12 ᠳ᠋ᠤᠭᠠᠷ ᠰᠠᠷ᠎ᠠ ᠶᠢᠨ 18 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ 15 ᠳ᠋ᠤᠭᠠᠷ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠬᠥᠬᠡᠬᠤᠲᠠ ᠳᠤ ᠥᠪᠥᠷ ᠮᠣᠩᠭᠤᠯ ᠤᠨ ᠠᠶᠤᠯ ᠦᠭᠡᠢ | ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ 12 ᠳ᠋ᠤᠭᠠᠷ | ᠰᠠᠷ᠎ᠠ ᠶᠢᠨ 14 ᠤ ᠡᠳᠦᠷ ᠠᠴᠠ 17 ᠤ ᠡᠳᠦᠷ ᠬᠦᠷᠲᠡᠯ᠎ᠡ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠷᠢᠳ | ᠬᠤᠵᠢᠳ ᠲᠦᠩᠯᠢᠶᠣᠤ ᠬᠤᠳᠠ᠂ ᠤᠯᠠᠭᠠᠨᠬᠠᠳᠠ ᠬᠤᠳᠠ᠂ ᠬᠥᠯᠥᠨ ᠪᠤᠶᠢᠷ ᠬᠤᠳᠠ ᠪᠠ ᠤᠷᠳᠤᠰ ᠬᠤᠲᠠ ᠳᠤ | ᠬᠦᠷᠴᠦ᠂ ᠦᠢᠯᠡᠳᠪᠦᠷᠢ ᠠᠭᠤᠷᠬᠠᠶ᠂ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠳᠤ | ᠪᠠᠶᠢᠴᠠᠭᠠᠯᠲᠠ ᠬᠢᠭᠰᠡᠨ ᠪᠦᠭᠡᠳ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ︽ᠮᠦᠷ ᠢᠶᠠᠨ | ᠬᠠᠷᠠᠬᠤ︾ ᠶᠢ ᠥᠷᠨᠢᠭᠦᠯᠦᠭᠰᠡᠨ ᠪᠠᠶᠢᠳᠠᠯ ᠢ ᠰᠤᠩᠭᠤᠨ ᠪᠠᠶᠢᠴᠠᠭᠠᠪᠡ᠃ | ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠦᠷᠨᠢᠭᠦᠯᠦᠭᠰᠡᠨ ᠠᠴᠠ ᠨᠠᠰᠢ᠂ ᠥᠪᠥᠷ | ᠮᠣᠩᠭᠤᠯ ᠤᠨ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠡ ᠨᠦᠭᠦᠳ ᠠᠷᠭ᠎ᠠ | ᠬᠡᠮᠵᠢᠶ᠎ᠡ ᠪᠠᠨ ᠴᠢᠩᠭᠠᠷᠠᠭᠤᠯᠤᠨ᠂ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠢᠳᠡᠪᠬᠢᠲᠡᠶ ᠦᠷ᠎ᠡ ᠪᠦᠲᠦᠮᠵᠢ | ᠣᠯᠪᠠ᠃11 ᠳ᠋ᠦ᠋ᠭᠡᠷ ᠰᠠᠷ᠎ᠠ ᠶᠢᠨ ᠡᠴᠦᠰ ᠪᠣᠯᠬᠤ ᠳᠤ᠂ ᠪᠦᠬᠦ ᠣᠷᠣᠨ ᠳᠤ ᠨᠡᠶᠢᠲᠡ ᠡᠯ᠎ᠡ ᠲᠥᠷᠥᠯ ᠤᠨ | ᠰᠢᠮᠳᠠᠭᠤᠯᠤᠨ ᠪᠠᠶᠢᠴᠠᠭᠠᠬᠤ ᠪᠠᠶᠢᠴᠠᠭᠠᠯᠲᠠ ᠶᠢᠨ ᠳᠤᠭᠤᠶᠢᠯᠠᠩ ᠢ 14535 ᠤᠳᠠᠭ᠎ᠠ ᠵᠣᠬᠢᠶᠠᠨ ᠪᠠᠶᠢᠭᠤᠯᠵᠤ᠂ 11 | ᠲᠦᠮᠡ ᠭᠠᠷᠤᠢ ᠳᠠᠯᠳᠠ ᠭᠡᠮ ᠪᠠ ᠠᠰᠠᠭᠤᠳᠠᠯ ᠢ ᠵᠢᠭᠰᠠᠭᠠᠨ ᠪᠠᠶᠢᠴᠠᠭᠠᠵᠤ᠂ 19 ᠲᠦᠮᠡ ᠭᠠᠷᠤᠢ ᠡᠯ᠎ᠡ | ᠲᠦᠷᠦᠯ ᠤᠨ ᠬᠠᠤᠯᠢ ᠪᠤᠰᠤ ᠪᠠ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠴᠣᠬᠢᠯᠲᠠ ᠥᠭᠪᠡ᠃ 986 | ᠡᠷᠦᠬᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢ ᠬᠠᠤᠯᠢ ᠶᠣᠰᠣᠭᠠᠷ ᠦᠢᠯᠡᠳᠪᠦᠷᠢᠯᠡᠯ ᠢ ᠨᠢ ᠵᠣᠭᠰᠣᠭᠠᠨ | ᠴᠡᠭᠴᠡᠯᠡᠭᠦᠯᠵᠦ᠂ 183 ᠬᠦᠮᠦᠨ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠪᠡ᠃ 9 ᠳ᠋ᠦ᠋ᠭᠡᠷ ᠰᠠᠷ᠎ᠠ ᠠᠴᠠ 11 | ᠳ᠋ᠦ᠋ᠭᠡᠷ ᠰᠠᠷ᠎ᠠ ᠶᠢᠨ ᠳᠤᠮᠳᠠᠴᠢ ᠬᠦᠷᠲᠡᠯ᠎ᠡ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ | ᠲᠥᠪᠯᠡᠷᠡᠭᠦᠯᠦᠨ ᠦᠷᠨᠢᠭᠦᠯᠦᠭᠰᠡᠨ ᠬᠤᠭᠤᠴᠠᠭᠠᠨ ᠳᠤ᠂ ᠪᠥᠬᠦ ᠣᠷᠣᠨ ᠤ ᠡᠯ᠎ᠡ ᠲᠦᠷᠦᠯ ᠤᠨ ᠦᠢᠯᠡᠳᠪᠦᠷᠢᠯᠡᠯ ᠤᠨ | ᠠᠮᠤᠷ ᠲᠥᠪᠰᠢᠨ ᠤ ᠡ᠊ᠨᠳᠡᠯ ᠡᠭᠦᠰᠦᠭᠰᠡᠨ ᠲᠤᠭ᠎ᠠ ᠪᠠ ᠥᠬᠦᠵᠤ ᠡ᠊ᠨᠳᠡᠭᠰᠡᠨ ᠬᠥᠮᠦᠨ ᠤ ᠲᠤᠭ᠎ᠠ ᠦᠩᠭᠡᠷᠡᠭᠰᠡᠨ | ᠵᠢᠯ ᠤᠨ ᠠᠳᠠᠯᠢ ᠬᠤᠭᠤᠴᠠᠭ᠎ᠠ ᠲᠠᠢ ᠬᠠᠷᠢᠴᠠᠭᠤᠯᠪᠠᠯ ᠲᠤᠰ ᠲᠤᠰ 15.03% ᠪᠠ 8.88% ᠪᠠᠷ ᠪᠠᠭᠤᠷᠠᠪᠠ᠃ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠨᠢ ᠥᠪᠥᠷ ᠮᠣᠩᠭᠤᠯ ᠤᠨ ᠠᠶᠤᠯ ᠦᠭᠡᠢ ᠦᠢᠯᠡᠳᠪᠦᠷᠢᠯᠡᠯ ᠤᠨ | ᠠᠵᠢᠯ ᠢ ᠭᠦᠢᠴᠡᠳ ᠨᠤᠲᠠᠯᠠᠨ ᠲᠣᠭᠲᠠᠭᠠᠭᠰᠠᠨ ᠤ ᠲᠠᠷᠠᠭ᠎ᠠ ᠵᠢᠭᠠᠨ ᠭᠠᠷᠭᠠᠭᠰᠠᠨ ᠨᠢ᠂ ᠠᠶᠤᠯ ᠦᠭᠡᠢ | ᠦᠢᠯᠡᠳᠪᠦᠷᠢᠯᠡᠯ ᠤᠨ ᠠᠵᠢᠯ ᠤᠨ ᠲᠤᠬᠠᠶ ᠲᠥᠪ ᠬᠤᠷᠢᠶᠠᠨ ᠤ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠥᠩᠭᠡᠷᠡᠭᠰᠡᠨ ᠲᠠᠢ ᠪᠠᠨ | ᠠᠳᠠᠯᠢ ᠴᠢᠬᠤᠯᠠᠴᠢᠯᠠᠨ ᠦᠵᠡᠵᠦ᠂ ᠠᠶᠤᠯ ᠦᠭᠡᠢ ᠶᠢᠨ ᠶᠡᠭᠡ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠶ ᠰᠠᠶᠢᠲᠤᠷ ᠠᠳᠬᠤᠵᠤ᠂ ᠡᠭᠦᠨ ᠤ ᠬᠠᠮᠲᠤ ᠳᠠᠯᠳᠠ ᠭᠡᠮ ᠤᠨ | ᠪᠠᠶᠢᠴᠠᠭᠠᠯᠲᠠ ᠶᠢ ᠰᠠᠶᠢᠲᠤᠷ ᠬᠢᠬᠦ ᠬᠡᠷᠡᠭᠲᠡᠢ᠃ ᠣᠨᠴᠠᠭᠠᠶᠢᠯᠠᠨ ᠵᠢᠯ ᠤᠨ ᠡᠴᠦᠰ ᠪᠠ ᠵᠢᠯ ᠤᠨ ᠡᠬᠢᠨ ᠤ ᠠᠶᠤᠯ | ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠣᠨᠴᠠ ᠶᠡᠭᠡ ᠠᠮᠤᠷ ᠲᠥᠪᠰᠢᠨ ᠤ ᠡ᠊ᠨᠳᠡᠯ | ᠭᠠᠷᠬᠤ ᠶᠢ ᠡᠷᠡᠰ ᠬᠤᠷᠢᠭᠯᠠᠵᠤ᠂ ᠡᠶ᠎ᠡ ᠵᠣᠬᠢᠴᠠᠩᠭᠤᠢ ᠲᠣᠭᠲᠠᠭᠤᠨ ᠬᠥᠭᠵᠢᠯᠲᠡ ᠶᠢᠨ ᠣᠷᠴᠢᠨ ᠠᠬᠤᠢ ᠪᠠ | ᠨᠡᠶᠢᠭᠡᠮ ᠤᠨ ᠣᠷᠴᠢᠨ ᠲᠣᠭᠤᠷᠢᠨ ᠢ ᠦᠨᠡᠨᠬᠦ ᠪᠣᠢ ᠪᠣᠯᠭᠠᠬᠤ ᠬᠡᠷᠡᠭᠲᠡᠢ ᠭᠡᠪᠡ᠃ |