ᠥᠪᠥᠷ ᠮᠣᠩᠭᠤᠯ ᠤᠨ ᠪᠠᠭᠰᠢ ᠶᠢᠨ ᠰᠤᠷᠭᠠᠨ ᠬᠥᠮᠦᠵᠢᠯ ᠤᠨ ᠬᠠᠮᠵᠢᠯᠴᠠᠨ ᠰᠢᠨ᠎ᠡ ᠶᠢ ᠡᠭᠦᠳᠬᠦ ᠬᠤᠯᠪᠣᠭ᠎ᠠ ᠬᠥᠬᠡᠬᠤᠲᠠ ᠳᠤ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2015/12/21
     12 ᠳ᠋ᠤᠭᠠᠷ ᠰᠠᠷ᠎ᠠ ᠶᠢᠨ 18᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠭᠰᠢ ᠶᠢᠨ ᠰᠤᠷᠭᠠᠨ ᠬᠥᠮᠦᠵᠢᠯ ᠤᠨ ᠬᠠᠮᠵᠢᠯᠴᠠᠨ ᠰᠢᠨ᠎ᠡ ᠶᠢ ᠡᠭᠦᠳᠬᠦ ᠬᠤᠯᠪᠣᠭ᠎ᠠ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠢᠯᠡᠷᠬᠡᠶᠢᠯᠡᠯ ᠰᠡᠬᠦᠨ ᠪᠠᠶᠢᠭᠤᠯᠤᠭᠳᠠᠵᠤ᠂ ᠶᠡᠭᠡ ᠳᠡᠭᠡᠳᠦ ᠰᠤᠷᠭᠠᠭᠤᠯᠢ᠂ ᠠᠶᠢᠮᠠᠭ ᠬᠤᠲᠠ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠵᠢᠴᠢ ᠠᠵᠤ ᠠᠬᠤᠶᠢᠯᠠᠯ ᠵᠡᠷᠭᠡ 84 ᠪᠦᠷᠢᠯᠳᠦᠬᠦᠨ ᠨᠢᠭᠡᠴᠡ ᠬᠤᠯᠪᠣᠭᠠᠨ ᠤ ᠳᠦᠷᠢᠮ ᠲᠣᠭᠲᠠᠭᠠᠯ ᠢ ᠶᠠᠷᠢᠯᠴᠠᠨ ᠪᠠᠲᠤᠯᠠᠪᠠ᠃      ᠥᠪᠡᠷᠲᠡᠭᠡᠨ ᠵᠠᠰᠠᠬᠤ ᠣᠷᠣᠨ ᠤ ᠪᠠᠭᠰᠢ ᠶᠢᠨ ᠰᠤᠷᠭᠠᠨ ᠬᠥᠮᠦᠵᠢᠯ ᠤᠨ ᠬᠠᠮᠵᠢᠯᠴᠠᠨ ᠰᠢᠨ᠎ᠡ ᠶᠢ ᠡᠭᠦᠳᠬᠦ ᠬᠤᠯᠪᠣᠭ᠎ᠠ ᠪᠣᠯ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠪᠠᠭᠰᠢ ᠶᠢᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠡᠷᠬᠢᠯᠡᠬᠦ ᠶᠡᠭᠡ ᠳᠡᠭᠡᠳᠦ ᠰᠤᠷᠭᠠᠭᠤᠯᠢ ᠪᠠᠷ ᠭᠤᠣᠯ ᠴᠣᠭᠴᠠ ᠪᠣᠯᠭᠠᠵᠤ᠂ ᠠᠶᠢᠮᠠᠭ ᠬᠤᠲᠠ ᠬᠤᠰᠢᠭᠤ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠣᠯᠣᠨ ᠬᠠᠮᠢᠶ᠎ᠠ ᠪᠦᠬᠦᠢ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠬᠠᠮᠲᠤ ᠪᠠᠷ ᠣᠷᠣᠯᠴᠠᠭᠰᠠᠨ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠪᠠᠭᠰᠢ ᠶᠢᠨ ᠰᠤᠷᠭᠠᠨ ᠬᠥᠮᠦᠵᠢᠯ ᠤᠨ ᠬᠠᠮᠵᠢᠯᠴᠠᠭᠠᠨ ᠤ ᠬᠠᠮᠲᠤ ᠶᠢᠨ ᠴᠣᠭᠴᠠ ᠪᠣᠯᠣᠨ᠎ᠠ᠃ ᠲᠡᠷᠡ ᠨᠢ ᠡᠯ᠎ᠡ ᠪᠦᠷᠢᠯᠳᠦᠬᠦᠨ ᠨᠢᠭᠡᠴᠡ ᠬᠤᠭᠤᠷᠤᠨᠳᠤ ᠪᠠᠨ ᠬᠤᠯᠪᠣᠭᠠᠯᠠᠵᠤ ᠬᠠᠮᠲᠤᠷᠠᠨ ᠠᠵᠢᠯᠯᠠᠬᠤ ᠶᠢ ᠴᠢᠩᠭᠠᠳᠬᠠᠨ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠭᠰᠢ ᠶᠢᠨ ᠰᠤᠷᠭᠠᠨ ᠬᠥᠮᠦᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂  ᠪᠠᠭᠰᠢ ᠶᠢᠨ ᠰᠤᠷᠭᠠᠨ ᠬᠥᠮᠦᠵᠢᠯ ᠤᠨ ᠴᠢᠳᠠᠪᠤᠷᠢᠲᠠᠨ ᠬᠥᠮᠦᠵᠢᠭᠦᠯᠬᠦ ᠵᠠᠭᠪᠤᠷᠰᠢᠯ ᠢ ᠰᠢᠨᠡᠴᠢᠯᠡᠵᠦ᠂ ᠪᠠᠭᠰᠢ ᠶᠢᠨ ᠰᠤᠷᠭᠠᠨ ᠬᠥᠮᠦᠵᠢᠯ ᠤᠨ ᠰᠤᠳᠤᠯᠤᠯ ᠤᠨ ᠬᠢᠷᠢ ᠬᠡᠮᠵᠢᠶ᠎ᠡ᠂ ᠲᠤᠰᠬᠠᠯ ᠮᠡᠷᠭᠡᠵᠢᠯ ᠤᠨ ᠪᠣᠳᠠᠲᠤ ᠬᠦᠴᠦᠨ ᠪᠣᠯᠣᠨ ᠪᠠᠭᠰᠢ ᠶᠢᠨ ᠰᠤᠷᠭᠠᠨ ᠬᠥᠮᠦᠵᠢᠯ ᠤᠨ ᠴᠢᠳᠠᠪᠤᠷᠢᠲᠠᠨ ᠬᠥᠮᠦᠵᠢᠭᠦᠯᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠪᠣᠯᠣᠨ ᠰᠠᠭᠤᠷᠢ ᠰᠤᠷᠭᠠᠨ ᠬᠥᠮᠦᠵᠢᠯ ᠤᠨ ᠪᠦᠲᠦᠮᠵᠢᠲᠡᠶ ᠨᠡᠪᠲᠡᠷᠡᠯᠴᠡᠬᠦ᠂ ᠵᠣᠯᠭᠠᠯᠳᠤᠬᠤ ᠪᠠ ᠠᠭᠤᠰᠤᠯᠴᠠᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠠᠭᠤᠷᠢ ᠰᠤᠷᠭᠠᠨ ᠬᠥᠮᠦᠵᠢᠯ ᠤᠨ ᠦᠷᠭᠦᠯᠵᠢᠯᠡᠨ ᠲᠡᠩᠴᠡᠭᠦᠷᠢᠲᠡᠶ ᠬᠦᠭᠵᠢᠬᠦ ᠶᠢ ᠬᠦᠲᠦᠯᠦᠨ ᠳᠠᠭᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠣᠶᠣᠨ ᠤᠬᠠᠭᠠᠨ ᠪᠣᠯᠣᠨ ᠴᠢᠳᠠᠪᠤᠷᠢᠲᠠᠨ ᠤ ᠲᠦᠰᠢᠭ ᠲᠤᠯᠭᠠᠭᠤᠷᠢ ᠬᠠᠩᠭᠠᠬᠤ ᠪᠠᠷ ᠵᠣᠷᠢᠯᠭ᠎ᠠ ᠪᠠᠨ ᠪᠣᠯᠭᠠᠵᠠᠢ᠃  ᠣᠶᠢᠯᠠᠭᠠᠭᠰᠠᠨ ᠢᠶᠠᠷ᠂ ᠲᠤᠰ ᠬᠤᠯᠪᠣᠭᠠᠨ ᠤ ᠪᠦᠷᠢᠯᠳᠦᠬᠦᠨ ᠨᠢ ᠮᠠᠨ ᠤ ᠣᠷᠣᠨ ᠤ ᠪᠠᠭᠰᠢ ᠶᠢᠨ ᠲᠤᠰᠬᠠᠶ ᠮᠡᠷᠭᠡᠵᠢᠯ ᠲᠠᠢ ᠵᠢᠩᠬᠢᠨᠢ ᠲᠤᠰᠬᠠᠶ ᠮᠡᠷᠭᠡᠵᠢᠯ ᠤᠨ12 ᠳᠡᠭᠡᠳᠦ ᠰᠤᠷᠭᠠᠭᠤᠯᠢ ᠶᠢ ᠬᠠᠮᠣᠷᠴᠤ᠂ ᠡᠭᠦᠨ ᠳᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠦᠷᠢᠯᠳᠦᠬᠦᠨ ᠳᠤ ᠮᠣᠩᠭᠤᠯ ᠬᠢᠲᠠᠳ ᠬᠡᠯᠡ ᠪᠠᠷ ᠬᠢᠴᠢᠶᠡᠯᠯᠡᠵᠦ ᠪᠠᠶᠢᠭ᠎ᠠ ᠰᠤᠷᠭᠠᠭᠤᠯᠢ ᠪᠣᠯᠤᠨ ᠡᠯ᠎ᠡ ᠲᠦᠷᠦᠯ ᠤᠨ ᠰᠠᠭᠤᠷᠢ ᠰᠤᠷᠭᠠᠨ ᠬᠥᠮᠦᠵᠢᠯ ᠤᠨ ᠰᠤᠷᠭᠠᠭᠤᠯᠢ ᠶᠢ ᠬᠠᠮᠲᠤ ᠳᠤᠨᠢ ᠬᠠᠷᠠᠭᠠᠯᠵᠠᠵᠠᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号