| 2015 ᠤᠨ ᠤ 12 ᠳ᠋ᠤᠭᠠᠷ ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠳᠣᠲᠣᠭᠠᠳᠤ ᠶᠢ | ᠬᠠᠮᠠᠭᠠᠯᠠᠬᠤ ᠶᠠᠮᠤᠨ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠬᠠᠤᠯᠢ ᠴᠠᠭᠠᠵᠠ ᠶᠢ | ᠭᠤᠣᠯᠴᠢ ᠪᠠᠷ ᠬᠡᠷᠡᠭᠵᠢᠭᠦᠯᠦᠨ᠂ ᠠᠷᠠᠳ ᠤᠨ ᠳᠣᠲᠣᠭᠠᠳᠤ ᠶᠢ ᠬᠠᠮᠠᠭᠠᠯᠠᠬᠤ ᠠᠷᠠᠳ ᠲᠦᠮᠡᠨ ᠤ ᠲᠥᠯᠥᠭᠡ | ᠦᠢᠯᠡᠴᠢᠯᠡᠬᠦ︾ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢᠨ ᠲᠧᠯᠸᠢᠰ ᠤᠲᠠᠰᠤ ᠶᠢᠨ ᠬᠤᠷᠠᠯ ᠢ | ᠬᠤᠷᠠᠯᠳᠤᠭᠤᠯᠵᠤ᠂ ᠪᠡᠭᠡᠵᠢᠩ᠂ ᠵᠧᠵᠢᠶᠠᠩ ᠵᠡᠷᠭᠡ ᠭᠠᠵᠠᠷ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ | ᠨᠡᠶᠢᠲᠡᠯᠢᠭ ᠵᠢᠱᠢᠶ᠎ᠡ ᠶᠠᠷᠢᠶ᠎ᠠ ᠲᠠᠯᠪᠢᠵᠤ᠂ ᠳᠣᠲᠣᠭᠠᠳᠤ ᠶᠢ ᠬᠠᠮᠠᠭᠠᠯᠠᠬᠤ ᠶᠠᠮᠤᠨ ᠤ ᠨᠠᠮ ᠤᠨ ᠬᠤᠷᠢᠶ᠎ᠠ ᠶᠢᠨ ᠭᠡᠰᠢᠭᠦᠨ᠂ | ᠤᠯᠤᠰ ᠲᠦ᠋ᠷᠦ ᠶᠢᠨ ᠬᠡᠯᠲᠡᠰ ᠤᠨ ᠡᠷᠬᠢᠯᠡᠭᠴᠢ ᠰᠢᠶᠠ ᠴᠥᠩ ᠶᠤᠸᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠯ᠎ᠡ ᠠᠶᠢᠮᠠᠭ ᠬᠤᠳᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠤᠭᠤᠳ ᠬᠤᠪᠢᠶᠠᠷᠢ ᠬᠤᠷᠠᠯ ᠤᠨ ᠲᠠᠯᠠᠪᠠᠢ ᠭᠠᠷᠭᠠᠵᠤ᠂ ᠡᠯ᠎ᠡ | ᠴᠠᠭᠳᠠᠭ᠎ᠠ ᠶᠢᠨ ᠲᠥᠷᠥᠯ ᠤᠨ ᠬᠠᠷᠢᠭᠤᠴᠠᠯᠭᠠᠲᠠᠨ ᠨᠥᠬᠦᠳ ᠵᠢᠴᠢ ᠪᠦᠬᠦ ᠤᠯᠤᠰ ᠲᠦᠷᠦ ᠶᠢᠨ ᠠᠵᠢᠯ ᠤᠨ | ᠠᠷᠠᠳ ᠤᠨ ᠴᠠᠭᠳᠠᠭ᠎ᠠ ᠨᠤᠭᠤᠳ ᠬᠤᠪᠢᠶᠠᠷᠢ ᠬᠤᠷᠠᠯ ᠤᠨ ᠲᠠᠯᠠᠪᠠᠢ ᠶᠢᠨ ᠬᠤᠷᠠᠯ ᠳᠤ ᠤᠷᠤᠯᠴᠠᠪᠠ᠃ | ᠰᠢᠶᠠ ᠡᠷᠬᠢᠯᠡᠭᠴᠢ ᠶᠠᠷᠢᠶᠠᠨ ᠳᠠᠭᠠᠨ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢᠨ ᠣᠳᠣᠬᠢ ᠪᠠᠶᠢᠳᠠᠯ | ᠪᠤᠯᠤᠨ ᠣᠳᠣᠬᠠᠨ ᠤ ᠬᠠᠤᠯᠢ ᠬᠡᠷᠡᠭᠵᠢᠭᠦᠯᠬᠦ ᠦᠢᠯᠡᠴᠢᠯᠡᠭᠡᠨ ᠤ ᠠᠵᠢᠯ ᠤᠨ ᠠᠮᠵᠢᠯᠲᠠ ᠪᠦᠲᠦᠮᠵᠢ ᠵᠢᠴᠢ | ᠠᠰᠠᠭᠤᠳᠠᠯ ᠤᠨ ᠲᠤᠬᠠᠶ ᠵᠠᠳᠠᠯᠤᠨ ᠰᠢᠨᠵᠢᠯᠡᠵᠦ᠂ ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯᠯᠠᠭ᠎ᠠ | ᠪᠠᠨ ᠦᠷᠨᠢᠬᠦᠯᠬᠦ ᠳᠤ ᠳᠣᠣᠷᠠᠬᠢ ᠳᠥᠷᠪᠡᠨ ᠲᠠᠯ᠎ᠠ ᠶᠢ ᠰᠠᠶᠢᠲᠤᠷ ᠠᠳᠬᠤᠬᠤ ᠬᠡᠷᠡᠭᠲᠡᠶ ᠬᠡᠪᠡ᠃ ᠨᠢᠭᠡ ᠳᠤ ᠤᠯᠠᠨ | ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠰᠠᠭᠤᠳᠠᠯ ᠤᠨ ᠬᠦᠨᠳᠦ ᠨᠣᠴᠢᠲᠠᠶ ᠬᠤᠣᠷ ᠬᠦᠨᠦᠬᠡᠯᠲᠦ | ᠴᠢᠨᠠᠷ ᠢ ᠭᠦᠢᠴᠡᠳ ᠲᠠᠨᠢᠵᠤ᠂ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠰᠠᠶᠢᠲᠤᠷ ᠠᠳᠬᠤᠬᠤ | ᠬᠠᠷᠢᠭᠤᠴᠠᠯᠭᠠᠲᠤ ᠰᠡᠳᠬᠢᠯᠭᠡ ᠪᠤᠯᠤᠨ ᠡᠭᠦᠷᠭᠡᠲᠦ ᠰᠡᠳᠬᠢᠯᠭᠡ ᠪᠠᠨ ᠨᠡᠮᠡᠭᠳᠡᠭᠦᠯᠬᠦ ᠬᠡᠷᠡᠭᠲᠡᠶ︔ ᠬᠤᠶᠠᠷ ᠲᠤ | ᠠᠰᠠᠭᠤᠳᠠᠯ ᠤᠨ ᠤᠳᠤᠷᠢᠳᠤᠮᠵᠢ ᠶᠢ ᠳᠣᠪᠤᠶᠢᠯᠭᠠᠨ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ | ᠠᠰᠠᠭᠤᠳᠠᠯ ᠤᠳ ᠢ ᠦᠨᠡᠨ ᠬᠦ ᠰᠢᠢᠳᠪᠦᠷᠢᠯᠡᠬᠦ ᠬᠡᠷᠡᠭᠲᠠᠢ︔ ᠭᠤᠷᠪᠠ ᠳᠤ᠂ ᠨᠡᠭᠡᠭᠡᠯᠲᠡ ᠬᠢᠵᠤ ᠰᠢᠨ᠎ᠡ ᠶᠢ | ᠡᠭᠦᠳᠬᠦ ᠶᠢ ᠪᠠᠷᠢᠮᠲᠠᠯᠠᠨ᠂ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ ᠦᠢᠯᠡᠴᠢᠯᠡᠭᠡᠨ ᠤ ᠪᠣᠭᠤᠮᠢ ᠬᠢᠵᠠᠭᠠᠷᠯᠠᠯ ᠢ | ᠬᠦᠴᠦᠯᠡᠨ ᠠᠷᠢᠯᠭᠠᠬᠤ ᠬᠡᠷᠡᠭᠲᠠᠢ︔ ᠲᠦᠷᠪᠡ ᠳᠤ ᠵᠣᠬᠢᠴᠠᠭᠤᠯᠤᠨ ᠠᠬᠢᠭᠤᠯᠬᠤ ᠶᠢ ᠴᠢᠬᠤᠯᠠᠴᠢᠯᠠᠨ᠂ ᠭᠤᠣᠯ | ᠰᠡᠳᠦᠪᠲᠦ ᠬᠥᠮᠦᠵᠢᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠦᠷᠭᠡᠳᠭᠡᠬᠦ | ᠬᠡᠷᠡᠭᠲᠠᠢ᠃ | ᠳᠣᠲᠣᠭᠠᠳᠤ ᠶᠢ ᠬᠠᠮᠠᠭᠠᠯᠠᠬᠤ ᠶᠠᠮᠤᠨ ᠤ ᠬᠤᠷᠠᠯ ᠦᠨᠳᠦᠷᠯᠡᠭᠰᠡᠨ ᠤ ᠳᠠᠷᠠᠭ᠎ᠠ᠂ ᠳᠣᠲᠣᠭᠠᠳᠤ ᠶᠢ ᠬᠠᠮᠠᠭᠠᠯᠠᠬᠤ | ᠲᠢᠩᠬᠢᠮ ᠵᠠᠯᠭᠠᠭᠠᠳ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠬᠠᠤᠯᠢ ᠴᠠᠭᠠᠵᠠ ᠶᠢ | ᠭᠤᠣᠯᠴᠢ ᠪᠠᠷ ᠬᠡᠷᠡᠭᠵᠢᠭᠦᠯᠦᠨ᠂ ᠠᠷᠠᠳ ᠤᠨ ᠳᠣᠲᠣᠭᠠᠳᠤ ᠶᠢ ᠬᠠᠮᠠᠭᠠᠯᠠᠬᠤ ᠠᠷᠠᠳ ᠲᠦᠮᠡᠨ ᠤ ᠲᠥᠯᠥᠭᠡ | ᠦᠢᠯᠡᠴᠢᠯᠡᠬᠦ︾ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠳᠥᠯᠭᠢᠨ ᠠᠬᠢᠭᠤᠯᠬᠤ ᠬᠤᠷᠠᠯ | ᠬᠤᠷᠠᠯᠳᠤᠭᠤᠯᠵᠤ᠂ ᠳᠡᠳ᠋ ᠡᠷᠬᠢᠯᠡᠭᠴᠢ ᠰᠢᠦᠢ ᠰᠢᠶᠤᠤ ᠪᠦᠸᠧ ᠳᠣᠲᠣᠭᠠᠳᠤ ᠶᠢ ᠬᠠᠮᠠᠭᠠᠯᠠᠬᠤ ᠶᠠᠮᠤᠨ ᠤ ᠬᠤᠷᠠᠯ ᠤᠨ | ᠵᠣᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠮᠠᠨ ᠤ ᠣᠷᠣᠨ ᠤ ᠭᠤᠣᠯ ᠰᠡᠳᠦᠪᠲᠦ | ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ ᠦᠷᠨᠢᠬᠦᠯᠬᠦ ᠶᠢ ᠬᠡᠷᠬᠢᠨ ᠲᠦᠯᠬᠢᠨ ᠠᠬᠢᠭᠤᠯᠬᠤ ᠲᠤᠬᠠᠢ ᠪᠦᠬᠦ ᠣᠷᠣᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠭᠤᠷᠪᠠᠨ ᠲᠠᠯ᠎ᠠ ᠶᠢᠨ ᠰᠠᠨᠠᠯ ᠳᠤᠷᠠᠳᠤᠭᠰᠠᠨ ᠪᠠᠶᠢᠨ᠎ᠠ᠃ | ᠳᠡᠳ᠋ ᠡᠷᠬᠢᠯᠡᠭᠴᠢ ᠰᠢᠦᠢ ᠰᠢᠶᠤᠤ ᠪᠦᠸᠧ ᠵᠢᠭᠠᠵᠤ ᠭᠠᠷᠭᠠᠭᠰᠠᠨ ᠨᠢ᠂ ᠶᠡᠷᠦᠩᠬᠡᠶ ᠳᠡᠭᠡᠨ ᠠᠪᠴᠤ ᠦᠵᠡᠪᠡᠯ᠂ | ᠮᠠᠨ ᠤ ᠣᠷᠣᠨ ᠤ ᠠᠵᠢᠯᠯᠠᠭ᠎ᠠ ᠥᠷᠨᠢᠭᠦᠯᠵᠦ ᠪᠠᠶᠢᠭ᠎ᠠ ᠪᠠᠶᠢᠳᠠᠯ ᠨᠡᠯᠢᠶᠡᠳ ᠰᠠᠶᠢᠨ ᠪᠠᠶᠢᠵᠤ᠂ ᠭᠤᠣᠯᠳᠠᠭᠤ ᠳᠣᠣᠷᠠᠬᠢ | ᠭᠤᠷᠪᠠᠨ ᠲᠠᠯ᠎ᠠ ᠪᠠᠷ ᠢᠯᠡᠷᠡᠵᠦ ᠪᠠᠶᠢᠨ᠎ᠠ᠃ ᠨᠢᠭᠡ ᠳᠤ᠂ ᠳᠠᠶᠢᠴᠢᠯᠠᠯᠲᠠ ᠬᠢᠵᠦ ᠪᠠᠶᠢᠷᠢᠯᠠᠭᠤᠯᠤᠭᠰᠠᠨ ᠨᠢ ᠲᠦᠷᠭᠡᠨ᠃ | ᠪᠥᠬᠦ ᠣᠷᠣᠨ ᠤ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠴᠥᠮ ᠵᠣᠬᠢᠴᠠᠩᠭᠤᠶ ᠠᠵᠢᠯ ᠤᠨ ᠲᠥᠰᠦᠯ ᠢᠶᠠᠨ ᠴᠠᠭ | ᠲᠤᠬᠠᠶ ᠳᠤᠨᠢ ᠲᠣᠭᠲᠠᠭᠠᠵᠤ᠂ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠳᠠᠶᠢᠴᠢᠯᠠᠯᠲᠠ ᠪᠠ ᠪᠠᠶᠢᠷᠢᠯᠠᠭᠤᠯᠤᠯᠲᠠ | ᠬᠢᠵᠤ᠂ ᠠᠵᠢᠯᠯᠠᠭ᠎ᠠ ᠦᠷᠨᠢᠬᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠦᠭᠪᠡ᠃ ᠬᠤᠶᠠᠷ ᠲᠤ ᠲᠦᠯᠬᠢᠨ | ᠠᠬᠢᠭᠤᠯᠬᠤ ᠠᠴᠢᠶᠠᠯᠠᠭᠴᠢ ᠨᠢ ᠤᠯᠠᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ︽ᠠᠷᠠᠳ ᠤᠨ ᠳᠣᠲᠣᠭᠠᠳᠤ ᠶᠢ ᠬᠠᠮᠠᠭᠠᠯᠠᠬᠤ ᠠᠷᠠᠳ ᠲᠦᠮᠡᠨ ᠤ ᠲᠥᠯᠥᠭᠡ | ᠦᠢᠯᠡᠴᠢᠯᠡᠬᠦ︾ ᠭᠤᠣᠯ ᠰᠡᠳᠦᠪᠲᠦ ᠶᠠᠷᠢᠶ᠎ᠠ ᠢᠯᠡᠳᠭᠡᠯ ᠤᠨ ᠤᠷᠤᠯᠳᠤᠭᠠᠨ᠂ ᠬᠠᠪᠰᠤᠷᠤᠨ ᠲᠡᠳᠬᠦᠬᠦ ᠠᠵᠢᠯᠯᠠᠭ᠎ᠠ᠂ | ᠦᠨᠳᠦᠰᠦᠨ ᠬᠠᠤᠯᠢ ᠶᠢᠨ ᠡᠳᠦᠷ ᠲᠠᠩᠭᠠᠷᠢᠭ ᠬᠢᠬᠦ ᠵᠡᠷᠭᠡ ᠠᠯᠢ ᠤᠯᠠᠨ ᠲᠤᠰᠬᠠᠶ ᠰᠡᠳᠦᠪᠲᠦ ᠠᠵᠢᠯᠯᠠᠭ᠎ᠠ ᠶᠢ | ᠵᠣᠬᠢᠶᠠᠨ ᠪᠠᠶᠢᠭᠤᠯᠵᠤ ᠥᠷᠨᠢᠭᠦᠯᠬᠦ ᠪᠠᠷ ᠳᠠᠮᠵᠢᠭᠤᠯᠤᠨ᠂ ᠠᠷᠠᠳ ᠤᠨ ᠴᠠᠭᠳᠠᠭ᠎ᠠ ᠬᠠᠤᠯᠢ ᠶᠢ ᠭᠤᠣᠯᠴᠢ ᠪᠠᠷ | ᠬᠡᠷᠡᠭᠵᠢᠭᠦᠯᠵᠦ᠂ ᠠᠷᠠᠳ ᠲᠦᠮᠡᠨ ᠤ ᠲᠥᠯᠥᠭᠡ ᠦᠨᠡᠨᠴᠢ ᠰᠢᠳᠤᠷᠭᠤ ᠪᠠᠶᠢᠬᠤ ᠦᠵᠡᠯ ᠰᠠᠨᠠᠭᠠᠨ ᠤ ᠰᠠᠭᠤᠷᠢ ᠶᠢ | ᠤᠯᠠᠮ ᠨᠢᠭᠡ ᠠᠯᠬᠤᠮ ᠪᠠᠲᠤᠳᠬᠠᠭᠰᠠᠨ ᠪᠠᠶᠢᠨ᠎ᠠ ᠃ ᠭᠤᠷᠪᠠ ᠳᠤ᠂ ᠠᠵᠢᠯ ᠤᠨ ᠦᠷ᠎ᠡ ᠪᠦᠲᠦᠮᠵᠢ ᠪᠤᠳᠠᠲᠠᠢ᠃ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠢᠬᠤᠯᠠ | ᠶᠡᠭᠡ ᠡᠭᠡᠳᠡᠷᠡᠭᠡᠨ ᠲᠠᠢ ᠬᠡᠷᠡᠭ ᠢ ᠬᠠᠮᠲᠤ ᠪᠠᠷ ᠶᠠᠷᠢᠯᠴᠠᠬᠤ ᠲᠣᠭᠲᠠᠭᠠᠯ︾ ᠵᠡᠷᠭᠡ ᠲᠦᠷᠢᠮ ᠢ ᠰᠤᠳᠤᠯᠤᠨ | ᠲᠤᠭᠲᠠᠭᠠᠭᠰᠠᠨ ᠪᠠᠶᠢᠨ᠎ᠠ︔ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠷᠦᠩᠬᠡᠶ ᠠᠩᠭᠢ ᠶᠢᠨ ᠬᠢᠨ ︽ᠢᠨᠲ᠋ᠧᠷ | ᠰᠦᠯᠵᠢᠶ᠎ᠡ +︾ ᠦᠢᠯᠡᠴᠢᠯᠡᠭᠡᠨ ᠤ ᠵᠠᠭᠪᠤᠷᠰᠢᠯ ᠢ ᠲᠤᠭᠲᠠᠭᠠᠵᠤ᠂ ᠵᠠᠮ ᠬᠠᠷᠢᠯᠴᠠᠭᠠᠨ ᠤ ᠬᠥᠩᠭᠡᠨ ᠭᠡᠨᠡᠳᠡᠯ ᠢ | ᠰᠢᠢᠳᠪᠦᠷᠢᠯᠡᠬᠦ᠂ ᠢᠨᠲ᠋ᠧᠷ ᠰᠦᠯᠵᠢᠶᠡᠨ ᠤ ᠵᠠᠮ ᠬᠠᠷᠢᠯᠴᠠᠭᠠᠨ ᠤ ᠦᠢᠯᠡᠴᠢᠯᠡᠭᠡᠨ ᠤ ᠲᠠᠪᠴᠠᠩ ᠢ ᠳᠡᠯᠭᠡᠷᠡᠭᠦᠯᠬᠦ ᠵᠡᠷᠭᠡ | ᠲᠠᠯ᠎ᠠ ᠪᠠᠷ ᠠᠯᠢ ᠣᠯᠠᠨ ᠠᠷᠠᠳ ᠲᠤ ᠳᠥᠭᠦᠮ ᠦᠵᠡᠭᠦᠯᠬᠦ ᠠᠷᠭ᠎ᠠ ᠬᠡᠮᠵᠢᠶ᠎ᠡ ᠶᠢ ᠠᠪᠤᠪᠠ︔ ᠠᠮᠤᠷ ᠢ ᠬᠠᠮᠠᠭᠠᠯᠠᠬᠤ | ᠶᠡᠷᠦᠩᠬᠡᠶ ᠠᠩᠭᠢ ᠳᠣᠲᠣᠭᠠᠳᠤ ᠶᠢ ᠬᠠᠮᠠᠭᠠᠯᠠᠬᠤ ᠶᠠᠮᠤᠨ ᠤ ᠱᠠᠭᠠᠷᠳᠠᠯᠭ᠎ᠠ ᠶᠣᠰᠣᠭᠠᠷ᠂ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠢ ᠣᠨᠳᠣᠣ ᠭᠠᠵᠠᠷ ᠬᠢᠯᠭᠡᠵᠤ ᠠᠪᠬᠤ ᠪᠠᠷ ᠭᠤᠶᠤᠴᠢᠯᠠᠬᠤ ᠠᠵᠢᠯ ᠢ ᠦᠳᠲᠡᠷ ᠲᠦᠷᠭᠡᠨ | ᠥᠷᠨᠢᠭᠦᠯᠵᠦ᠂ ᠣᠬᠤᠷᠬᠠᠨ ᠬᠤᠭᠤᠴᠠᠭᠠᠨ ᠤ ᠳᠣᠲᠣᠷ᠎ᠠ 5500 ᠭᠠᠷᠤᠶ ᠦᠨᠡᠮᠯᠡᠯ ᠢ ᠬᠢᠵᠤ ᠦᠭᠭᠦᠭᠰᠡᠨ ᠪᠠᠶᠢᠨ᠎ᠠ︔ | ᠡᠯ᠎ᠡ ᠭᠠᠵᠠᠷ ᠤᠨ ᠬᠢᠨ ︽ᠡᠶ᠎ᠡ ᠵᠣᠬᠢᠴᠠᠯ ᠢ ᠠᠬᠢᠭᠤᠯᠤᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ | ᠬᠠᠪᠰᠤᠷᠤᠨ ᠲᠡᠳᠬᠦᠬᠦ ᠠᠵᠢᠯᠯᠠᠭ᠎ᠠ ᠳᠤᠮᠳᠠ᠂ 100 ᠭᠠᠷᠤᠶ ᠬᠦᠴᠢᠷᠳᠡᠯᠲᠠᠢ ᠲᠣᠰᠬᠤᠨ ᠪᠤᠯᠤᠨ 4000 ᠭᠠᠷᠤᠶ | ᠬᠦᠴᠢᠷᠳᠡᠯᠲᠠᠢ ᠭᠡᠷ ᠪᠦᠯᠢ ᠶᠢ ᠬᠠᠪᠰᠤᠷᠤᠨ ᠲᠡᠳᠭᠦᠵᠤ᠂ ᠴᠠᠭᠳᠠᠭ᠎ᠠ ᠪᠤᠯᠤᠨ ᠠᠷᠠᠳ ᠤᠨ ᠬᠠᠷᠢᠴᠠᠭ᠎ᠠ ᠶᠢ | ᠪᠦᠲᠦᠮᠵᠢᠲᠡᠶ ᠪᠠᠷ ᠬᠦᠨᠵᠡᠭᠡᠶᠢᠷᠡᠭᠦᠯᠦᠭᠰᠡᠨ ᠪᠠᠶᠢᠨ᠎ᠠ ᠭᠡᠪᠡ᠃ | ᠳᠡᠳ᠋ ᠡᠷᠬᠢᠯᠡᠭᠴᠢ ᠰᠢᠦᠢ ᠰᠢᠶᠤᠤ ᠪᠦᠸᠧ ᠴᠢᠬᠤᠯᠠᠴᠢᠯᠠᠭᠰᠠᠨ ᠨᠢ᠂ ᠣᠳᠣᠬᠠᠨ ᠳᠤ ᠪᠥᠬᠦ ᠣᠷᠣᠨ ᠤ | ᠠᠵᠢᠯᠯᠠᠭ᠎ᠠ ᠦᠷᠨᠢᠬᠦᠯᠬᠦ ᠳᠤ ᠭᠤᠣᠯᠳᠠᠭᠤ ᠭᠤᠷᠪᠠᠨ ᠲᠠᠯ᠎ᠠ ᠶᠢᠨ ᠲᠤᠪᠤᠶᠢᠮ᠎ᠠ ᠠᠰᠠᠭᠤᠳᠠᠯ ᠤᠷᠤᠰᠢᠵᠤ ᠪᠠᠶᠢᠨ᠎ᠠ᠃ | ᠨᠢᠭᠡ ᠳᠤ ᠪᠤᠯ ᠦᠵᠡᠯ ᠲᠠᠨᠢᠯᠲᠠ ᠶᠢᠨ ᠶᠠᠷᠤᠮᠳᠡᠭᠴᠢᠯᠡᠯᠲᠡ ᠪᠤᠯᠤᠨ᠎ᠠ᠃ ᠵᠠᠷᠢᠮ ᠭᠠᠵᠠᠷ ᠣᠷᠣᠨ ᠠᠵᠢᠯᠯᠠᠭ᠎ᠠ | ᠥᠷᠨᠢᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠲᠠᠨᠢᠭᠰᠠᠨ ᠦᠬᠡᠢ ᠪᠠᠶᠢᠵᠤ᠂ ᠡᠨᠡ ᠤᠳᠠᠭᠠᠨ ᠤ ᠠᠵᠢᠯᠯᠠᠭ᠎ᠠ | ᠪᠤᠯᠤᠨ ᠡᠩ ᠤᠨ ᠠᠵᠢᠯᠯᠠᠭ᠎ᠠ ᠶᠢ ᠠᠳᠠᠯᠢ ᠲᠡᠭᠰᠢ ᠪᠠᠷ ᠦᠵᠡᠪᠡ᠃ ᠬᠤᠶᠠᠷ ᠲᠤ ᠪᠤᠯ ᠠᠵᠢᠯ ᠢ ᠲᠦᠯᠬᠢᠨ | ᠠᠬᠢᠭᠤᠯᠬᠤ ᠵᠦᠷᠢᠶ᠎ᠡ ᠶᠡᠭᠡ ᠪᠠᠶᠢᠨ᠎ᠠ᠃ ᠭᠠᠵᠠᠷ ᠣᠷᠣᠨ ᠤ ᠬᠤᠭᠤᠷᠣᠨᠳᠣᠬᠢ ᠵᠥᠷᠢᠶ᠎ᠡ᠂ ᠴᠠᠭᠳᠠᠭᠠᠨ ᠤ ᠲᠥᠷᠥᠯ ᠤᠨ | ᠬᠤᠭᠤᠷᠤᠨᠳᠤᠬᠢ ᠵᠦᠷᠢᠶ᠎ᠡ᠂ ᠳᠣᠲᠣᠭᠠᠳᠤ ᠭᠠᠳᠠᠭᠠᠳᠤ ᠳᠤ ᠵᠦᠷᠢᠶ᠎ᠡ ᠲᠠᠢ ᠪᠤᠯᠬᠤᠷ᠂ ᠠᠵᠢᠯᠯᠠᠭ᠎ᠠ ᠶᠢᠨ ᠨᠢᠭᠡᠳᠦᠮᠡᠯ | ᠴᠢᠨᠠᠷ ᠳᠤᠲᠠᠮᠠᠭ᠂ ᠴᠤᠭᠯᠠᠷᠠᠯ ᠤᠨ ᠦᠢᠯᠡᠴᠢᠯᠡᠯ ᠪᠤᠯᠵᠤ ᠪᠦᠷᠢᠯᠳᠦᠭᠰᠡᠨ ᠦᠭᠡᠢ ᠪᠠᠶᠢᠵᠤ᠂ ᠠᠵᠢᠯᠯᠠᠭ᠎ᠠ ᠶᠢᠨ ᠨᠡᠶᠢᠭᠡᠮ | ᠳᠡᠭᠡᠷᠡᠬᠢ ᠨᠥᠯᠥᠭᠡᠯᠡᠬᠦ ᠬᠦᠴᠦᠨ ᠢᠶᠠᠷ ᠬᠦᠷᠦᠯᠴᠡᠬᠦ ᠦᠭᠡᠢ ᠪᠠᠶᠢᠨ᠎ᠠ᠃ ᠭᠤᠷᠪᠠ ᠳᠤ ᠪᠤᠯ ᠠᠵᠢᠯᠯᠠᠭ᠎ᠠ ᠶᠢᠨ | ᠪᠠᠶᠢᠷᠢᠰᠢᠭᠤᠯᠤᠯ ᠨᠢ ᠲᠠᠩ ᠴᠤᠯᠭᠤᠶ ᠪᠠᠶᠢᠨ᠎ᠠ᠃ ᠠᠵᠢᠯᠯᠠᠭ᠎ᠠ ᠶᠢᠨ ᠲᠡᠳᠦᠢ ᠠᠵᠢᠯᠯᠠᠭ᠎ᠠ ᠦᠷᠨᠢᠬᠦᠯᠬᠦ ᠦᠵᠡᠭᠳᠡᠯ | ᠨᠡᠯᠢᠶᠡᠳ ᠲᠤᠪᠤᠶᠢᠮ᠎ᠠ ᠣᠷᠣᠰᠢᠵᠤ᠂ ᠣᠳᠣᠬᠠᠨ ᠤ ᠭᠤᠣᠯᠳᠠᠯᠭ᠎ᠠ ᠲᠠᠢ ᠠᠵᠢᠯ ᠯᠤᠭ᠎ᠠ ᠤᠶᠠᠯᠳᠤᠭᠤᠯᠤᠭᠰᠠᠨ ᠦᠬᠡᠢ | ᠪᠤᠯᠬᠤᠷ᠂ ᠠᠵᠢᠯᠯᠠᠭ᠎ᠠ ᠶᠢ ᠭᠦᠨᠵᠡᠭᠡᠶ ᠦᠷᠨᠢᠬᠦᠯᠬᠦ ᠶᠢ ᠨᠦᠯᠦᠭᠡᠯᠡᠭᠰᠡᠨ ᠪᠠᠶᠢᠨ᠎ᠠ ᠬᠡᠪᠡ᠃ | ᠳᠡᠳ᠋ ᠡᠷᠬᠢᠯᠡᠭᠴᠢ ᠰᠢᠦᠢ ᠰᠢᠶᠤᠤ ᠪᠦᠸᠧ ᠱᠠᠭᠠᠷᠳᠠᠭᠰᠠᠨ ᠨᠢ᠂ ᠪᠦᠬᠦ ᠣᠷᠣᠨ ᠤ ᠡᠯ᠎ᠡ ᠱᠠᠲᠤᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠠᠪᠤᠨ | ᠶᠡᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠵᠢᠯᠯᠠᠭ᠎ᠠ ᠪᠠᠨ ᠥᠷᠨᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠶ᠃ | ᠨᠢᠭᠡ ᠳᠤ ᠪᠠᠶᠢᠴᠠᠭᠠᠨ ᠬᠢᠨᠠᠨ ᠵᠢᠯᠣᠭᠤᠳᠬᠤ ᠡᠷᠴᠢᠮ ᠢᠶᠠᠨ ᠶᠡᠬᠡᠪᠡᠷ ᠴᠢᠩᠭᠠᠷᠠᠭᠤᠯᠬᠤ ᠬᠡᠷᠡᠭᠲᠠᠢ᠃ ᠡᠯ᠎ᠡ | ᠭᠠᠵᠠᠷ ᠤᠨ ᠬᠢᠨ ᠠᠵᠢᠯᠯᠠᠭ᠎ᠠ ᠥᠷᠨᠢᠭᠦᠯᠵᠦ ᠪᠠᠶᠢᠭ᠎ᠠ ᠪᠠᠶᠢᠳᠠᠯ ᠢᠶᠠᠨ ᠲᠥᠪᠯᠡᠷᠡᠭᠦᠯᠦᠨ ᠬᠢᠨᠠᠨ ᠵᠢᠯᠤᠭᠤᠳᠴᠤ᠂ ᠬᠢᠨᠠᠨ | ᠵᠢᠯᠣᠭᠤᠳᠬᠤ ᠪᠠᠷ ᠳᠠᠮᠵᠢᠭᠤᠯᠤᠨ ᠪᠠᠶᠢᠳᠠᠯ ᠢ ᠡᠵᠡᠮᠰᠢᠨ᠂ ᠠᠰᠠᠭᠤᠳᠠᠯ ᠢ ᠮᠡᠳᠡᠵᠤ᠂ ᠪᠠᠶᠢᠷᠢᠯᠠᠭᠤᠯᠤᠯᠲᠠ ᠪᠠᠨ | ᠰᠠᠶᠢᠵᠢᠷᠠᠭᠤᠯᠤᠨ᠂ ᠨᠠᠶᠢᠳᠠᠪᠤᠷᠢᠵᠢᠭᠤᠯᠤᠯᠲᠠ ᠪᠠᠨ ᠲᠦᠯᠬᠢᠨ ᠠᠬᠢᠭᠤᠯᠬᠤ ᠬᠡᠷᠡᠭᠲᠠᠢ᠃ ᠬᠤᠶᠠᠷ ᠲᠤ ᠵᠠᠯᠠᠷᠠᠭᠤᠯᠤᠨ | ᠵᠠᠰᠠᠬᠤ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠶᠡᠬᠡᠪᠡᠷ ᠴᠢᠩᠭᠠᠷᠠᠭᠤᠯᠬᠤ ᠬᠡᠷᠡᠭᠲᠡᠶ᠃ ᠣᠯᠵᠤ ᠮᠡᠳᠡᠭᠰᠡᠨ | ᠠᠰᠠᠭᠤᠳᠠᠯ ᠢᠶᠠᠨ ᠰᠦᠯᠵᠢᠶ᠎ᠡ ᠵᠡᠷᠭᠡ ᠡᠯ᠎ᠡ ᠵᠦᠢᠯ ᠤᠨ ᠠᠴᠢᠶᠠᠯᠠᠪᠤᠷᠢ ᠪᠠᠷ ᠳᠠᠮᠵᠢᠭᠤᠯᠤᠨ ᠨᠡᠶᠢᠲᠡ ᠳᠤ | ᠮᠡᠳᠡᠬᠦᠯᠬᠦ ᠶᠢᠨ ᠬᠠᠮᠲᠤ ᠵᠤᠷᠪᠤᠰ ᠳᠠᠷᠠᠭᠠᠯᠠᠨ ᠡᠬᠡ ᠳᠠᠩᠰᠠ ᠪᠠᠶᠢᠭᠤᠯᠵᠤ᠂ ᠲᠤᠭ᠎ᠠ ᠬᠠᠰᠤᠬᠤ ᠲᠦᠷᠢᠮ ᠤᠨ | ᠬᠠᠮᠢᠶᠠᠷᠤᠯᠲᠠ ᠶᠢ ᠬᠡᠷᠡᠭᠵᠢᠬᠦᠯᠬᠦ ᠬᠡᠷᠡᠭᠲᠠᠢ᠃ ᠴᠡᠭᠴᠡᠯᠡᠨ ᠥᠭᠡᠷᠡᠴᠢᠯᠡᠬᠦ ᠬᠠᠷᠢᠭᠤᠴᠠᠯᠭ᠎ᠠ ᠶᠢᠨ ᠪᠡᠶᠡᠴᠢ ᠴᠣᠭᠴᠠ ᠶᠢ | ᠲᠣᠳᠣᠷᠬᠠᠶ ᠪᠤᠯᠭᠠᠨ᠂ ᠥᠭᠡᠷᠡᠴᠢᠯᠡᠵᠦ ᠪᠠᠶᠢᠭᠤᠯᠬᠤ ᠠᠵᠢᠯ ᠢᠶᠠᠨ ᠪᠡᠶᠡᠯᠡᠬᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ | ᠭᠤᠷᠪᠠ ᠳᠤ ᠤᠬᠠᠭᠤᠯᠤᠨ ᠮᠡᠳᠡᠭᠡᠯᠡᠬᠦ ᠡᠷᠴᠢᠮ ᠢᠶᠠᠨ ᠶᠡᠬᠡᠪᠡᠷ ᠴᠢᠩᠭᠠᠷᠠᠭᠤᠯᠬᠤ ᠬᠡᠷᠡᠭᠲᠠᠢ᠃ ᠡᠯ᠎ᠡ ᠵᠦᠢᠯ ᠤᠨ | ᠤᠬᠠᠭᠤᠯᠭ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠬᠦᠯᠵᠤ᠂ ᠣᠳᠣᠬᠠᠨ ᠤ ᠡᠯ᠎ᠡ ᠵᠦᠢᠯ ᠤᠨ ᠬᠠᠮᠢᠶ᠎ᠠ ᠪᠦᠬᠦᠢ | ᠠᠵᠢᠯᠯᠠᠭ᠎ᠠ ᠶᠢ ᠨᠡᠶᠢᠯᠡᠭᠦᠯᠵᠦ ᠲᠥᠪᠯᠡᠷᠡᠩᠭᠦᠶ ᠪᠠᠷ ᠤᠬᠠᠭᠤᠯᠤᠨ᠂ ᠠᠷᠠᠳ ᠤᠨ ᠴᠠᠭᠳᠠᠭ᠎ᠠ ᠪᠣᠯᠤᠨ ᠣᠯᠠᠨ ᠲᠦᠮᠡᠨ | ᠪᠣᠳᠠᠲᠠᠶ ᠠᠵᠢᠯᠯᠠᠭ᠎ᠠ ᠶᠢᠨ ᠳᠤᠮᠳᠠ ᠠᠴᠠ ᠰᠢᠮ᠎ᠡ ᠲᠡᠵᠢᠭᠡᠯ ᠬᠦᠷᠲᠡᠨ᠂ ᠵᠦᠪ ᠡᠨᠧᠷᠭᠢ ᠪᠤᠯᠭᠠᠬᠤ ᠬᠡᠷᠡᠭᠲᠠᠢ᠃ | ᠲᠦᠷᠪᠡ ᠳᠤ᠂ ᠦᠷ᠎ᠡ ᠪᠦᠲᠦᠭᠡᠯ ᠤᠯᠬᠤ ᠡᠷᠴᠢᠮ ᠢᠶᠠᠨ ᠶᠡᠬᠡᠪᠡᠷ ᠴᠢᠩᠭᠠᠷᠠᠭᠤᠯᠬᠤ ᠬᠡᠷᠡᠭᠲᠠᠢ᠃ ᠬᠠᠤᠯᠢ | ᠬᠡᠷᠡᠭᠵᠢᠭᠦᠯᠬᠦ᠂ ᠦᠢᠯᠡᠴᠢᠯᠡᠬᠦ᠂ ᠡᠩᠨᠡᠭᠡ ᠪᠠᠨ ᠬᠠᠮᠢᠶᠠᠷᠬᠤ ᠨᠢᠭᠡ ᠪᠦᠯᠦᠭ ᠰᠠᠶᠢᠨ ᠠᠷᠭ᠎ᠠ ᠶᠢ ᠳ᠋ᠦᠩᠨᠡᠨ ᠭᠠᠷᠭᠠᠵᠤ᠂ | ᠪᠦᠲᠦᠮᠵᠢᠲᠡᠶ ᠠᠷᠭ᠎ᠠ ᠶᠢ ᠬᠡᠷᠡᠭᠯᠡᠬᠦ ᠬᠡᠷᠡᠭᠲᠡᠶ᠃ ᠠᠵᠢᠯ ᠮᠡᠷᠭᠡᠵᠢᠯ ᠢᠶᠠᠨ ᠡᠷᠬᠢᠮᠯᠡᠨ ᠬᠠᠶᠢᠷᠠᠯᠠᠳᠠᠭ᠂ ᠠᠷᠠᠳ ᠤᠨ | ᠲᠥᠯᠥᠭᠡ ᠬᠠᠤᠯᠢ ᠬᠡᠷᠡᠭᠵᠢᠬᠦᠯᠳᠡᠭ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠳᠡᠭ ᠨᠢᠭᠡ ᠪᠦᠯᠦᠭ ᠲᠡᠷᠢᠭᠦᠨ ᠤ | ᠨᠡᠶᠢᠲᠡᠯᠢᠭ ᠵᠢᠱᠢᠶ᠎ᠡ ᠶᠢ ᠢᠯᠡᠷᠡᠭᠦᠯᠦᠨ ᠳᠡᠯᠭᠡᠷᠡᠭᠦᠯᠵᠤ᠂ ᠵᠥᠪ ᠤᠳᠤᠷᠢᠳᠤᠮᠵᠢ ᠶᠢ ᠪᠤᠢ ᠪᠤᠯᠭᠠᠬᠤ ᠬᠡᠷᠡᠭᠲᠠᠢ᠃ ᠨᠢᠭᠡ | ᠪᠦᠯᠦᠭ ᠵᠢᠷᠤᠮᠵᠢᠭᠤᠨ ᠳᠦᠷᠢᠮ ᠢ ᠪᠠᠶᠢᠭᠤᠯᠵᠤ᠂ ᠠᠵᠢᠯᠯᠠᠭ᠎ᠠ ᠳᠤᠮᠳᠠ ᠣᠯᠵᠤ ᠮᠡᠳᠡᠭᠰᠡᠨ ᠡᠯ᠎ᠡ ᠵᠦᠢᠯ ᠤᠨ | ᠠᠰᠠᠭᠤᠳᠠᠯ ᠪᠤᠯᠤᠨ ᠳᠤᠲᠠᠭᠳᠠᠯ ᠢ ᠳᠦᠷᠢᠮ ᠢᠶᠠᠷ ᠰᠡᠷᠭᠡᠶᠢᠯᠡᠨ ᠬᠤᠷᠢᠭᠯᠠᠵᠤ᠂ ᠪᠦᠷᠢᠨ ᠲᠡᠭᠦᠯᠳᠡᠷ ᠶᠣᠰᠣ ᠳᠦᠷᠢᠮ ᠢ | ᠪᠠᠶᠢᠭᠤᠯᠬᠤ ᠬᠡᠷᠡᠭᠲᠠᠢ᠃ ᠲᠠᠪᠤ ᠳᠤ ᠬᠥᠳᠡᠯᠭᠡᠭᠴᠢ ᠬᠦᠴᠦᠨ ᠢ ᠪᠦᠷᠢᠯᠳᠦᠭᠦᠯᠬᠦ ᠡᠷᠴᠢᠮ ᠢᠶᠠᠨ ᠶᠡᠬᠡᠪᠡᠷ | ᠴᠢᠩᠭᠠᠷᠠᠭᠤᠯᠬᠤ ᠭᠡᠷᠡᠭᠲᠠᠢ᠃ ᠠᠵᠢᠯᠯᠠᠭ᠎ᠠ ᠶᠢᠨ ᠦᠷ᠎ᠡ ᠪᠦᠲᠦᠭᠡᠯ ᠢ ᠴᠠᠭ ᠲᠤᠬᠠᠶ ᠳᠤᠨᠢ ᠠᠵᠢᠯ ᠤᠨ ᠬᠥᠳᠡᠯᠭᠡᠬᠦ | ᠬᠦᠴᠦᠨ ᠪᠤᠯᠭᠠᠨ ᠬᠤᠪᠢᠷᠠᠭᠤᠯᠬᠤ ᠬᠡᠷᠡᠭᠲᠠᠢ᠃ ᠢᠯᠠᠩᠭᠤᠶ᠎ᠠ ᠠᠵᠢᠯᠯᠠᠭ᠎ᠠ ᠪᠤᠯᠤᠨ ᠣᠳᠣᠬᠠᠨ ᠤ ᠭᠤᠣᠯᠳᠠᠯᠭ᠎ᠠ ᠲᠠᠢ | ᠠᠵᠢᠯ ᠯᠤᠭ᠎ᠠ ᠤᠶᠠᠯᠳᠤᠭᠤᠯᠵᠤ᠂ ᠣᠯᠠᠨ ᠲᠦᠮᠡᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠵᠤ᠂ ᠤᠯᠠᠨ | ᠲᠦᠮᠡᠨ ᠤ ᠠᠮᠢᠳᠤᠷᠠᠯ ᠳᠤ ᠲᠦᠭᠦᠮ ᠦᠵᠡᠭᠦᠯᠦᠨ᠂ ᠠᠷᠠᠳ ᠤᠨ ᠲᠥᠯᠥᠭᠡ ᠦᠢᠯᠡᠴᠢᠯᠡᠬᠦ ᠰᠡᠳᠬᠢᠯᠭᠡ ᠪᠠᠨ | ᠢᠯᠡᠷᠡᠭᠦᠯᠬᠦ ᠬᠡᠷᠡᠭᠲᠠᠢ ᠭᠡᠪᠡ᠃ |