ᠪᠦᠬᠦ ᠤᠷᠤᠨ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠵᠢᠷᠤᠮᠵᠢᠭᠤᠯᠬᠤ ᠪᠠᠶᠢᠭᠤᠯᠤᠯᠲᠠ ᠶᠢᠨ ᠬᠤᠲᠠ ᠶᠢᠨ ᠲᠡᠭᠦᠷᠭᠡ ᠶᠢᠨ ᠲᠤᠰᠬᠤᠨ ᠤ ᠬᠡᠰᠡᠭ ᠭᠠᠵᠠᠷ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2015/12/2
     12 ᠳ᠋ᠤᠭᠠᠷ ᠰᠠᠷ᠎ᠠ ᠶᠢᠨ 1᠎ ᠤ ᠡᠳᠦᠷ᠂ ᠪᠦᠬᠦ ᠤᠷᠤᠨ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠵᠢᠷᠤᠮᠵᠢᠭᠤᠯᠬᠤ ᠪᠠᠶᠢᠭᠤᠯᠤᠯᠲᠠ ︵ᠬᠤᠲᠠ ᠶᠢᠨ ᠲᠡᠭᠦᠷᠭᠡ ᠶᠢᠨ ᠲᠤᠰᠬᠤᠨ︶᠎ ᠶᠢᠨ ᠬᠡᠰᠡᠭ ᠭᠠᠵᠠᠷ ᠤᠨ ᠬᠤᠷᠠᠯ ᠢ ᠪᠣᠭᠤᠲᠤ ᠬᠤᠲᠠ ᠳᠤ ᠬᠤᠷᠠᠯᠳᠤᠭᠤᠯᠪᠠ᠂ ᠡᠨᠡ ᠨᠢ ᠮᠥᠨᠬᠦ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠲᠦᠷᠦᠯ ᠬᠤᠪᠢᠶᠠᠨ ᠵᠢᠯᠤᠭᠤᠳᠬᠤ ᠶᠢ ᠪᠠᠷᠢᠮᠳᠠᠯᠠᠨ᠂ ᠦᠨᠳᠦᠰᠦᠨ ᠱᠠᠲᠤᠨ ᠤ ᠲᠤᠷᠰᠢᠯᠭ᠎ᠠ ᠪᠠᠨ ᠳ᠋ᠦᠩᠨᠡᠬᠦ ᠶᠢ ᠴᠢᠬᠤᠯᠠᠴᠢᠯᠠᠵᠤ᠂ ᠵᠣᠬᠢᠶᠠᠨ ᠪᠠᠶᠢᠭᠤᠯᠤᠨ ᠬᠤᠷᠠᠯᠳᠤᠭᠤᠯᠵᠤ ᠪᠠᠶᠢᠭ᠎ᠠ ᠵᠢᠷᠤᠮᠵᠢᠭᠤᠯᠬᠤ ᠶᠢᠨ ᠭᠤᠷᠪᠠᠳᠡᠬᠢ ᠬᠡᠰᠡᠭ ᠭᠠᠵᠠᠷ ᠤᠨ ᠬᠤᠷᠠᠯ ᠪᠣᠯᠤᠨ᠎ᠠ᠃ ᠬᠤᠷᠠᠯ ᠨᠢ ᠪᠦᠬᠦ ᠤᠯᠤᠰ᠂ ᠪᠦᠬᠦ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮ ᠲᠤᠤᠱᠠᠯᠠᠭᠤᠯᠤᠨ ᠨᠠᠶᠢᠳᠠᠪᠤᠷᠢᠵᠢᠭᠤᠯᠵᠤ᠂ ᠴᠢᠭ᠋ ᠳᠡᠭᠡᠷᠡᠬᠢ ᠲᠤᠷᠰᠢᠯᠭ᠎ᠠ ᠪᠠᠨ ᠳ᠋ᠦᠩᠨᠡᠵᠦ᠂ ᠪᠣᠯᠪᠠᠰᠤᠷᠠᠩᠭᠤᠢ ᠠᠷᠭ᠎ᠠ ᠬᠢᠳᠡᠯ ᠢ ᠳᠡᠯᠭᠡᠷᠡᠭᠦᠯᠵᠦ᠂ ᠬᠤᠲᠠ ᠶᠢᠨ ᠲᠡᠭᠦᠷᠭᠡ ᠶᠢᠨ ᠲᠤᠰᠬᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠵᠢᠷᠤᠮᠵᠢᠭᠤᠯᠬᠤ ᠪᠠᠶᠢᠭᠤᠯᠤᠯᠲᠠ ᠶᠢᠨ ᠠᠵᠢᠯ ᠢ ᠰᠣᠳᠤᠯᠤᠨ ᠪᠠᠶᠢᠷᠢᠯᠠᠭᠤᠯᠵᠤ᠂ ᠴᠢᠳᠠᠮᠵᠢ ᠶᠢᠨ ᠪᠠᠶᠢᠷᠢ ᠲᠣᠭᠲᠠᠭᠠᠯᠲᠠ ᠣᠨᠣᠪᠴᠢᠲᠠᠶ᠂ ᠡᠷᠬᠡ ᠶᠢᠨ ᠵᠠᠭᠠᠭ ᠬᠢᠵᠠᠭᠠᠷ ᠲᠣᠳᠣᠷᠬᠠᠶ᠂ ᠠᠵᠢᠯᠯᠠᠭ᠎ᠠ ᠨᠢ ᠡᠮᠬᠢ ᠵᠢᠷᠤᠮ ᠲᠠᠢ ᠲᠤᠰᠬᠤᠨ ᠤ ᠱᠠᠲᠤᠨ ᠤ ᠵᠠᠰᠠᠯᠲᠠ ᠶᠢᠨ ᠰᠢᠰᠲ᠋ᠧᠮᠵᠢ ᠶᠢ ᠪᠣᠢ ᠪᠣᠯᠭᠠᠬᠤ ᠪᠠ ᠭᠦᠨᠵᠡᠭᠡᠶᠢᠷᠡᠭᠦᠯᠬᠦ ᠪᠠᠷ ᠪᠣᠯᠪᠠ᠃      ᠬᠤᠷᠠᠯ ᠠᠴᠠ ᠵᠢᠭᠠᠨ ᠭᠠᠷᠭᠠᠭᠰᠠᠨ ᠨᠢ᠂ ᠬᠤᠲᠠ ᠬᠦᠳᠡᠭᠡ ᠶᠢᠨ ᠠᠭᠤᠯᠵᠠᠭᠤᠷ ᠬᠡᠰᠡᠭ ᠪᠣᠯ ︽ᠬᠦᠳᠡᠭᠡ ᠲᠤᠰᠬᠤᠨ ᠤ ᠲᠡᠷᠢᠭᠦᠨ᠂ ᠬᠤᠲᠠ ᠶᠢᠨ ᠰᠡᠭᠦᠯ︾ ᠪᠣᠯᠤᠨ᠎ᠠ᠂ ᠬᠤᠲᠠ ᠬᠦᠳᠡᠭᠡ ᠰᠣᠯᠪᠢᠴᠠᠨ᠂ ᠲᠤᠰᠬᠤᠨ ᠤ ᠰᠠᠭᠤᠷᠢᠰᠢᠯ ᠬᠤᠳᠬᠤᠯᠳᠤᠵᠤ᠂ ᠠᠳᠠᠯᠢ ᠪᠣᠰᠤ ᠬᠠᠮᠢᠶᠠᠷᠤᠯᠲᠠ ᠶᠢᠨ ᠪᠠᠶᠢᠭᠤᠯᠤᠯ ᠬᠤᠯᠢᠯᠳᠤᠵᠤ᠂ ᠠᠵᠤ ᠠᠬᠤᠢ ᠨᠡᠶᠢᠭᠡᠮ ᠤᠨ ᠬᠦᠭᠵᠢᠯᠲᠡ ᠦᠳᠲᠡᠷ ᠲᠦᠷᠭᠡᠨ ᠪᠠᠶᠢᠵᠤ᠂ ᠬᠦᠳᠡᠭᠡ ᠲᠤᠰᠬᠤᠨ ᠢ ᠬᠤᠲᠠ ᠪᠠᠯᠭᠠᠰᠤᠴᠢᠯᠠᠬᠤ᠂ ᠬᠤᠲᠠ ᠨᠢ ᠬᠦᠳᠡᠭᠡ ᠲᠤᠰᠬᠤᠨ ᠢ ᠨᠦᠯᠦᠭᠡᠯᠡᠨ ᠳᠠᠶᠢᠴᠢᠯᠠᠬᠤ ᠶᠢᠨ ᠡᠮᠦᠨ᠎ᠡ ᠹᠷᠣᠨᠲ ᠪᠣᠯᠤᠨ᠎ᠠ᠃ ᠬᠤᠲᠠ ᠶᠢᠨ ᠲᠡᠭᠦᠷᠭᠡ ᠶᠢᠨ ᠲᠤᠰᠬᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠶᠠᠪᠤᠳᠠᠯ ᠲᠠᠢ ᠪᠣᠯ ᠳᠠᠷᠤᠢ᠂ ᠬᠤᠲᠠ ᠶᠢᠨ ᠲᠡᠭᠦᠷᠭᠡ ᠶᠢᠨ ᠲᠤᠰᠬᠤᠨ ᠤ ᠬᠦᠭᠵᠢᠯᠲᠡ ᠶᠢᠨ ᠬᠠᠨᠳᠤᠰᠢ᠂ ᠭᠤᠣᠯ ᠵᠦᠷᠢᠴᠡᠯ ᠪᠠ ᠠᠵᠢᠯ ᠤᠨ ᠵᠢᠮ᠎ᠡ ᠶᠣᠰᠤ ᠶᠢ ᠠᠳᠬᠤᠭᠰᠠᠨ ᠶᠠᠪᠤᠳᠠᠯ ᠪᠣᠯᠬᠤ ᠶᠤᠮ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠬᠤᠲᠠ ᠶᠢᠨ ᠲᠡᠭᠦᠷᠭᠡ ᠶᠢᠨ ᠲᠤᠰᠬᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠵᠢᠷᠤᠮᠵᠢᠭᠤᠯᠬᠤ ᠪᠠᠶᠢᠭᠤᠯᠤᠯᠲᠠ ᠶᠢᠨ ᠬᠠᠷᠠᠯᠲᠠ ᠶᠢᠨ ᠡᠭᠦᠷᠭᠡ ᠶᠢ ᠣᠨᠤᠪᠴᠢᠲᠠᠢ ᠡᠵᠡᠮᠰᠢᠵᠦ᠂ ᠡᠯ᠎ᠡ ᠲᠦᠷᠦᠯ ᠤᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢ ᠤᠯᠠᠮ ᠲᠣᠳᠤᠷᠬᠠᠶᠢᠯᠠᠵᠤ᠂ ᠭᠤᠣᠯᠯᠠᠭᠴᠢ ᠬᠦᠴᠦᠨ ᠢ ᠲᠣᠬᠢᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢ ᠰᠢᠯᠤᠭᠤᠳᠬᠠᠵᠤ᠂ ᠨᠠᠮ ᠤᠨ ᠪᠠᠶᠢᠭᠤᠯᠤᠯᠲᠠ ᠶᠢᠨ ︽ᠳᠦᠷᠪᠡᠨ ᠤᠳᠤᠷᠢᠳᠬᠤ ᠭᠤᠣᠯ︾ ᠦᠢᠯᠡᠳᠦᠯ᠂ ᠭᠠᠴᠠᠭᠠᠨ ᠤ ᠠᠷᠠᠳ ᠤᠨ ᠵᠥᠪᠯᠡᠯ ᠤᠨ ᠬᠡᠷᠡᠭᠵᠢᠭᠦᠯᠵᠦ ᠨᠠᠶᠢᠳᠠᠪᠤᠷᠢᠵᠢᠭᠤᠯᠬᠤ ᠦᠢᠯᠡᠳᠦᠯ᠂ ᠬᠢᠨᠠᠯᠲᠠ ᠲᠠᠯᠪᠢᠬᠤ ᠵᠦᠪᠯᠡᠯ ᠤᠨ ᠬᠢᠨᠠᠯᠲᠠ ᠲᠠᠯᠪᠢᠬᠤ ᠶᠢ ᠪᠠᠲᠤᠯᠠᠬᠤ ᠦᠢᠯᠡᠳᠦᠯ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠬᠥᠭᠦᠷᠭᠡ ᠬᠤᠯᠪᠣᠭᠠᠰᠤ ᠶᠢᠨ ᠦᠢᠯᠡᠳᠦᠯ᠂ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠦᠭᠵᠢᠯᠲᠡ ᠶᠢ ᠲᠦᠯᠬᠢᠨ ᠠᠬᠢᠭᠤᠯᠬᠤ ᠦᠢᠯᠡᠳᠦᠯ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠤ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠲᠤᠰᠬᠤᠨ ᠤ ᠱᠠᠲᠤᠨ ᠤ ᠬᠡᠷᠡᠭ ᠶᠠᠪᠤᠳᠠᠯ ᠢ ᠠᠷᠠᠳᠴᠢᠯᠠᠯ ᠢᠶᠠᠷ ᠬᠠᠮᠢᠶᠠᠷᠬᠤ ︽532︾ ᠠᠵᠢᠯ ᠤᠨ ᠠᠷᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠠᠮ ᠤᠨ ᠶᠠᠪᠤᠳᠠᠯ᠂ ᠲᠤᠰᠬᠤᠨ ᠤ ᠶᠠᠪᠤᠳᠠᠯ᠂ ᠡᠳ᠋ ᠤᠨ ᠶᠠᠪᠤᠳᠠᠯ ᠢ ᠢᠯᠡ ᠪᠣᠯᠭᠠᠬᠤ ᠶᠢ ᠠᠬᠢᠭᠤᠯᠵᠤ᠂ ᠬᠡᠷᠡᠭ ᠵᠦᠪᠯᠡᠬᠦ ᠰᠢᠢᠳᠪᠦᠷᠢᠲᠦ ᠪᠣᠳᠤᠯᠭ᠎ᠠ ᠲᠣᠭᠲᠠᠭᠠᠬᠤ ᠳᠦᠷᠢᠮ ᠢ ᠲᠡᠭᠦᠯᠳᠡᠷᠵᠢᠭᠦᠯᠵᠦ᠂ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠲᠤᠰᠬᠤᠨ ᠤ ᠱᠠᠲᠤᠨ ᠤ ᠨᠠᠮ ᠤᠨ ᠪᠠᠶᠢᠭᠤᠯᠤᠯᠲᠠ ᠶᠢᠨ ᠦᠨᠳᠦᠰᠦᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂  ︽ᠲᠤᠰᠬᠤᠨ ᠤ ᠠᠷᠠᠳ ᠤᠨ ᠵᠦᠪᠯᠡᠯ ᠪᠣᠯᠤᠨ ᠨᠠᠮ ᠤᠨ ᠡᠭᠦᠷ︾᠎ ᠤᠨ ᠬᠤᠯᠪᠤᠭᠠᠲᠤ ᠬᠤᠷᠠᠯ ᠤᠨ ᠳᠦᠷᠢᠮ ᠢ ᠲᠡᠭᠦᠯᠳᠡᠷᠵᠢᠭᠦᠯᠵᠦ᠂ ᠲᠤᠰᠬᠤᠨ ᠤ ᠱᠠᠲᠤᠨ ᠤ ᠡᠯ᠎ᠡ ᠵᠣᠬᠢᠶᠠᠨ ᠪᠠᠶᠢᠭᠤᠯᠤᠯᠲᠠ ᠲᠣᠭᠲᠠᠭᠰᠠᠨ ᠬᠤᠭᠤᠴᠠᠭᠠᠨ ᠳᠤ ᠨᠠᠮ ᠤᠨ ᠵᠣᠬᠢᠶᠠᠨ ᠪᠠᠶᠢᠭᠤᠯᠤᠯᠲᠠ ᠳᠤ ᠠᠵᠢᠯ ᠢᠶᠠᠨ ᠮᠡᠳᠡᠭᠦᠯᠬᠦ ᠪᠠ ᠺᠠᠳ᠋ᠷ ᠴᠢᠯᠥᠭᠡ ᠭᠤᠶᠤᠬᠤ ᠴᠢᠯᠦᠭᠡ ᠲᠠᠶᠢᠯᠬᠤ ᠳᠦᠷᠢᠮ ᠢ ᠬᠡᠷᠡᠭᠵᠢᠭᠦᠯᠵᠦ᠂ ᠡᠳ᠋ ᠤᠨ ᠶᠠᠪᠤᠳᠠᠯ ᠤᠨ ᠬᠠᠮᠲᠤᠷᠠᠨ ᠬᠢᠨᠠᠵᠤ ᠬᠤᠯᠪᠤᠭᠠᠯᠠᠨ ᠵᠦᠪᠰᠢᠶᠡᠷᠡᠬᠦ ᠶᠢ ᠵᠢᠷᠤᠮᠵᠢᠭᠤᠯᠵᠤ᠂ ᠬᠠᠮᠲᠤ ᠶᠢᠨ ᠡᠳ᠋ ᠬᠥᠷᠥᠩᠭᠡ᠂  ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠠᠵᠤ ᠠᠬᠤᠶ ᠶᠢᠨ ᠭᠡᠷ᠎ᠡ ᠳᠠᠬᠢ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠵᠣᠬᠢᠶᠠᠨ ᠪᠠᠶᠢᠭᠤᠯᠤᠯᠲᠠ ᠶᠢᠨ ᠰᠢᠢᠳᠪᠦᠷᠢᠲᠦ ᠪᠣᠳᠤᠯᠭ᠎ᠠ ᠶᠢ ᠨᠡᠩ ᠰᠢᠨᠵᠢᠯᠡᠬᠦ ᠤᠬᠠᠭᠠᠨᠴᠢ ᠲᠣᠭᠲᠠᠭᠠᠬᠤ ᠶᠢ ᠠᠬᠢᠭᠤᠯᠬᠤ᠂ ᠠᠵᠢᠯᠯᠠᠭᠠᠨ ᠢ ᠨᠡᠩ ᠵᠢᠷᠤᠮᠵᠢᠭᠤᠯᠬᠤ᠂ ᠬᠠᠮᠢᠶᠠᠷᠤᠯᠲᠠ ᠨᠡᠩ ᠡᠮᠬᠢ ᠵᠢᠷᠤᠮ ᠲᠠᠢ ᠪᠠᠶᠢᠯᠭᠠᠬᠤ ᠶᠢ ᠴᠢᠩᠭᠠᠳᠬᠠᠬᠤ ᠬᠡᠷᠡᠭᠲᠡᠢ ᠭᠡᠪᠡ᠃       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠨᠠᠮ ᠤᠨ ᠬᠤᠷᠢᠶ᠎ᠠ ᠬᠤᠲᠠ ᠶᠢᠨ ᠲᠡᠭᠦᠷᠭᠡ ᠶᠢᠨ ᠲᠤᠰᠬᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠵᠢᠷᠤᠮᠵᠢᠭᠤᠯᠬᠤ ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠬᠦ ᠶᠢ ᠴᠢᠩᠭ᠎ᠠ ᠨᠠᠶᠢᠳᠠᠪᠤᠷᠢᠵᠢᠭᠤᠯᠤᠨ᠂ ᠬᠠᠷᠢᠭᠤᠴᠠᠯᠭ᠎ᠠ ᠶᠢᠨ ᠨᠠᠷᠢᠨ ᠳᠠᠩᠰᠠ᠂ ᠠᠰᠠᠭᠤᠳᠠᠯ ᠤᠨ ᠨᠠᠷᠢᠨ ᠳᠠᠩᠰᠠ ᠪᠠ ᠴᠡᠭᠴᠡᠯᠡᠨ ᠰᠠᠶᠢᠵᠢᠷᠠᠭᠤᠯᠬᠤ ᠨᠠᠷᠢᠨ ᠳᠠᠩᠰᠠ ᠶᠢ ᠪᠠᠶᠢᠭᠤᠯᠬᠤ ᠬᠡᠷᠡᠭᠲᠡᠢ᠃ ᠰᠢᠶᠠᠩ ᠢ ᠠᠳᠬᠤᠵᠤ ᠲᠤᠰᠬᠤᠨ ᠢ ᠠᠬᠢᠭᠤᠯᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠤᠯᠠᠨ ᠲᠦᠮᠡᠨ ᠲᠠᠢ ᠬᠠᠷᠢᠯᠴᠠᠬᠤ ᠦᠢᠯᠡᠴᠢᠯᠡᠬᠦ ︽456︾ ᠠᠵᠢᠯ ᠤᠨ ᠠᠷᠭ᠎ᠠ ᠶᠢ ᠭᠦᠨᠵᠡᠭᠡᠶᠢᠷᠡᠭᠦᠯᠦᠨ ᠦᠷᠭᠡᠳᠭᠡᠬᠦ ᠪᠠ ᠰᠠᠶᠢᠲᠤᠷ ᠬᠡᠷᠡᠭᠯᠡᠵᠦ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠤᠷᠬᠠᠶᠢᠯᠠᠨ᠂ ᠨᠠᠮ ᠤᠨ ᠬᠦᠴᠦᠨ ᠢ ᠲᠣᠬᠢᠷᠠᠭᠤᠯᠤᠨ ᠬᠦᠴᠦᠷᠬᠡᠭᠵᠢᠭᠦᠯᠵᠦ᠂ ᠤᠷᠮᠠᠰᠢᠭᠤᠯᠬᠤ ᠪᠠ ᠬᠢᠵᠠᠭᠠᠷᠯᠠᠬᠤ ᠶᠢ ᠴᠢᠩᠭᠠᠳᠬᠠᠵᠤ᠂ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ︽ᠬᠠᠷᠢᠭᠤᠴᠠᠯᠭ᠎ᠠ ᠶᠢᠨ ᠲᠠᠷᠢᠶ᠎ᠠ︾᠎ ᠪᠠᠨ ᠰᠠᠶᠢᠨ ᠲᠠᠷᠢᠵᠤ᠂ ︽ᠦᠮᠴᠢᠲᠡᠨ︾᠎ ᠢ ᠤᠶᠤᠨ ᠴᠢᠳᠠᠯ ᠢᠶᠠᠨ ᠲᠥᠪᠯᠡᠷᠡᠭᠦᠯᠦᠨ ᠠᠳᠬᠤᠬᠤ ᠶᠢ ᠲᠦᠯᠬᠢᠨ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠬᠤ ᠰᠠᠯᠠᠭ᠎ᠠ ᠮᠦᠴᠢᠷ ᠤᠨ ᠲᠦᠯᠬᠢᠨ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠪᠣᠯᠤᠨ ᠠᠷᠠᠳ ᠤᠨ ᠶᠠᠪᠤᠳᠠᠯ᠂ ᠡᠮᠡᠭᠲᠡᠶᠢᠴᠦᠳ ᠤᠨ ᠬᠤᠯᠪᠤᠭ᠎ᠠ ᠵᠡᠷᠭᠡ ᠰᠠᠯᠠᠭ᠎ᠠ ᠮᠦᠴᠢᠷ ᠤᠨ ᠴᠤᠭ ᠲᠠᠭᠠᠨ ᠠᠳᠬᠤᠨ ᠬᠠᠮᠲᠤ ᠪᠠᠷ ᠬᠠᠮᠢᠶᠠᠷᠬᠤ ᠬᠠᠷᠢᠭᠤᠴᠠᠯᠭ᠎ᠠ ᠶᠢ ᠴᠢᠩᠭᠠᠳᠬᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠦᠳᠡᠯᠦᠯᠴᠡᠵᠦ᠂ ᠨᠡᠶᠢᠯᠡᠮᠡᠯ ᠬᠦᠴᠦᠨ ᠢ ᠪᠣᠢ ᠪᠣᠯᠭᠠᠬᠤ ᠬᠡᠷᠡᠭᠲᠡᠢ ᠭᠡᠪᠡ᠃      ᠬᠤᠷᠠᠯ ᠳᠡᠭᠡᠷ᠎ᠡ᠂ ᠪᠣᠭᠤᠲᠤ ᠬᠤᠲᠠ ᠪᠣᠯᠤᠨ ᠬᠦᠬᠡᠬᠤᠲᠠ ᠶᠢᠨ ᠰᠢᠨ᠎ᠡ ᠬᠤᠲᠠ ᠲᠣᠭᠤᠷᠢᠭ ᠵᠡᠷᠭᠡ 8 ᠨᠢᠭᠡᠴᠡ ᠠᠴᠠ ᠬᠤᠲᠠ ᠶᠢᠨ ᠲᠡᠭᠦᠷᠭᠡ ᠶᠢᠨ ᠲᠤᠰᠬᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠵᠢᠷᠤᠮᠵᠢᠭᠤᠯᠬᠤ ᠪᠠᠶᠢᠭᠤᠯᠤᠯᠲᠠ ᠶᠢ ᠦᠷᠨᠢᠭᠦᠯᠦᠭᠰᠡᠨ ᠲᠤᠷᠰᠢᠯᠭ᠎ᠠ ᠪᠠ ᠠᠷᠭ᠎ᠠ ᠬᠢᠳᠡᠯ ᠢᠶᠠᠨ ᠲᠠᠨᠢᠯᠴᠠᠭᠤᠯᠪᠠ᠂ ᠬᠤᠷᠠᠯ ᠳᠤ ᠣᠷᠤᠯᠴᠠᠭᠰᠠᠳ ᠴᠢᠩ ᠱᠠᠨ ᠲᠣᠭᠤᠷᠢᠭ ᠤᠨ ᠵᠢᠷᠤᠮᠵᠢᠭᠤᠯᠬᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ 4 ᠴᠢᠭ᠋ ᠢ ᠲᠤᠭᠤᠷᠢᠨ ᠦᠵᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号