠯᠠᠩ ᠪᠠᠶᠢᠭᠤᠯᠵᠤ᠂ ᠲᠤᠰ ᠲᠦᠰᠦᠯ ᠢ ᠦᠨᠳᠦᠰᠦᠯᠡᠨ ᠲᠤᠰ ᠠᠶᠢᠮᠠᠭ ᠬᠤᠳᠠ ᠲᠤᠰ ᠰᠠᠯᠠᠭ᠎ᠠ ᠮᠥᠴᠢᠷ ᠲᠤᠰ ᠨᠢᠭᠡᠴᠡ ᠶᠢᠨ ᠢᠶᠠᠨ ᠬᠡᠷᠡᠭᠵᠢᠭᠦᠯᠬᠦ ᠲᠥᠰᠦᠯ ᠢ ᠰᠤᠳᠤᠯᠤᠨ ᠲᠣᠭᠲᠠᠭᠠᠵᠤ᠂ ᠥᠪᠡᠷᠲᠡᠭᠡᠨ ᠵᠠᠰᠠᠭ ᠣᠷᠣᠨ ᠤ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠯ᠎ᠡ ᠠᠶᠢᠮᠠᠭ ᠬᠤᠳᠠ ᠶᠢᠨ ᠲᠤᠭᠲᠠᠭᠠᠭᠰᠠᠨ ᠲᠥᠰᠦᠯ ᠨᠢ ᠥᠪᠡᠷᠲᠡᠭᠡᠨ ᠵᠠᠰᠠᠬᠤ ᠣᠷᠣᠨ ᠤ ᠡᠵᠡᠮᠰᠢᠬᠦ ᠬᠠᠷᠠᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠨᠢᠭᠡᠨᠲᠡ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠤᠷᠢᠳᠠᠪᠠᠷ ᠦᠷᠨᠢᠭᠦᠯᠦᠭᠰᠡᠨ ᠭᠠᠵᠠᠷ ᠣᠷᠣᠨ ᠪᠣᠯᠤᠨ ᠨᠢᠭᠡᠴᠡ ᠨᠦᠭᠦᠳ ᠲᠤᠰ ᠲᠥᠰᠦᠯ ᠤᠨ ᠳᠦᠷᠢᠮᠵᠢᠯ ᠶᠣᠰᠣᠭᠠᠷ ᠬᠡᠷᠡᠭᠵᠢᠭᠦᠯᠦᠨ᠎ᠡ᠃      ︵ᠬᠤᠶᠠᠷ︶ ᠬᠠᠷᠢᠭᠤᠴᠠᠯᠭ᠎ᠠ ᠪᠠᠨ ᠲᠤᠳᠤᠷᠬᠠᠶᠢᠯᠠᠬᠤ      ᠡᠯ᠎ᠡ ᠠᠶᠢᠮᠠᠭ ᠬᠤᠲᠠ ᠪᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠭᠤᠣᠯ ᠬᠠᠷᠢᠭᠤᠴᠠᠯᠭᠠᠲᠠᠨ ᠲᠤᠰ ᠠᠶᠢᠮᠠᠭ ᠬᠤᠳᠠ ᠲᠤᠰ ᠰᠠᠯᠠᠭ᠎ᠠ ᠮᠥᠴᠢᠷ ᠲᠤᠰ ᠨᠢᠭᠡᠴᠡ ᠶᠢᠨ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠪᠦᠬᠦ ᠲᠠᠯ᠎ᠠ ᠶᠢᠨ ᠤᠳᠤᠷᠢᠳᠬᠤ ᠬᠠᠷᠢᠭᠤᠴᠠᠯᠭ᠎ᠠ ᠶᠢ ᠡᠭᠦᠷᠭᠡᠯᠡᠵᠦ᠂ ᠨᠠᠷᠢᠨ ᠬᠢᠨᠠᠮᠠᠭᠠᠶ ᠰᠤᠳᠤᠯᠤᠨ ᠪᠠᠶᠢᠷᠢᠯᠠᠭᠤᠯᠵᠤ᠂ ᠡᠭᠦᠷᠭᠡ ᠶᠢᠨ ᠬᠤᠪᠢᠶᠠᠷᠢᠯᠠᠯ ᠪᠠ ᠬᠠᠷᠢᠭᠤᠴᠠᠯᠭ᠎ᠠ ᠪᠠᠨ ᠲᠤᠳᠤᠷᠬᠠᠶᠢᠯᠠᠵᠤ᠂ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠦᠮᠦᠨ ᠢ ᠲᠣᠭᠲᠠᠭᠠᠵᠤ᠂ ᠡᠯ᠎ᠡ ᠵᠦᠢᠯ ᠤᠨ ᠠᠵᠢᠯ ᠢᠶᠠᠨ ᠪᠤᠲᠠᠲᠠᠢ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢ ᠤᠷᠤᠭᠰᠢᠲᠠᠶ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃      ︵ᠭᠤᠷᠪᠠ︶ ᠠᠵᠢᠯ ᠤᠨ ᠬᠡᠪ ᠵᠠᠭᠪᠤᠷ ᠤᠨ ᠰᠢᠨ᠎ᠡ ᠶᠢ ᠡᠭᠦᠳᠬᠦ      ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠬᠢᠭᠰᠡᠨ ᠤ ᠳᠠᠷᠠᠭ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯ ᠤᠨ ᠰᠡᠳᠬᠢᠴᠡ ᠪᠠᠨ ᠬᠤᠪᠢᠷᠠᠭᠤᠯᠵᠤ᠂ ᠠᠵᠢᠯ ᠤᠨ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠠᠵᠢᠯ ᠤᠨ ᠬᠡᠪ ᠵᠠᠭᠪᠤᠷ ᠢᠶᠠᠨ ᠰᠠᠶᠢᠵᠢᠷᠠᠭᠤᠯᠵᠤ᠂ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠪᠠᠷ ᠦᠷᠨᠢᠭᠦᠯᠬᠦ ᠶᠢ ᠪᠠᠲᠤᠯᠠᠬᠤ ᠬᠡᠷᠡᠭᠲᠡᠶ᠃      ︵ᠲᠦᠷᠪᠡ︶ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠣᠭᠤᠳᠬᠤ ᠶᠢ ᠴᠢᠩᠭᠠᠳᠬᠠᠬᠤ      ᠡᠯ᠎ᠡ ᠱᠠᠲᠤᠨ ᠤ ᠤᠬᠠᠭᠤᠯᠬᠤ ᠰᠠᠯᠠᠭ᠎ᠠ ᠮᠥᠴᠢᠷ ᠤᠳ ᠠᠯᠪᠠᠨ ᠲᠡᠷᠭᠡ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠰᠣᠨᠢᠨ ᠮᠡᠳᠡᠭᠡᠨ ᠤ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠣᠭᠤᠳᠬᠤ ᠠᠵᠢᠯ ᠢ ᠦᠨᠡᠨ ᠬᠦ ᠰᠠᠶᠢᠲᠤᠷ ᠬᠢᠵᠦ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠲᠣᠭᠲᠠᠭᠠᠯ᠂ ᠨᠡᠶᠢᠲᠡᠯᠢᠭ ᠲᠤᠷᠰᠢᠯᠭ᠎ᠠ ᠪᠠ ᠦᠷ᠎ᠡ ᠪᠦᠲᠦᠮᠵᠢ ᠶᠢ ᠥᠷᠭᠡᠨ ᠳᠡᠯᠭᠡᠷ ᠤᠬᠠᠭᠤᠯᠤᠨ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠥᠷᠭᠡᠨ ᠤᠯᠠᠨ ᠠᠯᠪᠠᠲᠠᠨ ᠪᠣᠯᠤᠨ ᠠᠷᠠᠳ ᠤᠯᠠᠨ ᠎ ᠳᠤ ᠤᠶᠢᠯᠭᠠᠭᠤᠯᠵᠤ᠂ ᠥᠭᠡᠷᠡᠴᠢᠯᠡᠯᠲᠡ ᠬᠢᠬᠦ ᠶᠢ ᠳᠡᠮᠵᠢᠭᠦᠯᠵᠦ᠂ ᠥᠭᠡᠷᠡᠴᠢᠯᠡᠯᠲᠡ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠤᠢ ᠪᠤᠯᠭᠠᠵᠤ ᠦᠭᠬᠦ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号