ᠥᠪᠥᠷ ᠮᠣᠩᠭᠤᠯ ᠲᠤᠮᠤ ᠬᠡᠯᠪᠡᠷᠢ ᠶᠢᠨ ᠪᠠᠯ ᠴᠢᠯᠠᠭᠤᠨ ᠠᠭᠤᠷᠬᠠᠶ ᠶᠢ ᠢᠯᠡᠷᠡᠭᠦᠯᠵᠦ ᠴᠢᠨᠠᠷ ᠴᠢᠨᠰᠠᠭ᠎ᠠ ᠬᠠᠳᠠᠭᠠᠯᠠᠭᠳᠠᠴᠠ ᠨᠢ ᠪᠦᠷ ᠳᠡᠯᠡᠬᠡᠶ ᠵᠢᠨ‌‍ᠲ᠋ᠡᠷᠢᠭᠦᠨ ᠳᠤ ᠤᠷᠤᠪᠠ
ᠨᠡᠶᠢᠲᠡᠯᠡᠭᠰᠡᠨ ᠴᠠᠭ᠄
2015/12/2
     11 ᠳ᠋ᠦ᠋ᠭᠡᠷ ᠰᠠᠷ᠎ᠠ ᠶᠢᠨ 25᠎ ᠤ ᠡᠳᠦᠷ᠂ ᠥᠪᠥᠷ ᠮᠣᠩᠭᠤᠯ ᠤᠨ ᠠᠭᠤᠷᠬᠠᠶ ᠶᠢᠨ ᠦᠢᠯᠡᠰ ᠤᠨ ᠪᠦᠯᠦᠭᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠠᠴᠠ ᠠᠯᠠᠱᠠ ᠠᠶᠢᠮᠠᠭ ‍ᠤᠨ‌‍ᠴᠠᠭᠠᠨ ᠮᠤᠬᠤᠷ ᠤᠨ ᠪᠠᠯ ᠴᠢᠯᠠᠭᠤᠨ ᠠᠵᠤ ᠦᠢᠯᠡᠰ ᠢᠶᠠᠷ ᠲᠤᠰᠬᠠᠢ ᠰᠡᠳᠦᠪᠯᠡᠵᠦ ᠡᠷᠬᠢᠯᠡᠭᠰᠡᠨ ᠪᠦᠬᠦ ᠤᠯᠤᠰ ᠤᠨ ᠴᠢᠨᠠᠷᠲᠠᠶ ᠲᠤᠰᠬᠠᠶ ᠮᠡᠷᠭᠡᠵᠢᠯᠲᠡᠨ ᠤ ᠰᠤᠳᠤᠯᠤᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ᠃ ᠲᠤᠰ ᠤᠳᠠᠭᠠᠨ ᠤ ᠶᠡᠭᠡ ᠬᠤᠷᠠᠯ ᠨᠢ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠸᠠᠨ ᠶᠤᠸᠠᠨ ᠣᠯᠠᠨ ᠤᠯᠤᠰ ᠤᠨ ᠪᠦᠯᠦᠭᠯᠡᠯ ᠤᠨ ᠬᠢᠵᠠᠭᠠᠷᠲᠤ ᠺᠤᠮᠫᠠᠨᠢ᠂ ᠳᠤᠮᠳᠠᠳᠤ ᠤᠯᠤᠰ ᠤᠨ ᠳᠤᠮᠳᠠᠳᠤ ᠶᠢᠨ ᠮᠡᠲ᠋ᠧᠷᠢᠶᠠᠯ ᠤᠨ ᠰᠦᠵᠧᠦ ᠶᠢᠨ ᠠᠭᠤᠷᠬᠠᠶ ᠶᠢᠨ ᠪᠤᠰᠤ ᠰᠤᠳᠤᠯᠬᠤ ᠬᠦᠷᠢᠶᠡᠯᠡᠩ᠂ ᠱᠠᠩᠬᠠᠶ ᠶᠢᠨ ᠮᠧᠩ ᠠᠭᠤᠷᠬᠠᠶ ᠶᠢᠨ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠳᠤᠮᠳᠠᠳᠤ ᠶᠢᠨ ᠨᠡᠭᠦᠷᠡᠰᠦᠨ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠠᠭᠤᠷᠬᠠᠶ ᠶᠢᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠠᠯᠲᠠᠨ ᠤ ᠡᠬᠢ ᠪᠠᠶᠠᠯᠢᠭ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ᠂ ᠵᠢᠦ ᠵᠧᠦ ᠦᠨᠡᠲᠦ ᠲᠡᠮᠳᠡᠭᠲᠦ ᠶᠢᠨ ᠬᠢᠵᠠᠭᠠᠷᠲᠤ ᠺᠣᠮᠫᠠᠨᠢ ᠵᠡᠷᠭᠡ ᠠᠵᠢᠯ ᠲᠦᠷᠥᠯ ᠤᠨ ᠳᠣᠲᠣᠷᠠᠬᠢ ᠨᠡᠷᠡᠲᠦ ᠠᠵᠤ ᠠᠬᠤᠶᠢᠯᠠᠯ ᠤᠨ ᠠᠩᠬᠠᠷᠤᠯ ᠢ ᠲᠠᠲᠠᠵᠤ ᠢᠳᠡᠪᠬᠢᠲᠡᠶ ᠤᠷᠤᠯᠴᠠᠭᠤᠯᠤᠭᠰᠠᠨ ᠢᠶᠠᠷ ᠪᠠᠷᠠᠬᠤ ᠦᠭᠡᠢ ᠪᠠᠰᠠ ᠤᠯᠤᠰ ᠤᠨ ᠲᠡᠮᠦᠷᠯᠢᠭ ᠪᠤᠰᠤ ᠨᠠᠷᠢᠯᠢᠭ ᠪᠣᠯᠪᠠᠰᠤᠷᠠᠭᠤᠯᠬᠤ ᠮᠡᠷᠭᠡᠵᠢᠯ ᠤᠨ ᠰᠤᠳᠤᠯᠭᠠᠨ ᠤ ᠲᠦᠪ ᠤᠨ ᠸᠠᠩ ᠰᠢᠦᠸᠧ ᠴᠢᠶᠦ᠋ᠨ ᠫᠷᠤᠹᠧᠰᠰᠤᠷ᠂ ᠾᠧ ᠪᠦᠦ ᠯᠦᠸᠧ ᠫᠷᠤᠹᠧᠰᠰᠤᠷ᠂ ᠦᠬᠠᠨ ᠤ ᠹᠢᠽᠢᠺ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠳ᠋ᠣᠺᠲ᠋ᠣᠷᠠᠨᠲ ᠤᠨ ᠵᠢᠯᠤᠭᠤᠳᠤᠭᠴᠢ ᠪᠠᠭᠰᠢ ᠵᠠᠩ ᠯᠢᠩ ᠶᠠᠨ ᠫᠷᠤᠹᠧᠰᠰᠤᠷ ᠵᠡᠷᠭᠡ ᠠᠵᠢᠯ ᠲᠦᠷᠥᠯ ᠤᠨ ᠳᠣᠲᠣᠷᠠᠬᠢ ᠨᠡᠷᠡᠲᠡᠢ ᠲᠤᠰᠬᠠᠶ ᠮᠡᠷᠭᠡᠵᠢᠯᠲᠡᠨ ᠤ ᠨᠠᠷᠢᠨ ᠨᠢᠮᠪᠠᠢ ᠵᠢᠯᠤᠭᠤᠳᠤᠯᠭ᠎ᠠ ᠶᠢ ᠬᠦᠷᠲᠡᠵᠡᠢ᠃      ᠶᠡᠭᠡ ᠬᠤᠷᠠᠯ ᠢ ᠡᠷᠭᠢᠯᠡᠭᠰᠡᠨ ᠲᠠᠯ᠎ᠠ ᠠᠴᠠ ᠲᠠᠨᠢᠯᠴᠠᠭᠤᠯᠤᠭᠰᠠᠨ ᠨᠢ᠂ ᠥᠪᠥᠷ ᠮᠣᠩᠭᠤᠯ ᠤᠨ ᠠᠯᠠᠱᠠ ᠠᠶᠢᠮᠠᠭ ᠤᠨ ᠴᠠᠭᠠᠨ ᠮᠤᠬᠤᠷ ᠤᠨ ᠪᠠᠯ ᠴᠢᠯᠠᠭᠤᠨ ᠠᠭᠤᠷᠬᠠᠶ 2015 ᠣᠨ ᠤ 11 ᠳ᠋ᠦ᠋ᠭᠡᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠲᠢᠩᠬᠢᠮ ᠳᠤ ᠬᠠᠳᠠᠭᠠᠯᠠᠭᠳᠠᠴᠠ ᠪᠠᠨ ᠮᠡᠳᠡᠭᠦᠯᠵᠦ ᠳᠠᠩᠰᠠᠯᠠᠭᠤᠯᠤᠨ᠂ ᠥᠪᠥᠷ ᠮᠣᠩᠭᠤᠯ ᠲᠡᠷᠡᠴᠢᠯᠡᠨ ᠪᠦᠬᠦ ᠤᠯᠤᠰ ᠤᠨ ᠶᠡᠭᠡ ᠬᠠᠶᠢᠷᠰᠤᠯᠢᠭ ᠪᠠᠯ ᠴᠢᠯᠠᠭᠤᠨ ᠠᠭᠤᠷᠬᠠᠶ ᠬᠠᠶᠢᠨ ᠰᠢᠨᠵᠢᠯᠡᠭᠰᠡᠨ ᠭᠠᠶᠢᠬᠠᠮᠰᠢᠭᠲᠤ ᠶᠠᠪᠤᠳᠠᠯ ᠢ ᠡᠭᠦᠳᠦᠨ ᠪᠦᠲᠦᠭᠡᠪᠡ᠃ ᠭᠠᠵᠠᠷ ᠰᠢᠨᠵᠢᠯᠡᠭᠡ ᠶᠢᠨ ᠮᠡᠳᠡᠭᠦᠯᠦᠯᠲᠡ ᠳᠤ ᠢᠯᠡᠷᠡᠭᠰᠡᠨ ᠢᠶᠠᠷ᠂ ᠲᠤᠰ ᠠᠭᠤᠷᠬᠠᠶ ᠶᠢᠨ ᠬᠠᠶᠢᠨ ᠮᠡᠳᠡᠭᠰᠡᠨ ᠪᠠᠯ ᠴᠢᠯᠠᠭᠤᠨ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠨᠢ ᠪᠠᠷᠤᠭ1.3 ᠳ᠋ᠦᠩᠰᠢᠭᠤᠷ ᠲᠣᠨ ᠪᠠᠶᠢᠵᠤ᠂ ᠳᠤᠮᠳᠠᠴᠢ ᠴᠢᠨᠠᠷ ᠤᠨ ᠳᠡᠰ ᠎ ᠨᠢ 5.45%᠂ ᠡᠷᠦᠳᠡᠰᠦ ᠶᠢᠨ ᠬᠡᠮᠵᠢᠶ᠎ᠡ ᠨᠢ 700 ᠲᠦᠮᠡᠨ ᠲᠣᠨ ᠳᠤ ᠬᠦᠷᠴᠦ᠂ ᠣᠨᠴᠠ ᠶᠡᠭᠡ ᠠᠭᠤᠷᠬᠠᠶ ᠳᠤ ᠬᠠᠷᠢᠶᠠᠯᠠᠭᠳᠠᠨ᠎ᠠ᠂ ᠪᠦᠬᠦ ᠪᠥᠮᠪᠥᠷᠴᠡᠭ ᠤᠨ ᠮᠠᠯᠲᠠᠵᠤ ᠪᠣᠯᠬᠤᠶᠢᠴᠠ ᠬᠠᠳᠠᠭᠠᠯᠠᠭᠳᠠᠴᠠ ᠶᠢᠨ 7.3% ᠰᠢᠬᠠᠮ ᠢ ᠡᠵᠡᠯᠡᠵᠦ᠂ ᠤᠯᠤᠰ ᠤᠨ ᠳᠣᠲᠣᠭᠠᠳᠤ ᠶᠢᠨ ᠮᠠᠯᠲᠠᠵᠤ ᠪᠣᠯᠬᠤᠶᠢᠴᠠ ᠬᠠᠳᠠᠭᠠᠯᠠᠭᠳᠠᠴᠠ ᠶᠢᠨ 10% ᠰᠢᠬᠠᠮ ᠢ ᠡᠵᠡᠯᠡᠪᠡ᠃ ᠴᠢᠯᠠᠭᠤᠯᠢᠭ ᠠᠭᠤᠷᠬᠠᠶ ᠶᠢᠨ ᠰᠢᠯᠭᠠᠨ ᠲᠤᠭᠲᠠᠭᠠᠭᠰᠠᠨ ᠢᠶᠠᠷ᠂ ᠪᠦᠬᠦ ᠠᠭᠤᠷᠬᠠᠶ ᠶᠢᠨ ᠣᠷᠣᠨ ᠤ ᠪᠠᠯ ᠴᠢᠯᠠᠭᠤᠨ ᠢᠯᠲᠠᠰᠤ ᠶᠢᠨ ᠬᠡᠮᠵᠢᠶ᠎ᠡ ᠨᠢ  ᠪᠦᠬᠦᠯᠢ100 ᠪᠠᠭ ᠠᠴᠠ ᠳᠡᠭᠡᠭᠰᠢ ᠨᠢ 99.8%᠎ ᠶᠢ ᠡᠵᠡᠯᠡᠵᠦ᠂ ᠪᠠᠯ ᠴᠢᠯᠠᠭᠤᠨ ᠶᠡᠭᠡ ᠬᠠᠶᠢᠷᠰᠤ ᠶᠢᠨ ᠴᠢᠨᠠᠷ ᠴᠢᠨᠰᠠᠭ᠎ᠠ ᠨᠢ ᠳᠡᠯᠡᠬᠡᠶ ᠶᠢᠨ ᠲᠡᠷᠢᠭᠦᠨ ᠪᠠᠶᠢᠷᠢᠨ ᠳᠤ ᠤᠷᠤᠨ᠎ᠠ᠃ ᠲᠤᠰ ᠶᠡᠭᠡ ᠬᠠᠶᠢᠷᠰᠤ ᠨᠢ ᠪᠦᠬᠦ ᠳᠡᠯᠡᠬᠡᠶ ᠶᠢᠨ ᠬᠡᠪᠴᠢᠶᠡᠨ ᠳᠤ ᠵᠥᠪᠬᠡᠨ ᠠᠹᠷᠢᠺᠠ ᠲᠢᠪ ᠤᠨ ᠮᠠᠳᠠᠭᠠᠰᠺᠠᠷ ᠤᠨ ᠠᠭᠤᠷᠬᠠᠢ ᠯᠡ ᠲᠡᠩᠴᠡᠵᠦ ᠳᠡᠶᠢᠯᠦᠨ᠎ᠡ᠂ ᠭᠡᠪᠡᠴᠦ ᠴᠠᠭᠠᠨ ᠮᠤᠬᠤᠷ ᠤᠨ ᠪᠠᠯ ᠴᠢᠯᠠᠭᠤᠨ ᠤ ᠬᠠᠳᠠᠭᠠᠯᠠᠭᠳᠠᠴᠠ ᠨᠢ ᠮᠠᠳᠠᠭᠠᠰᠺᠠᠷ ᠤᠨ ᠪᠦᠬᠦ ᠤᠯᠤᠰ ᠤᠨ ᠬᠠᠳᠠᠭᠠᠯᠠᠭᠳᠠᠴᠠ ᠶᠢᠨ 7 ᠳᠠᠬᠢᠨ ᠪᠠᠶᠢᠵᠤ᠂ ᠳᠡᠯᠡᠬᠡᠶ ᠳᠤ ᠬᠤᠪᠣᠷ ᠪᠠᠶᠢᠳᠠᠭ ᠴᠢᠨᠠᠷ ᠰᠠᠶᠢᠲᠠᠶ ᠪᠠᠯ ᠴᠢᠯᠠᠭᠤᠨ ᠡᠬᠢ ᠪᠠᠶᠠᠯᠢᠭ ᠪᠤᠯᠤᠨ᠎ᠠ᠃        ᠪᠠᠯ ᠴᠢᠯᠠᠭᠤᠨ ᠤ ᠦᠷᠲᠡᠭ ᠨᠢ ᠪᠠᠯ ᠴᠢᠯᠠᠭᠤᠨ ᠤ ᠬᠠᠶᠢᠷᠠᠰᠤ ᠶᠢᠨ ᠶᠡᠭᠡ ᠪᠠᠭ᠎ᠠ ᠳᠡᠭᠡᠷ᠎ᠡ ᠢᠯᠡᠷᠡᠨ᠎ᠡ᠂ ᠬᠠᠶᠢᠷᠰᠤ ᠨᠢ  ᠬᠡᠳᠦᠢ ᠶᠡᠭᠡ ᠪᠤᠯ ᠦᠷᠳᠡᠭ ᠨᠢ ᠲᠡᠳᠦᠶ ᠶᠡᠭᠡ ᠪᠣᠯᠤᠨ᠎ᠠ᠃ USGS ︵ᠠᠮᠧᠷᠢᠺᠠ ᠶᠢᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠶᠢᠨ ᠲᠣᠪᠴᠢᠶ᠎ᠠ︶᠎ ᠎ ᠤᠨ 2013 ᠣᠨ ᠳᠤ ᠮᠡᠳᠡᠭᠡᠯᠡᠭᠰᠡᠨ ᠢᠶᠠᠷ᠄ ᠪᠦᠬᠦ ᠪᠥᠮᠪᠥᠷᠴᠡᠭ ᠤᠨ ᠶᠡᠭᠡ ᠬᠠᠶᠢᠷᠰᠤᠯᠢᠭ ᠪᠠᠯ ᠴᠢᠯᠠᠭᠤᠨ ᠡᠷᠦᠳᠡᠰᠦᠨ ᠬᠡᠮᠵᠢᠶ᠎ᠡ ᠨᠢᠭᠡᠨᠲᠡ 500 ᠲᠦᠮᠡᠨ ᠲᠣᠨ ᠬᠦᠷᠬᠦ ᠦᠭᠡᠢ ᠪᠤᠯᠵᠡᠢ ᠭᠡᠪᠡ᠂ ᠴᠠᠭᠠᠨ ᠮᠤᠬᠤᠷ ᠤᠨ ᠪᠠᠯ ᠴᠢᠯᠠᠭᠤᠨ ᠠᠭᠤᠷᠬᠠᠶ ᠶᠢ ᠬᠠᠶᠢᠨ ᠢᠯᠡᠷᠡᠭᠦᠯᠦᠭᠰᠡᠨ ᠨᠢ ᠮᠠᠨ ᠤ ᠤᠯᠤᠰ ᠴᠢᠨᠠᠭᠰᠢᠯᠠᠪᠠᠯ ᠳᠡᠯᠡᠬᠡᠶ ᠶᠢᠨ ᠶᠡᠭᠡ ᠬᠠᠶᠢᠷᠰᠤᠯᠢᠭ ᠪᠠᠯ ᠴᠢᠯᠠᠭᠤᠨ ᠡᠬᠢ ᠪᠠᠶᠠᠯᠢᠭ ᠬᠦᠷᠦᠯᠴᠡᠬᠦ ᠥᠭᠡᠢ ᠪᠠᠶᠢᠬᠤ ᠶᠢ ᠨᠦᠬᠦᠪᠦᠷᠢᠯᠡᠵᠡᠢ᠃ ᠲᠤᠰ ᠠᠭᠤᠷᠬᠠᠶ ᠶᠢᠨ ᠵᠢᠷᠤᠭᠯᠠᠨ ᠲᠥᠯᠥᠪᠯᠡᠭᠰᠡᠨ ᠤᠨ ᠤ ᠦᠢᠯᠡᠳᠪᠦᠷᠢᠯᠡᠬᠦ ᠪᠠᠯ ᠴᠢᠯᠠᠭᠤᠨ ᠤ ᠳᠡᠭᠳᠡᠭᠡᠨ ᠰᠢᠯᠢᠬᠦ ᠬᠦᠳᠡᠷ ᠨᠢ 16 ᠲᠦᠮᠡᠨ ᠲᠣᠨ᠂ ᠦᠢᠯᠡᠴᠢᠯᠡᠭᠡᠨ ᠤ ᠵᠢᠯ ᠬᠤᠭᠤᠴᠠᠭ᠎ᠠ ᠨᠢ 28 ᠵᠢᠯ᠂ ᠵᠥᠭᠡᠯᠡᠨ ᠪᠠᠯ ᠴᠢᠯᠠᠭᠤ᠂ ᠪᠥᠮᠪᠥᠭᠡᠯᠢᠭ ᠪᠠᠯ ᠴᠢᠯᠠᠭᠤ᠂ ᠯᠢᠲ᠋ᠢ ᠢᠶᠣᠨ ᠤ ᠳ᠋ᠢᠶᠠᠨ ᡂᠢ ᠪᠢᠯᠢᠭ ᠲᠦᠢᠯ ᠤᠨ ᠮᠠᠲ᠋ᠧᠷᠢᠶᠠᠯ᠂ ᠹᠯᠣᠷᠲᠤ ᠪᠠᠯ ᠴᠢᠯᠠᠭᠤ᠂ ᠴᠦᠮ᠎ᠡ ᠶᠢᠨ ᠪᠠᠯ ᠴᠢᠯᠠᠭᠤ ᠵᠡᠷᠭᠡ ᠦᠢᠯᠡᠳᠬᠦᠨ ᠢ ᠨᠠᠷᠢᠯᠢᠭ ᠪᠣᠯᠪᠠᠰᠤᠷᠠᠭᠤᠯᠬᠤ ᠪᠠᠷ ᠵᠢᠷᠤᠭᠯᠠᠨ ᠲᠦᠯᠦᠪᠯᠡᠵᠦ᠂ ᠦᠢᠯᠡᠳᠬᠦᠨ ᠤ ᠪᠦᠬᠦ ᠦᠷᠳᠡᠭ ᠨᠢ 7000 ᠭᠠᠷᠤᠶ ᠳ᠋ᠦᠩᠰᠢᠭᠤᠷ ᠲᠥᠭᠦᠷᠢᠭ ᠲᠤ ᠬᠦᠷᠬᠦ ᠪᠤᠯᠤᠨ᠎ᠠ᠃      ᠪᠠᠯ ᠴᠢᠯᠠᠭᠤᠨ ᠮᠠᠲ᠋ᠧᠷᠢᠶᠠᠯ ᠪᠣᠯ ᠮᠠᠨ ᠤ ᠤᠯᠤᠰ ᠤᠨ ᠴᠢᠬᠤᠯᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠮᠥᠨ᠂ ᠰᠠᠨᠰᠠᠷ ᠤᠨ ᠠᠶᠠᠯᠠᠯ᠂ ᠴᠡᠷᠢᠭ ᠤᠨ ᠠᠵᠤ ᠦᠢᠯᠡᠳᠪᠦᠷᠢ᠂ ᠴᠥᠮ᠎ᠡ ᠶᠢᠨ ᠴᠠᠬᠢᠯᠭᠠᠨ ᠵᠡᠷᠭᠡ ᠬᠦᠷᠢᠶᠡᠨ ᠳᠤ ᠥᠷᠭᠡᠨ ᠢᠶᠠᠷ  ᠬᠡᠷᠡᠭᠯᠡᠭᠳᠡᠵᠦ᠂ ︽ᠳᠤᠮᠳᠠᠳᠤ ᠤᠯᠤᠰ ᠦᠢᠯᠡᠳᠬᠦ 2025︾᠂ ᠤᠯᠤᠰ ᠤᠨ ︽13 · 5︾᠎ ᠶᠢᠨ ᠬᠥᠭᠵᠢᠯᠲᠡ ᠶᠢᠨ ᠲᠥᠯᠥᠪᠵᠢᠭᠦᠯᠭᠡ ᠳᠠᠬᠢ ᠭᠤᠣᠯᠳᠠᠯᠭ᠎ᠠ ᠲᠠᠢ ᠬᠦᠭᠵᠢᠭᠦᠯᠬᠦ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠨᠢᠭᠡ ᠨᠢ ᠪᠣᠯᠤᠨ᠎ᠠ᠃ ᠤᠢᠢᠷ᠎ᠠ ᠶᠢᠨ ᠵᠢᠯ ᠤᠳ ᠲᠤ ᠪᠠᠯ ᠴᠢᠯᠠᠭᠤ ᠤᠯᠤᠰ ᠤᠨ ᠳᠣᠲᠣᠭᠠᠳᠤ ᠭᠠᠳᠠᠭᠠᠳᠤ ᠶᠢᠨ ᠠᠩᠬᠠᠷᠤᠯ ᠢ ᠶᠡᠭᠡ ᠪᠠᠷ ᠲᠠᠲᠠᠵᠤ᠂ ᠡᠯ᠎ᠡ ᠤᠯᠤᠰ ᠤᠨ ᠵᠠᠰᠠᠭ ᠤᠨ ᠣᠷᠳᠣᠨ᠂ ᠠᠵᠤ ᠠᠬᠤᠶᠢᠯᠠᠯ ᠴᠥᠮ ᠶᠡᠭᠡ ᠬᠡᠮᠵᠢᠶᠡᠨ ᠤ ᠪᠡᠯᠡ ᠮᠥᠩᠭᠦ ᠤᠷᠤᠭᠤᠯᠵᠤ ᠪᠠᠯ ᠴᠢᠯᠠᠭᠤᠨ ᠠᠵᠤ ᠦᠢᠯᠡᠰ ᠢ ᠰᠤᠳᠤᠯᠤᠨ ᠬᠦᠭᠵᠢᠭᠦᠯᠵᠦ᠂ ᠢᠳᠡᠪᠬᠢᠲᠡᠢ ᠪᠠᠷ ᠠᠵᠢᠯ ᠲᠦᠷᠦᠯ ᠤᠨ ᠠᠰᠢᠭᠲᠠᠶ ᠪᠠᠶᠢᠷᠢ ᠶᠢ ᠵᠠᠪᠳᠤᠨ ᠡᠵᠡᠯᠡᠵᠦ ᠪᠠᠶᠢᠨ᠎ᠠ᠃ ᠪᠠᠯ ᠴᠢᠯᠠᠭᠤᠨ ᠡᠬᠢ ᠪᠠᠶᠠᠯᠢᠭ ᠪᠣᠯ ᠬᠤᠪᠣᠷ ᠰᠢᠷᠣᠶ ᠶᠢᠨ ᠳᠠᠷᠠᠭᠠᠬᠢ ᠪᠠᠰᠠ ᠨᠢᠭᠡᠨ ᠬᠤᠪᠣᠷ ᠴᠤᠬᠠᠭ ᠡᠬᠢ ᠪᠠᠶᠠᠯᠢᠭ ᠪᠠᠶᠢᠵᠤ᠂ ᠧᠦ᠋ᠷᠣᠫᠠ ᠶᠢᠨ ᠬᠤᠯᠪᠣᠭ᠎ᠠ ᠨᠢᠭᠡᠨᠲᠡ ᠪᠠᠯ ᠴᠢᠯᠠᠭᠤᠨ ᠡᠬᠢ ᠪᠠᠶᠠᠯᠢᠭ ᠢ ᠧᠦ᠋ᠷᠣᠫᠠ ᠶᠢᠨ ᠬᠤᠯᠪᠣᠭᠠᠨ ᠤ ᠠᠵᠤ ᠠᠬᠤᠶ ᠶᠢᠨ ᠬᠥᠭᠵᠢᠯᠲᠡ ᠶᠢᠨ ᠤᠢᠬᠦᠵᠦ ᠰᠡᠭᠡᠬᠦ ᠳᠤ ᠬᠤᠯᠪᠣᠭᠳᠠᠬᠤ ᠮᠠᠲ᠋ᠧᠷᠢᠶᠠᠯ ᠤᠨ ᠲᠤᠭᠠᠨ ᠳᠤ ᠤᠷᠤᠭᠤᠯᠪᠠ᠃      ᠲᠤᠰ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠳ᠂ ᠡᠷᠳᠡᠮᠲᠡᠳ ᠪᠣᠯᠤᠨ ᠠᠵᠤ ᠠᠬᠤᠶᠢᠯᠠᠯ ᠤᠨ ᠲᠥᠯᠥᠭᠡᠯᠡᠭᠴᠢ ᠴᠠᠭᠠᠨ ᠮᠤᠬᠤᠷ ᠤᠨ ᠪᠠᠯ ᠴᠢᠯᠠᠭᠤᠨ ᠡᠬᠢ ᠪᠠᠶᠠᠯᠢᠭ ᠬᠢᠭᠡᠳ ᠠᠵᠤ ᠦᠢᠯᠡᠰ ᠤᠨ ᠲᠥᠯᠥᠪᠵᠢᠭᠦᠯᠭᠡ ᠳᠤ ᠴᠥᠮ ᠥᠪᠡᠷ ᠤᠨ ᠦᠵᠡᠯᠲᠡ ᠪᠠᠨ ᠳᠤᠷᠠᠳᠤᠨ ᠭᠠᠷᠭᠠᠭᠰᠠᠨ ᠪᠥᠭᠡᠳ ᠪᠦᠲᠦᠭᠡᠯᠴᠢ ᠴᠢᠨᠠᠷᠲᠠᠶ ᠵᠢᠯᠣᠭᠤᠳᠬᠤ ᠰᠠᠨᠠᠯ ᠳᠤᠷᠠᠳᠤᠭᠰᠠᠨ ᠪᠠᠶᠢᠨ᠎ᠠ᠃ ᠲᠤᠰ ᠠᠭᠤᠷᠬᠠᠶ ᠶᠢᠨ ᠡᠬᠢ ᠪᠠᠶᠠᠯᠢᠭ ᠤᠨ ᠳᠠᠪᠠᠭᠤᠯᠢᠭ ᠮᠡᠳᠡᠭᠳᠡᠮ᠎ᠡ ᠪᠠᠶᠢᠬᠤ ᠶᠢ ᠣᠯᠠᠨ ᠢᠶᠠᠷ ᠢᠶᠠᠨ ᠰᠠᠨᠠᠯ ᠨᠢᠭᠡᠲᠡᠶ ᠦᠵᠡᠵᠦ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ᠂ ᠪᠦᠬᠦ ᠪᠥᠮᠪᠥᠷᠴᠡᠭ ᠤᠨ ᠪᠠᠯ ᠴᠢᠯᠠᠭᠤᠨ ᠤ ᠪᠦᠬᠦ ᠠᠵᠤ ᠦᠢᠯᠡᠰ ᠢ ᠬᠡᠯᠬᠢᠶᠡᠵᠢᠭᠦᠯᠦᠨ ᠭᠦᠨᠵᠡᠭᠡᠢ ᠪᠤᠯᠪᠠᠰᠤᠷᠠᠭᠤᠯᠵᠤ ᠪᠤᠯᠬᠤ ᠴᠦᠭᠡᠨ ᠲᠤᠭᠠᠨ ᠤ ᠪᠠᠯ ᠴᠢᠯᠠᠭᠤᠨ ᠡᠬᠢ ᠪᠠᠶᠠᠯᠢᠭ ᠪᠤᠯᠤᠨ᠎ᠠ᠂ ᠲᠤᠰ ᠪᠠᠯ ᠴᠢᠯᠠᠭᠤᠨ ᠠᠭᠤᠷᠬᠠᠶ ᠶᠢ ᠢᠯᠡᠷᠡᠭᠦᠯᠦᠭᠰᠡᠨ ᠨᠢ ᠥᠪᠥᠷ ᠮᠣᠩᠭᠤᠯ ᠤᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ᠂ ᠥᠪᠥᠷ ᠮᠣᠩᠭᠤᠯ ᠤᠨ ᠠᠵᠤ ᠠᠬᠤᠶ ᠶᠢ ᠬᠥᠭᠵᠢᠭᠦᠯᠦᠨ ᠮᠠᠨᠳᠤᠭᠤᠯᠬᠤ ᠳᠤ ᠴᠢᠬᠤᠯᠠ ᠦᠢᠯᠡᠳᠦᠯ ᠦᠵᠡᠭᠦᠯᠬᠦ ᠨᠢ ᠳᠠᠮᠵᠢᠭ ᠦᠭᠡᠢ ᠶᠦᠮ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号