ᠣᠳᠣᠬᠠᠨ ᠪᠣᠯᠲᠠᠯ᠎ᠠ᠂ ᠥᠪᠥᠷ ᠮᠣᠩᠭᠤᠯ 2015 ᠣᠨ ᠤ ᠳᠣᠣᠷ᠎ᠠ ᠣᠷᠤᠯᠭᠠᠲᠤ ᠮᠠᠯᠵᠢᠬᠤ ᠲᠠᠷᠢᠶᠠᠯᠠᠬᠤ | ᠡᠷᠦᠬᠡ ᠳᠤ ︽ᠬᠠᠯᠠᠮᠵᠢᠯᠠᠯ ᠤᠨ ᠨᠡᠭᠦᠷᠡᠰᠦ︾ ᠶᠢᠨ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ ᠳᠠᠭᠤᠰᠪᠠ᠃ | ᠥᠪᠥᠷ ᠮᠣᠩᠭᠤᠯ ᠤᠨ ᠮᠠᠯᠵᠢᠬᠤ ᠲᠠᠷᠢᠶᠠᠯᠠᠬᠤ ᠡᠷᠦᠬᠡ ᠳᠤ ᠬᠦᠷᠭᠡᠬᠦ ︽ᠬᠠᠯᠠᠮᠵᠢᠯᠠᠯ ᠤᠨ ᠨᠡᠭᠦᠷᠡᠰᠦ︾ ᠶᠢᠨ | ᠨᠥᠬᠦᠪᠦᠷᠢ ᠥᠭᠬᠦ ᠪᠠᠷᠢᠮᠵᠢᠶ᠎ᠠ ᠨᠢ ᠡᠷᠦᠬᠡ ᠪᠦᠷᠢ 600 ᠲᠥᠭᠦᠷᠢᠭ᠂ ᠬᠤᠰᠢᠭᠤ ᠰᠢᠶᠠᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠠᠴᠠ ᠮᠠᠯᠴᠢᠨ ᠲᠠᠷᠢᠶᠠᠴᠢᠨ ᠤ ︽ᠨᠢᠭᠡ ᠴᠣᠭᠴᠠᠵᠢᠭᠰᠠᠨ ᠺᠠᠷᠲ︾ ᠳᠤ ᠰᠢᠭᠤᠳ ᠣᠷᠣᠭᠤᠯᠤᠨ᠎ᠠ᠃ | 2015 ᠣᠨ ᠤ ᠪᠦᠬᠦ ᠣᠷᠣᠨ ᠤ ᠨᠡᠭᠦᠷᠡᠰᠦᠨ ᠤ ᠪᠡᠯᠡ ᠮᠥᠩᠭᠦ ᠶᠢᠨ ᠶᠡᠷᠦᠩᠬᠡᠢ ᠵᠠᠷᠤᠯᠭ᠎ᠠ 19.6 ᠳ᠋ᠦᠩᠰᠢᠭᠤᠷ | ᠲᠥᠭᠦᠷᠢᠭ ᠲᠤ ᠬᠦᠷᠴᠦ᠂ ᠡᠭᠦᠨ ᠳᠤ ᠥᠪᠡᠷᠲᠡᠭᠡᠨ ᠵᠠᠰᠠᠬᠤ ᠣᠷᠣᠨ ᠠᠴᠠ 6 ᠳ᠋ᠦᠩᠰᠢᠭᠤᠷ ᠲᠥᠭᠦᠷᠢᠭ | ᠨᠥᠬᠦᠪᠦᠷᠢᠯᠡᠵᠦ᠂ ᠠᠶᠢᠮᠠᠭ ᠬᠤᠲᠠ ᠠᠴᠠ 4.8 ᠳ᠋ᠦᠩᠰᠢᠭᠤᠷ ᠲᠥᠭᠦᠷᠢᠭ᠂ ᠬᠤᠰᠢᠭᠤ ᠰᠢᠶᠠᠨ ᠠᠴᠠ 8.8 | ᠳ᠋ᠦᠩᠰᠢᠭᠤᠷ ᠲᠥᠭᠦᠷᠢᠭ ᠢᠵᠢ ᠪᠦᠷᠢᠳᠦᠭᠦᠯᠦᠨ ᠥᠭᠴᠡᠢ᠃ |