ᠥᠪᠥᠷ ᠮᠣᠩᠭᠤᠯ ᠶᠡᠭᠡ ᠰᠤᠷᠭᠠᠭᠤᠯᠢ ᠶᠢᠨ ᠥᠨᠥᠴᠢᠨ ᠤᠶᠤᠲᠠᠳ‌‍ᠲ᠋ᠤ ᠰᠤᠷᠭᠠᠨ ᠬᠦᠮᠦᠵᠢᠯ ᠤᠨ ᠲᠤᠰᠠᠯᠠᠮᠵᠢ ᠦᠭᠴᠦ ᠨᠢᠭᠡᠨᠲᠡ 493 ᠲᠦᠮᠡᠨ ᠲᠦᠬᠦᠷᠢᠭ ᠤᠨ ᠪᠡᠯᠡ ᠮᠦᠩᠭᠦ ᠳᠤᠷᠤᠭᠰᠢ ᠪᠠᠭᠤᠯᠭᠠᠪᠠ
ᠨᠡᠶᠢᠲᠡᠯᠡᠭᠰᠡᠨ ᠴᠠᠭ᠄
2015/12/21
     ᠶᠡᠭᠡ ᠰᠤᠷᠭᠠᠭᠤᠯᠢ ᠶᠢᠨ ᠦᠨᠦᠴᠢᠨ ᠤᠶᠤᠲᠠᠳ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠢ ᠠᠳᠠᠯᠢ ᠲᠡᠭᠰᠢ ᠬᠦᠷᠳᠡᠬᠦ ᠡᠷᠬᠡ ᠶᠢ ᠦᠨᠡᠨ ᠬᠦ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ ︽ᠡᠩ ᠤᠨ ᠶᠡᠭᠡ ᠳᠡᠭᠡᠳᠦ ᠰᠤᠷᠭᠠᠭᠤᠯᠢ ᠳᠤ ᠳᠠᠪᠰᠢᠨ ᠤᠷᠤᠭᠰᠠᠨ ᠦᠨᠦᠴᠢᠨ ᠬᠡᠤᠬᠡᠳ ᠪᠤᠯᠬᠤ ᠰᠢᠨ᠎ᠡ ᠰᠤᠷᠤᠭᠴᠢᠳ ᠲᠤ ᠲᠤᠰᠠᠯᠠᠮᠵᠢ ᠦᠭᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾᠎ ᠢ ᠳᠠᠷᠤᠮᠠᠯᠯᠠᠨ ᠲᠠᠷᠬᠠᠭᠠᠪᠠ᠂ 2015 ᠣᠨ ᠠᠴᠠ ᠡᠬᠢᠯᠡᠨ ᠲᠤᠰ ᠵᠢᠯ ᠡᠩ ᠤᠨ ᠶᠡᠭᠡ ᠳᠡᠭᠡᠳᠦ ᠰᠤᠷᠭᠠᠭᠤᠯᠢ ᠳᠤ ᠡᠯᠰᠡᠭᠳᠡᠭᠰᠡᠨ᠂ ᠥᠪᠥᠷ ᠮᠣᠩᠭᠤᠯ ᠤᠨ ᠡᠷᠦᠬᠡ ᠠᠮᠠ ᠶᠢᠨ ᠳᠠᠩᠰᠠᠨ ᠲᠠᠢ ᠪᠥᠭᠡᠳ ᠡᠯᠰᠡᠭᠳᠡᠬᠦ ᠦᠶ᠎ᠡ ᠳᠡᠭᠡᠨ ᠥᠨᠥᠴᠢᠨ ᠬᠡᠦᠬᠡᠳ ᠪᠠᠶᠢᠭᠰᠠᠨ ᠰᠤᠷᠤᠭᠴᠢᠳ ᠲᠤ ᠰᠤᠷᠭᠠᠨ ᠬᠦᠮᠦᠵᠢᠯ ᠤᠨ ᠲᠤᠰᠠᠯᠠᠮᠵᠢ ᠦᠭᠭᠦᠨ᠎ᠡ᠃      ᠲᠤᠰᠠᠯᠠᠨ ᠲᠡᠳᠬᠦᠬᠦ ᠪᠠᠷᠢᠮᠵᠢᠶ᠎ᠠ ᠨᠢ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠳᠤ ᠡᠯᠰᠡᠭᠳᠡᠭᠰᠡᠨ ᠰᠢᠨ᠎ᠡ ᠰᠤᠷᠤᠭᠴᠢ ᠳᠤ ᠨᠢᠭᠡ ᠤᠳᠠᠭᠠᠨ ᠤ ᠴᠢᠨᠠᠷᠲᠠᠶ 4 ᠲᠦᠮᠡᠨ ᠲᠥᠭᠦᠷᠢᠭ ᠲᠤᠰᠠᠯᠠᠨ᠎ᠠ᠂ ᠡᠩ ᠤᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠠᠩᠭᠢ ᠪᠤᠶᠤ ᠠᠵᠢᠯ ᠲᠦᠷᠦᠯ ᠤᠨ ᠰᠢᠨ᠎ᠡ ᠰᠤᠷᠤᠭᠴᠢ ᠎ ᠳᠤ ᠨᠢᠭᠡ ᠤᠳᠠᠭᠠᠨ ᠤ ᠴᠢᠨᠠᠷᠲᠠᠶ3 ᠲᠦᠮᠡᠨ ᠲᠥᠭᠦᠷᠢᠭ ᠲᠤᠰᠠᠯᠠᠨ᠎ᠠ᠂ ᠬᠡᠷᠡᠭᠰᠡᠬᠦ ᠪᠡᠯᠡ ᠮᠥᠩᠭᠦ ᠶᠢ ᠪᠦᠬᠦᠨ ᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠰᠠᠷᠠᠮᠵᠢ ᠶᠢᠨ ᠦᠢᠯᠡᠰ ᠤᠨ ᠱᠠᠩᠨᠠᠯᠲᠤ ᠰᠤᠭᠤᠯᠭ᠎ᠠ ᠶᠢᠨ ᠪᠣᠷᠣᠯᠠᠭᠤᠯᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠠᠴᠠ ᠡᠭᠦᠷᠭᠡᠯᠡᠨ᠎ᠡ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠶᠡᠭᠡ ᠰᠤᠷᠭᠠᠭᠤᠯᠢ ᠶᠢᠨ ᠦᠨᠦᠴᠢᠨ ᠤᠶᠤᠲᠠᠳ ᠢ ᠲᠤᠰᠠᠯᠠᠬᠤ ᠰᠤᠷᠭᠠᠨ ᠬᠥᠮᠦᠵᠢᠯ ᠤᠨ ᠪᠡᠯᠡ ᠮᠥᠩᠭᠦ ᠶᠢ ᠨᠡᠶᠢᠲᠡ 493 ᠲᠦᠮᠡᠨ ᠲᠥᠭᠦᠷᠢᠭ ᠢ ᠳᠣᠷᠣᠭᠰᠢ ᠪᠠᠭᠤᠯᠭᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号