ᠡᠪᠦᠯ ᠠᠴᠠ ᠨᠠᠰᠢ᠂ ᠮᠠᠨ ᠤ ᠣᠷᠣᠨ ᠳᠤ ᠴᠠᠰᠤ ᠤᠷᠤᠭᠰᠠᠨ ᠬᠡᠮᠵᠢᠶ᠎ᠡ ᠶᠡᠷᠦ ᠶᠢᠨ ᠵᠢᠯ ᠤᠨ ᠠᠳᠠᠯᠢ | ᠬᠤᠭᠤᠴᠠᠭᠠᠨ ᠤ ᠬᠢ ᠠᠴᠠ ᠢᠯᠡᠭᠦᠦ ᠪᠠᠶᠢᠵᠤ᠂ ᠬᠡᠰᠡᠭ ᠭᠠᠵᠠᠷ ᠣᠷᠣᠨ ᠳᠤ ᠲᠡᠦᠬᠡᠨ ᠳᠡᠭᠡᠷᠡᠬᠢ ᠲᠦᠢᠯ ᠤᠨ | ᠬᠡᠮᠵᠢᠭᠳᠡᠯ ᠢ ᠳᠠᠪᠠᠵᠤ᠂ ᠪᠦᠬᠦ ᠣᠷᠣᠨ ᠤ ᠲᠦᠷᠪᠡᠨ ᠬᠤᠪᠢ ᠠᠴᠠ ᠳᠡᠭᠡᠭᠰᠢᠬᠢ ᠮᠠᠯᠵᠢᠬᠤ ᠣᠷᠣᠨ ᠳᠤ ᠴᠠᠰᠤ ᠵᠤᠳ | ᠪᠤᠯᠵᠤ᠂ ᠶᠡᠭᠡ ᠴᠠᠰᠤ ᠠᠴᠠ ᠪᠤᠯᠵᠤ ᠬᠡᠰᠡᠭ ᠮᠠᠯᠵᠢᠬᠤ ᠣᠷᠣᠨ ᠤ ᠬᠠᠰᠢᠶ᠎ᠠ ᠰᠠᠷᠠᠪᠴᠢ ᠨᠤᠷᠠᠨ᠂ ᠵᠠᠮ ᠬᠠᠷᠢᠯᠴᠠᠭ᠎ᠠ | ᠪᠦᠭᠯᠡᠷᠡᠵᠦ᠂ ᠮᠠᠯ ᠦᠯᠦᠰᠴᠦ ᠦᠯᠪᠡᠷᠡᠨ ᠳᠠᠭᠠᠷᠠᠵᠤ ᠪᠡᠭᠡᠷᠡᠵᠦ᠂ ᠡᠪᠡᠰᠦ ᠪᠣᠷᠳᠤᠭ᠎ᠠ ᠶᠢ ᠴᠤ ᠴᠠᠭ ᠲᠤᠨᠢ | ᠨᠦᠬᠦᠪᠦᠷᠢᠯᠡᠵᠦ ᠴᠢᠳᠠᠬᠤ ᠦᠭᠡᠢ ᠪᠤᠯᠵᠤ᠂ ᠴᠥᠭᠡᠨ ᠪᠤᠰᠤ ᠮᠠᠯ ᠤᠨᠤᠭ᠎ᠠ ᠡᠴᠡᠵᠦ ᠲᠤᠷᠠᠵᠤ᠂ ᠭᠠᠮᠰᠢᠭ ᠢ ᠲᠤᠯᠬᠤ | ᠬᠦᠴᠦᠨ ᠨᠢ ᠪᠠᠭᠤᠷᠠᠵᠤ᠂ ᠢᠯᠠᠩᠭᠤᠶ᠎ᠠ ᠬᠦᠭᠰᠢᠨ᠂ ᠪᠠᠭᠤᠷᠠᠶ᠂ ᠡᠪᠡᠳᠴᠢᠲᠡᠶ ᠮᠠᠯ ᠤᠨ ᠦᠬᠦᠯ ᠤᠨ ᠨᠤᠷᠮ᠎ᠠ | ᠨᠡᠮᠡᠭᠳᠡᠵᠦ᠂ ᠮᠠᠯ ᠠᠵᠤ ᠠᠬᠤᠶ ᠶᠢᠨ ᠦᠢᠯᠡᠳᠪᠦᠷᠢᠯᠡᠯ ᠳᠤ ᠲᠤᠩ ᠶᠡᠭᠡ ᠨᠥᠯᠥᠭᠡ ᠤᠴᠠᠷᠠᠭᠤᠯᠪᠠ᠃ | ᠪᠦᠷᠢᠳᠬᠡᠯ ᠢ ᠦᠨᠳᠦᠰᠦᠯᠡᠪᠡᠯ᠂ 11 ᠳ᠋ᠦ᠋ᠭᠡᠷ ᠰᠠᠷ᠎ᠠ ᠠᠴᠠ ᠨᠠᠰᠢ᠂ ᠪᠦᠬᠦ ᠤᠷᠤᠨ ᠳᠤ ᠨᠡᠶᠢᠲᠡ 17 ᠴᠠᠭ | ᠠᠭᠤᠷ ᠤᠨ ᠦᠷᠳᠡᠭᠡ ᠳᠤ ᠲᠦᠢᠯ ᠤᠨ ᠴᠠᠰᠤ ᠤᠷᠤᠵᠤ᠂ ᠭᠤᠤᠯᠳᠠᠭᠤ ᠪᠠᠷᠠᠭᠤᠨ ᠡᠮᠦᠨ᠎ᠡ ᠬᠡᠰᠡᠭ ᠪᠣᠯᠤᠨ ᠳᠤᠮᠳᠠ | ᠵᠡᠭᠦᠨ ᠬᠡᠰᠡᠭ ᠤᠨ ᠭᠠᠵᠠᠷ ᠤᠷᠤᠨ ᠳᠤ ᠶᠡᠭᠡ ᠴᠠᠰᠤ ᠤᠷᠤᠵᠠᠢ᠂ ᠡᠭᠦᠨ ᠳᠤ᠂ ᠠᠯᠠᠱᠠ ᠠᠶᠢᠮᠠᠭ ᠪᠠᠶᠠᠨᠨᠢᠷᠤᠭᠤᠨ᠂ | ᠤᠯᠠᠭᠠᠨᠴᠠᠪ ᠬᠤᠳᠠ ᠶᠢᠨ ᠵᠢᠨᠢᠩ᠂ ᠯᠢᠶᠠᠩᠴᠧᠩ᠂ ᠹᠧᠩᠵᠧᠨ ᠪᠠ ᠴᠠᠬᠠᠷ ᠪᠠᠷᠠᠭᠤᠨ ᠭᠠᠷᠤᠨ ᠡᠮᠦᠨᠡᠲᠦ | ᠬᠤᠰᠢᠭᠤ ᠶᠢᠨ ᠡᠳᠦᠷ ᠤᠨ ᠴᠠᠰᠤ ᠣᠷᠣᠬᠤ ᠬᠡᠮᠵᠢᠶ᠎ᠡ ᠨᠢ ᠲᠡᠦᠬᠡᠨ ᠳᠡᠭᠡᠷᠡᠬᠢ ᠲᠦᠢᠯ ᠤᠨ ᠬᠡᠮᠵᠢᠭᠳᠡᠯ ᠠᠴᠠ ᠳᠠᠪᠠᠵᠠᠢ᠃ | ᠡᠭᠦᠨ ᠠᠴᠠ ᠭᠠᠳᠠᠨ᠎ᠠ᠂ ᠦᠷᠬᠦᠯᠵᠢᠯᠡᠭᠰᠡᠨ ᠭᠠᠩ ᠬᠠᠭᠤᠷᠠᠢ ᠶᠢᠨ ᠨᠥᠯᠥᠭᠡ ᠠᠴᠠ ᠪᠤᠯᠵᠤ᠂ ᠡᠨᠡ ᠵᠢᠯ ᠤᠨ ᠪᠦᠬᠦ | ᠣᠷᠣᠨ ᠤ ᠶᠡᠬᠡᠩᠬᠢ ᠬᠡᠰᠡᠭ ᠭᠠᠵᠠᠷ ᠣᠷᠣᠨ ᠤ ᠬᠠᠳᠤᠯᠠᠩ ᠪᠡᠯᠴᠢᠭᠡᠷ ᠤᠨ ᠤᠷᠭᠤᠴᠠ ᠨᠢ ᠲᠤᠩ ᠪᠠᠷᠤᠭᠲᠠᠶ ᠪᠠᠶᠢᠪᠠ᠃ | ᠨᠠᠮᠤᠷ ᠤᠨ ᠬᠠᠳᠤᠯᠠᠩ ᠪᠡᠯᠴᠢᠭᠡᠷ ᠤᠨ ᠦᠨᠳᠦᠷ ᠤᠨ ᠬᠡᠮᠵᠢᠶ᠎ᠡ ᠨᠢ 6 ~ 88 ᠰᠡᠨᠲ᠋ᠢᠮᠧᠲᠷ ᠪᠠᠶᠢᠵᠤ᠂ | ᠤᠢᠢᠷ᠎ᠠ ᠶᠢᠨ 5 ᠵᠢᠯ ᠤᠨ ᠠᠳᠠᠯᠢ ᠬᠤᠭᠤᠴᠠᠭᠠᠨ ᠤ ᠬᠢ ᠠᠴᠠ ᠪᠠᠭ᠋ᠠᠨ ᠪᠤᠭᠤᠨᠢ ᠪᠠᠶᠢᠪᠠ︔ ᠬᠠᠳᠤᠯᠠᠩ ᠪᠡᠯᠴᠢᠭᠡᠷ ᠤᠨ | ᠤᠨᠠᠯᠲᠠ ᠴᠤ ᠤᠶᠢᠷ᠎ᠠ 5 ᠵᠢᠯ ᠤᠨ ᠠᠳᠠᠯᠢ ᠬᠤᠭᠤᠴᠠᠭᠠᠨ ᠤ ᠬᠢ ᠠᠴᠠ ᠳᠤᠤᠷ᠎ᠠ ᠪᠠᠶᠢᠵᠤ᠂ ᠮᠠᠯᠴᠢᠳ ᠤᠨ ᠡᠪᠡᠰᠦ | ᠪᠤᠷᠳᠤᠭᠠᠨ ᠤ ᠬᠠᠳᠠᠭᠠᠯᠠᠭᠳᠠᠴᠠ ᠶᠢᠨ ᠪᠠᠴᠢᠮ ᠪᠠᠶᠢᠳᠠᠯ ᠢ ᠨᠡᠩ ᠢᠯᠡᠭᠦᠦ ᠨᠡᠮᠡᠭᠳᠡᠭᠦᠯᠦᠭᠰᠡᠨ ᠪᠠᠶᠢᠨ᠎ᠠ᠃ | ᠣᠳᠣᠬᠠᠨ ᠳᠤ᠂ ᠮᠠᠨ ᠤ ᠣᠷᠣᠨ ᠤ ᠳᠤᠮᠳᠠ ᠵᠡᠭᠦᠨ ᠬᠡᠰᠡᠭ ᠤᠨ ᠶᠡᠬᠡᠩᠬᠢ ᠭᠠᠵᠠᠷ ᠲᠤ ᠤᠷᠲᠤ | ᠬᠤᠭᠤᠴᠠᠭ᠎ᠠ ᠪᠠᠷ ᠴᠠᠰᠤ ᠬᠤᠷᠠᠵᠤ᠂ ᠵᠤᠳ ᠤᠨ ᠬᠡᠪᠴᠢᠶ᠎ᠡ ᠦᠷᠭᠡᠵᠢᠵᠦ᠂ ᠭᠠᠮᠰᠢᠭ ᠤᠨ ᠪᠠᠶᠢᠳᠠᠯ ᠨᠢ ᠨᠡᠯᠢᠶᠡᠳ | ᠬᠦᠨᠳᠦ ᠪᠠᠶᠢᠨ᠎ᠠ᠃ ᠴᠠᠭ ᠠᠭᠤᠷ ᠤᠨ ᠰᠠᠯᠠᠭ᠎ᠠ ᠮᠥᠴᠢᠷ ᠠᠴᠠ ᠨᠡᠯᠢᠶᠡᠳ ᠬᠦᠨᠳᠦ ᠭᠠᠮᠰᠢᠭᠳᠠᠭᠰᠠᠨ ᠭᠠᠵᠠᠷ ᠣᠷᠣᠨ | ᠮᠠᠯ ᠤᠨᠤᠭ᠎ᠠ ᠶᠢᠨ ᠭᠠᠷᠭᠠᠯᠲᠠ ᠪᠠᠨ ᠨᠡᠮᠡᠭᠳᠡᠭᠦᠯᠵᠦ᠂ ᠡᠪᠦᠯ ᠤᠨ ᠬᠠᠬᠢᠷ ᠬᠦᠢᠲᠡᠨ ᠠᠭᠤᠷ ᠠᠮᠢᠰᠬᠤᠯ ᠠᠴᠠ ᠪᠤᠯᠵᠤ | ᠲᠠᠯ᠎ᠠ ᠨᠤᠲᠤᠭ ᠤᠨ ᠮᠠᠯ ᠠᠵᠤ ᠠᠬᠤᠶ ᠳᠤ ᠬᠤᠣᠷ ᠬᠥᠨᠥᠭᠡᠯ ᠤᠴᠠᠷᠠᠭᠤᠯᠬᠤ ᠠᠴᠠ ᠵᠠᠶᠢᠯᠠᠬᠤ ᠬᠡᠵᠦ ᠰᠠᠨᠠᠭᠤᠯᠵᠤ | ᠪᠠᠶᠢᠨ᠎ᠠ᠃ |