ᠥᠪᠥᠷ ᠮᠣᠩᠭᠤᠯ ᠬᠦᠴᠢᠷᠳᠡᠯ ᠲᠠᠢ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠣᠯᠣᠨ ᠬᠦᠨᠳᠦ  ᠳᠡᠰ ᠤᠨ ᠵᠡᠮᠳᠡᠭᠴᠦᠳ ᠤᠨ ᠰᠤᠪᠢᠯᠠᠭ᠎ᠠ ᠶᠢᠨ ᠨᠥᠬᠦᠪᠥᠷᠢ  ᠣᠯᠭᠤᠬᠤ ᠪᠠᠷ ᠪᠤᠢ
ᠨᠡᠶᠢᠲᠡᠯᠡᠭᠰᠡᠨ ᠴᠠᠭ᠄
2015/12/21
     ᠵᠡᠮᠳᠡᠭᠴᠦᠳ ᠤᠨ ᠲᠤᠰᠬᠠᠶ ᠵᠦᠢᠯ ᠤᠨ ᠠᠰᠠᠷᠠᠮᠵᠢ ᠶᠢᠨ ᠲᠦᠷᠦ ᠶᠢᠨ ᠪᠤᠳᠤᠯᠭ᠎ᠠ ᠶᠢ  ᠪᠠᠶᠢᠭᠤᠯᠤᠨ ᠪᠦᠷᠢᠨᠰᠢᠭᠦᠯᠵᠦ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ  ᠲᠡᠭᠦᠯᠳᠡᠷᠵᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠬᠦᠴᠢᠷᠳᠡᠯ ᠲᠠᠢ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠣᠯᠣᠨ ᠬᠦᠨᠳᠦ ᠳᠡᠰ ᠤᠨ ᠵᠡᠮᠳᠡᠭᠴᠦᠳ  ᠎ ᠤᠨ ᠰᠤᠪᠢᠯᠠᠭ᠎ᠠ ᠶᠢᠨ ᠨᠥᠬᠦᠪᠥᠷᠢ ᠶᠢᠨ ᠲᠦᠷᠢᠮ ᠢ ᠪᠦᠬᠦ ᠲᠠᠯ᠎ᠠ ᠪᠠᠷ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ︾ ︵ᠳᠣᠷᠣᠭᠰᠢ ︽ᠰᠠᠨᠠᠯ ︾ ᠭᠡᠵᠦ ᠲᠣᠪᠴᠢᠯᠠᠨ᠎ᠠ︶᠎ ᠢ ᠨᠠᠶᠢᠲᠡᠯᠡᠪᠡ᠂ ᠡᠨᠡ ᠨᠢ ᠵᠡᠮᠳᠡᠭᠴᠦᠳ ᠤᠨ ᠠᠮᠢᠳᠤᠷᠠᠯ ᠤᠨ ᠬᠦᠴᠢᠷᠳᠡᠯ ᠪᠣᠯᠣᠨ ᠠᠰᠠᠷᠠᠵᠤ ᠰᠤᠪᠢᠯᠠᠬᠤ ᠬᠦᠴᠢᠷᠳᠡᠯ ᠢ ᠦᠨᠡᠨ ᠬᠦ ᠰᠢᠢᠳᠪᠦᠷᠢᠯᠡᠬᠦ ᠪᠣᠯᠣᠨ᠎ᠠ᠃      ︽ᠰᠠᠨᠠᠯ︾᠎ ᠢ ᠦᠨᠳᠦᠰᠦᠯᠡᠪᠡᠯ᠂ ᠬᠦᠴᠢᠷᠳᠡᠯ ᠲᠠᠢ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠨᠢ ᠭᠤᠣᠯᠳᠠᠭᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠶᠢᠨ ᠵᠡᠮᠳᠡᠭᠴᠦᠳ ᠤᠨ ᠵᠡᠮᠳᠡᠭ ᠤᠨ ᠬᠠᠷᠠᠭ᠎ᠠ ᠠᠴᠠ ᠪᠤᠢ ᠪᠣᠯᠤᠭᠰᠠᠨ ᠠᠮᠢᠳᠤᠷᠠᠯ ᠤᠨ ᠨᠡᠮᠡᠯᠲᠡ ᠵᠠᠷᠤᠯᠭ᠎ᠠ ᠶᠢ ᠨᠢ ᠨᠥᠬᠦᠪᠦᠷᠢᠯᠡᠨ᠎ᠡ  ᠃ ᠨᠥᠬᠦᠴᠡᠯ ᠲᠠᠢ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶᠎ ᠨᠢ ᠣᠷᠣᠯᠭ᠎ᠠ ᠪᠠᠭᠠᠲᠠᠶ ᠵᠡᠮᠳᠡᠭᠴᠦᠳ ᠵᠢᠴᠢ ᠪᠤᠰᠤᠳ ᠬᠦᠴᠢᠷᠳᠡᠯ ᠲᠠᠢ ᠵᠡᠮᠳᠡᠭᠴᠦᠳ ᠬᠦᠷᠲᠡᠯ᠎ᠡ ᠢᠳᠡᠭ ᠢᠳᠡᠭ ᠢᠶᠠᠷ ᠥᠷᠭᠡᠳᠬᠡᠵᠦ ᠪᠣᠯᠣᠨ᠎ᠠ᠂ ᠡᠶᠢᠮᠦᠷᠬᠦ ᠵᠡᠮᠳᠡᠭᠴᠦᠳ ᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠲᠣᠭᠲᠠᠭᠠᠯ ᠢ ᠯᠠᠪᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠬᠤ ᠬᠡᠷᠡᠭᠲᠡᠢ᠃ ᠬᠦᠨᠳᠦ ᠳᠡᠰ ᠤᠨ ᠵᠡᠮᠳᠡᠭᠴᠦᠳ ᠤᠨ ᠰᠤᠪᠢᠯᠠᠭ᠎ᠠ ᠶᠢᠨ ᠨᠥᠬᠦᠪᠥᠷᠢ ᠭᠡᠳᠡᠭ ᠨᠢ ᠭᠤᠣᠯᠲᠠᠭᠤ ᠵᠡᠮᠳᠡᠭ ᠤᠨ ᠲᠡᠰ ᠢ ᠨᠢ ᠨᠢᠭᠡᠳᠦᠭᠡᠷ ᠳᠡᠰ᠂ ᠬᠤᠶᠠᠳᠤᠭᠠᠷ ᠳᠡᠰ ᠢᠶᠠᠷ ᠦᠨᠡᠯᠡᠨ ᠲᠣᠭᠲᠠᠭᠠᠭᠳᠠᠭᠰᠠᠨ ᠬᠦᠨᠳᠦ ᠳᠡᠰ ᠤᠨ ᠵᠡᠮᠳᠡᠭᠴᠦᠳ ᠤᠨ ᠵᠡᠮᠳᠡᠭ ᠤᠨ ᠬᠠᠷᠠᠭ᠎ᠠ ᠠᠴᠠ ᠪᠤᠢ ᠪᠣᠯᠤᠭᠰᠠᠨ ᠠᠰᠠᠷᠠᠵᠤ ᠰᠤᠪᠢᠯᠠᠬᠤ ᠨᠡᠮᠡᠯᠲᠡ ᠵᠠᠷᠤᠯᠭ᠎ᠠ ᠶᠢ ᠨᠢ ᠨᠥᠬᠦᠪᠦᠷᠢᠯᠡᠨ᠎ᠡ  ᠃ ᠨᠥᠬᠦᠴᠡᠯ ᠲᠠᠢ ᠠᠶᠢᠮᠠᠭ ᠬᠤᠳᠠ ᠪᠣᠯᠤᠨ ᠬᠤᠰᠢᠭᠤ ᠰᠢᠶᠠᠨ ︵ᠬᠤᠳᠠ᠂ ᠲᠣᠭᠤᠷᠢᠭ︶᠎ ᠨᠢ ᠬᠦᠨᠳᠦ ᠳᠡᠰ ᠤᠨ ᠪᠣᠰᠤ ᠣᠢ ᠪᠢᠯᠢᠭ᠂ ᠤᠶᠤᠨ ᠮᠡᠳᠡᠷᠡᠯ ᠎ ᠤᠨ ᠵᠡᠮᠳᠡᠭᠴᠦᠳ ᠪᠣᠯᠣᠨ ᠪᠤᠰᠤᠳ ᠵᠡᠮᠳᠡᠭᠴᠦᠳ ᠪᠣᠯᠲᠠᠯ᠎ᠠ ᠥᠷᠭᠡᠳᠬᠡᠵᠦ ᠪᠣᠯᠣᠨ᠎ᠠ᠃       ︽ᠰᠠᠨᠠᠯ︾᠎ ᠳᠤ ᠲᠣᠳᠣᠷᠬᠠᠶ ᠵᠢᠭᠠᠵᠤ ᠭᠠᠷᠭᠠᠭᠰᠠᠨ ᠨᠢ᠂ ᠡᠨᠡ ᠬᠤᠶᠠᠷ ᠵᠦᠢᠯ ᠤᠨ ᠨᠥᠬᠦᠪᠥᠷᠢ ᠮᠥᠩᠭᠦ ᠶᠢᠨ ᠪᠠᠷᠢᠮᠵᠢᠶ᠎ᠠ ᠶᠢ ᠡᠯ᠎ᠡ ᠠᠶᠢᠮᠠᠭ ᠬᠤᠳᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ ᠵᠡᠮᠳᠡᠭᠴᠦᠳ ᠤᠨ ᠠᠮᠢᠳᠤᠷᠠᠯ ᠤᠨ ᠪᠠᠲᠤᠯᠠᠭ᠎ᠠ ᠪᠣᠯᠣᠨ ᠠᠰᠠᠷᠠᠵᠤ ᠰᠤᠪᠢᠯᠠᠬᠤ ᠬᠡᠷᠡᠭᠴᠡᠭᠡ ᠶᠢ ᠦᠨᠳᠦᠰᠦᠯᠡᠨ ᠨᠢᠭᠡᠳᠦᠯᠲᠡᠶ ᠲᠥᠯᠥᠪᠯᠡᠨ ᠲᠣᠭᠲᠠᠭᠠᠬᠤ ᠶᠢᠨ ᠬᠠᠮᠲᠤ ᠲᠣᠬᠢᠷᠠᠮᠵᠢᠲᠠᠶ ᠲᠣᠬᠢᠷᠠᠭᠤᠯᠤᠯᠲᠠ ᠬᠢᠵᠦ᠂ ᠨᠥᠬᠦᠴᠡᠯ ᠲᠠᠢ ᠠᠶᠢᠮᠠᠭ ᠬᠤᠳᠠ ᠪᠣᠯᠤᠨ ᠬᠤᠰᠢᠭᠤ ᠰᠢᠶᠠᠨ ︵ᠬᠤᠳᠠ᠂ ᠲᠣᠭᠤᠷᠢᠭ︶᠎ ᠨᠢ ᠵᠡᠮᠳᠡᠭᠴᠦᠳ ᠤᠨ ᠠᠳᠠᠯᠢ ᠪᠤᠰᠤ ᠬᠦᠴᠢᠷᠳᠡᠯ ᠤᠨ ᠬᠡᠮᠵᠢᠶ᠎ᠡ ᠪᠠᠷ ᠨᠢ ᠲᠡᠰ ᠬᠤᠪᠢᠶᠠᠨ ᠨᠥᠬᠦᠪᠥᠷᠢ ᠥᠭᠬᠦ ᠪᠠᠷᠢᠮᠵᠢᠶ᠎ᠠ ᠶᠢ ᠲᠣᠭᠲᠠᠭᠠᠵᠤ᠂ ᠬᠤᠳᠠ ᠬᠥᠳᠡᠭᠡ ᠶᠢᠨ ᠵᠡᠮᠳᠡᠭᠴᠦᠳ ᠤᠨ ᠨᠥᠬᠦᠪᠥᠷᠢ ᠶᠢᠨ ᠪᠠᠷᠢᠮᠵᠢᠶ᠎ᠠ ᠶᠢ ᠨᠢᠭᠡᠳᠬᠡᠵᠦ ᠪᠣᠯᠣᠨ᠎ᠠ᠃ ᠨᠥᠬᠦᠪᠥᠷᠢ ᠮᠥᠩᠭᠦ ᠶᠢ ᠡᠳ᠋ ᠤᠨ ᠵᠠᠰᠠᠭ ᠤᠨ ᠨᠥᠬᠦᠪᠥᠷᠢ ᠮᠥᠩᠭᠦ ᠶᠢᠨ ︽ᠪᠥᠬᠦᠨ  ᠳᠤ ᠲᠤᠬᠢᠷᠠᠬᠤ ᠺᠠᠷᠲ︾᠎ ᠢᠶᠠᠷ ᠳᠠᠮᠵᠢᠭᠤᠯᠤᠨ ᠣᠯᠭᠤᠬᠤ ᠬᠡᠷᠡᠭᠲᠡᠶ᠃ ᠨᠥᠬᠦᠪᠥᠷᠢ ᠭᠥᠷᠳᠡᠬᠦ ᠬᠢᠷᠢ ᠬᠡᠮ ᠢ  ᠬᠢᠨᠠᠨ ᠲᠣᠭᠲᠠᠭᠠᠭᠠᠳ ᠬᠢᠷᠢ ᠲᠡᠩᠴᠡᠭᠰᠡᠨ ᠵᠡᠮᠳᠡᠭᠴᠦᠳ ᠪᠣᠯ ᠭᠤᠶᠤᠴᠢᠯᠠᠯ ᠲᠤᠰᠢᠶᠠᠭᠰᠠᠨ ᠲᠡᠷᠡ ᠰᠠᠷ᠎ᠠ ᠠᠴᠠ ᠡᠬᠢᠯᠡᠨ ᠨᠥᠬᠦᠪᠥᠷᠢ ᠣᠯᠭᠤᠬᠤ ᠬᠡᠷᠡᠭᠲᠡᠶ ᠭᠡᠵᠡᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号