ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠦᠷᠭᠡᠳᠭᠡᠨ ᠠᠬᠢᠭᠤᠯᠬᠤ ᠲᠤᠬᠠᠢ ᠦᠪᠤᠷ ᠮᠤᠩᠭᠤᠯ ᠤᠨ | ᠦᠪᠠᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠬᠡᠷᠡᠭᠵᠢᠬᠦᠯᠬᠦ ᠰᠠᠨᠠᠯ | | ︵2015 ᠣᠨ ᠤ 11 ᠰᠠᠷ᠎ᠠ ᠶᠢᠨ 23 ᠤ ᠡᠳᠦᠷ︶ | ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠤᠯ ᠲᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ | ᠵᠢᠷᠤᠮ ᠤᠨ ᠦᠢᠯᠡᠰ ᠤᠨ ᠴᠢᠬᠤᠯᠠ ᠠᠭᠤᠯᠭ᠎ᠠ ᠮᠦᠨ᠂ ᠠᠵᠤ ᠠᠬᠤᠢ ᠶᠢᠨ ᠭᠦᠭᠵᠢᠯᠳᠠ ᠶᠢᠨ ᠬᠡᠯᠪᠡᠷᠢ ᠶᠢ | ᠲᠦᠷᠭᠡᠳᠬᠡᠨ ᠬᠤᠪᠢᠷᠠᠭᠤᠯᠬᠤ᠂ ᠭᠦᠭᠵᠢᠯᠳᠠ ᠶᠢᠨ ᠶᠠᠰᠤ ᠴᠢᠨᠠᠷ ᠪᠤᠯᠤᠨ ᠦᠷ᠎ᠠ ᠠᠰᠢᠭ ᠢ ᠲᠡᠭᠡᠭᠰᠢᠯᠡᠬᠦᠯᠬᠦ ᠶᠢᠨ | ᠲᠤᠳᠤᠭᠠᠳᠤ ᠱᠠᠭᠠᠷᠳᠠᠯᠭ᠎ᠠ ᠮᠦᠨ᠃ ᠦᠪᠤᠷ ᠮᠤᠩᠭᠤᠯ ︽ᠤᠮᠠᠷᠠᠳᠤ ᠶᠢᠨ ᠭᠤᠷᠪᠠᠨ ᠤᠷᠤᠨ︾ ᠢ ᠬᠦᠨᠳᠠᠯᠢᠰᠴᠦ᠂ | ᠨᠠᠢᠮᠠᠨ ᠮᠤᠵᠢ ᠬᠤᠳᠠ ᠲᠠᠢ ᠰᠠᠪᠠ ᠨᠠᠶᠢᠯᠠᠵᠦ᠂ ᠮᠠᠨ ᠤ ᠤᠯᠤᠰ ᠤᠨ ᠤᠮᠠᠷᠠᠳᠤ ᠶᠢᠨ ᠲᠠᠯᠠᠪᠠᠢ ᠪᠠᠷ ᠬᠠᠮᠤᠭ ᠤᠨ ᠶᠡᠭᠡ᠂ | ᠲᠦᠷᠦᠯ ᠵᠦᠢᠯ ᠢᠶᠠᠷ ᠬᠠᠮᠤᠭ ᠤᠨ ᠬᠦᠢᠴᠡᠳ ᠠᠮᠢ ᠠᠬᠤᠢ ᠶᠢᠨ ᠴᠢᠳᠠᠪᠬᠢᠳᠤ ᠤᠷᠤᠨ ᠪᠠᠶᠢᠵᠦ᠂ ᠠᠮᠢ ᠠᠬᠤᠢ ᠶᠢᠨ | ᠪᠠᠶᠢᠳᠠᠯ ᠨᠢ ᠪᠦᠬᠦ ᠤᠷᠤᠨ ᠤ ᠦᠨᠳᠦᠰᠦᠳᠠᠨ ᠨᠦᠬᠦᠳ ᠤᠨ ᠠᠷᠠᠳ ᠲᠦᠮᠠᠨ ᠤ ᠤᠷᠤᠰᠢᠯ ᠲᠤᠭᠳᠠᠨᠢᠯ ᠪᠠ | ᠬᠦᠭᠵᠢᠯᠳᠠ ᠲᠠᠢ ᠬᠤᠯᠪᠤᠭᠳᠠᠬᠤ ᠪᠠᠷ ᠪᠠᠷᠠᠬᠤ ᠦᠭᠡᠢ ᠵᠡᠬᠦᠨ ᠬᠤᠶᠢᠳᠤ ᠤᠷᠤᠨ᠂ ᠤᠮᠠᠷᠠᠳᠤ ᠤᠷᠤᠨ᠂ ᠪᠠᠷᠠᠭᠤᠨ | ᠬᠤᠶᠢᠳᠤ ᠤᠷᠤᠨ᠂ ᠲᠠᠷᠠᠴᠢᠯᠠᠨ ᠪᠦᠬᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠤᠭᠳᠠᠨ᠎ᠠ᠃ | ᠦᠪᠠᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠮᠢ ᠠᠬᠤᠢ ᠶᠢᠨ ᠪᠦᠳᠦᠭᠡᠨ | ᠪᠠᠶᠢᠭᠤᠯᠤᠯᠳᠠ ᠪᠤᠯᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠴᠠᠭ ᠢᠮᠠᠬᠳᠠ ᠲᠡᠭᠡᠳᠦ ᠬᠡᠮᠵᠢᠶ᠎ᠠ ᠪᠠᠷ | ᠬᠦᠨᠳᠦᠳᠭᠡᠨ ᠦᠵᠡᠵᠦ᠂ ᠢᠯᠠᠩᠭᠤᠶ᠎ᠠ ᠤᠯᠤᠰ ᠠᠴᠠ ᠪᠠᠷᠠᠭᠤᠨ ᠤᠷᠤᠨ ᠢ ᠶᠡᠭᠡᠪᠡᠷ ᠨᠡᠭᠡᠭᠡᠨ ᠬᠦᠭᠵᠢᠬᠦᠯᠬᠦ | ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠦᠭᠰᠡᠨ ᠠᠴᠠ ᠨᠠᠰᠢ ᠪᠠᠶᠢᠭᠠᠯᠢᠯᠢᠭ ᠤᠢ ᠶᠢᠨ ᠡᠬᠢ ᠪᠠᠶᠠᠯᠢᠭ ᠢ ᠬᠠᠮᠠᠭᠠᠯᠠᠬᠤ᠂ | ᠲᠠᠷᠢᠶᠠᠯᠠᠬᠤ ᠪᠠᠨ ᠵᠤᠭᠰᠤᠨ ᠤᠢ ᠮᠤᠳᠤ ᠶᠢ ᠰᠡᠷᠬᠦᠬᠡᠬᠦ᠂ ᠪᠠᠯᠴᠢᠭᠡᠷᠯᠡᠬᠦᠯᠬᠦ ᠶᠢ ᠵᠤᠭᠰᠤᠭᠠᠨ ᠪᠡᠯᠴᠢᠬᠡᠷ ᠢ ᠰᠡᠷᠬᠦᠭᠡᠬᠦ᠂ | ᠪᠡᠭᠡᠵᠢᠩ ᠲᠢᠶᠠᠨᠵᠢᠨ ᠤ ᠡᠷᠬᠢᠨ ᠲᠤᠭᠤᠷᠢᠨ ᠤ ᠡᠯᠡᠰᠤ ᠰᠠᠯᠬᠢᠨ ᠤ ᠡᠬᠢ ᠶᠢ ᠵᠠᠰᠠᠬᠤ ᠵᠡᠷᠭᠡ ᠨᠢᠭᠡ ᠪᠦᠯᠦᠭ ᠠᠮᠢ | ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠭᠤᠤᠯᠳᠠᠯᠭ᠎ᠠ ᠲᠠᠢ ᠢᠨᠵᠧᠨᠧᠷᠢᠩ ᠢ ᠬᠤᠶᠢᠨ᠎ᠠ ᠬᠤᠶᠢᠨ᠎ᠠ ᠠᠴᠠ ᠨᠢ | ᠬᠡᠷᠡᠭᠵᠢᠬᠦᠯᠵᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠲᠠᠪᠰᠢᠬᠦᠯᠬᠦ ᠠᠬᠢᠴᠠ ᠪᠠᠨ ᠲᠦᠷᠭᠡᠳᠭᠡᠨ᠂ | ᠬᠤᠴᠤᠷᠤᠩᠭᠤᠢ ᠦᠢᠯᠡᠳᠪᠤᠷᠢᠯᠡᠯ ᠤᠨ ᠴᠢᠳᠠᠪᠤᠷᠢ ᠶᠢ ᠰᠢᠭᠰᠢᠬᠦ ᠶᠢ ᠠᠬᠢᠭᠤᠯᠵᠤ᠂ ᠡᠨᠧᠷᠬᠢ ᠠᠷᠪᠢᠯᠠᠨ ᠤᠷᠴᠢᠨ | ᠲᠤᠭᠤᠷᠢᠨ ᠢ ᠬᠠᠮᠠᠭᠠᠯᠠᠬᠤ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠢ ᠬᠡᠷᠡᠭᠵᠢᠬᠦᠯᠵᠦ᠂ ᠠᠮᠢ ᠠᠬᠤᠢ ᠶᠢᠨ | ᠤᠷᠴᠢᠨ ᠲᠤᠭᠤᠷᠢᠨ ᠤ ︽ᠪᠦᠬᠦᠯᠢ ᠴᠤᠭᠴᠠ ᠪᠠᠷ ᠮᠠᠭᠤᠳᠠᠬᠤ ᠶᠢ ᠨᠠᠮᠳᠠᠭᠠᠵᠤ᠂ ᠵᠠᠰᠠᠯᠳᠠ ᠬᠢᠵᠦ ᠪᠠᠶᠢᠭ᠎ᠠ | ᠤᠷᠤᠨ ᠳᠤ ᠢᠯᠡᠷᠭᠡᠢ ᠰᠠᠶᠢᠵᠢᠷᠠᠯᠳᠠ ᠲᠠᠢ︾ ᠪᠤᠯᠤᠭᠰᠠᠨ ᠢ ᠪᠠᠶᠠᠯᠠᠬᠦᠯᠵᠦ᠂ ᠡᠬᠢ ᠪᠠᠶᠠᠯᠢᠭ ᠢ ᠠᠷᠪᠢᠯᠠᠬᠤ ᠬᠡᠯᠪᠡᠷᠢ᠂ | ᠤᠷᠴᠢᠨ ᠲᠤᠭᠤᠷᠢᠨ ᠳᠤ ᠨᠦᠬᠦᠷᠰᠡᠭ ᠬᠡᠯᠪᠡᠷᠢ ᠶᠢᠨ ᠨᠠᠶᠢᠭᠡᠮ ᠤᠨ ᠪᠠᠶᠢᠭᠤᠯᠤᠯᠳᠠ ᠦᠷ᠎ᠡ ᠪᠦᠳᠦᠮᠵᠢ ᠢᠯᠡᠷᠭᠡᠢ | ᠪᠤᠯᠪᠠ᠃ | ᠶᠠᠷᠦᠩᠭᠡᠢ ᠱᠦᠵᠢ ᠰᠢ ᠶᠢᠨ ᠫᠢᠩ ᠮᠠᠨ ᠤ ᠤᠷᠤᠨ ᠳᠤ ᠰᠢᠨᠵᠢᠯᠡᠨ ᠪᠠᠶᠢᠴᠠᠭᠠᠬᠤ ᠳᠠᠭᠠᠨ ︽ᠦᠪᠤᠷ ᠮᠤᠩᠭᠤᠯ | ᠵᠤᠷᠢᠬᠳᠠᠢ ᠪᠠᠷ ᠤᠷᠢᠳᠠᠪᠡᠷ ᠲᠤᠷᠰᠢᠨ ᠤᠷᠢᠳᠠᠪᠡᠷ ᠬᠡᠷᠡᠭᠵᠢᠬᠦᠯᠵᠦ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ | ᠪᠤᠯᠤᠨ ᠦᠭᠡᠷᠡᠴᠢᠯᠠᠯᠳᠠ ᠶᠢ ᠢᠳᠠᠪᠬᠢᠳᠠᠢ ᠠᠬᠢᠭᠤᠯᠬᠤ ᠬᠡᠷᠡᠭᠳᠡᠢ︾ ᠬᠡᠵᠦ ᠲᠤᠳᠤᠷᠬᠠᠢ ᠱᠠᠭᠠᠷᠳᠠᠭᠰᠠᠨ ᠪᠠᠶᠢᠨ᠎ᠠ᠃ | ᠶᠠᠷᠦᠩᠭᠡᠢ ᠱᠦᠵᠢ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠦᠪᠠᠷᠳᠡᠭᠡᠨ ᠵᠠᠰᠠᠬᠤ ᠤᠷᠤᠨᠣ ︽8337︾ ᠭᠦᠭᠵᠢᠯᠳᠠ ᠶᠢᠨ ᠰᠡᠳᠬᠢᠴᠠ ᠶᠢ ᠭᠦᠨᠵᠡᠭᠡᠶᠢᠷᠡᠭᠦᠯᠦᠨ | ᠨᠠᠶᠢᠳᠠᠪᠤᠷᠢᠵᠢᠭᠤᠯᠵᠤ᠂ ︽ᠪᠠᠶᠢᠭᠠᠯᠢ ᠶᠢᠨ ᠡᠬᠢ ᠪᠠᠶᠠᠯᠢᠭ ᠤᠨ ᠬᠦᠷᠦᠩᠭᠡ ᠶᠢᠨ ᠦᠷᠢᠳᠦᠯ ᠤᠨ ᠬᠦᠰᠦᠨᠦᠭᠳᠤ ᠶᠢ | ᠨᠠᠶᠢᠷᠠᠭᠤᠯᠤᠨ ᠵᠤᠬᠢᠶᠠᠬᠤ᠂ ᠤᠳᠤᠷᠢᠳᠬᠤ ᠺᠠᠳ᠋ᠷᠴᠤᠳ ᠲᠤ ᠲᠤᠰᠢᠶᠠᠯ ᠠᠴᠠ ᠪᠠᠨ ᠰᠠᠯᠬᠤ ᠦᠶᠡᠰ ᠪᠠᠶᠢᠭᠠᠯᠢ ᠶᠢᠨ | ᠡᠬᠢ ᠪᠠᠶᠠᠯᠢᠭ ᠤᠨ ᠬᠦᠷᠦᠩᠭᠡ ᠶᠢᠨ ᠬᠢᠨᠠᠨ ᠪᠤᠳᠤᠯᠳᠠ ᠬᠢᠬᠦ ᠪᠠ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠵᠤ | ᠬᠤᠬᠢᠷᠠᠭᠤᠯᠤᠭᠰᠠᠨ ᠪᠤᠯ ᠲᠦᠯᠦᠪᠤᠷᠢ ᠦᠭᠭᠦ ᠬᠢᠭᠡᠳ ᠬᠠᠷᠢᠭᠤᠴᠠᠯᠭ᠎ᠠ ᠶᠢ ᠨᠠᠰᠤᠨ ᠲᠤᠷᠰᠢᠳᠠ ᠨᠡᠭᠡᠮᠵᠢᠯᠡᠬᠦ ᠲᠦᠷᠢᠮ︾ | ᠬᠡᠬᠦ ᠭᠤᠷᠪᠠᠨ ᠵᠦᠢᠯ ᠤᠨ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠦᠭᠡᠷᠠᠴᠢᠯᠠᠯᠳᠠ ᠰᠢᠨᠠᠴᠢᠯᠠᠯᠳᠠ ᠶᠢᠨ | ᠲᠤᠷᠰᠢᠯᠳᠠ ᠶᠢᠨ ᠴᠢᠬ ᠤᠨ ᠠᠵᠢᠯ ᠢ ᠤᠷᠢᠳᠠᠪᠡᠷ ᠡᠬᠢᠯᠡᠬᠦᠯᠵᠦ᠂ ︽ᠠᠮᠢ ᠠᠬᠤᠢ ᠶᠢᠨ ᠪᠤᠯᠪᠠᠰᠤᠨ ᠤ ᠲᠦᠷᠢᠮ ᠤᠨ | ᠪᠠᠶᠢᠭᠤᠯᠤᠯᠳᠠ ᠪᠤᠯᠤᠨ ᠦᠭᠡᠷᠡᠴᠢᠯᠠᠯᠳᠠ ᠶᠢ ᠲᠦᠷᠭᠡᠳᠭᠡᠬᠦ ᠲᠤᠬᠠᠢ ᠰᠠᠨᠠᠯ︾ ᠢ ᠲᠤᠭᠳᠠᠭᠠᠨ ᠨᠠᠶᠢᠳᠠᠯᠠᠵᠦ᠂ ᠠᠮᠢ | ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠦᠷᠭᠡᠳᠭᠡᠨ ᠠᠬᠢᠭᠤᠯᠪᠠ᠃ ᠬᠡᠪᠡᠴᠦ ᠮᠠᠨ ᠤ ᠤᠷᠤᠨ ᠪᠦᠬᠦ᠋ᠢᠯᠠ | ᠠᠮᠢ ᠠᠬᠤᠢ ᠶᠢᠨ ᠤᠷᠴᠢᠨ ᠲᠤᠭᠤᠷᠢᠨ ᠨᠠᠯᠢᠶᠠᠳ ᠬᠡᠪᠡᠷᠡᠭ ᠪᠠᠶᠢᠭ᠎ᠠ ᠪᠠᠶᠢᠳᠠᠯ ᠢ ᠮᠦᠨᠬᠦ ᠦᠨᠳᠦᠰᠦᠨ ᠠᠴᠠ ᠨᠢ | ᠬᠤᠪᠢᠷᠠᠭᠤᠯᠵᠤ ᠴᠢᠳᠠᠭᠠᠳᠤᠢ᠂ ᠠᠵᠤ ᠦᠢᠯᠡᠳᠪᠤᠷᠢᠵᠢᠯᠳᠠ᠂ ᠬᠤᠳᠠ ᠪᠠᠯᠭᠠᠰᠤᠵᠢᠯᠳᠠ ᠶᠢᠨ ᠠᠬᠢᠴᠠ | ᠲᠦᠷᠭᠡᠳᠬᠦ ᠶᠢ ᠲᠠᠭᠠᠯᠳᠤᠨ ᠠᠵᠤ ᠦᠢᠯᠡᠰ ᠤᠨ ᠪᠦᠳᠦᠴᠡ ᠶᠢ ᠰᠢᠯᠢᠳᠡᠭᠵᠢᠬᠦᠯᠤᠨ ᠲᠠᠰ ᠲᠠᠪᠰᠢᠬᠦᠯᠬᠦ ᠨᠢ | ᠬᠦᠴᠢᠷᠳᠡᠢ ᠪᠠᠷ ᠦᠬᠡᠳᠡ ᠲᠠᠪᠠᠭ᠋ᠤ ᠵᠠᠮ ᠳᠠᠭᠠᠨ ᠤᠷᠤᠵᠤ᠂ ᠬᠦᠮᠦᠨ ᠬᠢᠬᠡᠳ ᠪᠠᠶᠢᠭᠠᠯᠢ ᠶᠢ ᠡᠶ᠎ᠡ ᠨᠠᠶᠢᠷᠠᠮᠳᠠᠭᠤ ᠪᠠᠷ | ᠬᠦᠭᠵᠢᠬᠦᠯᠬᠦ ᠡᠭᠦᠷᠭᠡ ᠨᠠᠩ ᠬᠠᠳᠠᠭᠤ ᠬᠦᠨᠳᠦ ᠪᠤᠯᠵᠤ᠂ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠪᠤᠯᠤᠨ | ᠤᠷᠴᠢᠨ ᠲᠤᠭᠤᠷᠢᠨ ᠤ ᠬᠠᠮᠠᠭᠠᠯᠠᠯᠳᠠ ︽ᠤᠷᠤᠭᠰᠢᠯᠠᠪᠠᠯ ᠪᠦᠬᠦ ᠲᠠᠯ᠎ᠠ ᠶᠢᠨ ᠢᠯᠠᠯᠳᠠ ᠶᠢ ᠤᠯᠵᠤ᠂ ᠤᠷᠤᠭᠰᠢᠯᠠᠬᠤ | ᠦᠬᠡᠢ ᠪᠤᠯ ᠤᠬᠤᠷᠢᠬᠤ︾ ᠵᠠᠩᠭᠢᠯᠠᠭ᠎ᠠ ᠶᠢᠨ ᠴᠠᠭ ᠦᠶ᠎ᠠ ᠳᠡᠭᠡᠨ ᠤᠷᠤᠭᠰᠠᠨ ᠪᠠᠶᠢᠨ᠎ᠠ᠃ ᠡᠷᠭᠡᠪᠰᠢ ᠡᠭᠦᠷᠭᠡ | ᠬᠠᠷᠢᠭᠤᠴᠠᠯᠭᠠᠳᠤ ᠰᠡᠳᠬᠢᠯᠭᠡ ᠪᠠᠨ ᠦᠨᠡᠨᠬᠦ ᠴᠢᠩᠭᠠᠳᠬᠠᠵᠦ᠂ ᠪᠠᠶᠢᠯᠳᠤᠬᠤ ᠪᠤᠳᠤᠯᠭ᠎ᠠ ᠪᠤᠯᠤᠨ ᠪᠦᠬᠦ ᠲᠠᠯ᠎ᠠ ᠶᠢᠨ | ᠦᠨᠳᠦᠷᠴᠠ ᠠᠴᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠦᠷᠭᠡᠳᠭᠡᠬᠦ ᠤᠨᠴᠠ ᠴᠢᠬᠤᠯᠠ ᠴᠢᠨᠠᠷ ᠢ | ᠬᠦᠢᠴᠡᠳ ᠲᠠᠨᠢᠵᠦ᠂ ᠪᠠᠶᠢᠭᠠᠯᠢ ᠶᠢ ᠬᠦᠨᠳᠦᠳᠭᠡᠬᠦ᠂ ᠪᠠᠶᠢᠭᠠᠯᠢ ᠶᠢ ᠡᠶᠠᠳᠠᠨ ᠲᠠᠭᠠᠬᠤ᠂ ᠪᠠᠶᠢᠭᠠᠯᠢ ᠶᠢ ᠬᠠᠮᠠᠭᠠᠯᠠᠬᠤ | ᠤᠢᠢᠯᠠᠭᠠᠬᠳᠠᠬᠤᠨ ᠢ ᠪᠤᠢ ᠪᠤᠯᠭᠠᠨ ᠪᠠᠳᠤᠳᠬᠠᠵᠦ᠂ ᠴᠡᠩᠭᠡᠷ ᠤᠬᠳᠠᠷᠭᠤᠢ ᠨᠤᠮᠢᠨ ᠲᠠᠯ᠎ᠠ ᠴᠡᠩᠭᠡᠭ ᠤᠰᠤ ᠴᠡᠪᠠᠷ | ᠠᠭᠠᠷ ᠪᠦᠬᠦᠢ ᠰᠠᠶᠢᠨ ᠰᠠᠶᠢᠬᠠᠨ ᠬᠡᠷ ᠤᠷᠤᠨ ᠢ ᠪᠦᠳᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠳᠠᠢ᠃ | ︽ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠦᠷᠭᠡᠳᠭᠡᠨ ᠠᠬᠢᠭᠤᠯᠬᠤ ᠲᠤᠬᠠᠢ ᠨᠠᠮ ᠤᠨ ᠲᠦᠪ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠦᠪ ᠬᠤᠷᠢᠶ᠎ᠠ ᠠᠴᠠ ᠲᠠᠷᠬᠠᠭᠠᠭᠰᠠᠨ ︹ | 2015 ︺ 12 ᠳ᠋ᠤᠭᠠᠷ ᠲᠤᠭᠠᠳᠤ︶ ᠪᠤᠯᠤᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ | ᠬᠤᠷᠢᠶ᠎ᠠ ᠶᠢᠨ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠦᠨᠳᠦᠰᠦᠯᠠᠨ ᠦᠪᠠᠷᠳᠡᠭᠡᠨ ᠵᠠᠰᠠᠬᠤ | ᠤᠷᠤᠨ ᠤ ᠪᠤᠳᠠᠳᠠᠢ ᠲᠠᠢ ᠤᠶᠠᠯᠳᠤᠭᠤᠯᠵᠤ᠂ ᠲᠤᠤᠷᠠᠬᠢ ᠬᠡᠷᠡᠭᠵᠢᠬᠦᠯᠬᠦ ᠰᠠᠨᠠᠯ ᠢ ᠲᠤᠷᠠᠳᠤᠨ ᠭᠠᠷᠭᠠᠪᠠ᠃ | ᠨᠢᠭᠡ᠂ ᠶᠠᠷᠦᠩᠭᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ | ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ᠂ ᠲᠦᠷᠪᠠᠳᠤᠭᠡᠷ᠂ ᠲᠠᠪᠤᠳᠤᠭᠠᠷ ᠪᠦᠬᠦᠳᠡ | ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ | ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ ᠴᠢᠬᠤᠯᠠ | ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠭᠦᠭᠵᠢᠯᠳᠠ ᠶᠢᠨ ᠦᠵᠡᠯ ᠢᠶᠠᠷ ᠵᠢᠯᠤᠭᠤᠳᠤᠯᠭ᠎ᠠ ᠪᠤᠯᠭᠠᠵᠦ᠂ ᠶᠠᠷᠦᠩᠭᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠪᠤᠯᠤᠨ ᠦᠪᠤᠷ ᠮᠤᠩᠭᠤᠯ ᠢᠶᠠᠷ ᠰᠢᠨᠵᠢᠯᠡᠨ ᠪᠠᠶᠢᠴᠠᠭᠠᠬᠤ | ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠶᠢᠷᠡᠬᠦᠯᠦᠨ ᠲᠤᠤᠱᠯᠠᠭᠤᠯᠵᠤ᠂ ᠬᠦᠮᠦᠨ ᠢᠶᠠᠷ | ᠦᠨᠳᠦᠰᠦ ᠪᠤᠯᠭᠠᠬᠤ᠂ ᠬᠠᠤᠯᠢ ᠶᠤᠰᠤᠭᠠᠷ ᠠᠬᠢᠭᠤᠯᠬᠤ ᠶᠢ ᠪᠠᠷᠢᠮᠳᠠᠯᠠᠵᠦ᠂ ᠡᠬᠢ ᠪᠠᠶᠠᠯᠢᠭ ᠢ ᠠᠷᠪᠢᠯᠠᠨ ᠤᠷᠴᠢᠨ | ᠲᠤᠭᠤᠷᠢᠨ ᠲᠠᠢ ᠨᠦᠬᠦᠷᠰᠡᠭ ᠪᠠᠶᠢᠬᠤ ᠤᠯᠤᠰ ᠤᠨ ᠦᠨᠳᠤᠰᠤᠨ ᠪᠤᠳᠤᠯᠭ᠎ᠠ ᠶᠢ ᠪᠠᠷᠢᠮᠳᠠᠯᠠᠵᠦ᠂ ᠪᠤᠬᠢᠷᠳᠤᠯ ᠦᠭᠡᠢ | ᠬᠦᠭᠵᠢᠯᠳᠠ ᠶᠢᠨ ᠤᠢᠢᠯᠠᠭᠠᠭᠳᠠᠬᠤᠨ ᠢ ᠪᠤᠢ ᠪᠤᠯᠭᠠᠨ ᠪᠡᠳᠤᠳᠬᠠᠵᠦ᠂ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠠ ᠶᠢ ᠨᠠᠩ ᠲᠤᠪᠤᠶᠢᠮ᠎ᠠ ᠪᠠᠶᠢᠯᠳᠤᠬᠤ ᠪᠤᠳᠤᠯᠭ᠎ᠠ ᠶᠢᠨ ᠪᠠᠶᠢᠷᠢᠨ ᠳᠤ ᠲᠠᠯᠪᠢᠵᠦ᠂ ᠪᠤᠬᠢᠷᠳᠤᠯ ᠦᠭᠡᠢ ᠪᠠᠷ | ᠤᠷᠤᠨ ᠢᠶᠠᠨ ᠪᠠᠶᠠᠵᠢᠭᠤᠯᠬᠤ᠂ ᠪᠤᠬᠢᠷᠳᠤᠯ ᠦᠭᠡᠢ ᠪᠠᠷ ᠠᠷᠠᠳ ᠢ ᠬᠠᠷᠠᠭᠠᠯᠵᠠᠬᠤ ᠪᠤᠯᠪᠠᠰᠤᠨ ᠬᠦᠭᠵᠢᠯᠳᠠ ᠶᠢᠨ | ᠵᠠᠮ ᠢᠶᠠᠷ ᠭᠤᠶᠢᠪᠢᠰᠢ ᠦᠭᠡᠢ ᠵᠠᠮᠨᠠᠵᠤ᠂ ᠪᠤᠬᠢᠷᠳᠤᠯ ᠦᠭᠡᠢ ᠬᠦᠭᠵᠢᠯᠳᠠ ᠶᠢᠨ ᠠᠷᠭ᠎ᠠ ᠬᠡᠯᠪᠡᠷᠢ ᠪᠤᠯᠤᠨ | ᠠᠮᠢᠳᠤᠷᠠᠯ ᠤᠨ ᠠᠷᠭ᠎ᠠ ᠬᠡᠯᠪᠡᠷᠢ ᠶᠢ ᠪᠤᠢ ᠪᠤᠯᠭᠠᠬᠤ ᠶᠢ ᠠᠬᠢᠭᠤᠯᠵᠤ᠂ ᠬᠦᠮᠦᠨ ᠬᠢᠬᠡᠳ ᠪᠠᠶᠢᠭᠠᠯᠢ ᠡᠶ᠎ᠡ ᠨᠠᠶᠢᠷᠠᠮᠳᠠᠭᠤ | ᠭᠦᠭᠵᠢᠬᠦ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢᠨ ᠰᠢᠨ᠎ᠠ ᠪᠠᠶᠢᠳᠠᠯ ᠢ ᠪᠤᠢ ᠪᠤᠯᠭᠠᠬᠤ ᠶᠢ | ᠲᠦᠷᠭᠡᠳᠭᠡᠵᠤ᠂ ᠮᠠᠨ ᠤ ᠤᠯᠤᠰ ᠤᠨ ᠤᠮᠠᠷᠠᠳᠤ ᠶᠢᠨ ᠠᠮᠢ ᠠᠬᠤᠢ ᠶᠢᠨ ᠴᠢᠬᠤᠯᠠ ᠬᠠᠯᠬᠠᠪᠴᠢ ᠶᠢ ᠦᠨᠡᠨᠬᠦ | ᠪᠠᠬᠢᠵᠢᠭᠦᠯᠵᠦ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠳᠤ ᠰᠢᠨ᠎ᠠ ᠬᠤᠪᠢ ᠨᠠᠮᠠᠷᠢ ᠦᠵᠡᠬᠦᠯᠵᠦ᠂ ᠡᠭᠡ | ᠤᠯᠤᠰ ᠤᠨ ᠤᠮᠠᠷᠠᠳᠤ ᠬᠢᠯᠢ ᠶᠢᠨ ᠦᠵᠠᠮᠵᠢ ᠶᠢᠨ ᠤᠷᠤᠨ ᠢ ᠨᠠᠩ ᠦᠵᠡᠰᠬᠦᠯᠡᠩᠳᠦ ᠰᠠᠶᠢᠬᠠᠨ ᠪᠤᠯᠭᠠᠨ ᠪᠦᠳᠦᠬᠡᠨ | ᠪᠠᠶᠢᠭᠤᠯᠬᠤ ᠪᠠᠷ ᠴᠢᠷᠮᠠᠶᠢᠨ᠎ᠠ᠃ | ︵ᠬᠤᠶᠠᠷ︶ ᠠᠵᠢᠯ ᠤᠨ ᠦᠨᠳᠦᠰᠤᠨ ᠵᠠᠷᠴᠢᠮ᠃ ᠲᠦᠪ ᠤᠨ ᠰᠢᠢᠳᠪᠤᠷᠢᠳᠤ ᠪᠤᠳᠤᠯᠭ᠎ᠠ ᠶᠢᠨ | ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠬᠤ ᠪᠤᠯᠤᠨ ᠦᠪᠤᠷ ᠮᠤᠩᠭᠤᠯ ᠤᠨ ᠪᠤᠳᠠᠳᠠᠢ ᠳᠤ | ᠰᠠᠭᠤᠷᠢᠯᠠᠬᠤ ᠶᠢ ᠨᠢᠬᠳᠠ ᠤᠶᠠᠯᠳᠤᠭᠤᠯᠬᠤ ᠶᠢ ᠪᠠᠷᠢᠮᠳᠠᠯᠠᠵᠦ᠂ ᠪᠦᠳᠦᠭᠡᠯᠴᠢ ᠴᠢᠨᠠᠷᠳᠠᠢ ᠪᠠᠷ ᠠᠵᠢᠯ ᠢᠶᠠᠨ | ᠦᠷᠨᠢᠬᠦᠯᠵᠦ᠂ ᠦᠵᠡᠰᠬᠦᠯᠡᠩᠳᠤ ᠰᠠᠶᠢᠬᠠᠨ ᠪᠤᠯᠤᠨ ᠦᠷᠨᠢᠩᠭᠦᠢ ᠬᠦᠭᠵᠢᠯᠳᠠ ᠶᠢᠨ ᠬᠤᠤᠰ ᠠᠰᠢᠭ ᠢ | ᠪᠠᠶᠠᠯᠠᠬᠦᠯᠬᠦ ᠪᠠᠷ ᠴᠢᠷᠮᠠᠶᠢᠬᠤ ᠬᠡᠷᠡᠭᠳᠡᠢ︔ ᠲᠦᠷᠢᠮ ᠢ ᠲᠡᠭᠦᠯᠳᠡᠷᠵᠢᠬᠦᠯᠬᠦ ᠪᠤᠯᠤᠨ ᠪᠠᠶᠢᠭᠤᠯᠤᠮᠵᠢ ᠲᠤᠭᠳᠠᠴᠠ ᠶᠢᠨ | ᠰᠢᠨ᠎ᠠ ᠶᠢ ᠡᠭᠦᠳᠬᠦ ᠶᠢ ᠨᠢᠬᠳᠠ ᠤᠶᠠᠯᠳᠤᠭᠤᠯᠬᠤ ᠶᠢ ᠪᠠᠷᠢᠮᠳᠠᠯᠠᠵᠦ᠂ ᠪᠦᠷᠢᠨ ᠲᠡᠭᠦᠯᠳᠡᠷ ᠲᠦᠷᠢᠮ ᠤᠨ | ᠲᠤᠭᠳᠠᠯᠴᠠᠭ᠎ᠠ ᠪᠤᠯᠤᠨ ᠰᠢᠨᠵᠢᠯᠡᠬᠦ ᠤᠬᠠᠭᠠᠨᠴᠢ ᠠᠵᠢᠯ ᠤᠨ ᠲᠤᠭᠳᠠᠴᠠ ᠪᠠᠷ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠠ ᠶᠢᠨ ᠪᠠᠳᠤᠯᠠᠪᠤᠷᠢ ᠪᠠᠨ ᠪᠤᠯᠭᠠᠬᠤ ᠬᠡᠷᠡᠭᠳᠡᠢ︔ ᠤᠢᠢᠷ᠎ᠠ ᠶᠢᠨ ᠬᠤᠭᠤᠴᠠᠭᠠᠨ ᠤ ᠠᠵᠢᠯ ᠪᠤᠯᠤᠨ ᠠᠯᠤᠰ | ᠬᠡᠳᠦ ᠶᠢᠨ ᠬᠦᠭᠵᠢᠯᠳᠠ ᠶᠢᠨ ᠬᠠᠷᠠᠯᠳᠠ ᠶᠢ ᠪᠠᠶᠠᠯᠠᠬᠦᠯᠬᠦ ᠶᠢ ᠨᠢᠬᠳᠠ ᠤᠶᠠᠯᠳᠤᠭᠤᠯᠬᠤ ᠶᠢ ᠪᠠᠷᠢᠮᠳᠠᠯᠠᠵᠦ᠂ | ᠤᠢᠢᠷ᠎ᠠ ᠶᠢᠨ ᠬᠤᠭᠤᠴᠠᠭ᠎ᠠ᠂ ᠲᠤᠮᠳᠠ ᠬᠤᠭᠤᠴᠠᠭ᠎ᠠ᠂ ᠤᠷᠳᠤ ᠬᠤᠭᠤᠴᠠᠭᠠᠠ ᠤ ᠬᠦᠭᠵᠢᠯᠳᠠ ᠶᠢᠨ | ᠲᠦᠯᠦᠪᠵᠢᠬᠦᠯᠭᠡ ᠪᠤᠯᠤᠨ ᠬᠠᠷᠠᠭᠠᠯᠵᠠᠭᠰᠠᠨ ᠠᠵᠢᠯ ᠤᠨ ᠠᠷᠭ᠎ᠠ ᠬᠡᠮᠵᠢᠶᠠᠶᠢ ᠰᠢᠨᠵᠢᠯᠡᠬᠦ ᠤᠬᠠᠭᠠᠨᠴᠢ ᠪᠠᠷ | ᠲᠤᠭᠳᠠᠭᠠᠵᠦ᠂ ᠦᠷᠬᠦᠯᠵᠢᠯᠡᠭᠰᠡᠨ ᠬᠦᠭᠵᠢᠯᠳᠠ ᠶᠢ ᠠᠬᠢᠭᠤᠯᠬᠤ ᠬᠡᠷᠡᠭᠳᠡᠢ︔ ᠭᠤᠤᠯᠳᠠᠯᠭ᠎ᠠ ᠲᠠᠢ ᠰᠢᠪᠳᠤᠯᠬᠤ | ᠪᠤᠯᠤᠨ ᠪᠦᠬᠦᠯᠢ ᠴᠤᠭᠴᠠ ᠪᠠᠷ ᠨᠢ ᠠᠬᠢᠭᠤᠯᠬᠤ ᠶᠢ ᠨᠢᠬᠳᠠ ᠤᠶᠠᠯᠳᠤᠭᠤᠯᠬᠤ ᠶᠢ ᠪᠠᠷᠢᠮᠳᠠᠯᠠᠵᠦ᠂ ᠭᠤᠤᠯᠳᠠᠯᠭ᠎ᠠ ᠲᠠᠢ | ᠭᠠᠵᠠᠷ ᠤᠷᠤᠨ᠂ ᠭᠤᠤᠯᠳᠠᠯᠭ᠎ᠠ ᠲᠠᠢ ᠬᠦᠷᠢᠶ᠎ᠠ ᠬᠡᠪᠴᠢᠶᠡᠨ ᠳᠠᠬᠢ ᠲᠤᠪᠤᠶᠢᠮ᠎ᠠ ᠠᠰᠠᠭᠤᠳᠠᠯ ᠢ ᠬᠦᠴᠦᠯᠠᠨ | ᠰᠢᠢᠳᠪᠤᠷᠢᠯᠡᠵᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠠᠵᠤ ᠠᠬᠤᠢ ᠶᠢᠨ ᠪᠦᠳᠦᠭᠡᠨ | ᠪᠠᠶᠢᠭᠤᠯᠤᠯᠳᠠ᠂ ᠤᠯᠤᠰ ᠲᠦᠷᠦ ᠶᠢᠨ ᠪᠠᠶᠢᠭᠤᠯᠤᠯᠳᠠ᠂ ᠰᠤᠶᠤᠯ ᠤᠨ ᠪᠠᠶᠢᠭᠤᠯᠤᠯᠳᠠ᠂ ᠨᠠᠶᠢᠭᠡᠮ ᠤᠨ | ᠪᠠᠶᠢᠭᠤᠯᠤᠯᠳᠠ ᠶᠢᠨ ᠡᠯ᠎ᠠ ᠲᠠᠯ᠎ᠠ ᠪᠤᠯᠤᠨ ᠪᠦᠬᠦ ᠶᠠᠪᠤᠴᠠ ᠳᠤ ᠠᠭᠤᠰᠤᠯᠴᠠᠭᠤᠯᠬᠤ ᠬᠡᠷᠡᠭᠳᠡᠢ︔ ᠦᠵᠦ ᠲᠦᠯᠦᠪᠯᠡᠭᠡ | ᠪᠤᠯᠤᠨ ᠦᠨᠳᠦᠰᠤᠨ ᠱᠠᠳᠤᠨ ᠤ ᠬᠠᠶᠢᠨ ᠰᠦᠪᠡᠭᠴᠢᠯᠠᠯᠳᠠ ᠬᠢᠵᠦ ᠰᠢᠨ᠎ᠠ ᠶᠢ ᠡᠭᠦᠳᠬᠦ ᠶᠢ ᠨᠢᠬᠳᠠ | ᠤᠶᠠᠯᠳᠤᠭᠤᠯᠬᠤ ᠶᠢ ᠪᠠᠷᠢᠮᠳᠠᠯᠠᠵᠦ᠂ ᠡᠯ᠎ᠠ ᠱᠠᠳᠤᠨ ᠤ ᠵᠠᠰᠠᠭ ᠤᠨ ᠤᠷᠳᠤᠨ ᠪᠤᠯᠤᠨ ᠦᠨᠳᠦᠰᠦᠨ ᠱᠠᠳᠤᠨ ᠤ ᠺᠠᠳ᠋ᠷ | ᠤᠯᠠᠨ ᠲᠦᠮᠠᠨ ᠤ ᠢᠳᠠᠪᠬᠢ ᠴᠢᠨᠠᠷ᠂ ᠪᠦᠳᠦᠭᠡᠯᠴᠢ ᠴᠢᠨᠠᠷ ᠢ ᠲᠠᠶᠢᠴᠢᠯᠠᠨ ᠪᠠᠳᠠᠷᠠᠭᠤᠯᠬᠤ ᠬᠡᠷᠡᠭᠳᠡᠢ︔ ᠵᠠᠰᠠᠭ ᠤᠨ | ᠤᠷᠳᠤᠨ ᠤ ᠠᠬᠢᠭᠤᠯᠤᠯ ᠪᠤᠯᠤᠨ ᠨᠠᠶᠢᠭᠡᠮ ᠤᠨ ᠤᠷᠤᠯᠴᠠᠯᠭ᠎ᠠ ᠶᠢ ᠨᠢᠬᠳᠠ ᠤᠶᠠᠯᠳᠤᠭᠤᠯᠬᠤ ᠶᠢ ᠪᠠᠷᠢᠮᠳᠠᠯᠠᠵᠦ᠂ ᠠᠮᠢ | ᠠᠬᠤᠢ ᠶᠢᠨ ᠪᠤᠯᠪᠠᠰᠤᠨ ᠤ ᠤᠬᠠᠭᠤᠯᠭ᠎ᠠ ᠭᠦᠮᠦᠵᠢᠯ ᠢ ᠴᠢᠩᠭᠠᠳᠬᠠᠵᠦ᠂ ᠠᠷᠠᠳ ᠢᠷᠭᠡᠳ ᠤᠨ ᠬᠡᠪ ᠪᠤᠯᠪᠠᠰᠤᠷᠠᠯ ᠢ | ᠲᠡᠭᠡᠭᠰᠢᠯᠡᠬᠦᠯᠵᠦ᠂ ᠨᠠᠶᠢᠭᠡᠮ ᠲᠠᠶᠠᠭᠠᠷ ᠲᠤ ᠬᠦᠮᠦᠨ ᠬᠢᠬᠡᠳ ᠪᠠᠶᠢᠭᠠᠯᠢ ᠡᠶ᠎ᠡ ᠨᠠᠶᠢᠷᠠᠮᠳᠠᠭᠤ ᠬᠠᠮᠳᠤᠪᠠᠷ ᠤᠷᠤᠰᠢᠬᠤ | ᠰᠠᠶᠢᠨ ᠰᠠᠶᠢᠬᠠᠨ ᠬᠡᠪ ᠰᠤᠷᠳᠠᠯ ᠢ ᠪᠤᠢ ᠪᠤᠯᠭᠠᠵᠦ᠂ ᠪᠦᠬᠦ ᠤᠷᠤᠨ ᠤ ᠡᠯ᠎ᠠ ᠦᠨᠳᠦᠰᠦᠳᠠᠨ ᠤ ᠠᠷᠠᠳ ᠲᠦᠮᠠᠨ ᠢ | ᠦᠵᠡᠰᠬᠦᠯᠡᠩᠳᠤ ᠰᠠᠶᠢᠬᠠᠨ ᠦᠪᠤᠷ ᠮᠤᠩᠭᠤᠯ ᠤᠨ ᠪᠦᠳᠦᠭᠡᠨ ᠪᠠᠶᠢᠭᠤᠯᠤᠯᠳᠠ ᠳᠤ ᠢᠳᠠᠪᠬᠢᠳᠠᠢ ᠤᠷᠤᠯᠴᠠᠭᠤᠯᠬᠤ ᠪᠠᠷ | ᠬᠦᠳᠦᠯᠦᠨ ᠲᠠᠭᠠᠭᠤᠯᠬᠤ ᠬᠡᠷᠡᠭᠳᠡᠢ᠃ | ︵ᠭᠤᠷᠪᠠ︶ ᠶᠠᠷᠦᠩᠭᠡᠢ ᠬᠠᠷᠠᠯᠳᠠ᠃ 2020 ᠣᠨ ᠪᠤᠯᠳᠠᠯ᠎ᠠ ᠪᠦᠬᠦ ᠤᠷᠤᠨ ᠤ ᠤᠢ ᠰᠢᠭᠤᠢ ᠶᠢᠨ | ᠪᠦᠷᠬᠦᠴᠠ ᠶᠢᠨ ᠨᠤᠷᠮ᠎ᠠ ᠶᠢ 23% ᠳᠤ ᠬᠦᠷᠭᠡᠵᠦ᠂ ᠨᠤᠳᠤᠭ ᠪᠠᠯᠴᠢᠭᠡᠷ ᠤᠨ ᠶᠠᠷᠦᠩᠭᠡᠶᠢᠯᠡᠭᠰᠡᠨ ᠤᠷᠭᠤᠮᠠᠯ ᠤᠨ | ᠪᠦᠷᠬᠦᠴᠠ ᠶᠢᠨ ᠨᠤᠷᠮ᠎ᠠ ᠶᠢ 46% ᠠᠴᠠ ᠲᠡᠭᠡᠭᠰᠢ ᠪᠤᠯᠭᠠᠨ ᠲᠡᠭᠡᠭᠰᠢᠯᠡᠬᠦᠯᠵᠦ᠂ ᠨᠤᠭᠤ ᠭᠠᠵᠠᠷ ᠤᠨ ᠲᠠᠯᠠᠪᠠᠢ ᠶᠢ | 9000 ᠲᠦᠮᠠᠨ ᠮᠤ᠋ ᠠᠴᠠ ᠲᠡᠭᠡᠭᠰᠢ ᠪᠠᠶᠢᠯᠭᠠᠵᠦ᠂ ᠤᠢ ᠰᠢᠭᠤᠢ᠂ ᠨᠤᠳᠤᠭ ᠪᠠᠯᠴᠢᠭᠡᠷ᠂ ᠨᠤᠭᠤ ᠭᠠᠵᠠᠷ᠂ ᠭᠤᠤᠯ | ᠤᠷᠤᠰᠬᠠᠯ᠂ ᠡᠯᠡᠰᠤ ᠮᠠᠩᠬ᠎ᠠ᠂ ᠲᠠᠷᠢᠶᠠᠨ ᠭᠠᠵᠠᠷ ᠵᠡᠷᠭᠡ ᠵᠢᠷᠭᠤᠭᠠᠨ ᠶᠡᠭᠡ ᠠᠮᠢ ᠠᠬᠤᠢ ᠶᠢᠨ ᠰᠢᠰᠲ᠋ᠧᠮ ᠢ | ᠲᠤᠭᠳᠠᠭᠤᠨ ᠪᠠᠶᠢᠯᠭᠠᠵᠦ᠂ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢᠨ ᠨᠡᠭᠡᠭᠡᠨ ᠭᠦᠭᠵᠢᠬᠦᠯᠬᠦ ᠡᠷᠴᠢᠮ ᠢ 1. | 6% ᠲᠤᠳᠤᠷ᠎ᠠ ᠬᠢᠵᠠᠭᠠᠷᠯᠠᠵᠦ᠂ ᠭᠤᠤᠯ ᠴᠤᠭᠴᠠ ᠶᠢᠨ ᠦᠢᠯᠡᠳᠤᠯ ᠴᠢᠳᠠᠪᠬᠢᠳᠤ ᠤᠷᠤᠨ ᠤ ᠪᠠᠶᠢᠷᠢᠯᠠᠭᠤᠯᠤᠯᠳᠠ | ᠪᠤᠯᠤᠨ ᠮᠠᠨ ᠤ ᠤᠯᠤᠰ ᠤᠨ ᠤᠮᠠᠷᠠᠳᠤ ᠶᠢᠨ ᠠᠮᠢ ᠠᠬᠤᠢ ᠶᠢᠨ ᠴᠢᠬᠤᠯᠠ ᠬᠠᠯᠬᠠᠪᠴᠢ ᠶᠢᠨ ᠪᠤᠷᠤ ᠲᠦᠯᠦᠪ ᠢ | ᠦᠨᠳᠦᠰᠦᠨ ᠳᠡᠭᠡᠨ ᠭᠠᠷᠭᠠᠨ᠎ᠠ︔ ᠠᠵᠤ ᠦᠢᠯᠡᠰ ᠤᠨ ᠪᠦᠳᠦᠴᠠ ᠶᠢ ᠲᠤᠬᠢᠷᠠᠭᠤᠯᠬᠤ ᠪᠤᠯᠤᠨ ᠬᠡᠯᠪᠡᠷᠢ ᠪᠠᠨ | ᠬᠤᠪᠢᠷᠠᠭᠤᠯᠤᠨ ᠲᠠᠰ ᠲᠠᠪᠰᠢᠬᠦᠯᠬᠦ ᠲᠠᠯ᠎ᠠ ᠪᠠᠷ ᠴᠢᠬᠤᠯᠠ ᠶᠡᠭᠡ ᠰᠢᠪᠳᠤᠯᠤᠯᠳᠠ ᠶᠢ ᠪᠠᠶᠠᠯᠠᠬᠦᠯᠵᠤ᠂ ᠤᠯᠤᠰ ᠠᠴᠠ | ᠪᠠᠭᠤᠯᠭᠠᠭᠰᠠᠨ ᠡᠨᠧᠷᠬᠢ ᠠᠷᠪᠢᠯᠠᠨ ᠪᠤᠬᠢᠷᠳᠤᠯ ᠢ ᠪᠠᠭᠠᠰᠬᠠᠵᠤ ᠨᠡᠬᠦᠷᠡᠰᠦᠳᠦ᠋ᠷᠦᠭᠴᠢ ᠶᠢ ᠪᠠᠭᠠᠰᠬᠠᠬᠤ ᠬᠠᠷᠠᠯᠳᠠᠳᠤ | ᠡᠭᠦᠷᠭᠡ ᠶᠢ ᠪᠦᠬᠦ ᠲᠠᠯ᠎ᠠ ᠪᠠᠷ ᠪᠠᠶᠠᠯᠠᠬᠦᠯᠵᠦ᠂ ᠠᠭᠠᠷ ᠮᠠᠨᠳᠠᠯ ᠤᠷᠴᠢᠨ ᠲᠤᠭᠤᠷᠢᠨ ᠤ ᠶᠠᠰᠤ ᠴᠢᠨᠠᠷ ᠢ ᠢᠯᠠᠳᠳᠠ | ᠰᠠᠶᠢᠵᠢᠷᠠᠭᠤᠯᠤᠨ᠎ᠠ︔ ᠪᠦᠬᠦ ᠤᠷᠤᠨ ᠤ ᠤᠰᠤ ᠬᠡᠷᠡᠭᠯᠡᠬᠦ ᠶᠠᠷᠦᠩᠭᠡᠢ ᠬᠡᠮᠵᠢᠶ᠎ᠠ ︵ᠬᠠᠷ᠎ᠠ ᠭᠤᠤᠯ ᠤᠨ ᠤᠰᠤᠨ ᠤ | ᠬᠡᠮᠵᠢᠶ᠎ᠠ ᠶᠢ ᠪᠠᠭᠳᠠᠭᠠᠬᠤ ᠦᠭᠡᠢ︶ ᠶᠢ 211.57 ᠳ᠋ᠦᠡᠭᠰᠢᠭᠤᠷ ᠪᠤᠰᠤᠭ᠎ᠠ ᠲᠦᠷᠪᠠᠯᠵᠢᠨ ᠮᠧᠲᠷ ᠲᠤᠳᠤᠷ᠎ᠠ | ᠬᠢᠵᠠᠭᠠᠷᠯᠠᠵᠦ᠂ ᠲᠦᠮᠠᠨ ᠲᠦᠭᠦᠷᠢᠭ ᠤᠨ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠢ ᠪᠠᠶᠠᠯᠠᠬᠦᠯᠬᠦ ᠳᠤ ᠬᠡᠷᠡᠭᠯᠡᠬᠦ | ᠤᠰᠤᠨ ᠤ ᠬᠡᠮᠵᠢᠶ᠎ᠠ ᠶᠢ ᠦᠷᠬᠦᠯᠵᠢᠯᠠᠨ ᠪᠠᠭᠠᠰᠬᠠᠵᠦ᠂ ᠲᠠᠷᠢᠶᠠᠯᠠᠩ ᠤᠨ ᠤᠰᠤᠯᠠᠯᠳᠠ ᠳᠤ ᠬᠡᠷᠡᠭᠯᠡᠬᠦ ᠤᠰᠤᠨ ᠤ | ᠠᠰᠢᠬᠯᠠᠮᠵᠢ ᠶᠢᠨ ᠵᠢᠭᠠᠯᠳᠠ ᠲᠤᠭ᠎ᠠ ᠶᠢ 0.55 ᠠᠴᠠ ᠲᠡᠭᠡᠭᠰᠢ ᠪᠤᠯᠳᠠᠯ᠎ᠠ ᠲᠡᠭᠡᠭᠰᠢᠯᠡᠬᠦᠯᠵᠦ᠂ ᠭᠤᠤᠯ ᠪᠤᠯᠬᠤ ᠭᠤᠤᠯ | ᠮᠦᠷᠡᠨ ᠨᠠᠭᠤᠷ ᠴᠦᠬᠦᠷᠦᠮ ᠤᠨ ᠤᠰᠤᠨ ᠤ ᠦᠢᠯᠡᠳᠤᠯ ᠴᠢᠳᠠᠪᠬᠢᠳᠤ ᠤᠷᠤᠨ ᠤ ᠤᠰᠤᠨ ᠤ ᠴᠢᠨᠠᠷ ᠤᠨ | ᠪᠠᠷᠢᠮᠵᠢᠶ᠎ᠠ ᠳᠤ ᠬᠦᠷᠬᠦ ᠨᠤᠷᠮ᠎ᠠ ᠶᠢ 71% ᠠᠴᠠ ᠲᠡᠭᠡᠭᠰᠢ ᠪᠠᠶᠢᠯᠭᠠᠨ᠎ᠠ︔ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠠ ᠶᠢᠨ ᠲᠦᠷᠢᠮ ᠲᠤᠭᠳᠠᠴᠠ ᠶᠢ ᠨᠠᠩ ᠪᠦᠷᠢᠨᠰᠢᠬᠦᠯᠵᠦ᠂ ᠡᠬᠢ ᠰᠤᠷᠪᠤᠯᠵᠢ ᠠᠴᠠ ᠨᠢ ᠰᠠᠷᠭᠡᠶᠢᠯᠡᠬᠦ᠂ | ᠲᠤᠮᠳᠠᠬᠢ ᠶᠠᠪᠤᠴᠠ ᠳᠤ ᠬᠢᠵᠠᠭᠠᠷᠯᠠᠬᠤ᠂ ᠡᠪᠳᠡᠵᠦ ᠰᠦᠢᠳᠭᠡᠪᠡᠯ ᠨᠦᠬᠦᠵᠤ ᠲᠦᠯᠦᠪᠤᠷᠢᠯᠡᠬᠦ᠂ ᠬᠠᠷᠢᠭᠤᠴᠠᠯᠭ᠎ᠠ | ᠨᠡᠭᠡᠮᠵᠢᠯᠡᠬᠦ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠲᠤᠭᠳᠠᠯᠴᠠᠭ᠎ᠠ ᠶᠢ ᠦᠨᠳᠦᠰᠤᠨ ᠳᠡᠭᠡᠨ ᠪᠠᠶᠢᠭᠤᠯᠤᠨ᠎ᠠ︔ | ᠪᠤᠬᠢᠷᠳᠤᠯ ᠦᠭᠡᠢ ᠭᠦᠭᠵᠢᠯᠳᠠ ᠶᠢᠨ ᠤᠢᠢᠯᠠᠭᠠᠬᠳᠠᠬᠤᠨ ᠢ ᠬᠦᠮᠦᠰ ᠤᠨ ᠰᠡᠳᠬᠢᠯ ᠳᠤ ᠬᠦᠨ ᠬᠠᠳᠠᠩᠰᠢᠭᠤᠯᠵᠤ᠂ | ᠪᠦᠬᠦ ᠠᠷᠠᠳ ᠤᠨ ᠠᠮᠢ ᠠᠬᠤᠢ ᠶᠢᠨ ᠪᠤᠯᠪᠠᠰᠤᠨ ᠤ ᠤᠬᠠᠮᠰᠠᠷ ᠢ ᠶᠡᠭᠡᠪᠡᠷ ᠲᠡᠭᠡᠭᠰᠢᠯᠡᠬᠦᠯᠵᠦ᠂ ᠦᠢᠯᠡᠳᠪᠤᠷᠢᠯᠠᠯ ᠤᠨ | ᠠᠷᠭ᠎ᠠ ᠬᠡᠯᠪᠡᠷᠢ ᠪᠤᠯᠤᠨ ᠠᠮᠢᠳᠤᠷᠠᠯ ᠤᠨ ᠠᠷᠭ᠎ᠠ ᠬᠡᠯᠪᠡᠷᠢ ᠶᠢᠨ ᠪᠤᠬᠢᠷᠳᠤᠯ ᠦᠭᠡᠢ᠂ ᠪᠠᠭ᠎ᠠ ᠨᠡᠬᠦᠷᠠᠰᠦᠳᠦ᠋ᠷᠦᠭᠴᠢᠳᠦ | ᠲᠦᠪᠰᠢᠨ ᠢ ᠨᠠᠯᠢᠶᠠᠳ ᠲᠡᠭᠡᠭᠰᠢᠯᠡᠬᠦᠯᠵᠦ᠂ ᠦᠢᠯᠡᠳᠪᠤᠷᠢᠯᠡᠯ ᠤᠨ ᠤᠷᠤᠨ ᠵᠠᠢ ᠲᠦᠪᠯᠡᠷᠡᠵᠤ ᠡᠷᠴᠢᠮᠵᠢᠭᠰᠡᠨ᠂ | ᠠᠮᠢᠳᠤᠷᠠᠯ ᠤᠨ ᠤᠷᠤᠨ ᠵᠠᠢ ᠰᠠᠭᠤᠷᠢᠰᠢᠬᠤ ᠳᠤ ᠲᠤᠬᠢᠷᠠᠮᠵᠢᠳᠠᠢ᠂ ᠠᠮᠢ ᠠᠬᠤᠢ ᠶᠢᠨ ᠤᠷᠤᠨ ᠵᠠᠢ ᠠᠭᠤᠯᠠᠰ ᠨᠢ | ᠬᠦᠭᠡᠮᠳᠦᠭ ᠤᠰᠤ ᠨᠢ ᠴᠡᠩᠭᠡᠭ ᠪᠠᠶᠢᠬᠤ ᠶᠢ ᠪᠠᠶᠠᠯᠠᠬᠦᠯᠵᠦ᠂ ᠠᠭᠤᠯᠠ ᠲᠠᠢ ᠤᠰᠤ ᠲᠠᠢ᠂ ᠨᠤᠳᠤᠭ ᠤᠨ | ᠮᠦᠷᠦᠬᠡᠳᠤᠯ ᠲᠠᠢ ᠪᠠᠶᠢᠳᠠᠭ ᠠᠷᠠᠳ ᠤᠯᠠᠨ ᠤ ᠤᠶᠤᠨ ᠰᠠᠨᠠᠭᠠᠨ ᠤ ᠬᠡᠷᠡᠭᠴᠡᠭᠡ ᠶᠢ ᠨᠠᠩ ᠰᠠᠶᠢᠨ ᠬᠠᠨᠭ᠍ᠭᠠᠬᠤ ᠪᠠᠷ | ᠴᠢᠷᠮᠠᠶᠢᠨ᠎ᠠ᠃ | ᠬᠤᠶᠠᠷ᠂ ᠭᠤᠤᠯ ᠴᠤᠭᠴᠠ ᠶᠢᠨ ᠦᠢᠯᠡᠳᠤᠯ ᠴᠢᠳᠠᠪᠬᠢᠳᠤ ᠤᠷᠤᠨ ᠤ ᠪᠦᠳᠦᠭᠡᠨ ᠪᠠᠶᠢᠭᠤᠯᠤᠯᠳᠠ ᠶᠢ | ᠲᠦᠷᠭᠡᠳᠭᠡᠨ ᠠᠬᠢᠭᠤᠯᠤᠨ᠎ᠠ | ᠭᠤᠤᠯ ᠴᠤᠭᠴᠠ ᠶᠢᠨ ᠦᠢᠯᠡᠳᠤᠯ ᠴᠢᠳᠠᠪᠬᠢ ᠶᠢᠨ ᠪᠠᠶᠢᠷᠢ ᠲᠤᠭᠳᠠᠭᠠᠯᠳᠠ ᠶᠤᠰᠤᠭᠠᠷ ᠨᠡᠭᠡᠭᠡᠨ ᠠᠰᠢᠬᠯᠠᠬᠤ | ᠡᠷᠴᠢᠮ ᠢ ᠬᠢᠵᠠᠭᠠᠷᠯᠠᠵᠦ᠂ ᠪᠠᠶᠢᠭᠠᠯᠢ ᠶᠢ ᠬᠡᠮᠵᠢᠶ᠎ᠠ ᠲᠠᠢ ᠡᠮᠬᠢ ᠵᠢᠷᠤᠮ ᠲᠠᠢ ᠠᠰᠢᠬᠯᠠᠵᠦ᠂ ᠤᠷᠤᠨ ᠵᠠᠢ ᠶᠢᠨ | ᠲᠦᠯᠦᠪᠵᠢᠬᠦᠯᠭᠡ ᠪᠠᠷ ᠰᠠᠭᠤᠷᠢ ᠪᠤᠯᠭᠠᠵᠦ᠂ ᠬᠡᠷᠡᠭᠴᠡᠭᠡ ᠶᠢ ᠬᠠᠮᠢᠶᠠᠷᠴᠤ ᠬᠢᠵᠠᠭᠠᠷᠯᠠᠬᠤ ᠪᠠᠷ ᠭᠤᠤᠯ ᠠᠷᠭ᠎ᠠ ᠪᠠᠨ | ᠪᠤᠯᠭᠠᠭᠰᠠᠨ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢ ᠨᠠᠭᠡᠭᠡᠨ ᠠᠰᠢᠬᠯᠠᠵᠦ ᠬᠠᠮᠠᠭᠠᠯᠠᠬᠤ ᠲᠦᠷᠢᠮ ᠢ | ᠪᠠᠶᠢᠭᠤᠯᠵᠤ᠂ ᠦᠢᠯᠡᠳᠪᠤᠷᠢᠯᠡᠯ ᠤᠨ ᠤᠷᠤᠨ ᠵᠠᠢ᠂ ᠠᠮᠢᠳᠤᠷᠠᠯ ᠤᠨ ᠤᠷᠤᠨ ᠵᠠᠢ ᠪᠤᠯᠤᠨ ᠠᠮᠢ ᠠᠬᠤᠢ ᠶᠢᠨ ᠤᠷᠤᠨ | ᠵᠠᠢ ᠶᠢ ᠵᠦᠢ ᠵᠤᠬᠢᠰᠳᠠᠢ ᠪᠠᠶᠢᠷᠢᠯᠠᠭᠤᠯᠬᠤ ᠪᠠ ᠴᠡᠭᠴᠡᠯᠡᠨ ᠵᠠᠰᠠᠨ᠎ᠠ᠃ | ︵ᠨᠢᠭᠡ︶ ᠭᠤᠤᠯ ᠴᠤᠭᠴᠠ ᠶᠢᠨ ᠦᠢᠯᠡᠳᠤᠯ ᠴᠢᠳᠠᠪᠬᠢᠳᠤ ᠤᠷᠤᠨ ᠤ ᠲᠦᠯᠦᠪᠵᠢᠬᠦᠯᠭᠡ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠤ ᠭᠤᠤᠯ | ᠴᠤᠬᠴᠠ ᠶᠢᠨ ᠦᠢᠯᠡᠳᠦᠯ ᠴᠢᠳᠠᠪᠬᠢ ᠶᠢᠨ ᠪᠠᠶᠢᠷᠢ ᠲᠤᠬᠳᠠᠭᠠᠯᠳᠠ ᠶᠢ ᠠᠬᠢᠭᠤᠯᠵᠤ᠂ ︽ᠵᠠᠮ ᠱᠤᠭᠤᠮ ᠳᠠᠭᠠᠤ᠂ | ᠭᠤᠤᠯ ᠮᠦᠷᠡᠨ ᠳᠠᠭᠠᠤ︾ ᠪᠠᠷ ᠭᠤᠤᠯ ᠪᠤᠯᠭᠠᠬᠰᠡᠨ ᠬᠤᠳᠠᠴᠢᠯᠠᠯᠳᠠ ᠪᠠ ᠠᠵᠤ ᠦᠢᠯᠡᠳᠪᠦᠷᠢᠵᠢᠯᠳᠠ ᠶᠢᠨ | ᠬᠦᠭᠵᠢᠯᠳᠠ ᠶᠢᠨ ᠪᠠᠶᠢᠷᠢᠯᠠᠭᠤᠯᠤᠯᠳᠠ ᠶᠢ ᠪᠦᠷᠢᠯᠳᠦᠭᠦᠯᠵᠤ᠂ ᠭᠤᠤᠯ ᠪᠤᠯᠬᠤ ᠬᠤᠳᠠ᠂ ᠭᠤᠤᠯᠳᠠᠯᠭ᠎ᠠ ᠲᠠᠢ ᠤᠷᠤᠨ | ᠲᠤᠭᠤᠷᠢᠭ ᠲᠤ ᠶᠡᠭᠡᠨᠭᠭᠢ ᠲᠤᠭᠠᠨ ᠤ ᠬᠦᠮᠦᠨ ᠠᠮᠠ ᠪᠠ ᠠᠵᠤ ᠠᠬᠤᠢ ᠶᠢᠨ ᠶᠡᠷᠦᠩᠭᠡᠢ ᠭᠡᠮᠵᠢᠶ᠎ᠠ ᠶᠢ ᠲᠦᠪᠯᠡᠷᠡᠭᠦᠯᠤᠨ | ᠂ ᠡᠷᠬᠢᠯᠳᠡᠳᠤ ᠠᠵᠤ ᠠᠬᠤᠢ ᠪᠠ ᠪᠤᠬᠢᠷᠳᠤᠯ ᠦᠭᠡᠢ ᠬᠤᠳᠠ ᠶᠢ ᠪᠦᠭᠦ ᠬᠦᠴᠤ ᠪᠠᠷ ᠬᠦᠭᠵᠢᠭᠦᠯᠵᠤ᠂ ᠠᠵᠤ | ᠦᠢᠯᠡᠳᠪᠦᠷᠢ ᠪᠠ ᠠᠮᠢᠳᠤᠷᠠᠯ ᠤᠨ ᠪᠤᠬᠢᠷᠳᠤᠯ ᠤᠨ ᠭᠠᠳᠠᠬᠰᠢᠯᠠᠭᠤᠯᠤᠯᠳᠠ ᠶᠢ ᠪᠦᠳᠦᠮᠵᠢᠳᠠᠢ ᠬᠤᠷᠢᠬᠯᠠᠵᠤ᠂ | ᠪᠤᠬᠢᠷᠳᠤᠯ ᠦᠭᠡᠢ᠂ ᠨᠡᠭᠦᠷᠡᠰᠦᠳᠦ᠋ᠷᠦᠭᠴᠢ ᠪᠠᠭ᠎ᠠ ᠦᠢᠯᠡᠳᠪᠦᠷᠢᠯᠡᠯ ᠠᠮᠢᠳᠤᠷᠠᠯ ᠤᠨ ᠬᠦᠭᠵᠢᠯᠳᠠ ᠶᠢᠨ ᠠᠷᠭ᠎ᠠ | ᠬᠡᠯᠪᠡᠷᠢ ᠶᠢ ᠴᠢᠷᠮᠠᠶᠢᠨ ᠪᠤᠢ ᠪᠤᠯᠭᠠᠨ᠎ᠠ᠃ ᠪᠤᠷᠤᠳᠤᠬᠤᠢ — ᠲᠦᠮᠡᠳ ᠤᠨ ᠲᠠᠯ᠎ᠠ ᠶᠢᠨ ᠲᠠᠷᠢᠶᠠᠯᠠᠩ ᠤᠨ ᠭᠤᠤᠯ | ᠭᠠᠷᠤᠯᠳᠠ ᠶᠢᠨ ᠤᠷᠤᠨ᠂ ᠪᠠᠷᠠᠭᠤᠨ ᠯᠢᠶᠤᠤ ᠾᠧ ᠭᠤᠤᠯ ᠤᠨ ᠲᠠᠯ᠎ᠠ ᠭᠠᠵᠠᠷ ᠤᠨ ᠲᠠᠷᠢᠶᠠᠯᠠᠩ ᠤᠨ ᠭᠤᠤᠯ | ᠭᠠᠷᠤᠯᠳᠠ ᠶᠢᠨ ᠤᠷᠤᠨ᠂ ᠶᠡᠭᠡ ᠬᠢᠨᠭ᠍ᠭᠠᠨ ᠳᠠᠪᠠᠭ᠎ᠠ ᠳᠠᠭᠠᠤ ᠶᠢᠨ ᠲᠠᠷᠢᠶᠠᠯᠠᠩ ᠤᠨ ᠠᠵᠤ ᠦᠢᠯᠡᠰ ᠤᠨ ᠪᠦᠰᠠ᠂ | ᠬᠦᠯᠦᠨ ᠪᠤᠶᠢᠷ — ᠰᠢᠯᠢ ᠶᠢᠨ ᠭᠤᠤᠯ ᠤᠨ ᠲᠠᠯ᠎ᠠ ᠨᠤᠳᠤᠭ ᠤᠨ ᠪᠡᠯᠴᠢᠭᠡᠷ ᠤᠨ ᠮᠠᠯ ᠠᠵᠤ ᠠᠬᠤᠢ ᠶᠢᠨ ᠠᠵᠤ | ᠦᠢᠯᠡᠰ ᠤᠨ ᠪᠦᠰᠠ ᠪᠠᠷ ᠭᠤᠤᠯ ᠴᠤᠬᠴᠠ ᠪᠤᠯᠭᠠᠵᠤ᠂ ᠪᠤᠰᠤᠳ ᠮᠠᠯ ᠠᠵᠤ ᠠᠬᠤᠢ ᠲᠡᠷᠢᠶᠠᠯᠠᠩ ᠢ | ᠬᠦᠭᠵᠢᠭᠦᠯᠭᠦ ᠳᠤ ᠲᠤᠬᠢᠷᠠᠮᠵᠢᠳᠠᠢ ᠭᠠᠵᠠᠷ ᠤᠷᠤᠨ ᠢᠶᠠᠷ ᠴᠢᠬᠤᠯᠠ ᠪᠦᠷᠢᠯᠳᠦᠭᠦᠨ ᠬᠡᠰᠡᠭ ᠪᠤᠯᠭᠠᠭᠰᠡᠨ ᠮᠠᠯ ᠠᠵᠤ | ᠠᠬᠤᠢ ᠲᠡᠷᠢᠶᠠᠯᠠᠩ ᠤᠨ ᠬᠦᠭᠵᠢᠯᠳᠠ ᠶᠢᠨ ᠤᠷᠤᠨ ᠵᠠᠢ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢᠨ | ᠪᠦᠷᠢᠯᠳᠦᠯ ᠢ ᠠᠬᠢᠭᠤᠯᠵᠤ᠂ ᠪᠦᠭᠦ ᠤᠷᠤᠨ ᠤ ᠨᠡᠯᠢᠶᠠᠳ ᠶᠡᠭᠡ ᠬᠡᠪᠴᠢᠶᠠᠨ ᠤ ᠲᠠᠷᠢᠶᠠᠨ ᠭᠠᠵᠠᠷ ᠤᠨ ᠶᠠᠰᠤ ᠴᠢᠨᠠᠷ | ᠰᠠᠶᠢᠨ ᠪᠠᠶᠢᠬᠤ ᠶᠢ ᠬᠠᠮᠠᠭᠠᠯᠠᠵᠤ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠪᠠᠳᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠵᠤ᠂ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠢ | ᠡᠳ᠋ᠰᠢᠭᠦᠯᠵᠤ ᠪᠤᠯᠪᠠᠰᠤᠷᠠᠭᠤᠯᠤᠨ ᠭᠠᠳᠠᠬᠰᠢ ᠭᠠᠷᠭᠠᠬᠤ ᠰᠠᠭᠤᠷᠢᠨ ᠢ ᠪᠦᠳᠦᠭᠡᠨ ᠪᠠᠶᠢᠭᠤᠯᠤᠨ᠎ᠠ᠃ ᠭᠤᠤᠯᠳᠠᠯᠭ᠎ᠠ ᠲᠠᠢ | ᠠᠮᠢ ᠠᠬᠤᠢ ᠶᠢᠨ ᠦᠢᠯᠡᠳᠦᠯ ᠴᠢᠳᠠᠪᠬᠢ ᠶᠢᠨ ᠤᠷᠤᠨ ᠲᠤᠭᠤᠷᠢᠭ ᠲᠤ ᠬᠠᠮᠭᠠᠯᠠᠬᠤ ᠶᠢ ᠲᠡᠷᠢᠭᠦᠨ ᠳᠤ ᠲᠠᠯᠪᠢᠬᠤ ᠪᠠ | ᠠᠶᠠᠨᠳᠠᠭᠠᠨ ᠰᠡᠷᠭᠦᠨ ᠰᠠᠶᠢᠵᠢᠷᠠᠬᠤ ᠪᠠᠷ ᠭᠤᠤᠯ ᠪᠤᠯᠭᠠᠬᠤ ᠶᠢ ᠪᠠᠷᠢᠮᠳᠠᠯᠠᠵᠤ᠂ ᠠᠮᠢ ᠠᠬᠤᠢ ᠶᠢᠨ ᠬᠠᠮᠠᠭᠠᠯᠠᠯᠳᠠ ᠶᠢᠨ | ᠤᠷᠳᠤ ᠬᠤᠭᠤᠴᠠᠭᠠᠨ ᠤ ᠲᠤᠬᠳᠠᠴᠠ ᠶᠢ ᠪᠠᠶᠢᠭᠤᠯᠤᠨ᠎ᠠ᠃ ᠤᠢ ᠰᠢᠭᠤᠢ᠂ ᠲᠠᠯ᠎ᠠ ᠨᠤᠳᠤᠭ᠂ ᠨᠤᠭᠤ ᠭᠠᠵᠠᠷ ᠤᠨ | ᠬᠠᠮᠠᠭᠠᠯᠠᠯᠳᠠ ᠪᠠᠨ ᠴᠢᠩᠭᠠᠳᠬᠠᠵᠤ᠂ ᠴᠦᠯᠯᠡᠷᠭᠡᠭ ᠭᠠᠵᠠᠷ᠂ ᠡᠯᠡᠰᠤ ᠮᠠᠩᠬ᠎ᠠ ᠪᠠ ᠤᠰᠤ ᠰᠢᠷᠤᠢ ᠤᠷᠤᠰᠤᠬᠳᠠᠨ | ᠢᠳᠡᠭᠳᠡᠭᠰᠡᠨ ᠲᠤᠭᠤᠷᠢᠭ ᠢ ᠶᠡᠷᠦᠩᠭᠡᠶᠢᠯᠡᠨ ᠵᠠᠰᠠᠬᠤ ᠪᠠᠨ ᠴᠢᠩᠭᠠᠳᠬᠠᠨ᠎ᠠ᠃ ᠰᠢᠭᠤᠢᠢᠳᠤ ᠤᠷᠤᠨ᠂ ᠠᠳᠠᠷ | ᠬᠠᠭᠠᠯᠪᠤᠷᠢᠯᠠᠯᠳᠠ ᠶᠢᠨ ᠤᠷᠤᠨ᠂ ᠠᠭᠤᠷᠬᠠᠢ ᠶᠢᠨ ᠤᠷᠤᠨ ᠪᠠ ᠠᠮᠢ ᠠᠬᠤᠢ ᠶᠢᠨ ᠤᠷᠴᠢᠨ ᠲᠤᠭᠤᠷᠢᠨ ᠬᠡᠪᠡᠷᠡᠭ | ᠤᠷᠤᠨ ᠤ ᠬᠦᠮᠦᠨ ᠠᠮᠠ ᠶᠢ ᠠᠯᠬᠤᠮ ᠲᠠᠷᠠᠭ᠎ᠠ ᠲᠠᠢ ᠪᠠᠷ ᠬᠤᠳᠠ ᠪᠠᠯᠭᠠᠰᠤ ᠳᠡᠰᠢ ᠰᠢᠯᠵᠢᠭᠦᠯᠭᠦ ᠶᠢ ᠬᠦᠳᠦᠯᠦᠨ | ᠵᠢᠯᠤᠭᠤᠳᠤᠨ᠎ᠠ᠃ ᠠᠵᠤ ᠦᠢᠯᠡᠰ ᠢ ᠤᠷᠤᠭᠤᠯᠤᠨ ᠠᠪᠴᠢᠷᠠᠬᠤ ᠨᠠᠵᠠᠭᠠᠢ ᠨᠦᠯᠦᠭᠡ ᠶᠢᠨ ᠲᠠᠩᠰᠠ ᠲᠡᠮᠳᠡᠭᠯᠡᠯ ᠬᠢᠵᠤ᠂ | ᠠᠵᠤ ᠦᠢᠯᠡᠰ ᠢ ᠤᠷᠤᠭᠤᠯᠤᠨ ᠠᠪᠴᠢᠷᠠᠬᠤ ᠪᠠ ᠤᠷᠴᠢᠨ ᠲᠤᠭᠤᠷᠢᠨ ᠢ ᠬᠠᠮᠠᠭᠠᠯᠠᠬᠤ ᠶᠢ ᠬᠢᠨᠡᠨ ᠵᠦᠪᠰᠢᠶᠡᠷᠡᠭᠦ ᠪᠠᠨ | ᠴᠢᠩᠭᠠᠳᠬᠠᠵᠤ᠂ ᠵᠤᠬᠢᠰᠳᠠᠢ ᠠᠵᠤ ᠦᠢᠯᠡᠰ ᠢ ᠰᠤᠩᠭᠤᠯᠳᠠ ᠲᠠᠢ ᠪᠠᠷ ᠬᠦᠭᠵᠢᠭᠦᠯᠵᠤ᠂ ᠠᠮᠢ ᠠᠬᠤᠢ ᠶᠢᠨ ᠤᠷᠤᠨ | ᠵᠠᠢ ᠶᠢ ᠨᠡᠩ ᠭᠤᠶᠤ ᠰᠠᠶᠢᠬᠠᠨ ᠪᠤᠯᠭᠠᠨ᠎ᠠ᠃ ᠪᠠᠶᠢᠭᠠᠯᠢ ᠶᠢᠨ ᠬᠠᠮᠭᠠᠯᠠᠯᠳᠠ ᠶᠢᠨ ᠤᠷᠤᠨ ᠳᠤ ᠠᠭᠤᠷᠬᠠᠢ ᠶᠢᠨ ᠡᠬᠢ | ᠪᠠᠶᠠᠯᠢᠭ ᠢ ᠨᠡᠭᠡᠭᠡᠨ ᠠᠰᠢᠬᠯᠠᠬᠤ ᠲᠦᠷᠦᠯ ᠵᠦᠢᠯ ᠢ ᠰᠢᠨ᠎ᠠ ᠪᠠᠷ ᠡᠬᠢᠯᠡᠭᠦᠯᠭᠦ ᠶᠢ ᠴᠠᠭᠠᠵᠠᠯᠠᠵᠤ᠂ ᠤᠳᠤ ᠶᠢᠨ ᠪᠠᠶᠢᠭ᠎ᠠ | ᠠᠭᠤᠷᠬᠠᠢ ᠬᠠᠶᠢᠬᠤ᠂ ᠠᠭᠤᠷᠬᠠᠢ ᠮᠠᠯᠳᠠᠬᠤ ᠠᠵᠢᠯᠯᠠᠭ᠎ᠠ ᠶᠢ ᠬᠤᠭᠤᠴᠠᠭ᠎ᠠ ᠲᠤᠬᠳᠠᠭᠠᠨ ᠬᠤᠷᠢᠬᠯᠡᠨ ᠵᠤᠬᠰᠤᠭᠠᠨ᠎ᠠ᠃ | 2020 ᠣᠨ ᠪᠤᠯᠬᠤ ᠳᠤ ᠦᠨᠳᠦᠰᠦᠨ ᠲᠠᠷᠢᠶᠠᠨ ᠭᠠᠵᠠᠷ ᠤᠨ ᠲᠠᠯᠠᠪᠠᠢ ᠶᠢ ᠪᠦᠬᠦ ᠲᠠᠷᠢᠶᠠᠨ ᠭᠠᠵᠠᠷ ᠤᠨ | ᠲᠠᠯᠠᠪᠠᠢ ᠶᠢᠨ 80% ᠠᠴᠠ ᠲᠤᠤᠷ᠎ᠠ ᠪᠤᠰᠤ ᠪᠠᠶᠢᠯᠭᠠᠵᠤ᠂ ᠰᠢᠭᠤᠢᠢᠳᠤ ᠭᠠᠵᠠᠷ ᠤᠨ ᠲᠠᠯᠠᠪᠠᠢ ᠶᠢ ᠨᠡᠮᠡᠭᠳᠡᠭᠦᠯᠦᠭᠡᠳ | 6.76 ᠳ᠋ᠦᠩᠰᠢᠭᠤᠷ ᠮᠥ ᠠᠴᠠ ᠳᠡᠭᠡᠭᠰᠢ ᠪᠤᠯᠭᠠᠨ᠎ᠠ᠃ ᠬᠦᠯᠦᠨ ᠪᠤᠶᠢᠷ ᠬᠤᠳᠠ᠂ ᠲᠦᠷᠪᠡᠳ ᠬᠤᠰᠢᠭᠤ ᠳᠤ | ᠤᠯᠤᠰ ᠤᠨ ᠭᠤᠤᠯ ᠴᠤᠭᠴᠠ ᠶᠢᠨ ᠦᠢᠯᠡᠳᠦᠯ ᠴᠢᠳᠠᠪᠬᠢᠳᠤ ᠤᠷᠤᠨ ᠤ ᠪᠦᠳᠦᠭᠡᠨ ᠪᠠᠶᠢᠭᠤᠯᠤᠯᠳᠠ ᠶᠢᠨ ᠵᠢᠱᠢᠶ᠎ᠠ | ᠦᠵᠡᠭᠦᠯᠭᠦ ᠴᠢᠬ ᠢ ᠪᠦᠳᠦᠭᠡᠨ ᠪᠠᠶᠢᠭᠤᠯᠬᠤ ᠪᠠ ᠵᠡᠭᠦᠨᠭᠠᠷ ᠬᠤᠰᠢᠭᠤ᠂ ᠬᠠᠨᠭ᠍ᠭᠢᠨ ᠬᠤᠶᠢᠳᠤ ᠬᠤᠰᠢᠭᠤ᠂ ᠵᠠᠯᠠᠨ | ᠠᠶᠢᠯ ᠬᠤᠳᠠ ᠳᠤ ︽ᠤᠯᠡᠨ ᠲᠦᠯᠦᠪᠵᠢᠭᠦᠯᠭᠡ ᠶᠢ ᠨᠢᠭᠡᠳᠭᠡᠭᠦ︾ ᠲᠤᠷᠰᠢᠯᠳᠠ ᠶᠢᠨ ᠴᠢᠬ ᠢ ᠬᠡᠷᠡᠭᠵᠢᠭᠦᠯᠭᠦ ᠶᠢ | ᠠᠬᠢᠭᠤᠯᠵᠤ᠂ ᠲᠤᠬᠢᠷᠠᠮᠵᠢᠳᠡᠢ ᠦᠶ᠎ᠠ ᠳᠤ ᠪᠦᠭᠦ ᠤᠷᠤᠨ ᠤ ᠭᠡᠪᠴᠢᠶᠠᠨ ᠳᠤ ᠲᠡᠯᠭᠡᠷᠡᠭᠦᠯᠦᠨ ᠲᠦᠭᠡᠭᠡᠮᠡᠯᠵᠢᠭᠦᠯᠵᠤ᠂ | ᠤᠷᠤᠨ ᠵᠠᠢ ᠶᠢᠨ ᠲᠦᠯᠦᠪᠵᠢᠭᠦᠯᠭᠡ ᠶᠢ ᠪᠦᠭᠦᠨ ᠢ ᠪᠦᠷᠭᠦᠭᠦᠯᠭᠦ ᠶᠢ ᠪᠡᠶᠡᠯᠡᠭᠦᠯᠦᠨ᠎ᠠ᠃ | ︵ᠬᠤᠶᠠᠷ︶ ᠮᠠᠯᠵᠢᠬᠤ ᠲᠠᠷᠢᠶᠠᠯᠠᠬᠤ ᠤᠷᠤᠨ ᠤ ᠤᠷᠴᠢᠨ ᠲᠤᠭᠤᠷᠢᠨ ᠤ ᠪᠦᠳᠦᠭᠡᠨ ᠪᠠᠶᠢᠭᠤᠯᠤᠯᠳᠠ ᠶᠢ | ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠤᠷᠤᠨ ᠳᠤ ︽ᠠᠷᠪᠠ ᠶᠢ ᠪᠦᠷᠭᠦᠭᠦᠯᠭᠦ ᠢᠨᠵᠧᠨᠧᠷᠢᠩ︾ ᠢ | ᠠᠬᠢᠭᠤᠯᠬᠤ ᠪᠠᠷ ᠶᠡᠷᠦᠩᠭᠡᠢ ᠠᠳᠬᠤᠴᠠ ᠪᠤᠯᠭᠠᠵᠤ᠂ ᠮᠠᠯᠵᠢᠬᠤ ᠲᠠᠷᠢᠶᠠᠯᠠᠬᠤ ᠤᠷᠤᠨ ᠤ ᠠᠮᠢ ᠠᠬᠤᠢ ᠶᠢᠨ | ᠪᠤᠯᠪᠠᠰᠤᠨ ᠤ ᠪᠠᠶᠢᠭᠤᠯᠤᠯᠳᠠ ᠶᠢ ᠬᠦᠨᠵᠡᠭᠡᠶᠢᠷᠡᠭᠦᠯᠦᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠰᠠᠭᠤᠷᠢ | ᠲᠦᠭᠦᠭᠡᠷᠦᠮᠵᠢ ᠪᠠ ᠤᠯᠡᠨ ᠨᠡᠶᠢᠳᠠ ᠶᠢᠨ ᠦᠢᠯᠡᠴᠢᠯᠡᠭᠡᠨ ᠤ ᠪᠡᠯᠡ ᠤᠷᠤᠭᠤᠯᠤᠯᠳᠠ ᠶᠢᠨ ᠤᠷᠳᠤ ᠬᠤᠭᠤᠴᠠᠭᠠᠨ ᠤ | ᠲᠤᠬᠳᠠᠴᠠ ᠶᠢ ᠲᠡᠭᠦᠯᠳᠡᠷᠵᠢᠭᠦᠯᠦᠨ᠂ ᠦᠨᠳᠦᠰᠦᠨ ᠤᠯᠡᠨ ᠨᠡᠶᠢᠳᠠ ᠶᠢᠨ ᠦᠢᠯᠡᠴᠢᠯᠡᠭᠡ ᠪᠠ ᠰᠠᠭᠤᠷᠢ | ᠲᠦᠭᠦᠭᠡᠷᠦᠮᠵᠢ ᠶᠢ ᠮᠠᠯᠵᠢᠬᠤ ᠲᠠᠷᠢᠶᠠᠯᠠᠬᠤ ᠤᠷᠤᠨ ᠳᠡᠰᠢ ᠦᠷᠭᠦᠯᠵᠢᠯᠡᠭᠦᠯᠬᠦ ᠶᠢ ᠠᠬᠢᠭᠤᠯᠵᠤ᠂ ᠮᠠᠯᠵᠢᠬᠤ | ᠲᠠᠷᠢᠶᠠᠯᠠᠬᠤ ᠤᠷᠤᠨ ᠪᠠ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ | ᠬᠤᠪᠢᠷᠠᠭᠤᠯᠤᠨ᠎ᠠ᠃ 2016 ᠣᠨ ᠪᠤᠯᠬᠤ ᠳᠤ ︽ᠠᠷᠪᠡ ᠶᠢ ᠪᠦᠷᠭᠦᠭᠦᠯᠭᠦ︾ ᠢᠨᠵᠧᠨᠧᠷᠢᠩ ᠤᠨ ᠪᠦᠳᠦᠭᠡᠨ | ᠪᠠᠶᠢᠭᠤᠯᠤᠯᠳᠠ ᠶᠢᠨ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠤ᠂ ᠮᠠᠯᠵᠢᠬᠤ ᠲᠠᠷᠢᠶᠠᠯᠠᠬᠤ ᠤᠷᠤᠨ ᠤ ᠲᠦᠷᠢ | ᠲᠦᠷᠭᠦ ᠪᠠ ᠮᠠᠯᠴᠢᠨ ᠲᠠᠷᠢᠶᠠᠴᠢᠨ ᠤ ᠠᠮᠢᠳᠤᠷᠠᠯ ᠤᠨ ᠶᠠᠰᠤ ᠴᠢᠨᠠᠷ ᠲᠤ ᠦᠨᠳᠦᠰᠦᠨ ᠴᠢᠨᠠᠷᠳᠠᠢ ᠬᠤᠪᠢᠷᠠᠯᠳᠠ | ᠭᠠᠷᠭᠠᠵᠤ᠂ ᠦᠨᠳᠦᠰᠦᠨ ᠤᠯᠡᠨ ᠨᠡᠶᠢᠳᠠ ᠶᠢᠨ ᠦᠢᠯᠡᠴᠢᠯᠡᠭᠡ ᠪᠠ ᠰᠠᠭᠤᠷᠢ ᠲᠦᠭᠦᠭᠡᠷᠦᠮᠵᠢ ᠶᠢᠨ ᠪᠦᠳᠦᠭᠡᠨ | ᠪᠠᠶᠢᠭᠤᠯᠤᠯᠳᠠ ᠶᠢᠨ ᠲᠦᠪᠰᠢᠨ ᠢ ᠮᠡᠳᠡᠭᠳᠡᠮ᠎ᠠ ᠲᠡᠭᠡᠭᠰᠢᠯᠡᠭᠦᠯᠦᠨ᠎ᠠ᠃ ᠭᠠᠴᠠᠭ᠎ᠠ ᠲᠤᠰᠬᠤᠨ ᠢ ᠨᠤᠭᠤᠭᠠᠷᠠᠭᠤᠯᠬᠤ ᠪᠠ | ᠠᠮᠢ ᠠᠬᠤᠢ ᠶᠢᠨ ᠤᠷᠴᠢᠨ ᠲᠤᠭᠤᠷᠢᠨ ᠢ ᠵᠠᠰᠠᠨ ᠰᠠᠶᠢᠵᠢᠷᠠᠭᠤᠯᠬᠤ ᠬᠦᠴᠦᠯᠡᠴᠠ ᠪᠠᠨ ᠨᠡᠮᠡᠭᠳᠡᠭᠦᠯᠵᠤ᠂ ᠪᠤᠬᠢᠷᠳᠤᠯ | ᠦᠭᠡᠢ ᠠᠮᠢ ᠠᠬᠤᠢ ᠪᠠᠷ ᠤᠳᠤᠷᠢᠳᠤᠮᠵᠢ ᠪᠤᠯᠭᠠᠬᠰᠡᠨ ᠮᠠᠯ ᠠᠵᠤ ᠠᠬᠤᠢ ᠲᠡᠷᠢᠶᠠᠯᠠᠩ ᠤᠨ ᠨᠦᠭᠦᠪᠦᠷᠢ ᠶᠢᠨ | ᠳᠦᠷᠢᠮ ᠢ ᠪᠠᠶᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠤᠯᠠᠨ ᠲᠠᠯ᠎ᠠ ᠠᠴᠠ ᠢᠷᠡᠯᠳᠡ ᠲᠠᠢ ᠦᠷᠬᠡᠨ | ᠬᠡᠪᠴᠢᠶᠡᠨ ᠤ ᠪᠤᠬᠢᠷᠳᠤᠯ ᠢ ᠰᠡᠷᠭᠡᠶᠢᠯᠡᠨ ᠵᠠᠰᠠᠬᠤ ᠬᠦᠴᠦᠯᠡᠴᠠ ᠪᠠᠨ ᠴᠢᠩᠭᠠᠳᠬᠠᠵᠤ᠂ ᠮᠠᠯᠵᠢᠬᠤ ᠲᠠᠷᠢᠶᠠᠯᠠᠬᠤ | ᠤᠷᠤᠨ ᠤ ᠪᠤᠬᠢᠷ ᠤᠰᠤ ᠪᠠ ᠠᠮᠢᠳᠤᠷᠠᠯ ᠤᠨ ᠬᠤᠭ ᠨᠤᠪᠰᠢ ᠶᠢ ᠰᠢᠢᠳᠪᠦᠷᠢᠯᠡᠭᠦ ᠵᠡᠷᠭᠡ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠪᠠᠨ ᠴᠢᠩᠭᠠᠳᠬᠠᠨ᠎ᠠ᠃ ᠬᠢᠮᠢ ᠶᠢᠨ ᠪᠤᠷᠳᠤᠭᠤᠷ᠂ | ᠲᠠᠷᠢᠶᠠᠨ ᠡᠮ᠂ ᠰᠦᠯᠢᠶᠤᠤ ᠪᠦᠷᠭᠦᠪᠴᠢ ᠶᠢᠨ ᠬᠡᠷᠡᠭᠯᠡᠭᠡ ᠶᠢ ᠪᠠᠭᠠᠰᠬᠠᠬᠤ ᠵᠢᠴᠢ ᠮᠠᠯ ᠵᠢᠭᠦᠷᠳᠡᠨ ᠤ ᠲᠠᠵᠢᠬᠡᠪᠤᠷᠢ ᠶᠢᠨ | ᠬᠠᠶᠠᠬᠳᠠᠮᠠᠯ ᠢ ᠡᠬᠢ ᠪᠠᠶᠠᠯᠢᠭ ᠪᠤᠯᠭᠠᠨ ᠠᠰᠢᠬᠯᠠᠬᠤ ᠪᠤᠶᠤ ᠬᠤᠤᠷ᠎ᠠ ᠦᠬᠡᠶᠢᠳᠡᠬᠦᠯᠦᠨ ᠰᠢᠢᠳᠪᠤᠷᠢᠯᠡᠬᠦ ᠶᠢ | ᠲᠦᠷᠭᠡᠳᠭᠡᠵᠤ᠂ ᠲᠠᠷᠢᠮᠠᠯ ᠤᠨ ᠡᠰᠢ ᠰᠦᠷᠡᠯ ᠢ ᠶᠡᠷᠦᠩᠭᠡᠶᠢᠯᠡᠨ ᠠᠰᠢᠬᠯᠠᠬᠤ ᠳᠦᠷᠢᠮ ᠢ ᠲᠡᠭᠦᠯᠳᠡᠷᠵᠢᠭᠦᠯᠦᠨ᠎ᠠ᠃ | ᠵᠠᠰᠠᠭ ᠤᠨ ᠤᠷᠳᠤᠨ ᠠᠴᠠ ᠦᠢᠯᠡᠴᠢᠯᠡᠭᠡ ᠶᠢ ᠬᠤᠳᠠᠯᠳᠤᠨ ᠠᠪᠬᠤ ᠵᠡᠷᠭᠡ ᠤᠯᠡᠨ ᠵᠦᠢᠯ ᠤᠨ ᠲᠡᠮᠵᠢᠭᠦ ᠠᠷᠭ᠎ᠠ | ᠪᠤᠳᠤᠯᠭ᠎ᠠ ᠶᠢ ᠠᠪᠴᠤ᠂ ᠮᠠᠯ ᠠᠵᠤ ᠠᠬᠤᠢ ᠲᠡᠷᠢᠶᠠᠯᠠᠩ ᠤᠨ ᠤᠯᠠᠨ ᠲᠠᠯ᠎ᠠ ᠠᠴᠠ ᠢᠷᠡᠯᠳᠡ ᠲᠠᠢ ᠦᠷᠬᠡᠨ | ᠬᠡᠪᠴᠢᠶᠡᠨ ᠤ ᠪᠤᠬᠢᠷᠳᠤᠯ ᠢ ᠰᠡᠷᠭᠡᠶᠢᠯᠡᠨ ᠵᠠᠰᠠᠬᠤ᠂ ᠮᠠᠯᠵᠢᠬᠤ ᠲᠠᠷᠢᠶᠠᠯᠠᠬᠤ ᠤᠷᠤᠨ ᠤ ᠪᠤᠬᠢᠷ ᠤᠰᠤ ᠶᠢ | ᠴᠡᠪᠡᠷᠰᠢᠭᠦᠯᠭᠦ ᠵᠠᠬ᠎ᠠ ᠲᠡᠯᠭᠡᠭᠦᠷ ᠤᠨ ᠭᠤᠤᠯ ᠴᠤᠬᠴᠠ ᠶᠢ ᠪᠤᠶᠢᠵᠢᠭᠤᠯᠤᠨ ᠬᠦᠭᠵᠢᠭᠦᠯᠦᠨ᠎ᠠ᠃ ᠪᠤᠬᠢᠷᠳᠤᠯ ᠦᠭᠡᠢ | ᠡᠬᠢ ᠪᠠᠶᠠᠯᠢᠭ ᠲᠤ ᠰᠠᠭᠤᠷᠢᠯᠡᠨ ᠬᠦᠳᠡᠭᠡ ᠲᠤᠰᠬᠤᠨ ᠤ ᠵᠤᠭᠠᠴᠠᠯ ᠰᠡᠯᠡᠭᠦᠴᠡᠯ ᠤᠨ ᠦᠢᠯᠡᠰ ᠢ ᠬᠦᠭᠵᠢᠭᠦᠯᠵᠤ᠂ | ᠤᠯᠤᠰ ᠤᠨ ᠳᠡᠰ ᠤᠨ ᠶᠠᠳᠠᠭᠤ ᠬᠦᠴᠢᠷᠳᠡᠯ ᠲᠠᠢ 31 ᠬᠤᠰᠢᠭᠤ ᠰᠢᠶᠠᠨ᠂ 182 ᠶᠠᠳᠠᠭᠤ ᠬᠦᠴᠢᠷᠳᠡᠯ ᠲᠠᠢ | ᠭᠠᠴᠠᠭ᠎ᠠ ᠲᠤᠰᠬᠤᠨ ᠳᠤ ᠬᠦᠳᠡᠭᠡ ᠠᠶᠢᠯ ᠤᠨ ᠵᠤᠭᠠᠴᠠᠯ ᠡᠷᠬᠢᠯᠡᠭᠦ ᠶᠢ ᠲᠡᠮᠵᠢᠵᠤ᠂ ᠮᠠᠯᠴᠢᠨ ᠲᠠᠷᠢᠶᠠᠴᠢᠨ ᠠᠶᠢᠯ ᠤᠨ | ᠵᠤᠭᠠᠴᠠᠯ ᠤᠨ ᠴᠢᠬ ᠢ 8000 ᠨᠡᠮᠡᠭᠳᠡᠭᠦᠯᠦᠨ᠎ᠠ᠃ | ︵ᠭᠤᠷᠪᠡ︶ ᠪᠤᠬᠢᠷᠳᠤᠯ ᠦᠭᠡᠢ ᠬᠤᠳᠠ ᠪᠠᠯᠭᠠᠰᠤ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠤᠨ᠎ᠠ᠃ ︽ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ | ᠵᠠᠰᠠᠭ ᠤᠨ ᠤᠷᠳᠤᠨ ᠤ ᠰᠢᠨ᠎ᠠ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠠᠬᠢᠭᠤᠯᠬᠤ ᠲᠤᠬᠠᠢ ᠰᠠᠨᠠᠯ︾ ᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ ᠵᠡᠭᠦᠨ ᠪᠠᠷᠠᠭᠤᠨ ᠢ ᠬᠤᠯᠪᠤᠬᠰᠡᠨ ᠵᠠᠮ | ᠬᠠᠷᠢᠯᠴᠠᠭ᠎ᠠ ᠵᠠᠮ ᠱᠤᠭᠤᠮ ᠢ ᠨᠡᠪᠳᠡᠷᠡᠭᠦᠯᠭᠦ ᠪᠠᠷ ᠬᠤᠳᠠ ᠪᠠᠯᠭᠠᠰᠤ ᠶᠢᠨ ᠬᠦᠭᠵᠢᠯᠳᠠ ᠶᠢᠨ ᠪᠦᠰᠠ ᠪᠤᠯᠭᠠᠵᠤ᠂ ᠨᠢᠭᠡ | ᠴᠦᠮ᠎ᠠ ︵ᠬᠦᠭᠡᠬᠤᠳᠠ᠂ ᠪᠤᠭᠤᠳᠤ᠂ ᠤᠷᠳᠤᠰ ᠤᠨ ᠬᠤᠳᠠ ᠶᠢᠨ ᠰᠦᠷᠦᠭᠵᠢᠯ︶᠂ ᠭᠤᠷᠪᠠᠨ ᠰᠦᠷᠦᠭᠵᠢᠯ ︵ | ᠤᠯᠠᠭᠠᠨᠬᠠᠳᠠ ᠲᠦᠡᠭᠯᠢᠶᠤᠤ ᠰᠢᠯᠢ ᠶᠢᠨ ᠭᠤᠤᠯ᠂ ᠬᠦᠯᠦᠨ ᠪᠤᠶᠢᠷ — ᠬᠢᠨᠭ᠍ᠭᠠᠨ᠂ ᠦᠬᠠᠢ ᠵᠢᠴᠢ ᠡᠷᠬᠢᠨ | ᠲᠤᠭᠤᠷᠢᠨ ᠤ ᠬᠤᠳᠠ ᠪᠠᠯᠭᠠᠰᠤ ᠪᠠᠷ ᠤᠷᠤᠨ ᠪᠦᠰᠠ ᠶᠢᠨ ᠬᠤᠳᠠ ᠪᠠᠯᠭᠠᠰᠤ ᠶᠢᠨ ᠰᠦᠷᠦᠭᠵᠢᠯ ᠪᠤᠯᠭᠠᠨ᠎ᠠ︶᠂ | ᠤᠯᠡᠨ ᠲᠦᠪ ︵ᠠᠶᠢᠮᠠᠭ ᠬᠤᠳᠠ ᠶᠢᠨ ᠰᠠᠭᠤᠭ᠎ᠠ ᠭᠠᠵᠠᠷ ᠤᠨ ᠬᠤᠳᠠ ᠪᠠᠷ ᠤᠷᠤᠨ ᠨᠤᠳᠤᠭ ᠤᠨ ᠲᠦᠪ ᠪᠤᠯᠭᠠᠵᠤ᠂ | ᠬᠤᠰᠢᠭᠤ ᠰᠢᠶᠠᠨ ᠤ ᠰᠠᠭᠤᠭ᠎ᠠ ᠭᠠᠵᠠᠷ ᠤᠨ ᠪᠠᠯᠭᠠᠰᠤ ᠪᠠ ᠪᠠᠶᠢᠭᠤᠯᠤᠮᠵᠢᠳᠤ ᠬᠤᠳᠠ ᠪᠠᠷ ᠴᠢᠬᠤᠯᠠ ᠵᠠᠩᠭᠢᠯᠠᠭ᠎ᠠ | ᠪᠤᠯᠭᠠᠨ᠎ᠠ︶ ᠤᠨ ᠰᠢᠨ᠎ᠠ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠬᠦᠭᠵᠢᠯᠳᠠ ᠶᠢᠨ ᠪᠠᠶᠢᠷᠢᠰᠢᠭᠤᠯᠤᠯᠳᠠ ᠶᠢ | ᠪᠦᠷᠢᠯᠳᠦᠭᠦᠯᠦᠨ᠎ᠠ᠃ ᠬᠤᠳᠠ ᠪᠠᠯᠭᠠᠰᠤ ᠶᠢᠨ ︽ᠭᠤᠷᠪᠠᠨ ᠲᠤᠭᠤᠷᠢᠭ ᠳᠦᠷᠪᠡᠨ ᠱᠤᠭᠤᠮ︾ ᠢ ᠰᠢᠨᠵᠢᠯᠡᠭᠦ | ᠤᠬᠠᠭᠠᠨᠴᠢ ᠪᠠᠷ ᠬᠤᠪᠢᠶᠠᠷᠢᠯᠠᠨ ᠪᠠᠶᠢᠷᠢᠰᠢᠭᠤᠯᠬᠤ ᠪᠤᠶᠤ ᠴᠢᠩᠭ᠎ᠠ ᠬᠡᠷᠡᠭᠵᠢᠭᠦᠯᠵᠤ᠂ ᠬᠤᠳᠠ ᠶᠢᠨ ᠶᠠᠪᠤᠳᠠᠯ ᠤᠨ | ᠰᠠᠭᠤᠷᠢ ᠲᠦᠭᠦᠭᠡᠷᠦᠮᠵᠢ ᠶᠢ ᠵᠤᠬᠢᠰᠳᠠᠢ ᠪᠠᠶᠢᠷᠢᠯᠠᠭᠤᠯᠵᠤ᠂ ᠠᠳᠠᠯᠢ ᠪᠤᠰᠤ ᠦᠢᠯᠡᠳᠦᠯ ᠴᠢᠳᠠᠪᠬᠢ ᠶᠢ ᠨᠡᠭᠡᠭᠡᠨ | ᠠᠰᠢᠬᠯᠠᠬᠤ ᠪᠠᠭᠳᠠᠭᠠᠮᠵᠢ ᠶᠢᠨ ᠨᠤᠷᠮ᠎ᠠ ᠪᠠ ᠨᠤᠭᠤᠭᠠᠷᠠᠭᠤᠯᠤᠯᠳᠠ ᠶᠢᠨ ᠨᠤᠷᠮ᠎ᠠ ᠶᠢ ᠲᠤᠬᠳᠠᠭᠠᠵᠤ᠂ ᠬᠤᠳᠠ | ᠪᠠᠯᠭᠠᠰᠤ ᠶᠢᠨ ᠬᠡᠪᠴᠢᠶᠠᠵᠢᠯᠳᠠ ᠪᠤᠯᠤᠨ ᠠᠵᠤ ᠦᠢᠯᠡᠰ ᠤᠨ ᠭᠡᠪᠴᠢᠶᠠᠵᠢᠯᠳᠠ᠂ ᠬᠦᠮᠦᠨ ᠠᠮᠠ ᠶᠢᠨ ᠭᠡᠪᠴᠢᠶᠠᠵᠢᠯᠳᠠ | ᠬᠠᠷᠢᠯᠴᠡᠨ ᠵᠤᠬᠢᠴᠠᠯᠳᠤᠬᠤ ᠶᠢ ᠠᠬᠢᠭᠤᠯᠵᠤ᠂ ᠤᠷᠴᠢᠨ ᠲᠤᠭᠤᠷᠢᠨ ᠤ ᠶᠠᠰᠤ ᠴᠢᠨᠠᠷ ᠪᠤᠯᠤᠨ ᠡᠬᠢ ᠪᠠᠶᠠᠯᠢᠭ ᠤᠨ | ᠦᠷᠭᠦᠯᠵᠢᠯᠡᠭᠰᠡᠨ ᠬᠠᠨᠭ᠍ᠭᠠᠯᠳᠠ ᠶᠢ ᠪᠠᠳᠤᠯᠠᠨ᠎ᠠ᠃ ᠤᠷᠤᠰᠢᠨ ᠠᠮᠢᠳᠤᠷᠠᠬᠤ ᠳᠤ ᠳᠠᠭᠠᠯᠡᠮᠵᠢᠳᠠᠢ ᠬᠤᠳᠠ ᠪᠠᠯᠭᠠᠰᠤ ᠪᠠ | ᠠᠮᠢ ᠠᠬᠤᠢ ᠶᠢᠨ ᠴᠡᠴᠡᠷᠯᠢᠭᠳᠦ ᠬᠤᠳᠠ ᠶᠢᠨ ᠪᠠᠷᠢᠮᠵᠢᠶ᠎ᠠ ᠪᠠᠷ ᠪᠠᠶᠢᠭᠠᠯᠢᠯᠢᠭ ᠤᠰᠤᠨ ᠤ ᠰᠢᠰᠲ᠋ᠧᠮ᠂ ᠪᠠᠶᠢᠭᠠᠯᠢᠯᠢᠭ | ᠠᠭᠤᠯᠠ ᠨᠢᠷᠤᠭᠤᠳ ᠪᠤᠯᠤᠨ ᠬᠤᠳᠠ ᠪᠠᠯᠭᠠᠰᠤᠨ ᠤ ᠡᠷᠬᠢᠨ ᠲᠤᠭᠤᠷᠢᠨ ᠤ ᠭᠠᠵᠠᠷ ᠤᠷᠤᠨ ᠤ ᠤᠷᠭᠤᠮᠠᠯ ᠤᠨ | ᠪᠦᠷᠭᠦᠴᠠ ᠶᠢ ᠬᠠᠮᠠᠭᠠᠯᠠᠵᠤ᠂ ᠬᠤᠳᠠ ᠪᠠᠯᠭᠠᠰᠤ ᠶᠢᠨ ᠨᠤᠭᠤᠭᠠᠷᠠᠭᠤᠯᠤᠬᠰᠡᠨ ᠭᠠᠵᠠᠷ ᠤᠨ ᠦᠢᠯᠡᠳᠦᠯ ᠴᠢᠳᠠᠪᠬᠢ ᠶᠢ | ᠳᠡᠭᠡᠭᠰᠢᠯᠡᠭᠦᠯᠤᠨ᠂ ᠨᠡᠶᠢᠭᠡᠮ ᠲᠤᠭᠤᠷᠢᠭ᠂ ᠵᠡᠭᠡᠯᠢ ᠶᠢᠨ ᠴᠡᠴᠡᠷᠯᠢᠭ᠂ ᠬᠤᠳᠠ ᠶᠢᠨ ᠲᠡᠭᠦᠷᠭᠡ ᠶᠢᠨ ᠴᠡᠴᠡᠷᠯᠢᠭ᠂ | ᠨᠤᠭᠤᠭᠠᠨ ᠵᠠᠮ ᠨᠤᠭᠤᠭᠠᠨ ᠬᠤᠨᠭ᠍ᠭᠢᠯ ᠪᠤᠯᠤᠨ ᠬᠤᠳᠠ ᠲᠤᠭᠤᠢᠢᠯᠠᠭᠰᠠᠨ ᠨᠤᠭᠤᠭᠠᠷᠠᠭᠤᠯᠤᠯᠳᠠ ᠶᠢᠨ ᠪᠦᠰᠠ ᠶᠢ | ᠲᠦᠯᠦᠪᠵᠢᠭᠦᠯᠵᠤ ᠪᠦᠳᠦᠭᠡᠨ ᠪᠠᠶᠢᠭᠤᠯᠬᠤ ᠬᠦᠴᠦᠯᠡᠴᠠ ᠪᠠᠨ ᠨᠡᠮᠡᠭᠳᠡᠭᠦᠯᠵᠤ᠂ 300 ᠮᠧᠲᠷ ᠳᠤ | ᠨᠤᠭᠤᠭᠠᠷᠠᠭᠤᠯᠤᠯᠳᠠ ᠲᠠᠢ᠂ 500 ᠮᠧᠲᠷ ᠲᠤ ᠴᠡᠴᠡᠷᠯᠢᠭ ᠲᠠᠢ ᠪᠠᠶᠢᠬᠤ ᠶᠢ ᠪᠡᠶᠡᠯᠡᠭᠦᠯᠵᠤ᠂ ᠨᠤᠭᠤᠭᠠᠨ ᠪᠦᠰᠠ᠂ | ᠨᠤᠭᠤᠭᠠᠨ ᠬᠤᠨᠭ᠍ᠭᠢᠯ᠂ ᠨᠤᠭᠤᠭᠠᠨ ᠭᠤᠤᠯ ᠲᠠᠢ ᠨᠤᠭᠤᠭᠠᠷᠠᠭᠤᠯᠤᠯᠳᠠ ᠶᠢᠨ ᠰᠢᠰᠲ᠋ᠧᠮ ᠢ ᠪᠦᠷᠢᠯᠳᠦᠭᠦᠯᠵᠤ᠂ 2020 | ᠪᠤᠯᠬᠤ ᠳᠤ ᠬᠤᠳᠠ ᠶᠢᠨ ᠲᠤᠭᠤᠷᠢᠭ ᠤᠨ ᠨᠤᠭᠤᠭᠠᠷᠠᠭᠤᠯᠤᠯᠳᠠ ᠶᠢᠨ ᠨᠤᠷᠮ᠎ᠠ ᠶᠢ 35% ᠳᠤ ᠬᠦᠷᠭᠡᠵᠤ᠂ | ᠪᠤᠷᠤᠭᠠᠨ ᠤ ᠤᠰᠤ ᠠᠶᠠᠨᠳᠠᠭᠠᠨ ᠬᠤᠷᠠᠮᠳᠤᠵᠤ᠂ ᠠᠶᠠᠨᠳᠠᠭᠠᠨ ᠨᠡᠪᠴᠢᠵᠤ᠂ ᠠᠶᠠᠨᠳᠠᠭᠠᠨ ᠴᠡᠪᠡᠷᠰᠢᠭᠰᠡᠨ ︽ | ᠬᠠᠶᠢᠮᠢᠶᠠᠨ ᠬᠡᠯᠪᠡᠷᠢ ᠶᠢᠨ ᠬᠤᠳᠠ︾ ᠶᠢ ᠪᠦᠳᠦᠭᠡᠨ ᠪᠠᠶᠢᠭᠤᠯᠤᠨ᠎ᠠ᠃ ᠪᠤᠬᠢᠷᠳᠤᠯ ᠦᠭᠡᠢ᠂ ᠨᠡᠭᠦᠷᠡᠰᠦᠳᠦ᠋ᠷᠦᠭᠴᠢ | ᠪᠠᠭ᠎ᠠ᠂ ᠡᠨᠧᠷᠬᠢ ᠠᠷᠪᠢᠯᠠᠬᠤ᠂ ᠤᠶᠤᠨᠴᠢᠯᠠᠬᠰᠡᠨ ᠪᠦᠳᠦᠭᠡᠨ ᠪᠠᠶᠢᠭᠤᠯᠤᠯᠳᠠ ᠶᠢ ᠪᠦᠭᠦ ᠬᠦᠴᠦᠨ ᠢᠶᠠᠷ | ᠬᠦᠭᠵᠢᠭᠦᠯᠦᠨ᠎ᠠ᠃ ᠬᠤᠳᠠ ᠶᠢᠨ ᠭᠠᠵᠠᠷ ᠳᠡᠭᠡᠷᠡᠬᠢ ᠤᠷᠤᠨ ᠵᠠᠢ ᠪᠤᠯᠤᠨ ᠭᠠᠵᠠᠷ ᠲᠤᠤᠷᠠᠬᠢ ᠤᠷᠤᠨ ᠵᠠᠢ ᠶᠢ ᠪᠦᠭᠦᠯᠢ | ᠴᠤᠬᠴᠠ ᠪᠠᠷ ᠨᠡᠭᠡᠭᠡᠨ ᠬᠦᠭᠵᠢᠭᠦᠯᠭᠦ ᠶᠢ ᠪᠠᠷᠢᠮᠳᠠᠯᠠᠵᠤ᠂ ᠮᠡᠳᠡᠭᠡ ᠵᠠᠩᠭᠢ᠂ ᠡᠨᠧᠷᠬᠢ᠂ ᠬᠡᠢ ᠢᠯᠴᠢ᠂ ᠤᠰᠤ | ᠬᠠᠨᠭ᠍ᠭᠠᠵᠤ ᠭᠠᠳᠠᠬᠰᠢᠯᠠᠭᠤᠯᠬᠤ ᠵᠡᠷᠭᠡ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠨᠢᠭᠡᠳᠦᠯᠳᠡᠢ | ᠲᠦᠯᠦᠪᠵᠢᠭᠦᠯᠦᠨ ᠠᠬᠢᠭᠤᠯᠤᠨ᠎ᠠ᠃ ᠪᠤᠭᠤᠳᠤ ᠬᠤᠳᠠ ᠶᠢᠨ ᠭᠠᠵᠠᠷ ᠲᠤᠤᠷᠠᠬᠢ ᠶᠡᠷᠦᠩᠭᠡᠶᠢᠯᠡᠭᠰᠡᠨ ᠬᠤᠭᠤᠯᠠᠢ ᠶᠢᠨ | ᠬᠤᠨᠭ᠍ᠭᠢᠯ ᠶᠢᠨ ᠲᠤᠷᠰᠢᠯᠳᠠ ᠶᠢᠨ ᠴᠢᠬ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠤᠨ᠎ᠠ᠃ ᠪᠤᠬᠢᠷᠳᠤᠭᠤᠯᠤᠯ ᠬᠦᠨᠳᠤ | ᠨᠤᠴᠢᠳᠡᠢ ᠠᠵᠤ ᠦᠢᠯᠡᠳᠪᠦᠷᠢ ᠠᠵᠤ ᠠᠬᠤᠢᠢᠯᠡᠯ ᠢ ᠬᠠᠦᠯᠢ ᠶᠤᠰᠤᠭᠠᠷ ᠨᠡᠭᠦᠯᠭᠡᠨ ᠰᠢᠯᠵᠢᠭᠦᠯᠭᠦ᠂ ᠴᠡᠭᠴᠯᠡᠨ ᠵᠠᠰᠠᠬᠤ | ᠪᠤᠶᠤ ᠦᠢᠯᠡᠳᠪᠦᠷᠢᠯᠡᠯ ᠢ ᠨᠢ ᠵᠤᠬᠰᠤᠭᠠᠨ᠎ᠠ᠃ ᠬᠤᠭ ᠨᠤᠪᠰᠢ ᠶᠢ ᠳᠦᠷᠤᠯ ᠬᠤᠪᠢᠶᠠᠨ ᠴᠤᠬᠯᠠᠭᠤᠯᠬᠤ᠂ | ᠬᠠᠶᠠᠬᠳᠠᠭᠰᠡᠨ ᠡᠯᠧᠺᠳ᠋ᠷᠤᠨ ᠴᠠᠬᠢᠯᠭᠠᠨ ᠤ ᠵᠦᠢᠯᠡᠰ ᠢ ᠡᠭᠢ ᠪᠠᠶᠠᠯᠢᠭ ᠪᠤᠯᠭᠠᠨ ᠠᠰᠢᠬᠯᠠᠬᠤ ᠶᠢ ᠬᠡᠷᠡᠭᠵᠢᠭᠦᠯᠵᠤ᠂ | ᠬᠦᠬᠡᠬᠤᠳᠠ᠂ ᠪᠤᠭᠤᠳᠤ ᠬᠤᠳᠠ᠂ ᠤᠯᠠᠭᠠᠨᠬᠠᠳᠠ ᠬᠤᠳᠠ᠂ ᠲᠦᠡᠭᠯᠢᠶᠤᠤ ᠬᠤᠳᠠ ᠶᠢᠨ ︽ᠬᠤᠳᠠ ᠶᠢᠨ | ᠠᠭᠤᠷᠬᠠᠢ ᠶᠢᠨ ᠭᠠᠷᠤᠯᠳᠠ︾ ᠶᠢᠨ ᠵᠢᠱᠢᠶ᠎ᠠ ᠦᠵᠡᠭᠦᠯᠭᠦ ᠰᠠᠭᠤᠷᠢᠨ ᠤ ᠪᠦᠳᠦᠬᠡᠨ ᠪᠠᠶᠢᠭᠤᠯᠤᠯᠳᠠ ᠶᠢ ᠠᠬᠢᠭᠤᠯᠤᠨ᠎ᠠ᠃ | ᠠᠮᠢ ᠠᠬᠤᠢ ᠤᠷᠤᠰᠢᠨ ᠠᠮᠢᠳᠤᠷᠠᠬᠤ ᠳᠤ ᠳᠠᠭᠠᠯᠠᠮᠵᠢᠳᠠᠢ ᠦᠵᠡᠰᠭᠦᠯᠡᠩᠳᠤ ᠰᠠᠶᠢᠬᠠᠨ ᠬᠤᠰᠢᠭᠤ ᠰᠢᠶᠠᠨ ᠤ | ᠠᠵᠢᠯᠯᠠᠭ᠎ᠠ ᠶᠢ ᠬᠡᠷᠡᠭᠵᠢᠭᠦᠯᠵᠤ᠂ ᠵᠠᠯᠡᠨ ᠠᠶᠢᠯ ᠤᠨ ᠤᠯᠤᠰ ᠤᠨ ᠰᠢᠨ᠎ᠠ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ | ᠶᠡᠷᠦᠩᠭᠡᠶᠢᠯᠡᠭᠰᠡᠨ ᠲᠤᠷᠰᠢᠯᠳᠠ ᠶᠢᠨ ᠴᠢᠬ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠤᠨ᠎ᠠ᠃ 2020 ᠤᠨ | ᠪᠤᠯᠬᠤ ᠳᠤ ᠬᠤᠳᠠ ᠪᠠᠯᠭᠠᠰᠤ ᠶᠢᠨ ᠠᠮᠢᠳᠤᠷᠠᠯ ᠤᠨ ᠪᠤᠬᠢᠷ ᠤᠰᠤ᠂ ᠬᠤᠭ ᠨᠤᠪᠰᠢ ᠶᠢ ᠴᠡᠪᠡᠷᠰᠢᠭᠦᠯᠭᠦ | ᠲᠦᠭᠦᠭᠡᠷᠦᠮᠵᠢ ᠶᠢ ᠪᠦᠭᠦᠨ ᠢ ᠪᠦᠷᠭᠦᠭᠦᠯᠭᠦ ᠪᠠ ᠲᠤᠬᠳᠠᠭᠤᠨ ᠢᠶᠠᠷ ᠠᠵᠢᠯᠯᠠᠭᠤᠯᠬᠤ ᠶᠢ ᠪᠡᠶᠡᠯᠡᠭᠦᠯᠦᠨ᠎ᠠ᠃ | ᠭᠤᠷᠪᠠ᠂ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠳᠠ ᠪᠠ ᠪᠦᠳᠦᠭᠡᠨ | ᠪᠠᠶᠢᠭᠤᠯᠤᠯᠳᠠ ᠪᠠᠨ ᠴᠢᠩᠭᠠᠳᠬᠠᠨ᠎ᠠ | ᠠᠭᠤᠯᠠ ᠤᠰᠤ ᠤᠢ ᠮᠤᠳᠤ ᠲᠠᠷᠢᠶᠠᠨ ᠭᠠᠵᠠᠷ ᠨᠠᠭᠤᠷ ᠴᠦᠬᠦᠷᠤᠮ ᠤᠨ ᠠᠮᠢ ᠨᠠᠰᠤᠨ ᠤ ᠬᠠᠮᠳᠤ ᠶᠢᠨ | ᠴᠤᠬᠴᠠ ᠶᠢᠨ ᠤᠢᠢᠯᠠᠭᠠᠬᠳᠠᠭᠤᠨ ᠢ ᠪᠠᠷᠢᠮᠳᠠᠯᠡᠨ ᠲᠠᠯ᠎ᠠ ᠨᠤᠳᠤᠭ᠂ ᠤᠢ ᠰᠢᠭᠤᠢ ᠪᠠᠷ ᠭᠤᠤᠯ ᠴᠤᠬᠴᠠ ᠪᠤᠯᠭᠠᠨ | ᠡᠯᠡᠰᠦᠷᠭᠡᠭ ᠭᠠᠵᠠᠷ ᠢ ᠰᠡᠷᠭᠡᠶᠢᠯᠡᠨ ᠵᠠᠰᠠᠬᠤ ᠲᠤᠭᠤᠷᠢᠭ᠂ ᠰᠢᠷ᠎ᠠ ᠬᠦᠷᠦᠰᠦᠳᠤ ᠦᠨᠳᠦᠷᠯᠢᠭ ᠤᠨ ᠲᠤᠪᠤ ᠲᠤᠪᠤᠷᠬᠠᠭ | ᠡᠷᠬᠢ ᠭᠠᠨᠭ᠍ᠭ᠎ᠠ ᠶᠢᠨ ᠤᠰᠤ ᠰᠢᠷᠤᠢ ᠤᠷᠤᠰᠤᠬᠳᠡᠨ ᠢᠳᠡᠭᠳᠡᠭᠦ ᠶᠢ ᠰᠡᠷᠭᠡᠶᠢᠯᠡᠭᠦ ᠲᠤᠭᠤᠷᠢᠭ ᠲᠤ ᠭᠤᠤᠯᠳᠠᠯᠭ᠎ᠠ | ᠪᠤᠯᠭᠠᠨ ᠪᠦᠳᠦᠭᠡᠨ ᠪᠠᠶᠢᠭᠤᠯᠤᠯᠳᠠ ᠬᠢᠵᠤ᠂ ᠶᠡᠭᠡ ᠬᠢᠨᠭ᠍ᠭᠠᠨ ᠳᠠᠪᠠᠭ᠎ᠠ᠂ ᠮᠤᠨᠠ ᠠᠭᠤᠯᠠ ᠪᠠ ᠳᠠᠯᠠᠨ ᠬᠠᠷ᠎ᠠ | ᠠᠭᠤᠯᠠ ᠶᠢᠨ ᠠᠮᠢ ᠠᠬᠤᠢ ᠶᠢᠨ ᠬᠠᠮᠠᠭᠠᠯᠠᠯᠳᠠ ᠶᠢᠨ ᠬᠠᠯᠬᠠᠪᠴᠢ ᠶᠢ ᠪᠠᠶᠢᠭᠤᠯᠵᠤ᠂ ᠨᠤᠭᠤ ᠭᠠᠵᠠᠷ᠂ ᠪᠠᠶᠢᠭᠠᠯᠢ ᠶᠢᠨ | ᠬᠠᠮᠠᠭᠠᠯᠠᠯᠳᠠ ᠶᠢᠨ ᠤᠷᠤᠨ ᠵᠡᠷᠭᠡ ᠶᠢ ᠨᠡᠭᠡᠭᠡᠨ ᠬᠦᠭᠵᠢᠬᠦᠯᠬᠦ ᠶᠢ ᠴᠠᠭᠠᠵᠠᠯᠠᠬᠤ ᠤᠷᠤᠨ ᠲᠤᠭᠤᠷᠢᠭ ᠤᠨ | ᠬᠠᠮᠠᠭᠠᠯᠠᠯᠳᠠ ᠪᠠᠨ ᠴᠢᠩᠭᠠᠳᠬᠠᠵᠤ᠂ ᠠᠮᠢ ᠠᠬᠤᠢ ᠶᠢ ᠵᠠᠰᠠᠨ ᠰᠠᠶᠢᠵᠢᠷᠠᠭᠤᠯᠬᠤ ᠪᠠ ᠬᠠᠮᠠᠭᠠᠯᠠᠬᠤ ᠠᠷᠪᠠᠨ ᠬᠤᠶᠠᠷ | ᠢᠵᠧᠨᠧᠷᠢᠩ ᠢ ᠬᠡᠷᠡᠭᠵᠢᠭᠦᠯᠵᠤ᠂ ︽ᠭᠤᠷᠪᠠᠨ ᠬᠠᠯᠬᠠᠪᠴᠢ ᠳᠦᠷᠪᠡᠨ ᠲᠤᠭᠤᠷᠢᠭ︾ ᠢ ᠪᠦᠷᠢᠯᠳᠦᠭᠦᠯᠦᠨ᠂ ᠮᠠᠨ ᠤ | ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠳᠦᠬᠡᠨ | ᠪᠠᠶᠢᠭᠤᠯᠵᠤ ᠪᠠᠬᠢᠵᠢᠭᠦᠯᠦᠨ᠎ᠠ᠃ | ︵ᠨᠢᠭᠡ︶ ᠤᠢ ᠰᠢᠭᠤᠢ ᠶᠢᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ᠃ ︽ᠤᠢ ᠰᠢᠭᠤᠢ ᠶᠢᠨ | ᠪᠦᠳᠦᠭᠡᠨ ᠪᠠᠶᠢᠭᠤᠯᠤᠯᠳᠠ ᠶᠢᠨ ︿ᠠᠷᠪᠠᠨ ᠭᠤᠷᠪᠠᠳᠤᠭᠠᠷ ᠲᠠᠪᠤᠨ ᠵᠢᠯ﹀ ᠤᠨ ᠲᠦᠯᠦᠪᠵᠢᠭᠦᠯᠭᠡ︾ ᠶᠢ ᠲᠤᠭᠤᠷᠪᠢᠨ | ᠲᠤᠭᠳᠠᠭᠠᠨ᠎ᠠ᠃ ᠪᠠᠶᠢᠭᠠᠯᠢᠯᠢᠭ ᠤᠢ ᠶᠢᠨ ᠡᠬᠢ ᠪᠠᠶᠠᠯᠢᠭ ᠢ ᠬᠠᠮᠠᠭᠠᠯᠠᠬᠤ ᠢᠨᠵᠧᠨᠧᠷᠢᠩ᠂ ᠲᠠᠷᠢᠶᠠᠯᠠᠬᠤ ᠪᠠᠨ ᠵᠤᠬᠰᠤᠨ | ᠡᠪᠡᠰᠤ ᠮᠤᠳᠤ ᠲᠠᠷᠢᠬᠤ ᠢᠨᠵᠧᠨᠧᠷᠢᠩ᠂ ᠤᠮᠠᠷᠠᠳᠤ ᠶᠢᠨ ᠭᠤᠷᠪᠠᠨ ᠤᠷᠤᠨ ᠤ ᠬᠠᠮᠠᠭᠠᠯᠠᠯᠳᠠ ᠶᠢᠨ ᠤᠢ ᠶᠢᠨ | ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ᠂ ᠭᠤᠤᠯᠳᠠᠯᠭ᠎ᠠ ᠲᠠᠢ ᠭᠠᠵᠠᠷ ᠤᠷᠤᠨ ᠢ ᠨᠤᠭᠤᠭᠠᠷᠠᠭᠤᠯᠬᠤ | ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠤᠨ᠎ᠠ᠃ ᠪᠠᠶᠢᠭᠠᠯᠢᠯᠢᠭ ᠤᠢ ᠶᠢᠨ ᠡᠬᠢ ᠪᠠᠶᠠᠯᠢᠭ ᠢ ᠬᠠᠮᠠᠭᠠᠯᠠᠬᠤ | ᠢᠨᠵᠧᠨᠧᠷᠢᠩ ᠨᠢ ᠭᠤᠤᠯᠳᠠᠭᠤ ᠬᠠᠳᠤᠨ ᠭᠤᠤᠯ ᠤᠨ ᠳᠡᠭᠡᠳᠤ ᠲᠤᠮᠳᠠ ᠤᠷᠤᠰᠬᠠᠯ᠂ ᠬᠢᠨᠭ᠍ᠭᠠᠨ ᠳᠠᠪᠠᠭ᠎ᠠ ᠶᠢᠨ | ᠡᠮᠦᠨᠡᠬᠢ ᠤᠢ ᠰᠢᠭᠤᠢ ᠶᠢᠨ ᠨᠠᠢᠮᠡᠨ ᠲᠤᠪᠴᠢᠶ᠎ᠠ᠂ ᠶᠡᠭᠡ ᠬᠢᠨᠭ᠍ᠭᠠᠨ ᠳᠠᠪᠠᠭ᠎ᠠ ᠶᠢᠨ ᠰᠢᠭᠤᠢᠢᠳᠤ ᠤᠷᠤᠨ ᠳᠤ ᠤᠯᠡᠨ | ᠨᠠᠶᠢᠳᠠ ᠶᠢᠨ ᠠᠰᠠᠷᠠᠮᠵᠢ ᠶᠢᠨ ᠤᠢ ᠶᠢᠨ ᠨᠦᠭᠦᠪᠦᠷᠢ ᠦᠭᠴᠤ᠂ ᠠᠭᠠᠵᠢᠮ ᠢᠶᠠᠷ ᠪᠦᠭᠦ ᠤᠷᠤᠨ ᠤ ᠭᠡᠪᠴᠢᠶᠠᠨ ᠳᠤ | ᠬᠦᠷᠳᠡᠯ᠎ᠠ ᠦᠷᠭᠡᠵᠢᠭᠦᠯᠦᠨ᠂ ᠠᠷᠠᠯᠵᠢᠶᠠᠨ ᠤ ᠴᠢᠨᠠᠷᠳᠠᠢ ᠮᠤᠳᠤ ᠤᠬᠳᠤᠯᠬᠤ ᠶᠢ ᠪᠦᠭᠦ ᠲᠠᠯ᠎ᠠ ᠪᠠᠷ ᠵᠤᠬᠰᠤᠭᠠᠵᠤ᠂ | ᠪᠠᠶᠢᠭᠠᠯᠢᠯᠢᠭ ᠤᠢ ᠶᠢᠨ ᠡᠬᠢ ᠪᠠᠶᠠᠯᠢᠭ ᠢ ᠬᠠᠮᠠᠭᠠᠯᠠᠬᠤ ᠶᠢ ᠪᠦᠭᠦᠨ ᠢ ᠪᠦᠷᠭᠦᠭᠦᠯᠤᠨᠠ᠃ ᠲᠠᠷᠢᠶᠠᠯᠠᠬᠤ ᠪᠠᠨ ᠵᠤᠬᠰᠤᠨ | ᠡᠪᠡᠰᠤ ᠮᠤᠳᠤ ᠲᠠᠷᠢᠬᠤ ᠢᠨᠵᠧᠨᠧᠷᠢᠩ ᠨᠢ ᠭᠤᠤᠯᠳᠠᠭᠤ ᠪᠦᠭᠦ ᠤᠷᠤᠨ ᠤ 411 ᠲᠦᠮᠡᠨ ᠮᠥ ᠶᠢᠨ ᠬᠦᠨᠳᠤ | ᠨᠤᠴᠢᠳᠠᠢ ᠡᠯᠡᠰᠦᠷᠭᠡᠭᠵᠢᠭᠰᠡᠨ ᠲᠠᠷᠢᠶᠠᠨ ᠭᠠᠵᠠᠷ ᠪᠠ 25 ᠭᠷᠠᠳᠦ᠋ᠰ ᠠᠴᠠ ᠳᠡᠭᠡᠭᠰᠢᠬᠢ ᠪᠦᠬᠦ᠋ᠢᠯᠡ ᠨᠠᠯᠠᠤ ᠲᠠᠷᠢᠶᠠᠨ | ᠭᠠᠵᠠᠷ ᠲᠤ ᠲᠠᠷᠢᠶᠠᠯᠠᠬᠤ ᠪᠠᠨ ᠵᠤᠬᠰᠤᠨ ᠡᠪᠡᠰᠤ ᠮᠤᠳᠤ ᠲᠠᠷᠢᠨ᠎ᠠ᠃ ᠤᠮᠠᠷᠠᠳᠤ ᠶᠢᠨ ᠭᠤᠷᠪᠠᠨ ᠤᠷᠤᠨ ᠤ | ᠬᠠᠮᠠᠭᠠᠯᠠᠯᠳᠠ ᠶᠢᠨ ᠤᠢ ᠶᠢᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠨᠢ ᠭᠤᠤᠯᠳᠠᠭᠤ ᠬᠦᠯᠦᠨ ᠪᠤᠶᠢᠷ ᠤᠨ | ᠡᠯᠡᠰᠦᠷᠭᠡᠭ ᠭᠠᠵᠠᠷ᠂ ᠬᠤᠷᠴᠢᠨ ᠤ ᠡᠯᠡᠰᠦᠷᠭᠡᠭ ᠭᠠᠵᠠᠷ ᠪᠠ ᠠᠯᠠᠱᠠ ᠠᠶᠢᠮᠠᠭ ᠲᠤ ᠤᠢᠢᠵᠢᠭᠤᠯᠤᠯᠳᠠ ᠬᠢᠨ᠎ᠠ᠃ | ᠭᠤᠤᠯᠳᠠᠯᠭ᠎ᠠ ᠲᠠᠢ ᠭᠠᠵᠠᠷ ᠤᠷᠤᠨ ᠢ ᠨᠤᠭᠤᠭᠠᠷᠠᠭᠤᠯᠬᠤ ᠢᠨᠵᠧᠨᠧᠷᠢᠩ ᠤᠨ ᠭᠤᠤᠯᠳᠠᠯᠭ᠎ᠠ ᠨᠢ ᠵᠠᠰᠠᠮᠠᠯ ᠵᠠᠮ ᠤᠨ | ᠬᠤᠶᠠᠷ ᠬᠠᠵᠠᠭᠤ᠂ ᠬᠤᠳᠠ ᠪᠠᠯᠭᠠᠰᠦ ᠶᠢᠨ ᠡᠷᠬᠢᠨ ᠲᠤᠭᠤᠷᠢᠨ᠂ ᠭᠠᠴᠠᠭ᠎ᠠ ᠲᠤᠰᠬᠤᠨ ᠤ ᠵᠠᠬ᠎ᠠ ᠬᠦᠪᠡᠭᠡ᠂ | ᠦᠢᠯᠡᠳᠪᠤᠷᠢ ᠠᠭᠤᠷᠬᠠᠢ ᠶᠢᠨ ᠬᠦᠷᠢᠶᠡᠯᠡᠩ ᠲᠤᠭᠤᠷᠢᠭ᠂ ᠬᠠᠳᠤᠨ ᠭᠤᠤᠯ ᠤᠨ ᠬᠤᠶᠠᠷ ᠬᠦᠪᠡᠭᠡ᠂ ᠳᠠᠯᠠᠨ ᠬᠠᠷ᠎ᠠ | ᠠᠭᠤᠯᠠ ᠶᠢᠨ ᠡᠮᠦᠨ᠎ᠠ ᠪᠡᠯ ᠵᠡᠷᠭᠡ ᠵᠢᠷᠭᠤᠭᠠᠨ ᠭᠠᠵᠠᠷ ᠤᠷᠤᠨ ᠢ ᠤᠢᠢᠵᠢᠭᠤᠯᠵᠤ ᠨᠤᠭᠤᠭᠠᠷᠠᠭᠤᠯᠬᠤ ᠪᠤᠯᠤᠨ᠎ᠠ᠃ | 2020 ᠣᠨ ᠪᠤᠯᠬᠤ ᠳᠤ ᠮᠠᠨ ᠤ ᠤᠷᠤᠨ 5000 ᠲᠦᠮᠡᠨ ᠮᠦ ᠭᠠᠵᠠᠷ ᠢ ᠤᠢᠢᠵᠢᠭᠤᠯᠵᠤ ᠨᠤᠭᠤᠭᠠᠷᠠᠭᠤᠯᠬᠤ | ᠡᠭᠦᠷᠭᠡ ᠶᠢ ᠪᠡᠶᠡᠯᠡᠭᠦᠯᠵᠦ᠂ ᠤᠷᠭᠤᠭ᠎ᠠ ᠮᠤᠳᠤ ᠶᠢᠨ ᠬᠠᠳᠠᠭᠠᠯᠠᠭᠳᠠᠴᠠ ᠶᠢ 16 ᠳ᠋ᠦᠩᠰᠢᠭᠤᠷ ᠪᠤᠰᠤᠭ᠎ᠠ | ᠳᠦᠷᠪᠡᠯᠵᠢᠨ ᠮᠧᠲᠷ ᠲᠤ ᠬᠦᠷᠬᠡᠨ᠎ᠠ᠃ | ︵ᠬᠤᠶᠠᠷ︶ ᠪᠠᠶᠢᠭᠠᠯᠢᠯᠢᠭ ᠨᠤᠳᠤᠭ ᠪᠡᠯᠴᠢᠭᠡᠷ ᠢ ᠰᠡᠷᠭᠦᠭᠡᠬᠦ ᠬᠢᠬᠡᠳ ᠵᠠᠰᠠᠬᠤ ᠠᠵᠢᠯ ᠢ ᠴᠢᠩᠭᠠᠳᠬᠠᠨ᠎ᠠ᠃ ︽ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠤᠲᠤᠭ ᠪᠡᠯᠴᠢᠭᠡᠷ ᠤᠨ ᠬᠠᠮᠢᠶᠠᠷᠤᠯᠳᠠ ᠶᠢᠨ ᠳᠦᠷᠢᠮ︾ ᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ᠂ ᠮᠠᠯ | ᠪᠡᠯᠴᠢᠭᠡᠷ ᠤᠨ ᠳᠡᠩᠴᠡᠭᠦᠷᠢ ᠶᠢ ᠪᠠᠳᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠬᠤ᠂ ᠪᠡᠯᠴᠢᠬᠡᠷ ᠢ ᠰᠡᠷᠬᠦᠬᠡᠬᠦ᠂ | ᠪᠡᠯᠴᠢᠬᠡᠷ ᠢᠶᠠᠨ ᠬᠡᠰᠡᠭᠯᠡᠨ ᠰᠡᠯᠭᠦᠨ ᠮᠠᠯᠵᠢᠬᠤ ᠳᠦᠷᠢᠮ ᠢ ᠴᠢᠩᠭ᠎ᠠ ᠬᠡᠷᠡᠭᠵᠢᠭᠦᠯᠤᠨ᠎ᠠ᠃ ︽ᠨᠤᠲᠤᠭ ᠪᠡᠯᠴᠢᠭᠡᠷ ᠤᠨ | ᠬᠠᠮᠠᠭᠠᠯᠠᠯᠳᠠ ᠪᠠ ᠪᠦᠲᠦᠭᠡᠨ ᠪᠠᠶᠢᠭᠤᠯᠤᠯᠳᠠ ᠶᠢᠨ ᠲᠦᠯᠦᠪᠵᠢᠭᠦᠯᠭᠡ ᠶᠢᠨ ᠬᠦᠳᠦᠯᠪᠤᠷᠢ ︵2014 — 2020 | ᠣᠨ︶︾ ᠶᠢ ᠨᠠᠶᠢᠳᠠᠪᠤᠷᠢᠵᠢᠭᠤᠯᠵᠤ᠂ ᠰᠢᠨ᠎ᠠ ᠨᠢᠭᠡᠨ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢ | ᠬᠠᠮᠠᠭᠠᠯᠠᠵᠤ ᠪᠦᠳᠦᠬᠡᠨ ᠪᠠᠶᠢᠭᠤᠯᠬᠤ ᠨᠦᠬᠦᠪᠤᠷᠢ ᠪᠠ ᠱᠠᠩᠨᠠᠯ ᠤᠨ ᠲᠤᠭᠳᠠᠴᠠ᠂ ᠪᠡᠯᠴᠢᠭᠡᠷᠯᠡᠭᠦᠯᠬᠦ ᠶᠢ ᠵᠤᠭᠰᠤᠭᠠᠨ | ᠪᠡᠯᠴᠢᠭᠡᠷ ᠢ ᠰᠡᠷᠭᠦᠭᠡᠬᠦ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠬᠦᠯᠦᠨ ᠪᠤᠶᠢᠷ ᠤᠨ ᠲᠠᠯ᠎ᠠ ᠨᠤᠲᠤᠭ᠂ ᠬᠤᠷᠴᠢᠨ ᠤ | ᠲᠠᠯ᠎ᠠ ᠨᠤᠲᠤᠭ᠂ ᠰᠢᠯᠢ ᠶᠢᠨ ᠭᠤᠤᠯ ᠤᠨ ᠲᠠᠯ᠎ᠠ ᠨᠤᠲᠤᠭ᠂ ᠮᠤᠨᠠ ᠠᠭᠤᠯᠠ ᠶᠢᠨ ᠠᠷᠤ ᠬᠤᠷᠮᠤᠢ ᠶᠢᠨ ᠲᠠᠯ᠎ᠠ | ᠨᠤᠲᠤᠭ ᠤᠨ ᠬᠠᠮᠠᠭᠠᠯᠠᠯᠳᠠ ᠪᠠ ᠪᠦᠲᠦᠭᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠴᠢᠩᠭᠠᠳᠬᠠᠵᠤ᠂ ᠦᠨᠳᠦᠰᠦᠨ | ᠨᠤᠲᠤᠭ ᠪᠡᠯᠴᠢᠭᠡᠷ ᠤᠨ ᠬᠦᠷᠢᠶ᠎ᠠ ᠬᠡᠪᠴᠢᠶ᠎ᠠ ᠶᠢ ᠵᠢᠷᠤᠵᠤ ᠳᠤᠭᠳᠠᠭᠠᠬᠤ ᠪᠠ ᠨᠤᠲᠤᠭ ᠪᠡᠯᠴᠢᠭᠡᠷ ᠤᠨ ᠦᠮᠴᠢᠯᠡᠯ ᠤᠨ | ᠡᠷᠬᠡ ᠶᠢ ᠬᠢᠨᠠᠨ ᠳᠤᠭᠳᠠᠭᠠᠵᠤ ᠳᠠᠭᠠᠭᠠᠴᠢᠯᠠᠯᠳᠠ ᠬᠢᠬᠦ ᠠᠵᠢᠯ ᠢ ᠪᠡᠶᠡᠯᠡᠭᠦᠯᠵᠤ᠂ ᠪᠡᠯᠴᠢᠭᠡᠷᠯᠡᠭᠦᠯᠬᠦ ᠶᠢ ᠵᠤᠭᠰᠤᠭᠠᠬᠤ | ᠪᠠ ᠮᠠᠯ ᠪᠡᠯᠴᠢᠭᠡᠷ ᠤᠨ ᠲᠡᠩᠴᠡᠭᠦᠷᠢ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠠ᠃ ᠲᠠᠷᠢᠮᠠᠯ ᠡᠪᠡᠰᠦᠨ ᠤ | ᠰᠠᠭᠤᠷᠢᠨ ᠪᠠ ᠬᠠᠰᠢᠶ᠎ᠠ ᠰᠠᠷᠠᠪᠴᠢ ᠵᠡᠷᠭᠡ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠪᠠᠷ ᠳᠠᠮᠵᠢᠨ | ᠬᠠᠰᠢᠶᠠᠯᠠᠵᠤ ᠲᠡᠵᠢᠭᠡᠬᠦ ᠶᠢ ᠠᠬᠢᠭᠤᠯᠵᠤ᠂ ᠬᠦᠯᠦᠨ ᠪᠤᠶᠢᠷ᠂ ᠬᠤᠷᠴᠢᠨ᠂ ᠠᠯᠠᠱᠠ ᠶᠢᠨ ᠪᠠᠶᠢᠭᠠᠯᠢᠯᠢᠭ ᠨᠤᠲᠤᠭ | ᠪᠡᠯᠴᠢᠭᠡᠷ ᠤᠨ ᠬᠠᠮᠠᠭᠠᠯᠠᠯᠳᠠ ᠶᠢ ᠴᠢᠩᠭᠠᠳᠬᠠᠨ᠎ᠠ᠃ ᠰᠢᠯᠢ ᠶᠢᠨ ᠭᠤᠤᠯ ᠵᠡᠷᠭᠡ ᠲᠠᠯ᠎ᠠ ᠨᠤᠲᠤᠭ ᠤᠨ ᠤᠷᠤᠨ ᠢ | ᠪᠡᠯᠴᠢᠭᠡᠷᠯᠡᠭᠦᠯᠬᠦ ᠶᠢ ᠵᠤᠭᠰᠤᠭᠠᠨ ᠪᠡᠯᠴᠢᠭᠡᠷ ᠢ ᠰᠡᠷᠭᠦᠭᠡᠬᠦ ᠢᠨᠵᠧᠨᠧᠷᠢᠩ ᠤᠨ ᠬᠠᠮᠤᠷᠬᠤ ᠬᠦᠷᠢᠶ᠎ᠠ ᠬᠡᠪᠴᠢᠶᠡᠨ ᠳᠤ | ᠤᠷᠤᠭᠤᠯᠬᠤ ᠪᠠᠷ ᠴᠢᠷᠮᠠᠶᠢᠨ᠎ᠠ᠃ 2020 ᠣᠨ ᠪᠤᠯᠳᠠᠯ᠎ᠠ ᠪᠦᠬᠦ ᠤᠷᠤᠨ ᠤ ᠪᠡᠯᠴᠢᠭᠡᠷᠯᠡᠭᠦᠯᠬᠦ ᠶᠢ ᠵᠤᠭᠰᠤᠭᠠᠭᠰᠠᠨ᠂ | ᠪᠡᠯᠴᠢᠬᠡᠷ ᠢ ᠰᠡᠷᠬᠦᠬᠡᠭᠰᠡᠨ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠳᠤᠯᠠᠬᠰᠠᠨ ᠨᠤᠲᠤᠭ ᠪᠡᠯᠴᠢᠭᠡᠷ ᠤᠨ ᠲᠠᠯᠠᠪᠠᠢ ᠶᠢ | 10 ᠳ᠋ᠦᠩᠰᠢᠭᠤᠷ ᠮᠦ ᠠᠴᠠ ᠳᠡᠭᠡᠭᠰᠢ ᠬᠦᠷᠭᠡᠵᠦ᠂ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠳᠠ ᠶᠢᠨ | ᠲᠠᠯᠠᠪᠠᠢ ᠶᠢ ᠨᠡᠶᠢᠳᠡ 2 ᠳ᠋ᠦᠩᠰᠢᠭᠤᠷ ᠮᠦ ᠳᠤ ᠬᠦᠷᠭᠡᠨ᠎ᠠ᠃ | ︵ᠭᠤᠷᠪᠠ︶ ᠡᠯᠡᠰᠦᠷᠬᠡᠭ ᠭᠠᠵᠠᠷ ᠢ ᠵᠠᠰᠠᠬᠤ ᠪᠠᠨ ᠴᠢᠩᠭᠠᠳᠬᠠᠨ᠎ᠠ᠃ ᠦᠪᠡᠷᠳᠡᠭᠡᠨ ᠵᠠᠰᠠᠬᠤ ᠤᠷᠤᠨ ᠤ ︽ | ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠲᠦᠯᠦᠪᠵᠢᠭᠦᠯᠭᠡ ︵2011 — 2020︶︾ ᠶᠢ | ᠨᠠᠶᠢᠳᠠᠪᠤᠷᠢᠵᠢᠭᠤᠯᠵᠤ᠂ ᠪᠡᠭᠡᠵᠢᠩ ᠲᠢᠶᠠᠨᠵᠢᠨ ᠤ ᠡᠷᠬᠢᠨ ᠲᠤᠭᠤᠷᠢᠨ ᠤ ᠡᠯᠡᠰᠤ ᠰᠠᠯᠬᠢᠨ ᠤ ᠡᠬᠢ ᠶᠢ ᠵᠠᠰᠠᠬᠤ | ᠬᠤᠶᠠᠳᠤᠭᠠᠷ ᠬᠤᠭᠤᠴᠠᠭᠠᠨ ᠤ ᠢᠨᠵᠧᠨᠧᠷᠢᠩ ᠵᠡᠷᠭᠡ ᠢᠨᠵᠧᠨᠧᠷᠢᠩ ᠢᠶᠠᠷ ᠳᠠᠮᠵᠢᠨ ᠡᠯᠡᠰᠦᠨ ᠤ ᠵᠠᠬ᠎ᠠ ᠶᠢ ᠪᠤᠷᠤᠤᠯᠠᠬᠤ | ᠰᠢᠰᠲ᠋ᠧᠮ ᠢ ᠪᠠᠶᠢᠭᠤᠯᠵᠤ᠂ ᠪᠢᠳᠡᠭᠦᠮᠵᠢᠯᠡᠬᠦ ᠬᠡᠯᠪᠡᠷᠢ ᠶᠢᠨ ᠬᠠᠮᠠᠭᠠᠯᠠᠯᠳᠠ ᠶᠢᠨ ᠲᠤᠭᠤᠷᠢᠭ ᠢ ᠪᠠᠶᠢᠭᠤᠯᠵᠤ᠂ | ᠡᠯᠡᠰᠦᠷᠬᠡᠭᠵᠢᠯᠳᠡ ᠶᠢᠨ ᠦᠷᠭᠡᠳᠬᠦ ᠶᠢ ᠠᠯᠬᠤᠮ ᠠᠯᠬᠤᠮ ᠢᠶᠠᠷ ᠡᠵᠡᠮᠳᠡᠨ ᠬᠢᠵᠠᠭᠠᠷᠯᠠᠨ᠎ᠠ᠃ ᠪᠡᠯᠴᠢᠭᠡᠷᠯᠡᠭᠦᠯᠬᠦ ᠶᠢ | ᠵᠤᠭᠰᠤᠭᠠᠨ ᠪᠡᠯᠴᠢᠬᠡᠷ ᠢ ᠰᠡᠷᠬᠦᠬᠡᠬᠦ᠂ ᠲᠠᠷᠢᠶᠠᠯᠠᠬᠤ ᠪᠠᠨ ᠵᠤᠭᠰᠤᠨ ᠤᠢ ᠡᠪᠡᠰᠤ ᠶᠢ ᠰᠡᠷᠭᠦᠭᠡᠬᠦ᠂ ᠠᠮᠢ ᠠᠬᠤᠢ ᠶᠢᠨ | ᠨᠡᠭᠦᠳᠡᠯ ᠠᠷᠠᠳ ᠤᠨ ᠢᠨᠵᠧᠨᠧᠷᠢᠩ ᠵᠡᠷᠭᠡ ᠠᠷᠭ᠎ᠠ ᠬᠡᠯᠪᠡᠷᠢ ᠪᠠᠷ ᠡᠯᠡᠰᠦᠷᠬᠡᠭ ᠭᠠᠵᠠᠷ ᠤᠨ ᠤᠢ ᠡᠪᠡᠰᠤ ᠶᠢᠨ | ᠪᠦᠷᠬᠦᠴᠡ ᠶᠢ ᠠᠭᠠᠵᠢᠮ ᠢᠶᠠᠷ ᠰᠡᠷᠭᠦᠭᠡᠨ᠎ᠠ᠃ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠲᠤᠰᠬᠠᠢ | ᠢᠨᠵᠧᠨᠧᠷᠢᠩ ᠤᠨ ᠬᠡᠷᠡᠭᠵᠢᠭᠦᠯᠦᠯᠳᠡ ᠶᠢ ᠠᠬᠢᠭᠤᠯᠤᠨ᠎ᠠ᠃ 2020 ᠣᠨ ᠪᠤᠯᠳᠠᠯ᠎ᠠ ᠪᠦᠬᠦ ᠤᠷᠤᠨ ᠤ 40% ᠠᠴᠠ | ᠳᠡᠭᠡᠭᠰᠢᠬᠢ ᠡᠯᠡᠰᠦᠷᠬᠡᠭ ᠭᠠᠵᠠᠷ ᠢ ᠵᠠᠰᠠᠬᠤ ᠶᠢ ᠪᠡᠶᠡᠯᠡᠭᠦᠯᠦᠨ᠎ᠠ᠃ | ︵ᠳᠦᠷᠪᠡ︶ ᠤᠰᠤ ᠬᠦᠷᠦᠰᠦ ᠶᠢ ᠬᠠᠮᠠᠭᠠᠯᠠᠬᠤ ᠠᠵᠢᠯ ᠢ ᠴᠢᠩᠭᠠᠳᠬᠠᠨ᠎ᠠ᠃ ᠨᠠᠯᠠᠤ ᠲᠠᠷᠢᠶᠠᠨ ᠭᠠᠵᠠᠷ᠂ | ᠵᠢᠵᠢᠭ ᠤᠷᠤᠰᠬᠠᠯ ᠤᠨ ᠭᠤᠤᠯ ᠮᠦᠷᠡᠨ ᠤ ᠰᠠᠪᠠ ᠭᠠᠵᠠᠷ ᠤᠨ ᠤᠰᠤ ᠬᠦᠷᠦᠰᠦ ᠶᠢᠨ ᠢᠳᠡᠭᠳᠡᠯ ᠢ ᠶᠡᠷᠦᠩᠬᠡᠶᠢᠯᠡᠨ | ᠵᠠᠰᠠᠬᠤ ᠪᠠ ᠵᠡᠭᠦᠨ ᠬᠤᠶᠢᠳᠦ ᠶᠢᠨ ᠬᠠᠷ᠎ᠠ ᠬᠦᠷᠦᠰᠦᠳᠦ ᠤᠷᠤᠨ ᠤ ᠤᠰᠤ ᠬᠦᠷᠦᠰᠦ ᠶᠢᠨ ᠢᠳᠡᠭᠳᠡᠯ ᠢ ᠵᠠᠰᠠᠬᠤ | ᠵᠡᠷᠭᠡ ᠤᠰᠤ ᠬᠦᠷᠦᠰᠦ ᠶᠢ ᠬᠠᠮᠠᠭᠠᠯᠠᠵᠤ ᠪᠦᠳᠦᠬᠡᠨ ᠪᠠᠶᠢᠭᠤᠯᠬᠤ ᠢᠨᠵᠧᠨᠧᠷᠢᠩ ᠢ ᠡᠷᠴᠢᠮ ᠲᠠᠢ ᠬᠡᠷᠡᠭᠵᠢᠭᠦᠯᠵᠦ᠂ | ᠬᠠᠳᠤᠨ ᠭᠤᠤᠯ ᠤᠨ ᠠᠷᠪᠡᠨ ᠶᠡᠭᠡ ᠬᠦᠨᠳᠡᠢ ᠶᠢ ᠭᠤᠤᠯᠳᠠᠯᠭ᠎ᠠ ᠲᠠᠢ ᠵᠠᠰᠠᠵᠤ᠂ ᠬᠦᠯᠦᠨ ᠪᠤᠶᠢᠷ ᠬᠤᠳᠠ ᠪᠠ ᠬᠢᠩᠭᠠᠨ | ᠠᠶᠢᠮᠠᠭ ᠤᠨ 8 ᠬᠤᠰᠢᠭᠤ ᠰᠢᠶᠠᠨ ᠤ ᠬᠠᠷ᠎ᠠ ᠬᠦᠷᠦᠰᠦᠳᠦ ᠤᠷᠤᠨ ᠤ ᠬᠠᠮᠠᠭᠠᠯᠠᠯᠳᠠ ᠶᠢ ᠴᠢᠩᠭᠠᠳᠬᠠᠨ᠎ᠠ᠃ 2020 | ᠣᠨ ᠪᠤᠯᠬᠤ ᠳᠤ ᠤᠰᠤ ᠬᠦᠷᠦᠰᠦ ᠶᠢᠨ ᠢᠳᠡᠭᠳᠡᠯ ᠢ ᠰᠢᠨ᠎ᠠ ᠪᠠᠷ ᠵᠠᠰᠠᠭᠰᠠᠨ ᠲᠠᠯᠠᠪᠠᠢ ᠶᠢ 3250 ᠲᠦᠮᠡᠨ ᠮᠦ ᠳᠤ | ᠬᠦᠷᠬᠡᠨ᠎ᠠ᠃ | ︵ᠳᠠᠪᠤ︶ ᠨᠠᠭᠤᠷ ᠴᠦᠬᠦᠷᠦᠮ ᠨᠤᠭᠤ ᠭᠠᠵᠠᠷ ᠤᠨ ᠬᠠᠮᠠᠭᠠᠯᠠᠯᠳᠠ ᠶᠢ ᠴᠢᠩᠭᠠᠳᠬᠠᠨ᠎ᠠ᠃ ︽ᠨᠤᠭᠤ | ᠭᠠᠵᠠᠷ ᠤᠨ ᠬᠠᠮᠠᠭᠠᠯᠠᠯᠳᠠ ᠶᠢᠨ ᠲᠦᠯᠦᠪᠵᠢᠭᠦᠯᠭᠡ ︵2015 — 2020︶︾ ᠶᠢ ᠲᠤᠭᠤᠷᠪᠢᠨ ᠳᠤᠭᠳᠠᠭᠠᠵᠤ᠂ | ᠨᠤᠭᠤ ᠭᠠᠵᠠᠷ ᠤᠨ ᠬᠠᠮᠠᠭᠠᠯᠠᠯᠳᠠ ᠶᠢᠨ ᠨᠡᠷᠡᠰ ᠤᠨ ᠲᠡᠮᠳᠡᠭᠯᠡᠯ ᠭᠠᠷᠭᠠᠵᠤ᠂ ᠭᠤᠤᠯᠳᠠᠯᠭ᠎ᠠ ᠲᠠᠢ ᠨᠤᠭᠤ ᠭᠠᠵᠠᠷ ᠤᠨ | ᠬᠠᠮᠠᠭᠠᠯᠠᠯᠳᠠ ᠪᠠ ᠰᠡᠷᠭᠦᠭᠡᠯᠳᠡ ᠶᠢᠨ ᠢᠨᠵᠧᠨᠧᠷᠢᠩ ᠢ ᠬᠡᠷᠡᠭᠵᠢᠭᠦᠯᠵᠦ᠂ ᠲᠠᠷᠢᠶᠠᠯᠠᠬᠤ ᠪᠠᠨ ᠵᠤᠭᠰᠤᠨ ᠨᠤᠭᠤ | ᠭᠠᠵᠠᠷ ᠢ ᠰᠡᠷᠭᠦᠭᠡᠬᠦ ᠠᠵᠢᠯ ᠢ ᠠᠬᠢᠭᠤᠯᠤᠨ᠎ᠠ᠃ ᠭᠤᠤᠯ ᠮᠦᠷᠡᠨ ᠨᠠᠭᠤᠷ ᠴᠦᠬᠦᠷᠦᠮ ᠢ ᠬᠤᠯᠪᠤᠨ ᠨᠡᠪᠲᠡᠷᠡᠭᠦᠯᠬᠦ | ᠢᠨᠵᠧᠨᠧᠷᠢᠩ ᠢ ᠢᠳᠡᠪᠬᠢᠳᠠᠢ ᠬᠡᠷᠡᠭᠵᠢᠭᠦᠯᠵᠦ᠂ ᠨᠠᠭᠤᠷ ᠴᠦᠬᠦᠷᠦᠮ ᠨᠤᠭᠤ ᠭᠠᠵᠠᠷ ᠳᠤ ᠤᠰᠤᠨ ᠤ ᠡᠬᠢ ᠰᠤᠷᠪᠤᠯᠵᠢ | ᠬᠠᠩᠭᠠᠨ᠎ᠠ᠃ ᠡᠷᠭᠦᠨ᠎ᠠ᠂ ᠳᠠᠯᠠᠶᠢᠨᠠᠭᠤᠷ᠂ ᠤᠯᠠᠭᠠᠢ ᠵᠡᠷᠭᠡ ᠨᠤᠭᠤ ᠭᠠᠵᠠᠷ ᠤᠨ ᠬᠠᠮᠠᠭᠠᠯᠠᠯᠳᠠ ᠶᠢ ᠴᠢᠩᠭᠠᠳᠬᠠᠵᠤ᠂ | ᠬᠦᠯᠦᠨ ᠨᠠᠭᠤᠷ᠂ ᠤᠯᠠᠭᠠᠨᠰᠤᠬᠠᠢ᠂ ᠰᠢᠷ᠎ᠠ ᠬᠤᠰᠢᠭᠤ ᠳᠠᠯᠠᠢ ᠪᠠ ᠰᠤᠪᠠᠨᠠᠭᠤᠷ ᠳᠤ ᠤᠰᠤ ᠨᠦᠬᠦᠪᠤᠷᠢᠯᠡᠬᠦ ᠵᠡᠷᠭᠡ | ᠰᠡᠷᠭᠦᠭᠡᠯᠳᠡ ᠶᠢᠨ ᠠᠷᠭ᠎ᠠ ᠪᠠᠷᠢᠯ ᠢ ᠠᠪᠤᠨ᠎ᠠ᠃ 2020 ᠣᠨ ᠪᠤᠯᠳᠠᠯ᠎ᠠ ᠪᠦᠬᠦ ᠤᠷᠤᠨ ᠤ 30% ᠠᠴᠠ | ᠳᠡᠭᠡᠭᠰᠢᠬᠢ ᠭᠤᠤᠯᠳᠠᠯᠭ᠎ᠠ ᠲᠠᠢ ᠨᠤᠭᠤ ᠭᠠᠵᠠᠷ ᠢ ᠪᠦᠲᠦᠮᠵᠢᠳᠠᠢ ᠬᠠᠮᠠᠭᠠᠯᠠᠵᠤ᠂ ᠨᠠᠭᠤᠷ ᠴᠦᠬᠦᠷᠦᠮ ᠨᠤᠭᠤ | ᠭᠠᠵᠠᠷ ᠤᠨ ᠲᠠᠯᠠᠪᠠᠢ ᠪᠠᠭᠠᠰᠴᠤ᠂ ᠤᠰᠤᠨ ᠤ ᠴᠢᠨᠠᠷ ᠮᠠᠭᠤᠳᠠᠵᠤ ᠪᠠᠶᠢᠬᠤ ᠬᠠᠨᠳᠤᠰᠢ ᠶᠢ ᠠᠯᠬᠤᠮ ᠠᠯᠬᠤᠮ ᠢᠶᠠᠷ | ᠬᠤᠷᠢᠡᠡᠯᠠᠨ ᠵᠤᠭᠰᠤᠭᠠᠨ᠎ᠠ᠃ | ︵ᠵᠢᠷᠭᠤᠭ᠎ᠠ︶ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠠ ᠤᠯᠤᠰ ᠤᠨ ᠴᠡᠴᠡᠷᠯᠢᠭ ᠤᠨ ᠪᠦᠲᠦᠭᠡᠨ | ᠪᠠᠶᠢᠭᠤᠯᠤᠯᠳᠠ ᠶᠢ ᠴᠢᠩᠭᠠᠳᠬᠠᠨ᠎ᠠ᠃ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢ | ᠴᠢᠩᠭᠠᠳᠬᠠᠵᠤ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠲᠤᠳᠤᠷᠠᠬᠢ ᠳᠦᠷᠢᠮ ᠢ ᠵᠦᠷᠢᠴᠡᠭᠰᠡᠨ ᠦᠢᠯᠡᠳᠪᠤᠷᠢ | ᠠᠭᠤᠷᠬᠠᠢ ᠪᠠ ᠪᠤᠬᠢᠷᠳᠦᠯ ᠭᠠᠳᠠᠭᠰᠢᠯᠠᠭᠤᠯᠬᠤ ᠠᠵᠤ ᠠᠬᠤᠢᠢᠯᠠᠯ ᠢ ᠴᠡᠭᠴᠡᠯᠡᠨ᠎ᠠ᠃ ᠡᠯ᠎ᠠ ᠵᠦᠢᠯ ᠤᠨ ᠪᠠᠶᠢᠭᠠᠯᠢ ᠶᠢᠨ | ᠬᠠᠮᠠᠭᠠᠯᠠᠯᠳᠠ ᠶᠢᠨ ᠤᠷᠤᠨ᠂ ᠭᠠᠵᠠᠷ ᠰᠢᠨᠵᠢᠯᠡᠭᠡᠨ ᠤ ᠴᠡᠴᠡᠷᠯᠢᠭ ᠤᠨ ᠴᠢᠳᠠᠪᠬᠢ ᠶᠢ ᠲᠠᠬᠢᠨ ᠵᠤᠬᠢᠶᠠᠨ | ᠪᠠᠶᠢᠭᠤᠯᠬᠤ ᠶᠢ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠶᠡᠭᠡ ᠬᠢᠩᠭᠠᠨ ᠳᠠᠪᠠᠭ᠎ᠠ ᠶᠢᠨ ᠠᠷᠤ ᠪᠡᠶ᠎ᠠ ᠶᠢᠨ ᠪᠠᠯᠠᠷ | ᠤᠢ ᠶᠢᠨ ᠤᠷᠤᠨ ᠳᠤ ᠤᠯᠤᠰ ᠤᠨ ᠴᠡᠴᠡᠷᠯᠢᠭ ᠪᠠᠶᠢᠭᠤᠯᠬᠤ ᠪᠠᠷ ᠢᠳᠡᠪᠬᠢᠳᠠᠢ ᠴᠢᠷᠮᠠᠶᠢᠨ᠎ᠠ᠃ ᠠᠮᠢᠳᠤ ᠪᠤᠳᠠᠰ ᠤᠨ | ᠤᠯᠠᠨ ᠶᠠᠩᠵᠤᠳᠤ ᠴᠢᠨᠠᠷ ᠢ ᠬᠠᠮᠠᠭᠠᠯᠠᠬᠤ ᠲᠤᠤᠷ ᠢ ᠪᠠᠶᠢᠭᠤᠯᠵᠤ᠂ ᠤᠰᠠᠳᠬᠤ ᠠᠶᠤᠯ ᠲᠠᠢ ᠬᠡᠭᠡᠷ᠎ᠠ ᠶᠢᠨ ᠠᠮᠢᠳᠠᠨ | ᠤᠷᠭᠤᠮᠠᠯ ᠢ ᠠᠪᠤᠷᠠᠯᠳᠠ ᠶᠢᠨ ᠴᠢᠨᠠᠷᠳᠠᠢ ᠪᠠᠷ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠤᠨ᠎ᠠ᠃ 2020 ᠣᠨ | ᠪᠤᠯᠳᠠᠯ᠎ᠠ ᠭᠤᠤᠯᠳᠠᠯᠭ᠎ᠠ ᠲᠠᠢ ᠬᠡᠭᠡᠷ᠎ᠠ ᠶᠢᠨ ᠠᠮᠢᠳᠠᠨ ᠤᠷᠭᠤᠮᠠᠯ ᠤᠨ ᠲᠦᠷᠦᠯ ᠵᠦᠢᠯ ᠬᠢᠭᠡᠳ ᠨᠡᠶᠢᠳᠡᠯᠢᠭ ᠴᠢᠨᠠᠷᠳᠠᠢ | ᠠᠮᠢ ᠠᠬᠤᠢ ᠶᠢᠨ ᠰᠢᠰᠲ᠋ᠧᠮ ᠢ ᠪᠦᠬᠦ ᠲᠠᠯ᠎ᠠ ᠶᠢᠨ ᠬᠠᠮᠠᠭᠠᠯᠠᠯᠳᠠ ᠲᠠᠢ ᠪᠤᠯᠭᠠᠨ᠎ᠠ᠃ | ︵ᠲᠤᠯᠤᠭ᠎ᠠ︶ ᠭᠤᠤᠯ ᠮᠦᠷᠡᠨ ᠢ ᠵᠠᠰᠠᠬᠤ ᠠᠵᠢᠯ ᠢ ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ︽ | ᠭᠤᠤᠯᠳᠠᠯᠭ᠎ᠠ ᠲᠠᠢ ᠤᠰᠤᠨ ᠠᠰᠢᠡᠡᠯᠠᠯᠳᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠨ | ᠠᠬᠢᠭᠤᠯᠬᠤ ᠲᠤᠬᠠᠢ ᠬᠡᠷᠡᠭᠵᠢᠭᠦᠯᠬᠦ ᠲᠦᠰᠦᠯ︾ ᠢ ᠲᠤᠤᠱᠯᠠᠭᠤᠯᠵᠤ᠂ ᠨᠤᠨ ᠮᠦᠷᠡᠨ ᠤ ᠭᠤᠤᠯ ᠤᠷᠤᠰᠬᠠᠯ᠂ ᠯᠢᠶᠤᠤ | ᠾᠧ ᠭᠤᠤᠯ ᠤᠨ ᠭᠤᠤᠯ ᠤᠷᠤᠰᠬᠠᠯ ᠬᠢᠭᠡᠳ ᠬᠠᠳᠤᠨ ᠭᠤᠤᠯ ᠤᠨ ᠦᠪᠦᠷ ᠮᠤᠩᠭᠤᠯ ᠲᠠᠬᠢ ᠬᠡᠰᠡᠭ ᠢ ᠵᠠᠰᠠᠬᠤ | ᠠᠵᠢᠯ ᠢ ᠲᠦᠷᠭᠡᠳᠭᠡᠨ ᠠᠬᠢᠭᠤᠯᠤᠨ᠎ᠠ᠃ ︽ᠴᠤᠤᠯ ᠭᠤᠤᠯ ᠤᠨ ᠤᠰᠤ ᠶᠢ ᠯᠢᠶᠤᠤ ᠾᠧ ᠭᠤᠤᠯ ᠳᠤ ᠳᠠᠳᠠᠬᠤ︾ | ᠢᠨᠵᠧᠨᠧᠷᠢᠩ ᠤᠨ ᠪᠦᠲᠦᠭᠡᠨ ᠪᠠᠶᠢᠭᠤᠯᠤᠯᠳᠠ ᠶᠢ ᠠᠬᠢᠭᠤᠯᠵᠤ᠂ 2016 ᠣᠨ ᠳᠤ ᠪᠠᠷᠢᠯᠭ᠎ᠠ ᠡᠬᠢᠯᠡᠭᠦᠯᠬᠦ ᠪᠠᠷ | ᠴᠢᠷᠮᠠᠶᠢᠵᠤ᠂ ᠲᠦᠩᠯᠢᠶᠤᠤ ᠤᠷᠤᠨ ᠤ ᠭᠠᠵᠠᠷ ᠲᠤᠤᠷᠠᠬᠢ ᠤᠰᠤᠨ ᠲᠦᠪᠰᠢᠨ ᠢ ᠠᠯᠭᠤᠷ ᠳᠡᠭᠡᠭᠰᠢᠯᠡᠭᠦᠯᠵᠦ᠂ ᠤᠰᠤ | ᠲᠤᠭᠳᠠᠬᠤ ᠦᠬᠡᠢ ᠭᠤᠭᠤᠵᠢᠭᠤᠷ ᠤᠷᠤᠨ ᠤ ᠲᠠᠯᠠᠪᠠᠢ ᠶᠢ ᠠᠯᠭᠤᠷ ᠪᠠᠭᠠᠰᠬᠠᠵᠤ᠂ ᠠᠮᠢ ᠠᠬᠤᠢ ᠶᠢᠨ ᠤᠷᠴᠢᠨ | ᠲᠤᠭᠤᠷᠢᠨ ᠢ ᠰᠠᠶᠢᠵᠢᠷᠠᠭᠤᠯᠤᠨ᠎ᠠ᠃ | ︵ᠨᠠᠢᠮᠠ︶ ᠡᠪᠳᠡᠭᠳᠡᠭᠰᠡᠨ ᠠᠭᠤᠷᠬᠠᠢ ᠶᠢᠨ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠢ ᠰᠡᠷᠭᠦᠭᠡᠨ | ᠵᠠᠰᠠᠨ᠎ᠠ᠃ ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠢ ᠵᠠᠰᠠᠬᠤ ᠪᠠ ᠠᠮᠢ ᠠᠬᠤᠢ ᠶᠢ ᠰᠡᠷᠭᠦᠬᠡᠨ ᠬᠠᠮᠠᠭᠠᠯᠠᠬᠤ | ᠪᠠᠳᠤᠯᠠᠭ᠎ᠠ ᠶᠢᠨ ᠮᠦᠩᠬᠦ ᠶᠢᠨ ᠳᠦᠷᠢᠮ ᠢ ᠪᠠᠶᠢᠭᠤᠯᠵᠤ᠂ ᠠᠭᠤᠷᠬᠠᠢ ᠶᠢᠨ ᠤᠷᠤᠨ ᠤ ᠠᠮᠢ ᠠᠬᠤᠢ ᠶᠢᠨ ᠤᠷᠴᠢᠨ | ᠲᠤᠭᠤᠷᠢᠨ ᠢ ᠰᠡᠷᠭᠦᠭᠡᠬᠦ ᠪᠠ ᠵᠠᠰᠠᠬᠤ ᠢᠨᠵᠧᠨᠧᠷᠢᠩ ᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠢᠨᠵᠧᠨᠧᠷᠢᠩ ᠪᠠ | ᠠᠮᠢᠳᠤ ᠪᠤᠳᠠᠰ ᠤᠨ ᠠᠷᠭ᠎ᠠ ᠬᠡᠮᠵᠢᠶ᠎ᠠ ᠪᠠᠷ ᠬᠤᠭᠤᠰᠤᠷᠠᠳᠠᠯ᠎ᠠ ᠮᠠᠯᠳᠠᠭᠰᠠᠨ ᠤᠷᠤᠨ᠂ ᠳᠤᠷᠤᠭᠰᠢ ᠰᠠᠭᠤᠭᠰᠠᠨ ᠤᠷᠤᠨ | ᠂ ᠵᠠᠳᠠᠭᠠᠢ ᠮᠠᠯᠳᠠᠭᠳᠠᠭᠰᠠᠨ ᠭᠤᠤ ᠵᠡᠷᠭᠡ ᠠᠭᠤᠷᠬᠠᠢ ᠶᠢᠨ ᠤᠷᠤᠨ ᠤ ᠭᠤᠤᠯ ᠪᠤᠯᠬᠤ ᠭᠠᠵᠠᠷ ᠰᠢᠨᠵᠢᠯᠡᠭᠡᠨ ᠤ | ᠤᠷᠴᠢᠨ ᠲᠤᠭᠤᠷᠢᠨ ᠢ ᠰᠡᠯᠪᠢᠵᠦ ᠰᠡᠷᠭᠦᠭᠡᠬᠦ ᠠᠵᠢᠯ ᠤᠨ ᠡᠷᠴᠢᠮ ᠢᠶᠠᠨ ᠴᠢᠩᠭᠠᠳᠬᠠᠨ᠎ᠠ᠃ ᠰᠢᠨ᠎ᠠ ᠦᠢᠯᠡᠳᠪᠤᠷᠢ | ᠠᠭᠤᠷᠬᠠᠢ ᠭᠠᠷᠭᠠᠬᠤ ᠳᠤ ᠪᠤᠬᠢᠷᠳᠦᠯ ᠦᠭᠡᠢ ᠦᠢᠯᠡᠳᠪᠤᠷᠢ ᠠᠭᠤᠷᠬᠠᠢ ᠶᠢᠨ ᠪᠠᠷᠢᠮᠵᠢᠶ᠎ᠠ ᠪᠠᠷ ᠲᠦᠯᠦᠪᠵᠢᠭᠦᠯᠭᠡ ᠬᠢᠵᠦ | ᠂ ᠲᠦᠰᠦᠪᠯᠡᠵᠤ ᠪᠦᠲᠦᠭᠡᠨ ᠪᠠᠶᠢᠭᠤᠯᠤᠨ᠎ᠠ᠃ | ᠳᠦᠷᠪᠡ᠂ ᠤᠷᠴᠢᠨ ᠲᠤᠭᠤᠷᠢᠨ ᠤ ᠬᠠᠮᠠᠭᠠᠯᠠᠯᠳᠠ ᠪᠠ ᠡᠬᠢ ᠪᠠᠶᠠᠯᠢᠭ ᠤᠨ ᠶᠡᠷᠦᠩᠬᠡᠶᠢᠯᠡᠭᠰᠡᠨ | ᠠᠰᠢᠡᠡᠯᠠᠯᠳᠠ ᠶᠢ ᠴᠢᠩᠭᠠᠳᠬᠠᠨ᠎ᠠ | ᠬᠠᠮᠤᠭ ᠴᠢᠩᠭ᠎ᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠳᠦᠷᠢᠮ ᠢ ᠬᠡᠷᠡᠭᠵᠢᠭᠦᠯᠵᠦ᠂ ᠡᠬᠢ | ᠦᠨᠳᠦᠰᠦ ᠠᠴᠠ ᠨᠢ ᠰᠡᠷᠭᠡᠶᠢᠯᠡᠵᠦ᠂ ᠪᠦᠬᠦ ᠶᠠᠪᠤᠴᠠ ᠲᠤᠨᠢ ᠰᠡᠷᠭᠡᠶᠢᠯᠡᠬᠦ ᠪᠠ ᠦᠨᠳᠦᠷ ᠪᠦᠲᠦᠮᠵᠢᠳᠠᠢ ᠪᠠᠷ ᠵᠠᠰᠠᠬᠤ ᠶᠢ | ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠵᠤ᠂ ᠵᠠᠰᠠᠭ ᠤᠨ ᠤᠷᠳᠤᠨ᠂ ᠠᠵᠤ ᠠᠬᠤᠢᠢᠯᠠᠯ᠂ ᠤᠯᠠᠨ ᠨᠡᠶᠢᠳᠡ ᠠᠴᠠ | ᠬᠠᠮᠳᠤᠪᠡᠷ ᠵᠠᠰᠠᠬᠤ ᠶᠢ ᠪᠠᠷᠢᠮᠳᠠᠯᠠᠵᠤ᠂ ᠤᠯᠠᠨ ᠵᠦᠢᠯ ᠤᠨ ᠪᠤᠬᠢᠷᠳᠦᠯ ᠪᠤᠳᠠᠰ ᠢ ᠶᠡᠷᠦᠩᠬᠡᠢ ᠲᠤᠨᠢ ᠰᠡᠷᠭᠡᠶᠢᠯᠡᠨ | ᠵᠠᠰᠠᠬᠤ ᠪᠠ ᠤᠷᠴᠢᠨ ᠲᠤᠭᠤᠷᠢᠨ ᠢ ᠵᠠᠰᠠᠬᠤ ᠠᠵᠢᠯ ᠢ ᠠᠬᠢᠭᠤᠯᠵᠤ᠂ ᠤᠷᠴᠢᠨ ᠲᠤᠭᠤᠷᠢᠨ ᠢ ᠬᠠᠮᠠᠭᠠᠯᠠᠵᠤ ᠵᠠᠰᠠᠬᠤ | ᠠᠷᠪᠠᠨ ᠶᠡᠭᠡ ᠢᠨᠵᠧᠨᠧᠷᠢᠩ ᠢ ᠬᠡᠷᠡᠭᠵᠢᠭᠦᠯᠵᠦ᠂ ᠤᠷᠴᠢᠨ ᠲᠤᠭᠤᠷᠢᠨ ᠤ ᠶᠠᠰᠤ ᠴᠢᠨᠠᠷ ᠢ ᠲᠡᠭᠦᠯᠳᠡᠷᠵᠢᠭᠦᠯᠦᠨ᠎ᠠ᠃ | ᠡᠬᠢ ᠪᠠᠶᠠᠯᠢᠭ ᠢ ᠶᠡᠷᠦᠩᠬᠡᠢ ᠲᠤᠨᠢ ᠠᠰᠢᠡᠡᠯᠠᠬᠤ ᠦᠷ᠎ᠠ ᠪᠦᠲᠦᠮᠵᠢ ᠶᠢ ᠳᠡᠭᠡᠭᠰᠢᠯᠡᠭᠦᠯᠵᠦ᠂ ᠡᠨᠧᠷᠬᠢ ᠪᠠ ᠤᠰᠤᠨ ᠤ | ᠡᠬᠢ ᠪᠠᠶᠠᠯᠢᠭ ᠤᠨ ᠬᠤᠷᠤᠭᠳᠠᠯ᠂ ᠪᠦᠲᠦᠭᠡᠨ ᠪᠠᠶᠢᠭᠤᠯᠤᠯᠳᠠ ᠶᠢᠨ ᠬᠡᠷᠡᠭᠯᠡᠭᠡᠨ ᠤ ᠭᠠᠵᠠᠷ ᠰᠢᠷᠤᠢ ᠵᠡᠷᠭᠡ ᠳᠤ | ᠶᠡᠷᠦᠩᠬᠡᠢ ᠬᠡᠮᠵᠢᠶ᠎ᠠ ᠪᠠ ᠬᠦᠴᠦᠯᠡᠴᠡ ᠶᠢ ᠨᠢ ᠬᠠᠮᠳᠤ ᠲᠤᠨᠢ ᠬᠢᠵᠠᠭᠠᠷᠯᠠᠬᠤ ᠠᠵᠢᠯᠯᠠᠭ᠎ᠠ ᠶᠠᠪᠤᠭᠳᠠᠭᠤᠯᠵᠤ᠂ ᠪᠦᠬᠦ | ᠲᠠᠯ᠎ᠠ ᠶᠢ ᠬᠠᠮᠤᠷᠤᠭᠰᠠᠨ᠂ ᠰᠢᠨᠵᠢᠯᠡᠬᠦ ᠤᠬᠠᠭᠠᠨᠴᠢ ᠲᠦᠯᠦᠪᠵᠢᠭᠦᠯᠭᠡ ᠲᠠᠢ᠂ ᠴᠢᠩᠭ᠎ᠠ ᠬᠠᠮᠢᠶᠠᠷᠤᠯᠳᠠᠲ᠋ᠠᠢ ᠡᠬᠢ | ᠪᠠᠶᠠᠯᠢᠭ ᠤᠨ ᠶᠡᠷᠦᠩᠬᠡᠢ ᠬᠡᠮᠵᠢᠶ᠎ᠠ ᠶᠢᠨ ᠡᠵᠡᠮᠳᠡᠯ ᠳᠤᠬᠢᠷᠠᠭᠤᠯᠤᠯᠳᠠ ᠪᠠ ᠪᠦᠬᠦ ᠲᠠᠯ᠎ᠠ ᠪᠠᠷ ᠠᠷᠪᠢᠯᠠᠨ ᠭᠠᠮᠨᠠᠬᠤ | ᠳᠦᠷᠢᠮ ᠢ ᠬᠡᠷᠡᠭᠵᠢᠭᠦᠯᠦᠨ᠎ᠠ᠃ | ︵ᠨᠢᠭᠡ︶ ᠠᠭᠠᠷ ᠮᠠᠨᠳᠠᠯ ᠤᠨ ᠪᠤᠬᠢᠷᠳᠦᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠎ᠠ᠃ ᠠᠭᠠᠷ | ᠮᠠᠨᠳᠠᠯ ᠤᠨ ᠪᠤᠬᠢᠷᠳᠦᠯ ᠢ ᠰᠡᠷᠭᠡᠶᠢᠯᠡᠨ ᠵᠠᠰᠠᠬᠤ ᠤᠷᠤᠨ ᠨᠤᠲᠤᠭ ᠤᠨ ᠴᠢᠨᠠᠷᠳᠠᠢ ᠬᠠᠤᠯᠢ ᠳᠦᠷᠢᠮ ᠳᠤᠭᠳᠠᠭᠠᠬᠤ ᠶᠢ | ᠠᠬᠢᠭᠤᠯᠵᠤ᠂ ᠠᠭᠠᠷ ᠮᠠᠨᠳᠠᠯ ᠤᠨ ᠪᠤᠬᠢᠷᠳᠦᠯ ᠢ ᠰᠡᠷᠭᠡᠶᠢᠯᠡᠨ ᠵᠠᠰᠠᠬᠤ ᠤᠨ ᠤ ᠬᠡᠷᠡᠭᠵᠢᠭᠦᠯᠬᠦ ᠲᠦᠰᠦᠯ ᠢ ᠳᠤᠭᠳᠠᠭᠠᠵᠤ | ᠂ ᠵᠢᠵᠢᠭ ᠮᠦᠬᠦᠯᠢᠭᠳᠦ ᠪᠤᠳᠠᠰ ᠵᠡᠷᠭᠡ ᠤᠷᠴᠢᠨ ᠲᠤᠭᠤᠷᠢᠨ ᠤ ᠶᠠᠰᠤ ᠴᠢᠨᠠᠷ ᠤᠨ ᠵᠢᠭᠠᠯᠳᠠ ᠲᠤᠭ᠎ᠠ ᠶᠢ ᠬᠢᠨᠠᠨ | ᠡᠵᠡᠮᠳᠡᠬᠦ ᠵᠢᠭᠠᠯᠳᠠ ᠲᠤᠭ᠎ᠠ ᠳᠤ ᠤᠷᠤᠭᠤᠯᠵᠤ᠂ ᠠᠵᠤ ᠦᠢᠯᠡᠳᠪᠤᠷᠢ ᠶᠢᠨ ᠤᠳᠤᠭ᠎ᠠ ᠲᠤᠭᠤᠰᠤ᠂ ᠨᠡᠭᠦᠷᠡᠰᠦ | ᠲᠦᠯᠦᠬᠦ ᠠᠭᠤᠷ ᠤᠨ ᠲᠤᠭᠤᠭ᠎ᠠ ᠶᠢ ᠴᠡᠭᠴᠡᠯᠡᠬᠦ ᠪᠠ ᠬᠤᠳᠠ ᠪᠠᠯᠭᠠᠰᠦ ᠶᠢᠨ ᠦᠯᠦᠨ ᠲᠤᠭᠤᠰᠤ ᠶᠢ ᠳᠠᠷᠤᠬᠤ | ᠠᠵᠢᠯ ᠢ ᠪᠦᠬᠦ ᠲᠠᠯ᠎ᠠ ᠪᠠᠷ ᠴᠢᠩᠭᠠᠳᠬᠠᠨ᠎ᠠ᠃ ᠪᠤᠭᠤᠳᠤ ᠬᠤᠳᠠ᠂ ᠬᠦᠬᠡᠬᠤᠳᠠ᠂ ᠤᠯᠠᠭᠠᠨᠬᠠᠳᠠ ᠬᠤᠳᠠ ᠵᠡᠷᠭᠡ | ᠬᠦᠮᠦᠨ ᠠᠮᠠ ᠲᠦᠪᠯᠡᠷᠡᠭᠰᠡᠨ ᠤᠷᠤᠨ ᠤ ᠠᠭᠠᠷ ᠮᠠᠨᠳᠠᠯ ᠤᠨ ᠪᠤᠬᠢᠷᠳᠦᠯ ᠢ ᠭᠤᠤᠯᠳᠠᠯᠭ᠎ᠠ ᠲᠠᠢ ᠵᠠᠰᠠᠵᠤ᠂ ︽ᠦᠬᠠᠢ | — ᠤᠰᠤᠳᠤ — ᠦᠵᠦᠬᠦᠷ︾ ᠵᠢᠵᠢᠭ ᠭᠤᠷᠪᠠᠯᠵᠢᠨ ᠤᠷᠤᠨ ᠵᠢᠴᠢ ᠡᠷᠬᠢᠨ ᠲᠤᠭᠤᠷᠢᠨ ᠤ ᠭᠠᠵᠠᠷ ᠤᠷᠤᠨ ᠤ | ᠠᠭᠠᠷ ᠮᠠᠨᠳᠠᠯ ᠤᠨ ᠪᠤᠬᠢᠷᠳᠦᠯ ᠢ ᠬᠠᠮᠳᠤᠪᠡᠷ ᠰᠡᠷᠭᠡᠶᠢᠯᠡᠨ ᠬᠠᠮᠳᠤᠪᠡᠷ ᠡᠵᠡᠮᠳᠡᠬᠦ ᠠᠵᠢᠯ ᠢ ᠠᠬᠢᠭᠤᠯᠵᠤ᠂ ᠡᠯ᠎ᠠ | ᠠᠶᠢᠮᠠᠭ ᠬᠤᠳᠠ ᠶᠢᠨ ᠵᠠᠰᠠᠭ ᠵᠠᠬᠢᠷᠭᠠᠨ ᠤ ᠰᠠᠭᠤᠭ᠎ᠠ ᠭᠠᠵᠠᠷ ᠤᠨ ᠬᠤᠳᠠ ᠬᠦᠳᠡᠭᠡ ᠶᠢᠨ ᠠᠭᠤᠯᠵᠠᠷ ᠤᠷᠤᠨ ᠤ | ᠠᠭᠠᠷ ᠮᠠᠨᠳᠠᠯ ᠤᠨ ᠬᠤᠯᠢᠮᠠᠭ ᠪᠤᠬᠢᠷᠳᠦᠯ ᠢ ᠶᠡᠷᠦᠩᠬᠡᠶᠢᠯᠡᠨ ᠵᠠᠰᠠᠬᠤ ᠠᠵᠢᠯ ᠢ ᠠᠬᠢᠭᠤᠯᠤᠨ᠎ᠠ᠃ ᠪᠤᠬᠢᠷᠳᠤᠯ ᠤᠨ | ᠭᠠᠳᠠᠭᠰᠢᠯᠠᠭᠤᠯᠤᠯᠳᠠ ᠪᠠᠷ ᠶᠡᠭᠡ ᠮᠠᠰᠢᠨ ᠲᠡᠷᠭᠡ ᠪᠠ ᠬᠠᠭᠤᠴᠢᠨ ᠲᠡᠷᠭᠡ ᠶᠢ ᠳᠠᠶᠠᠭᠳᠠᠬᠤ ᠠᠵᠢᠯ ᠢ ᠱᠠᠯᠠᠪᠳᠠᠭᠤᠯᠤᠨ᠎ᠠ | ᠃ ᠤᠯᠤᠰ ᠤᠨ ᠠᠭᠠᠷ ᠮᠠᠨᠳᠠᠯ ᠤᠨ ᠪᠤᠬᠢᠷᠳᠦᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠦᠯᠦᠪᠯᠡᠭᠡ ᠶᠢ | ᠲᠤᠤᠱᠯᠠᠭᠤᠯᠵᠤ᠂ ᠪᠡᠭᠡᠵᠢᠩ ᠲᠢᠶᠠᠨᠵᠢᠨ ᠾᠧᠪᠧᠢ ᠶᠢᠨ ᠠᠭᠠᠷ ᠮᠠᠨᠳᠠᠯ ᠤᠨ ᠪᠤᠬᠢᠷᠳᠦᠯ ᠢ ᠬᠠᠮᠳᠤᠪᠡᠷ ᠰᠡᠷᠭᠡᠶᠢᠯᠡᠨ | ᠬᠠᠮᠳᠤᠪᠡᠷ ᠡᠵᠡᠮᠳᠡᠬᠦ ᠠᠵᠢᠯ ᠤᠨ ᠡᠷᠴᠢᠮ ᠢᠶᠠᠨ ᠴᠢᠩᠭᠠᠳᠬᠠᠨ᠎ᠠ᠃ | ︵ᠬᠤᠶᠠᠷ︶ ᠤᠰᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠨ᠎ᠠ᠃ ᠦᠪᠡᠷᠳᠡᠭᠡᠨ ᠵᠠᠰᠠᠬᠤ | ᠤᠷᠤᠨ ᠤ ︽ᠤᠰᠤᠨ ᠤ ᠪᠤᠬᠢᠷᠳᠦᠯ ᠢ ᠰᠡᠷᠭᠡᠶᠢᠯᠡᠨ ᠵᠠᠰᠠᠬᠤ ᠠᠵᠢᠯ ᠤᠨ ᠲᠦᠰᠦᠯ︾ ᠢ ᠲᠤᠭᠤᠷᠪᠢᠵᠤ᠂ ᠳᠡᠭᠡᠳᠦ | ᠲᠤᠤᠷᠠᠳᠦ ᠤᠷᠤᠰᠬᠠᠯ ᠤᠨ ᠤᠰᠤᠨ ᠤ ᠪᠤᠬᠢᠷᠳᠦᠯ ᠢ ᠰᠡᠷᠭᠡᠶᠢᠯᠡᠨ ᠵᠠᠰᠠᠬᠤ ᠳᠤ ᠬᠠᠮᠳᠤᠪᠡᠷ ᠬᠦᠳᠡᠯᠦᠯᠴᠡᠬᠦ | ᠳᠤᠭᠳᠠᠴᠠ ᠶᠢ ᠪᠠᠶᠢᠭᠤᠯᠤᠨ᠎ᠠ᠃ ᠬᠠᠳᠤᠨ ᠭᠤᠤᠯ ᠤᠨ ᠰᠠᠪᠠ ᠭᠠᠵᠠᠷ ᠤᠨ ᠡᠮ ᠤᠨ ᠮᠠᠲ᠋ᠧᠷᠢᠶᠠᠯ ᠦᠢᠯᠡᠳᠬᠦ᠂ | ᠦᠩᠭᠡᠳᠦ ᠲᠡᠮᠦᠷᠯᠢᠭ ᠬᠠᠶᠢᠯᠤᠭᠤᠯᠬᠤ᠂ ᠬᠢᠮᠢ ᠶᠢᠨ ᠮᠠᠲ᠋ᠧᠷᠢᠶᠠᠯ ᠦᠢᠯᠡᠳᠬᠦ ᠵᠡᠷᠭᠡ ᠠᠵᠢᠯ ᠲᠦᠷᠦᠯ ᠤᠨ ᠪᠤᠬᠢᠷᠳᠦᠯ ᠢ | ᠵᠠᠰᠠᠬᠤ ᠠᠵᠢᠯ ᠢ ᠭᠤᠤᠯᠳᠠᠯᠭ᠎ᠠ ᠲᠠᠢ ᠴᠢᠩᠭᠠᠳᠬᠠᠨ᠂ ᠬᠠᠳᠤᠨ ᠭᠤᠤᠯ ᠳᠠᠭᠠᠤ ᠶᠢᠨ ᠭᠤᠤᠯ ᠪᠤᠯᠬᠤ ᠬᠤᠳᠠ ᠶᠢᠨ | ᠰᠢᠢᠳᠪᠤᠷᠢᠯᠡᠵᠦ ᠭᠠᠳᠠᠭᠰᠢᠯᠠᠭᠤᠯᠤᠭᠰᠠᠨ ᠪᠤᠬᠢᠷ ᠤᠰᠤ ᠨᠢ ᠤᠯᠤᠰ ᠤᠨ ᠨᠢᠭᠡᠳᠦᠭᠡᠷ ᠳᠡᠰ ᠤᠨ A ᠪᠠᠷᠢᠮᠵᠢᠶ᠎ᠠ ᠳᠤ | ᠬᠦᠷᠬᠦ ᠶᠢ ᠪᠡᠶᠡᠯᠡᠭᠦᠯᠦᠨ᠎ᠠ᠃ ᠰᠤᠩᠭᠠᠷᠢ ᠮᠦᠷᠡᠨ᠂ ᠪᠠᠷᠠᠭᠤᠨ ᠯᠢᠶᠤᠤ ᠾᠧ ᠭᠤᠤᠯ᠂ ᠬᠠᠢ ᠯᠤᠸᠠᠨ ᠾᠧ | ᠭᠤᠤᠯ ᠤᠨ ᠰᠠᠪᠠ ᠭᠠᠵᠠᠷ ᠤᠨ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠪᠠ ᠬᠤᠳᠠ ᠪᠠᠯᠭᠠᠰᠦ ᠶᠢᠨ ᠪᠤᠬᠢᠷ | ᠤᠰᠤᠨ ᠤ ᠰᠢᠢᠳᠪᠤᠷᠢᠯᠡᠯᠳᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠳᠠ ᠶᠢ ᠴᠢᠩᠭᠠᠳᠬᠠᠵᠤ᠂ ᠬᠦᠳᠡᠭᠡ | ᠲᠤᠰᠬᠤᠨ ᠤ ᠤᠯᠠᠨ ᠡᠬᠢᠳᠦ ᠪᠤᠬᠢᠷᠳᠦᠯ ᠢ ᠰᠡᠷᠭᠡᠶᠢᠯᠡᠨ ᠵᠠᠰᠠᠬᠤ ᠡᠷᠴᠢᠮ ᠢᠶᠠᠨ ᠴᠢᠩᠭᠠᠳᠬᠠᠨ᠎ᠠ᠃ ᠤᠤᠭᠤᠬᠤ | ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠤᠷᠤᠨ ᠨᠤᠲᠤᠭ ᠤᠨ ᠴᠢᠨᠠᠷᠳᠠᠢ ᠬᠠᠤᠯᠢ ᠳᠦᠷᠢᠮ ᠳᠤᠭᠳᠠᠭᠠᠬᠤ | ᠠᠵᠢᠯ ᠢ ᠠᠬᠢᠭᠤᠯᠵᠤ᠂ ᠪᠦᠬᠦ ᠤᠷᠤᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ ᠤᠷᠤᠨ ᠤ ᠬᠠᠮᠠᠭᠠᠯᠠᠯᠳᠠ | ᠪᠠ ᠠᠮᠦᠷ ᠲᠦᠪᠰᠢᠨ ᠤ ᠪᠠᠳᠤᠯᠠᠭ᠎ᠠ ᠶᠢᠨ ᠪᠠᠷᠢᠮᠵᠢᠶ᠎ᠠ ᠳᠤ ᠬᠦᠷᠬᠦ ᠪᠦᠲᠦᠭᠡᠨ ᠪᠠᠶᠢᠭᠤᠯᠤᠯᠳᠠ ᠶᠢᠨ ᠠᠵᠢᠯ ᠢ | ᠦᠷᠨᠢᠭᠦᠯᠵᠦ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠳᠠ ᠶᠢᠨ ᠤᠷᠤᠨ ᠲᠠᠬᠢ ᠬᠠᠤᠯᠢ ᠠᠴᠠ | ᠵᠦᠷᠢᠴᠡᠭᠰᠡᠨ ᠪᠦᠲᠦᠭᠡᠨ ᠪᠠᠶᠢᠭᠤᠯᠤᠯᠳᠠ ᠶᠢᠨ ᠲᠦᠷᠦᠯ ᠵᠦᠢᠯ᠂ ᠪᠤᠬᠢᠷᠳᠦᠯ ᠭᠠᠳᠠᠭᠰᠢᠯᠠᠭᠤᠯᠬᠤ ᠭᠠᠵᠠᠷ᠂ | ᠳᠦᠷᠢᠮ ᠠᠴᠠ ᠵᠦᠷᠢᠴᠡᠭᠰᠡᠨ ᠪᠠᠷᠢᠯᠭ᠎ᠠ ᠵᠢᠴᠢ ᠮᠠᠯ ᠵᠢᠭᠦᠷᠳᠡᠨ ᠲᠡᠵᠢᠭᠡᠨ ᠦᠷᠡᠵᠢᠭᠦᠯᠬᠦ ᠦᠢᠯᠡᠰ ᠢ ᠬᠠᠤᠯᠢ ᠶᠤᠰᠤᠭᠠᠷ | ᠴᠡᠭᠴᠡᠯᠡᠵᠦ ᠴᠡᠪᠡᠷᠯᠡᠨ᠎ᠠ᠃ ᠭᠠᠵᠠᠷ ᠲᠤᠤᠷᠠᠬᠢ ᠤᠰᠤᠨ ᠤ ᠪᠤᠬᠢᠷᠳᠦᠯ ᠢ ᠵᠠᠰᠠᠬᠤ ᠲᠤᠭᠤᠷᠢᠭ᠂ ᠰᠡᠷᠭᠡᠶᠢᠯᠡᠬᠦ | ᠲᠤᠭᠤᠷᠢᠭ ᠪᠠ ᠡᠩ ᠤᠨ ᠬᠠᠮᠠᠭᠠᠯᠠᠯᠳᠠ ᠶᠢᠨ ᠲᠤᠭᠤᠷᠢᠭ ᠢ ᠵᠢᠷᠤᠵᠤ ᠳᠤᠭᠳᠠᠭᠠᠵᠤ᠂ ᠭᠠᠵᠠᠷ ᠲᠤᠤᠷᠠᠬᠢ ᠤᠰᠤᠨ ᠤ | ᠪᠤᠬᠢᠷᠳᠦᠯ ᠢ ᠰᠡᠷᠭᠡᠶᠢᠯᠡᠨ ᠵᠠᠰᠠᠬᠤ ᠰᠢᠰᠲ᠋ᠧᠮ ᠢ ᠪᠦᠲᠦᠭᠡᠨ ᠪᠠᠶᠢᠭᠤᠯᠤᠨ᠎ᠠ᠃ | ︵ᠭᠤᠷᠪᠠ︶ ᠬᠦᠷᠦᠰᠦ ᠰᠢᠷᠤᠢ ᠶᠢᠨ ᠪᠤᠬᠢᠷᠳᠦᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠎ᠠ᠃ | ᠦᠪᠡᠷᠳᠡᠭᠡᠨ ᠵᠠᠰᠠᠬᠤ ᠤᠷᠤᠨ ᠤ ︽ᠬᠦᠷᠦᠰᠦ ᠰᠢᠷᠤᠢ ᠶᠢᠨ ᠪᠤᠬᠢᠷᠳᠦᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ | ᠲᠦᠯᠦᠪᠯᠡᠭᠡ ᠶᠢᠨ ᠬᠡᠷᠡᠭᠵᠢᠭᠦᠯᠬᠦ ᠲᠦᠰᠦᠯ︾ ᠢ ᠳᠤᠭᠳᠠᠭᠠᠵᠤ᠂ ᠬᠦᠷᠦᠰᠦ ᠰᠢᠷᠤᠢ ᠶᠢᠨ ᠪᠤᠬᠢᠷᠳᠦᠯ ᠢ ᠰᠡᠷᠭᠡᠶᠢᠯᠡᠨ | ᠵᠠᠰᠠᠬᠤ ᠭᠤᠤᠯᠳᠠᠯᠭ᠎ᠠ ᠲᠠᠢ ᠤᠷᠤᠨ ᠲᠤᠭᠤᠷᠢᠭ ᠢ ᠳᠤᠭᠳᠠᠭᠠᠨ᠎ᠠ᠃ ᠪᠤᠬᠢᠷᠳᠤᠬᠰᠡᠨ ᠬᠦᠷᠦᠰᠦ ᠰᠢᠷᠤᠢ ᠶᠢ ᠵᠠᠰᠠᠬᠤ | ᠪᠠ ᠰᠡᠷᠭᠦᠭᠡᠨ ᠵᠠᠰᠠᠬᠤ ᠲᠤᠷᠰᠢᠯᠲᠠ ᠶᠢᠨ ᠴᠢᠬ ᠤᠨ ᠵᠢᠱᠢᠶ᠎ᠡ ᠦᠵᠡᠭᠦᠯᠬᠦ ᠢᠨᠵᠧᠨᠧᠷᠢᠩ ᠢ ᠦᠷᠨᠢᠭᠦᠯᠵᠦ᠂ ᠬᠦᠨᠲᠦ | ᠨᠤᠴᠢᠲᠠᠢ ᠪᠤᠬᠢᠷᠳᠤᠬᠰᠡᠨ ᠠᠵᠤ ᠦᠢᠯᠡᠳᠪᠦᠷᠢ ᠠᠭᠤᠷᠬᠠᠢ ᠶᠢᠨ ᠠᠵᠦ ᠠᠬᠤᠢᠢᠯᠠᠯ᠂ ᠬᠠᠶᠠᠬᠳᠠᠮᠠᠯ ᠡᠳ᠋ ᠢ | ᠤᠪᠤᠭᠠᠯᠠᠠᠬᠰᠡᠨ ᠲᠠᠯᠠᠪᠠᠢ ᠵᠡᠷᠭᠡ ᠠᠶᠤᠯ ᠶᠡᠭᠡᠳᠡᠢ ᠲᠠᠯᠠᠪᠠᠢ ᠭᠠᠵᠠᠷ ᠢ ᠭᠤᠤᠯᠳᠠᠯᠭ᠎ᠠ ᠲᠠᠢ ᠪᠠᠷ ᠵᠠᠰᠠᠨ᠎ᠡ᠃ ᠲᠠᠷᠢᠶᠠᠨ | ᠭᠠᠵᠠᠷ ᠤᠨ ᠬᠦᠷᠦᠰᠦ ᠰᠢᠷᠤᠢ ᠶᠢᠨ ᠤᠯᠠᠨ ᠲᠠᠯ᠎ᠠ ᠠᠴᠠ ᠢᠷᠡᠯᠳᠡ ᠲᠠᠢ ᠦᠷᠬᠡᠨ ᠬᠡᠪᠴᠢᠶᠡᠨ ᠤ ᠪᠤᠬᠢᠷᠳᠤᠯ ᠢ | ᠢᠲᠡᠪᠬᠢᠲᠡᠢ ᠰᠡᠷᠭᠡᠶᠢᠯᠡᠨ ᠵᠠᠰᠠᠵᠦ᠂ ᠬᠢᠮᠢ ᠶᠢᠨ ᠪᠤᠷᠳᠤᠭᠤᠷ ᠬᠡᠷᠡᠭᠯᠡᠬᠦ ᠬᠡᠮᠵᠢᠶ᠎ᠡ ᠶᠢ ᠵᠦᠢ ᠵᠤᠬᠢᠰᠲᠠᠢ ᠬᠢᠵᠠᠭᠠᠷᠯᠠᠵᠦ᠂ | ᠬᠤᠤᠷ ᠶᠡᠬᠡᠲᠡᠢ ᠪᠠ ᠦᠯᠡᠳᠡᠭᠳᠡᠯ ᠶᠡᠬᠡᠲᠡᠢ ᠲᠠᠷᠢᠶᠠᠨ ᠡᠮ ᠬᠡᠷᠡᠭᠯᠡᠬᠦ ᠶᠢ ᠴᠠᠭᠠᠵᠠᠯᠠᠨ᠎ᠡ᠃ ᠲᠠᠷᠢᠶᠠᠨ ᠭᠠᠵᠠᠷ ᠤᠨ | ᠬᠦᠷᠦᠰᠦ ᠰᠢᠷᠤᠢ ᠶᠢ ᠰᠡᠷᠭᠦᠭᠡᠨ ᠵᠠᠰᠠᠬᠤ ᠪᠠ ᠶᠡᠷᠦᠩᠬᠡᠶᠢᠯᠡᠨ ᠵᠠᠰᠠᠬᠤ ᠲᠤᠷᠰᠢᠯᠲᠠ ᠶᠢᠨ ᠴᠢᠬ ᠤᠨ ᠵᠢᠱᠢᠶ᠎ᠡ | ᠦᠵᠡᠭᠦᠯᠬᠦ ᠢᠨᠵᠧᠨᠧᠷᠢᠩ ᠢ ᠦᠷᠨᠢᠭᠦᠯᠵᠦ᠂ ᠦᠨᠳᠦᠰᠤᠨ ᠲᠠᠷᠢᠶᠠᠨ ᠭᠠᠵᠠᠷ ᠪᠠ ᠢᠳᠡᠰᠢᠨ ᠨᠤᠭᠤᠭ᠎ᠠ ᠶᠢᠨ | ᠰᠠᠭᠤᠷᠢᠨ ᠤ ᠬᠦᠷᠦᠰᠤ ᠰᠢᠷᠤᠢ ᠶᠢᠨ ᠬᠦᠨᠲᠦ ᠲᠡᠮᠦᠷᠯᠢᠭ ᠤᠨ ᠪᠤᠬᠢᠷᠳᠤᠯ᠂ ᠤᠷᠭᠠᠨᠢᠭ ᠪᠤᠳᠠᠰ ᠤᠨ ᠪᠤᠬᠢᠷᠳᠤᠯ ᠢ | ᠭᠤᠤᠯᠳᠠᠯᠭ᠎ᠠ ᠲᠠᠢ ᠪᠠᠷ ᠵᠠᠰᠠᠨ᠎ᠡ᠃ | ︵ᠲᠦᠷᠪᠡ︶ ᠬᠤᠲᠠ ᠶᠢᠨ ᠳᠠᠭᠤ ᠱᠤᠤᠬᠢᠶᠠᠨ ᠤ ᠪᠤᠬᠢᠷᠳᠤᠯ ᠢ ᠵᠠᠰᠠᠬᠤ ᠶᠢ ᠴᠢᠩᠭᠠᠳᠬᠠᠨ᠎ᠡ᠃ ᠮᠠᠰᠢᠨ | ᠲᠡᠷᠭᠡᠨ ᠤ ᠲᠠᠭᠤ ᠱᠤᠤᠬᠢᠶᠠᠨ ᠤ ᠪᠤᠬᠢᠷᠳᠤᠯ ᠢ ᠢᠲᠡᠪᠬᠢᠲᠠᠢ ᠵᠠᠰᠠᠵᠦ᠂ ᠬᠦᠨᠲᠦ ᠬᠡᠯᠪᠡᠷᠢ ᠶᠢᠨ ᠮᠠᠰᠢᠨ ᠲᠡᠷᠭᠡ ︵ | ᠪᠠᠷᠠᠭᠠᠨ ᠤ ᠲᠡᠷᠭᠡ︶ ᠶᠢᠨ ᠬᠤᠲᠠ ᠲᠤᠳᠤᠷ᠎ᠠ ᠤᠷᠤᠬᠤ ᠶᠢ ᠬᠠᠤᠯᠢ ᠶᠤᠰᠤᠭᠠᠷ ᠬᠢᠵᠠᠭᠠᠷᠯᠠᠵᠤ᠂ ᠲᠠᠭᠤ ᠱᠤᠤᠬᠢᠶᠠᠨ | ᠶᠡᠬᠡᠲᠡᠢ ᠠᠰᠠᠷ ᠪᠠᠷᠢᠯᠭ᠎ᠠ ᠲᠦᠪᠯᠡᠷᠡᠭᠰᠡᠨ ᠤᠷᠤᠨ ᠲᠤᠭᠤᠷᠢᠭ ᠤᠨ ᠴᠠᠬᠤᠲᠦ ᠬᠦᠭᠦᠷᠭᠡ᠂ ᠬᠤᠷᠳᠤᠨ ᠤ ᠵᠠᠮ᠂ | ᠲᠦᠷᠭᠡᠨ ᠤ ᠵᠠᠰᠠᠮᠠᠯ ᠵᠠᠮ᠂ ᠲᠡᠮᠦᠷ ᠵᠠᠮ ᠵᠡᠷᠭᠡ ᠶᠢᠨ ᠬᠤᠶᠠᠷ ᠬᠠᠵᠠᠭᠤ ᠪᠠᠷ ᠳᠠᠭᠤ ᠬᠦᠨᠳᠡᠶᠢᠷᠡᠭᠦᠯᠬᠦ ᠬᠠᠯᠬᠠᠪᠴᠢ ᠶᠢ | ᠢᠵᠢ ᠲᠦᠬᠦᠷᠵᠢᠭᠦᠯᠦᠨ ᠪᠠᠶᠢᠭᠤᠯᠤᠨ᠎ᠡ᠃ ᠬᠤᠲᠠ ᠶᠢᠨ ᠦᠢᠯᠡᠳᠤᠯ ᠴᠢᠳᠠᠪᠬᠢᠳᠤ ᠤᠷᠤᠨ ᠤ ᠤᠷᠤᠨ | ᠬᠤᠪᠢᠶᠠᠷᠯᠠᠯᠲᠠ ᠶᠢ ᠴᠢᠩᠭ᠎ᠠ ᠬᠡᠷᠡᠭᠵᠢᠭᠦᠯᠵᠦ᠂ ᠬᠦᠮᠦᠨ ᠠᠮᠠ ᠲᠦᠪᠯᠡᠷᠡᠭᠰᠡᠨ ᠤᠷᠤᠨ ᠲᠤᠭᠤᠷᠢᠭ ᠢᠶᠠᠷ ᠠᠵᠦ | ᠦᠢᠯᠡᠳᠪᠦᠷᠢ ᠶᠢᠨ ᠠᠵᠦ ᠠᠬᠤᠢᠢᠯᠠᠯ ᠪᠠᠶᠢᠷᠢᠰᠢᠭᠤᠯᠬᠤ ᠶᠢ ᠴᠢᠩᠭ᠎ᠠ ᠴᠠᠭᠠᠵᠠᠯᠠᠵᠦ᠂ ᠪᠠᠷᠢᠯᠭ᠎ᠠ ᠶᠢᠨ ᠭᠠᠵᠠᠷ ᠤᠨ | ᠲᠠᠭᠤ ᠱᠤᠤᠬᠢᠶᠠᠨ ᠢ ᠴᠡᠭᠴᠡᠯᠡᠨ ᠵᠠᠰᠠᠵᠦ᠂ ︽ᠨᠠᠮ ᠰᠡᠯᠡᠭᠦᠤ ᠬᠤᠲᠠ︾᠂ ︽ᠨᠠᠮ ᠰᠡᠯᠡᠭᠦᠤ ᠨᠡᠶᠢᠭᠡᠮ ᠲᠤᠭᠤᠷᠢᠭ︾ | ᠢ ᠪᠦᠳᠦᠬᠡᠨ ᠪᠠᠶᠢᠭᠤᠯᠤᠨ᠎ᠡ᠃ | ︵ᠲᠠᠪᠤ︶ ᠬᠦᠨᠲᠦ ᠲᠡᠮᠦᠷᠯᠢᠭ ᠤᠨ ᠪᠤᠬᠢᠷᠳᠤᠯ ᠢ ᠵᠠᠰᠠᠬᠤ ᠶᠢ ᠴᠢᠩᠭᠠᠳᠬᠠᠨ᠎ᠡ᠃ ᠪᠠᠶᠠᠨᠨᠠᠭᠤᠷ ᠬᠤᠲᠠ᠂ | ᠤᠯᠠᠭᠠᠨᠬᠠᠳᠠ ᠬᠤᠲᠠ ᠶᠢ ᠭᠤᠤᠯᠳᠠᠯᠭ᠎ᠠ ᠲᠠᠢ ᠰᠡᠷᠭᠡᠶᠢᠯᠡᠵᠤ ᠬᠢᠵᠠᠭᠠᠷᠯᠠᠬᠤ ᠤᠷᠤᠨ ᠪᠤᠯᠭᠠᠵᠦ᠂ ᠬᠦᠨᠲᠦ ᠦᠡᠭᠭᠡᠲᠦ | ᠲᠡᠮᠦᠷᠯᠢᠭ ᠤᠨ ᠠᠭᠤᠷᠬᠠᠢ ᠮᠠᠯᠳᠠᠨ ᠬᠦᠳᠡᠷ ᠰᠤᠩᠭᠤᠬᠤ ᠦᠢᠯᠡᠰ᠂ ᠬᠦᠨᠲᠦ ᠦᠡᠭᠭᠡᠲᠦ ᠲᠡᠮᠦᠷᠯᠢᠭ ᠢ ᠬᠠᠶᠢᠯᠤᠭᠤᠯᠬᠤ | ᠦᠢᠯᠡᠰ᠂ ᠬᠢᠮᠢ ᠶᠢᠨ ᠲᠦᠭᠦᠬᠡᠢ ᠮᠠᠲ᠋ᠧᠷᠢᠶᠠᠯ ᠵᠢᠴᠢ ᠬᠢᠮᠢ ᠶᠢᠨ ᠪᠦᠳᠦᠭᠡᠭᠳᠡᠭᠦᠨ ᠦᠢᠯᠡᠳᠬᠦ ᠦᠢᠯᠡᠰ᠂ | ᠲᠤᠭᠤᠯᠭᠠᠨ ᠤ ᠴᠠᠬᠢᠯᠭᠠᠨ ᠬᠤᠷᠢᠶᠠᠭᠤᠷ ᠪᠠ ᠲᠠᠬᠢᠯᠳᠠ ᠲᠤᠭᠤᠯᠭ᠎ᠠ ᠦᠢᠯᠡᠳᠪᠦᠷᠢᠯᠡᠬᠦ᠂ ᠠᠷᠠᠰᠦ ᠡᠯᠳᠡᠬᠦ ᠪᠠ ᠠᠷᠠᠰᠤ | ᠨᠤᠤᠰᠤ ᠡᠳ᠋ᠰᠢᠭᠦᠯᠦᠨ ᠪᠤᠯᠪᠠᠰᠤᠷᠠᠭᠤᠯᠬᠤ ᠵᠡᠷᠭᠡ ᠠᠵᠢᠯ ᠲᠦᠷᠦᠯ ᠢᠶᠠᠷ ᠭᠤᠤᠯᠳᠠᠯᠭ᠎ᠠ ᠪᠤᠯᠭᠠᠵᠦ᠂ ᠭᠤᠤᠯᠳᠠᠯᠭ᠎ᠠ ᠲᠠᠢ | ᠭᠠᠵᠠᠷ ᠤᠷᠤᠨ᠂ ᠠᠵᠢᠯ ᠲᠦᠷᠦᠯ᠂ ᠠᠵᠦ ᠠᠬᠤᠢᠢᠯᠠᠯ ᠤᠨ ᠬᠦᠨᠲᠦ ᠲᠡᠮᠦᠷᠯᠢᠭ ᠤᠨ ᠪᠤᠬᠢᠷᠳᠤᠯ ᠢ ᠵᠠᠰᠠᠬᠤ | ᠡᠷᠴᠢᠮ ᠢᠶᠠᠨ ᠴᠢᠩᠭᠠᠷᠠᠭᠤᠯᠤᠨ᠎ᠠ᠃ | ︵ᠵᠢᠷᠭᠤᠭ᠎ᠠ︶ ᠭᠤᠤᠯᠳᠠᠯᠭ᠎ᠠ ᠲᠠᠢ ᠬᠦᠷᠢᠶ᠎ᠠ ᠬᠡᠪᠴᠢᠶᠡᠨ ᠳᠤ ᠡᠨᠧᠷᠬᠢ ᠠᠷᠪᠢᠯᠠᠨ ᠬᠤᠷᠤᠬᠳᠠᠯ ᠢ | ᠪᠠᠭᠠᠰᠬᠠᠬᠤ ᠶᠢ ᠴᠢᠩᠭᠠᠳᠬᠠᠨ᠎ᠡ᠃ ︽ᠡᠨᠧᠷᠬᠢ ᠠᠷᠪᠢᠯᠠᠨ ᠪᠤᠬᠢᠷᠳᠤᠯ ᠢ ᠪᠠᠭᠠᠰᠬᠠᠬᠤ ︿ᠠᠷᠪᠠᠨ ᠭᠤᠷᠪᠠᠳᠤᠭᠠᠷ | ᠲᠠᠪᠤᠨ ᠵᠢᠯ﹀ ᠤᠨ ᠲᠦᠯᠦᠪᠵᠢᠭᠦᠯᠭᠡ︾ ᠶᠢ ᠲᠤᠭᠤᠷᠪᠢᠨ ᠲᠤᠭᠳᠠᠭᠠᠨ᠎ᠠ᠃ ᠨᠡᠭᠦᠷᠡᠰᠦ᠂ ᠬᠡᠦᠷᠰᠢᠬᠦᠯᠦᠭᠰᠡᠨ | ᠨᠡᠬᠦᠷᠡᠰᠤ᠂ ᠬᠢᠮᠢ ᠶᠢᠨ ᠠᠵᠦ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠪᠤᠯᠤᠳ ᠲᠡᠮᠦᠷ᠂ ᠦᠡᠭᠭᠡᠲᠦ ᠲᠡᠮᠦᠷᠯᠢᠭ | ᠂ ᠴᠠᠬᠢᠯᠭᠠᠨ ᠬᠦᠴᠦ ᠵᠡᠷᠭᠡ ᠡᠨᠧᠷᠬᠢ ᠶᠢᠨ ᠬᠤᠷᠤᠬᠳᠠᠯ ᠶᠡᠭᠡᠲᠠᠢ ᠲᠤᠯᠤᠭᠠᠨ ᠶᠡᠭᠡ ᠠᠵᠢᠯ ᠲᠦᠷᠦᠯ ᠤᠨ | ᠲᠤᠭᠤᠷᠢᠨ ᠳᠤ ᠡᠨᠧᠷᠬᠢ ᠶᠢᠨ ᠠᠰᠢᠬᠯᠠᠮᠵᠢ ᠶᠢ ᠳᠡᠭᠡᠭᠰᠢᠯᠡᠭᠦᠯᠬᠦ ᠲᠦᠯᠦᠪᠯᠡᠭᠡ ᠶᠢ ᠬᠡᠷᠡᠭᠵᠢᠭᠦᠯᠵᠦ᠂ ︽ᠲᠦᠮᠡᠨ ᠠᠵᠦ | ᠠᠬᠤᠢᠢᠯᠠᠯ ᠤᠨ ᠡᠨᠧᠷᠬᠢ ᠠᠷᠪᠢᠯᠠᠵᠤ ᠨᠡᠭᠦᠷᠡᠰᠦᠳᠦ᠋ᠷᠦᠭᠴᠢ ᠪᠠᠭ᠎ᠠ ᠢᠯᠭᠠᠷᠠᠭᠤᠯᠬᠤ ᠠᠵᠢᠯᠯᠠᠭ᠎ᠠ︾ ᠶᠢ ᠭᠦᠨᠵᠡᠭᠡᠢ | ᠦᠷᠨᠢᠭᠦᠯᠵᠦ᠂ ᠪᠦᠬᠦ ᠤᠷᠤᠨ ᠤ ᠨᠢᠭᠡᠴᠢ ᠠᠵᠦ ᠦᠢᠯᠡᠳᠪᠦᠷᠢ ᠶᠢᠨ ᠨᠡᠮᠡᠭᠳᠡᠯ ᠦᠷᠳᠡᠭ ᠢ ᠪᠠᠶᠠᠯᠠᠬᠦᠯᠬᠦ ᠳᠤ | ᠬᠤᠷᠤᠭᠠᠬᠤ ᠡᠨᠧᠷᠬᠢ ᠶᠢᠨ ᠬᠡᠮᠵᠢᠶ᠎ᠠ ᠶᠢ ᠦᠷᠭᠦᠯᠵᠢᠯᠡᠨ ᠪᠠᠭᠠᠰᠬᠠᠬᠤ ᠶᠢ ᠠᠬᠢᠭᠤᠯᠤᠨ᠎ᠡ᠃ ᠪᠤᠬᠢᠷᠳᠤᠯ ᠦᠭᠡᠢ | ᠪᠠᠷᠢᠯᠭ᠎ᠠ ᠶᠢ ᠢᠳᠡᠪᠬᠢᠲᠡᠢ ᠬᠦᠭᠵᠢᠭᠦᠯᠵᠦ᠂ ᠰᠠᠭᠤᠭᠠᠯᠢ ᠠᠷᠠᠳ ᠤᠨ ᠪᠠᠷᠢᠯᠭ᠎ᠠ ᠪᠠ ᠤᠯᠠᠨ ᠨᠡᠶᠢᠲᠡ ᠶᠢᠨ | ᠪᠠᠷᠢᠯᠭ᠎ᠠ ᠶᠢᠨ ᠡᠨᠧᠷᠬᠢ ᠠᠷᠪᠢᠯᠠᠬᠤ ᠲᠦᠰᠦᠪᠯᠠᠯᠳᠠ ᠶᠢᠨ ᠪᠠᠷᠢᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠰᠠᠭᠤᠭᠠᠯᠢ | ᠠᠷᠠᠳ ᠤᠨ ᠪᠠᠷᠢᠯᠭ᠎ᠠ ᠶᠢᠨ ᠡᠨᠧᠷᠬᠢ ᠠᠷᠪᠢᠯᠠᠬᠤ ᠪᠠ ᠢᠯᠴᠢ ᠬᠠᠨᠭ᠍ᠭᠠᠬᠤ ᠶᠢ ᠬᠡᠮᠵᠢᠶᠠᠯᠠᠬᠦ ᠦᠭᠡᠷᠡᠴᠢᠯᠡᠯᠲᠡ ᠶᠢᠨ | ᠠᠬᠢᠴᠠ ᠶᠢ ᠲᠦᠷᠭᠡᠳᠭᠡᠵᠦ᠂ ᠪᠤᠬᠢᠷᠳᠤᠯ ᠦᠭᠡᠢ ᠪᠠᠷᠢᠯᠭ᠎ᠠ ᠶᠢᠨ ᠬᠡᠪᠴᠢᠶᠡᠵᠢᠭᠰᠡᠨ ᠬᠦᠭᠵᠢᠯᠲᠡ ᠶᠢ ᠠᠬᠢᠭᠤᠯᠤᠨ᠎ᠡ᠃ | ︽ᠲᠡᠷᠭᠡ ᠤᠡᠭᠭᠤᠴᠠ ᠵᠠᠮ ᠭᠠᠷᠠᠮ︾ ᠤᠨ ᠮᠢᠩᠭᠠᠨ ᠠᠵᠦ ᠠᠬᠤᠢᠢᠯᠠᠯ ᠤᠨ ᠨᠡᠭᠦᠷᠡᠰᠦᠲᠦ᠋ᠷᠦᠭᠴᠢ ᠪᠠᠭ᠎ᠠ | ᠢᠯᠭᠠᠷᠠᠭᠤᠯᠬᠤ ᠵᠠᠮ ᠬᠠᠷᠢᠯᠴᠠᠭᠠᠨ ᠤ ᠲᠡᠭᠡᠭᠡᠪᠦᠷᠢ ᠶᠢᠨ ᠲᠤᠰᠬᠠᠢ ᠲᠦᠷᠦᠯ ᠤᠨ ᠠᠵᠢᠯᠯᠠᠭ᠎ᠠ ᠶᠢ ᠦᠷᠭᠦᠯᠵᠢᠯᠡᠨ | ᠠᠬᠢᠭᠤᠯᠵᠦ᠂ ᠵᠠᠮ ᠬᠠᠷᠢᠯᠴᠠᠭᠠᠨ ᠤ ᠲᠡᠭᠡᠭᠡᠪᠦᠷᠢ ᠶᠢᠨ ᠪᠤᠬᠢᠷᠳᠤᠯ ᠦᠭᠡᠢ ᠡᠷᠭᠢᠯᠲᠡᠲᠦ ᠨᠡᠭᠦᠷᠡᠰᠦᠲᠦ᠋ᠷᠦᠭᠴᠢ ᠪᠠᠭ᠎ᠠ | ᠢᠯᠭᠠᠷᠠᠭᠤᠯᠬᠤ ᠲᠤᠷᠰᠢᠯᠲᠠ ᠶᠢᠨ ᠴᠢᠬ ᠤᠨ ᠵᠢᠱᠢᠶ᠎ᠡ ᠦᠵᠡᠬᠦᠯᠬᠦ ᠠᠵᠢᠯᠯᠠᠭ᠎ᠠ ᠶᠢ ᠦᠷᠨᠢᠭᠦᠯᠵᠦ᠂ ᠴᠡᠪᠡᠷ ᠡᠨᠧᠷᠬᠢ | ᠪᠠ ᠰᠢᠨ᠎ᠡ ᠡᠨᠧᠷᠬᠢ ᠶᠢᠨ ᠬᠡᠷᠡᠭᠯᠡᠭᠡᠨ ᠤ ᠵᠠᠮ ᠬᠠᠷᠢᠯᠴᠠᠭᠠᠨ ᠤ ᠲᠡᠭᠡᠭᠡᠪᠦᠷᠢ ᠶᠢᠨ ᠲᠤᠨᠤᠬ ᠲᠦᠭᠦᠭᠡᠷᠦᠮᠵᠢ ᠶᠢ ᠶᠡᠬᠡᠪᠡᠷ | ᠲᠦᠭᠡᠮᠡᠯᠵᠢᠭᠦᠯᠵᠦ᠂ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠢ ᠬᠡᠢ ᠨᠡᠮᠡᠬᠦ ᠦᠷᠲᠡᠭᠡ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠵᠤ᠂ ᠰᠢᠨ᠎ᠡ ᠡᠨᠧᠷᠬᠢ ᠶᠢᠨ ᠮᠠᠰᠢᠨ ᠲᠡᠷᠭᠡ ᠬᠡᠷᠡᠭᠯᠡᠬᠦ ᠨᠦᠬᠦᠪᠦᠷᠢ ᠶᠢ ᠨᠡᠮᠡᠭᠳᠡᠭᠦᠯᠦᠨ᠎ᠡ᠃ | ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠠᠷ ᠬᠦᠭᠵᠢᠭᠦᠯᠵᠦ᠂ ᠬᠦᠬᠡᠬᠤᠲᠠ ᠶᠢᠨ ︽ᠨᠡᠶᠢᠲᠡ ᠶᠢᠨ ᠵᠠᠮ | ᠬᠠᠷᠢᠯᠴᠠᠭᠠᠨ ᠤ ᠬᠤᠲᠠ︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠠᠬᠢᠭᠤᠯᠤᠨ ᠬᠦᠬᠡᠬᠤᠲᠠ᠂ ᠪᠤᠭᠤᠲᠦ ᠵᠡᠷᠭᠡ | ᠭᠤᠤᠯᠳᠠᠯᠭ᠎ᠠ ᠲᠠᠢ ᠬᠤᠲᠠ ᠶᠢᠨ ᠵᠢᠮᠳᠤ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ | ᠠᠬᠢᠭᠤᠯᠤᠨ᠎ᠠ᠃ ᠬᠦᠬᠡᠬᠤᠲᠠ ᠶᠢᠨ ᠨᠡᠶᠢᠲᠡ ᠶᠢᠨ ᠲᠤᠭᠤᠢ ᠲᠡᠷᠭᠡᠨ ᠤ ᠦᠢᠯᠡᠴᠢᠯᠡᠭᠡᠨ ᠤ ᠵᠠᠬᠪᠤᠷ ᠢ | ᠲᠦᠭᠡᠮᠡᠯᠵᠢᠭᠦᠯᠵᠦ᠂ ᠪᠤᠬᠢᠷᠳᠤᠯ ᠦᠭᠡᠢ ᠠᠶᠠᠯᠠᠯ ᠢ ᠵᠤᠷᠢᠬᠵᠢᠭᠤᠯᠤᠨ᠎ᠡ᠃ 2020 ᠣᠨ ᠪᠤᠯᠲᠠᠯ᠎ᠡ 100 | ᠲᠦᠮᠡ ᠠᠴᠠ ᠳᠡᠭᠡᠭᠰᠢ ᠬᠦᠮᠦᠨ ᠠᠮᠠ ᠲᠠᠢ ᠬᠤᠲᠠ ᠶᠢᠨ ᠬᠦᠢᠰᠦ ᠤᠷᠤᠨ ᠢᠶᠠᠷ ᠨᠡᠶᠢᠲᠡ ᠶᠢᠨ ᠵᠠᠮ ᠬᠠᠷᠢᠯᠴᠠᠭᠠᠨ ᠤ | ᠦᠷᠲᠡᠭᠡ ᠶᠢ 500 ᠮᠧᠲᠷ ᠪᠤᠯᠭᠠᠨ ᠳᠤ ᠪᠠᠶᠢᠬᠤ ᠶᠢ ᠪᠦᠷᠬᠦᠬᠦᠯᠦᠨ᠎ᠠ᠃ ᠡᠨᠧᠷᠬᠢ ᠠᠷᠪᠢᠯᠠᠬᠤ ᠬᠡᠯᠪᠡᠷᠢ ᠶᠢᠨ ᠤᠯᠠᠨ | ᠨᠡᠶᠢᠲᠡ ᠶᠢᠨ ᠪᠠᠶᠢᠭᠤᠯᠤᠮᠵᠢ ᠶᠢᠨ ᠵᠢᠱᠢᠶ᠎ᠡ ᠦᠵᠡᠭᠦᠯᠬᠦ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠦ᠂ ᠡᠨᠧᠷᠬᠢ | ᠠᠷᠪᠢᠯᠠᠬᠰᠠᠨ ᠵᠢᠱᠢᠶᠠᠴᠢ ᠪᠠᠶᠢᠭᠤᠯᠤᠯᠭ᠎ᠠ ᠶᠢ ᠴᠤᠭᠴᠠᠯᠠᠨ ᠨᠠᠶᠢᠭᠡᠮ ᠲᠠᠶᠠᠭᠠᠷ ᠢᠶᠠᠨ ᠡᠨᠧᠷᠬᠢ ᠠᠷᠪᠢᠯᠠᠬᠤ ᠶᠢ | ᠬᠦᠲᠦᠯᠦᠨ ᠲᠠᠶᠢᠴᠢᠯᠠᠨ᠎ᠡ᠃ 2020 ᠪᠤᠯᠲᠠᠯ᠎ᠡ 3800 ᠲᠦᠮᠡᠨ ᠲᠤᠨ ᠪᠠᠷᠢᠮᠵᠢᠶ᠎ᠠ ᠨᠡᠭᠦᠷᠡᠰᠦ ᠶᠢᠨ ᠡᠨᠧᠷᠬᠢ | ᠠᠷᠪᠢᠯᠠᠬᠤ ᠴᠢᠳᠠᠪᠤᠷᠢ ᠶᠢ ᠪᠦᠷᠢᠯᠳᠤᠬᠦᠯᠦᠨ᠎ᠠ᠃ | ︵ᠲᠤᠯᠤᠭ᠎ᠠ︶ ᠤᠰᠤᠨ ᠤ ᠡᠬᠢ ᠪᠠᠶᠠᠯᠢᠭ ᠢ ᠠᠷᠪᠢᠯᠠᠨᠡ᠃ ᠦᠪᠡᠷᠲᠡᠭᠡᠨ ᠵᠠᠰᠠᠬᠤ ᠤᠷᠤᠨ ᠤ ︽ᠤᠰᠤᠨ ᠤ | ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠬᠦ ᠲᠤᠬᠠᠢ ᠰᠠᠨᠠᠯ︾ ᠢ | ᠨᠠᠶᠢᠳᠠᠪᠤᠷᠢᠵᠢᠭᠤᠯᠵᠦ᠂ ᠤᠰᠤ ᠠᠪᠴᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠲᠦᠷᠢᠮ᠂ ᠤᠰᠤ | ᠠᠪᠬᠤ ᠶᠢ ᠵᠦᠪᠰᠢᠶᠡᠷᠡᠬᠦ ᠲᠦᠷᠢᠮ᠂ ᠤᠰᠤᠨ ᠤ ᠡᠬᠢ ᠪᠠᠶᠠᠯᠢᠭ ᠢ ᠦᠨ᠎ᠠ ᠲᠦᠯᠦᠪᠦᠷᠢ ᠲᠠᠢ ᠪᠠᠷ ᠬᠡᠷᠡᠭᠯᠡᠬᠦ | ᠲᠦᠷᠢᠮ ᠢ ᠴᠢᠩᠭ᠎ᠠ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠪᠠᠶᠢᠭᠤᠯᠤᠨ᠎ᠡ᠃ ᠭᠤᠤᠯᠳᠠᠭᠤ | ᠦᠨ᠎ᠡ ᠬᠠᠨᠭ᠍ᠰᠢ ᠪᠠ ᠭᠠᠶᠢᠯᠢ ᠲᠠᠳᠠᠪᠤᠷᠢ ᠶᠢᠨ ᠠᠷᠭ᠎ᠠ ᠬᠡᠮᠵᠢᠶ᠎ᠠ ᠪᠠᠷ ᠲᠠᠮᠵᠢᠨ ᠲᠠᠷᠢᠶᠠᠯᠠᠩ ᠤᠨ ᠤᠰᠤᠯᠠᠯᠲᠠ ᠳᠤ | ᠬᠡᠷᠡᠭᠰᠡᠬᠦ ᠤᠰᠤᠨ ᠤ ᠬᠡᠮᠵᠢᠶ᠎ᠡ ᠶᠢ ᠬᠢᠵᠠᠭᠠᠷᠯᠠᠬᠤ ᠪᠠ ᠲᠤᠭ᠎ᠠ ᠨᠤᠷᠮ᠎ᠡ ᠲᠤᠬᠳᠠᠭᠠᠵᠦ ᠬᠠᠮᠢᠶᠠᠷᠬᠤ᠂ ᠤᠰᠤᠨ ᠤ | ᠬᠤᠷᠤᠬᠳᠠᠭᠤᠯᠤᠯ ᠶᠡᠭᠡᠳᠡᠢ ᠠᠵᠦ ᠦᠢᠯᠡᠳᠪᠦᠷᠢ ᠶᠢᠨ ᠠᠵᠦ ᠠᠬᠤᠢᠢᠯᠠᠯ ᠤᠨ ᠲᠦᠯᠦᠪᠯᠡᠭᠡ ᠲᠠᠢ ᠪᠠᠷ ᠤᠰᠤ ᠬᠡᠷᠡᠭᠯᠡᠬᠦ | ᠪᠠ ᠲᠤᠭ᠎ᠠ ᠨᠤᠷᠮ᠎ᠡ ᠲᠤᠬᠲᠠᠭᠠᠵᠦ ᠬᠠᠮᠢᠶᠠᠷᠬᠤ ᠲᠦᠷᠢᠮ ᠢ ᠢᠳᠡᠭ ᠢᠳᠡᠭ ᠢᠶᠠᠷ ᠪᠠᠶᠢᠭᠤᠯᠤᠨ᠎ᠡ᠃ ᠤᠯᠤᠰ ᠤᠨ | ᠨᠢᠭᠡᠲᠦᠯᠲᠡᠢ ᠪᠠᠶᠢᠷᠢᠯᠠᠭᠤᠯᠤᠯᠲᠠ ᠶᠤᠰᠤᠭᠠᠷ ᠭᠠᠵᠠᠷ ᠲᠤᠤᠷᠠᠬᠢ ᠤᠰᠤ ᠶᠢ ᠠᠰᠢᠬᠯᠠᠬᠤ ᠳᠤ ᠡᠬᠢ ᠪᠠᠶᠠᠯᠢᠭ ᠤᠨ | ᠭᠠᠶᠢᠯᠢ ᠲᠠᠲᠠᠪᠤᠷᠢᠯᠠᠬᠤ ᠦᠭᠡᠷᠡᠴᠢᠯᠡᠯᠲᠡ ᠶᠢ ᠬᠠᠶᠢᠨ ᠰᠦᠪᠡᠭᠴᠢᠯᠡᠨ᠎ᠡ᠃ ᠤᠰᠤ ᠠᠷᠪᠢᠯᠠᠬᠤ ᠬᠡᠯᠪᠡᠷᠢ ᠶᠢᠨ | ᠲᠠᠷᠢᠶᠠᠯᠠᠩ ᠢ ᠶᠡᠬᠡᠪᠡᠷ ᠬᠦᠭᠵᠢᠭᠦᠯᠵᠦ᠂ ᠭᠤᠤᠷᠰᠤ ᠪᠠᠷ ᠤᠰᠤ ᠳᠠᠮᠵᠢᠭᠤᠯᠬᠤ᠂ ᠰᠦᠷᠴᠢᠨ ᠤᠰᠤᠯᠠᠬᠤ᠂ | ᠰᠡᠪᠡᠷᠡᠭᠦᠯᠡᠨ ᠤᠰᠤᠯᠠᠬᠤ ᠵᠡᠷᠭᠡ ᠦᠨᠳᠦᠷ ᠠᠰᠢᠬᠯᠠᠮᠵᠢ ᠲᠠᠢ ᠠᠷᠪᠢᠳᠠᠢ ᠤᠰᠤᠯᠠᠯᠲᠠ ᠶᠢᠨ ᠢᠨᠵᠧᠨᠧᠷᠢᠩ ᠢ | ᠬᠡᠷᠡᠭᠵᠢᠭᠦᠯᠵᠦ᠂ ᠨᠢᠷᠬᠢ᠂ ᠴᠤᠤᠯ ᠤᠰᠤᠨ ᠠᠰᠢᠬᠯᠠᠯᠲᠠ ᠶᠢᠨ ᠬᠦᠢᠰᠦ ᠤᠰᠤᠯᠠᠯᠲᠠ ᠶᠢᠨ ᠲᠤᠭᠤᠷᠢᠭ ᠲᠤ ᠢᠵᠢ | ᠲᠦᠬᠦᠷᠵᠢᠭᠦᠯᠬᠦ ᠪᠦᠳᠦᠬᠡᠨ ᠪᠠᠶᠢᠭᠤᠯᠤᠯᠳᠠ ᠪᠠ ᠤᠰᠤ ᠠᠷᠪᠢᠯᠠᠬᠤ ᠦᠭᠡᠷᠡᠴᠢᠯᠡᠯᠲᠡ᠂ ᠮᠠᠯᠵᠢᠬᠤ ᠤᠷᠤᠨ ᠤ ᠤᠰᠤ | ᠠᠷᠪᠢᠯᠠᠬᠤ ᠤᠰᠤᠯᠠᠯᠲᠠ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠢ ᠦᠷᠭᠦᠯᠵᠢᠯᠡᠨ ᠶᠠᠪᠤᠬᠳᠠᠭᠤᠯᠵᠦ᠂ 2020 | ᠣᠨ ᠪᠤᠯᠬᠤ ᠳᠤ ᠠᠷᠪᠢᠳᠠᠢ ᠤᠰᠤᠯᠠᠯᠲᠠ ᠶᠢᠨ ᠲᠠᠯᠠᠪᠠᠢ ᠶᠢ 5000 ᠲᠦᠮᠡᠨ ᠮᠦ ᠠᠴᠠ ᠲᠡᠭᠡᠭᠰᠢ ᠪᠤᠯᠭᠠᠨ᠎ᠠ᠃ | ᠨᠡᠭᠦᠷᠡᠰᠤ ᠪᠠᠷ ᠴᠠᠬᠢᠯᠭᠠᠨ ᠭᠠᠷᠭᠠᠬᠤ᠂ ᠬᠢᠮᠢ ᠶᠢᠨ ᠠᠵᠦ ᠦᠢᠯᠡᠳᠪᠦᠷᠢ᠂ ᠪᠤᠯᠤᠳ ᠲᠡᠮᠦᠷ ᠵᠡᠷᠭᠡ ᠭᠤᠤᠯᠳᠠᠯᠭ᠎ᠠ ᠲᠠᠢ | ᠠᠵᠢᠯ ᠲᠦᠷᠦᠯ ᠤᠨ ᠤᠰᠤ ᠠᠷᠪᠢᠯᠠᠬᠤ ᠮᠡᠷᠭᠡᠵᠢᠯ ᠤᠨ ᠦᠭᠡᠷᠡᠴᠢᠯᠡᠯᠲᠡ ᠶᠢ ᠴᠢᠩᠭᠠᠳᠬᠠᠵᠦ᠂ ᠠᠵᠦ | ᠦᠢᠯᠡᠳᠪᠦᠷᠢ ᠳᠤ ᠬᠡᠷᠡᠭᠯᠡᠬᠦ ᠤᠰᠤ ᠶᠢ ᠡᠷᠬᠢᠯᠳᠤᠬᠦᠯᠦᠨ ᠠᠰᠢᠬᠯᠠᠬᠤ ᠨᠤᠷᠮ᠎ᠡ ᠶᠢ ᠳᠡᠭᠡᠭᠰᠢᠯᠡᠭᠦᠯᠦᠨ᠎ᠡ᠃ ᠤᠰᠤᠨ ᠤ | ᠡᠬᠢ ᠪᠠᠶᠠᠯᠢᠭ ᠲᠤᠲᠠᠮᠠᠭ᠂ ᠠᠮᠢ ᠠᠬᠤᠢ ᠶᠢᠨ ᠤᠷᠴᠢᠨ ᠲᠤᠭᠤᠷᠢᠨ ᠬᠡᠪᠡᠷᠡᠭ ᠭᠠᠵᠠᠷ ᠤᠷᠤᠨ ᠳᠤ ᠤᠰᠤ ᠬᠡᠷᠡᠭᠯᠡᠬᠦ | ᠬᠡᠮᠵᠢᠶ᠎ᠠ ᠶᠢ ᠵᠦᠪᠰᠢᠶᠡᠷᠡᠬᠦ ᠪᠠᠷᠢᠮᠵᠢᠶ᠎ᠠ ᠶᠢ ᠲᠤᠬᠳᠠᠭᠠᠵᠦ᠂ ᠤᠰᠤᠨ ᠤ ᠬᠤᠷᠤᠬᠳᠠᠭᠤᠯᠤᠯ ᠶᠡᠭᠡᠲᠠᠢ ᠠᠵᠦ | ᠦᠢᠯᠡᠳᠪᠦᠷᠢ ᠶᠢᠨ ᠲᠦᠷᠦᠯ ᠵᠦᠢᠯ ᠪᠠ ᠤᠰᠤᠨ ᠤ ᠬᠤᠷᠤᠬᠳᠠᠭᠤᠯᠤᠯ ᠶᠡᠭᠡᠲᠠᠢ ᠦᠢᠯᠡᠴᠢᠯᠡᠭᠡᠨ ᠤ ᠦᠢᠯᠡᠰ ᠢ | ᠬᠦᠭᠵᠢᠭᠦᠯᠬᠦ ᠶᠢ ᠴᠢᠩᠭ᠎ᠠ ᠬᠢᠵᠠᠭᠠᠷᠯᠠᠵᠦ᠂ ᠲᠠᠷᠢᠶᠠᠯᠠᠩ ᠤᠨ ᠪᠦᠳᠦᠭᠦᠯᠢᠭ ᠤᠰᠤᠯᠠᠯᠲᠠ ᠶᠢ ᠬᠢᠵᠠᠭᠠᠷᠯᠠᠨ᠎ᠠ᠃ ᠭᠠᠵᠠᠷ | ᠲᠤᠤᠷᠠᠬᠢ ᠤᠰᠤ ᠶᠢ ᠬᠢᠨᠠᠨ ᠬᠡᠮᠵᠢᠬᠦ ᠰᠢᠰᠲ᠋ᠧᠮ ᠢ ᠪᠠᠶᠢᠭᠤᠯᠵᠦ᠂ ᠭᠠᠵᠠᠷ ᠲᠤᠤᠷᠠᠬᠢ ᠤᠰᠤᠨ ᠤ ᠡᠬᠢ ᠪᠠᠶᠠᠯᠢᠭ ᠤᠨ | ᠬᠠᠮᠢᠶᠠᠷᠤᠯᠲᠠ ᠪᠠ ᠬᠠᠮᠠᠭᠠᠯᠠᠯᠲᠠ ᠶᠢ ᠴᠢᠩᠭᠠᠳᠬᠠᠵᠦ᠂ ᠭᠠᠵᠠᠷ ᠲᠤᠤᠷᠠᠬᠢ ᠤᠰᠤ ᠶᠢ ᠬᠡᠲᠦᠷᠬᠡᠢ ᠲᠠᠲᠠᠬᠰᠡᠨ | ᠭᠠᠵᠠᠷ ᠲᠤ ᠶᠡᠷᠦᠩᠬᠡᠶᠢᠯᠡᠭᠰᠡᠨ ᠵᠠᠰᠠᠯᠲᠠ ᠬᠢᠬᠦ ᠶᠢ ᠦᠷᠨᠢᠭᠦᠯᠵᠦ᠂ 2020 ᠣᠨ ᠪᠤᠯᠬᠤ ᠳᠤ ᠭᠠᠵᠠᠷ ᠲᠤᠤᠷᠠᠬᠢ | ᠤᠰᠤ ᠶᠢ ᠬᠡᠲᠦᠷᠡᠲᠡᠯ᠎ᠡ ᠲᠠᠲᠠᠬᠰᠡᠨ ᠭᠠᠵᠠᠷ ᠤᠷᠤᠨ ᠤ ᠤᠰᠤ ᠲᠠᠳᠠᠬᠤ ᠪᠠ ᠤᠰᠤ ᠨᠦᠬᠦᠪᠤᠷᠢᠯᠡᠬᠦ ᠶᠢ | ᠲᠠᠩᠴᠠᠬᠦᠯᠦᠨᠠ᠃ ᠦᠶᠡᠷ ᠤᠨ ᠤᠰᠤᠨ ᠤ ᠡᠬᠢ ᠪᠠᠶᠠᠯᠢᠭ ᠢ ᠠᠰᠢᠬᠯᠠᠬᠤ᠂ ᠲᠠᠬᠢᠯᠳᠠ ᠤᠰᠤ ᠶᠢ ᠠᠰᠢᠬᠯᠠᠬᠤ | ᠢᠨᠵᠧᠨᠧᠷᠢᠩ ᠢ ᠬᠡᠷᠡᠭᠵᠢᠭᠦᠯᠵᠦ᠂ ᠭᠠᠰᠢᠭᠤᠨ ᠱᠤᠷᠪᠤᠭ ᠤᠰᠤ᠂ ᠠᠭᠤᠷᠬᠠᠢ ᠶᠢᠨ ᠬᠤᠳᠳᠤᠭ ᠤᠨ ᠤᠰᠤ ᠶᠢ | ᠶᠡᠷᠦᠩᠬᠡᠶᠢᠯᠡᠨ ᠠᠰᠢᠬᠯᠠᠬᠤ ᠶᠢ ᠠᠬᠢᠭᠤᠯᠤᠨ᠎ᠡ᠃ ᠬᠦᠮᠦᠨ ᠤ ᠬᠦᠴᠦ ᠪᠠᠷ ᠴᠠᠭ ᠠᠭᠤᠷ ᠢ ᠨᠦᠯᠦᠭᠡᠯᠡᠬᠦ ᠶᠢ | ᠴᠢᠩᠭᠠᠳᠬᠠᠨ᠎ᠡ᠃ | ︵ᠨᠠᠢᠮᠠ︶ ᠭᠠᠵᠠᠷ ᠰᠢᠷᠤᠢ ᠶᠢ ᠠᠷᠪᠢᠯᠠᠵᠤ ᠬᠡᠷᠡᠭᠯᠡᠨ᠎ᠠ᠃ ︽ᠭᠠᠵᠠᠷ ᠰᠢᠷᠤᠢ ᠶᠢ ᠠᠰᠢᠡᠡᠯᠠᠬᠤ ᠪᠠ | ᠬᠠᠮᠠᠭᠠᠯᠠᠬᠤ ︿ᠭᠤᠷᠪᠠᠳᠤᠭᠠᠷ ᠲᠠᠪᠤᠨ ᠵᠢᠯ﹀ ᠤᠨ ᠲᠦᠯᠦᠪᠵᠢᠭᠦᠯᠭᠡ︾ ᠶᠢ ᠲᠤᠭᠤᠷᠪᠢᠨ ᠲᠤᠭᠳᠠᠭᠠᠨ᠎ᠠ᠃ ᠭᠠᠵᠠᠷ | ᠰᠢᠷᠤᠢ ᠶᠢᠨ ᠬᠡᠷᠡᠭᠴᠡᠭᠡ ᠶᠢᠨ ᠬᠠᠮᠢᠶᠠᠷᠤᠯᠳᠠ ᠶᠢ ᠴᠢᠩᠭᠠᠳᠬᠠᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ | ᠴᠢᠩᠭ᠎ᠠ ᠳᠦᠷᠢᠮ ᠪᠠ ᠭᠠᠵᠠᠷ ᠰᠢᠷᠤᠢ ᠶᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠡᠡᠯᠠᠬᠤ ᠳᠦᠷᠢᠮ ᠢ | ᠬᠡᠷᠡᠭᠵᠢᠭᠦᠯᠦᠨ᠎ᠠ᠃ ᠨᠡᠬᠡᠬᠡᠨ ᠬᠦᠭᠵᠢᠬᠦᠯᠬᠦ ᠪᠠ ᠠᠷᠪᠢᠯᠠᠨ ᠭᠠᠮᠨᠠᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠵᠤ᠂ | ᠠᠵᠤ ᠠᠬᠤᠢ ᠨᠡᠶᠢᠭᠡᠮ ᠤᠨ ᠬᠦᠭᠵᠢᠯᠳᠡ ᠬᠢᠭᠡᠳ ᠠᠮᠢ ᠠᠬᠤᠢ ᠶᠢᠨ ᠪᠦᠲᠦᠭᠡᠨ ᠪᠠᠶᠢᠭᠤᠯᠤᠯᠳᠠ ᠶᠢᠨ ᠭᠠᠵᠠᠷ | ᠰᠢᠷᠤᠢ ᠶᠢᠨ ᠡᠬᠢ ᠪᠠᠶᠠᠯᠢᠭ ᠤᠨ ᠬᠡᠷᠡᠭᠴᠡᠭᠡ ᠶᠢ ᠪᠠᠳᠤᠯᠠᠨ᠎ᠠ᠃ ᠬᠤᠳᠠ ᠪᠠᠯᠭᠠᠰᠦ ᠶᠢᠨ ᠭᠠᠵᠠᠷ ᠰᠢᠷᠤᠢ ᠶᠢ ᠴᠡᠭᠴᠡᠯᠡᠬᠦ | ᠂ ᠬᠤᠳᠠ ᠬᠦᠳᠡᠭᠡ ᠶᠢᠨ ᠭᠠᠵᠠᠷ ᠰᠢᠷᠤᠢ ᠶᠢᠨ ᠬᠡᠷᠡᠭᠯᠡᠭᠡᠨ ᠤ ᠨᠡᠮᠡᠭᠳᠡᠯ ᠬᠠᠰᠤᠭᠳᠠᠯ ᠢ ᠬᠤᠯᠪᠤᠬᠤ᠂ ᠦᠢᠯᠡᠳᠪᠤᠷᠢ | ᠠᠭᠤᠷᠬᠠᠢ ᠶᠢᠨ ᠬᠠᠶᠠᠭᠳᠠᠭᠰᠠᠨ ᠭᠠᠵᠠᠷ ᠪᠠ ᠬᠠᠶᠠᠭᠳᠠᠭᠰᠠᠨ ᠰᠠᠭᠤᠭᠠᠯᠢ ᠠᠷᠠᠳ ᠤᠨ ᠴᠢᠭ᠋ ᠢ ᠰᠡᠷᠭᠦᠭᠡᠵᠦ | ᠠᠰᠢᠬᠯᠠᠬᠤ ᠠᠵᠢᠯ ᠢ ᠢᠳᠡᠪᠬᠢᠳᠠᠢ ᠦᠷᠨᠢᠭᠦᠯᠵᠦ᠂ ᠰᠤᠯᠠ ᠲᠠᠯᠪᠢᠵᠦ ᠪᠠᠶᠢᠭ᠎ᠠ ᠪᠦᠲᠦᠭᠡᠨ ᠪᠠᠶᠢᠭᠤᠯᠤᠯᠳᠠ ᠶᠢᠨ | ᠬᠡᠷᠡᠭᠯᠡᠭᠡᠨ ᠤ ᠭᠠᠵᠠᠷ ᠢ ᠴᠡᠪᠡᠷᠯᠡᠨᠴᠡᠭᠴᠡᠯᠡᠵᠦ ᠠᠮᠢᠯᠠᠭᠤᠯᠤᠨ᠎ᠠ᠃ ᠵᠠᠰᠠᠭ ᠵᠠᠬᠢᠷᠭᠠᠨ ᠤ ᠤᠷᠤᠨ ᠪᠠ ᠭᠠᠵᠠᠷ | ᠰᠢᠷᠤᠢ ᠶᠢᠨ ᠬᠡᠷᠡᠭᠯᠡᠭᠡᠨ ᠤ ᠰᠠᠭᠤᠷᠢ ᠲᠤᠭ᠎ᠠ ᠶᠢ ᠦᠨᠳᠦᠰᠤᠯᠠᠨ ᠬᠤᠪᠢᠶᠠᠷᠢᠯᠠᠯᠳᠠ ᠬᠢᠬᠦ ᠠᠷᠭ᠎ᠠ ᠳᠤ | ᠳᠤᠬᠢᠷᠠᠭᠤᠯᠤᠯᠳᠠ ᠬᠢᠵᠦ᠂ ᠨᠡᠭᠡᠭᠡᠯᠳᠡ ᠬᠢᠬᠦ ᠡᠷᠴᠢᠮ ᠤᠨ ᠬᠦᠢᠴᠡᠳᠭᠡᠯ ᠲᠤᠭ᠎ᠠ ᠶᠢ ᠬᠤᠰᠢᠭᠤ ᠰᠢᠶᠠᠨ ︵ᠬᠤᠳᠠ᠂ | ᠲᠤᠭᠤᠷᠢᠭ︶ ᠳᠤ ᠬᠤᠪᠢᠶᠠᠷᠢᠯᠠᠬᠤ ᠶᠢᠨ ᠬᠠᠮᠳᠤ ᠬᠢᠵᠠᠭᠠᠷᠯᠠᠬᠤ ᠴᠢᠨᠠᠷᠳᠠᠢ ᠬᠦᠢᠴᠡᠳᠭᠡᠯ ᠲᠤᠭ᠎ᠠ ᠪᠤᠯᠭᠠᠵᠤ᠂ | ᠪᠦᠲᠦᠭᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠰᠢᠷᠤᠢ ᠶᠢᠨ ᠶᠡᠷᠦᠩᠬᠡᠢ ᠬᠡᠮᠵᠢᠶ᠎ᠠ ᠶᠢ ᠬᠢᠵᠠᠭᠠᠷᠯᠠᠨ᠎ᠠ᠃ ᠤᠯᠤᠰ ᠤᠨ | ᠨᠢᠭᠡᠳᠦᠯᠳᠠᠢ ᠪᠠᠶᠢᠷᠢᠯᠠᠭᠤᠯᠤᠯᠳᠠ ᠶᠤᠰᠤᠭᠠᠷ ᠭᠠᠵᠠᠷ ᠲᠤᠤᠷᠠᠬᠢ ᠤᠰᠤᠨ ᠤ ᠭᠤᠭᠤᠵᠢᠭᠤᠷ ᠤᠷᠤᠨ᠂ ᠬᠦᠨᠳᠦ | ᠲᠡᠮᠦᠷᠯᠢᠭ ᠤᠨ ᠪᠤᠬᠢᠷᠳᠦᠯ ᠲᠠᠢ ᠤᠷᠤᠨ᠂ ᠠᠮᠢ ᠠᠬᠤᠢ ᠬᠦᠨᠳᠦ ᠰᠦᠷᠡᠬᠡᠢ ᠮᠠᠭᠤᠳᠠᠭᠰᠠᠨ ᠤᠷᠤᠨ ᠢᠶᠠᠷ | ᠭᠤᠤᠯᠳᠠᠯᠭ᠎ᠠ ᠪᠤᠯᠭᠠᠨ ᠲᠠᠷᠢᠶᠠᠨ ᠭᠠᠵᠠᠷ ᠲᠤ ᠰᠡᠯᠭᠦᠨ ᠲᠠᠷᠢᠵᠤ ᠦᠨᠵᠢᠭᠦᠯᠵᠦ ᠲᠠᠷᠢᠬᠤ ᠳᠦᠷᠢᠮ ᠤᠨ | ᠲᠤᠷᠰᠢᠯᠳᠠ ᠶᠢᠨ ᠴᠢᠬ ᠤᠨ ᠠᠵᠢᠯ ᠢ ᠬᠠᠶᠢᠨ ᠰᠦᠪᠡᠭᠴᠢᠯᠡᠵᠤ ᠬᠡᠷᠡᠭᠵᠢᠬᠦᠯᠦᠨ᠎ᠠ᠃ | ︵ᠶᠢᠰᠦ︶ ᠠᠭᠤᠷᠬᠠᠢ ᠶᠢᠨ ᠡᠬᠢ ᠪᠠᠶᠠᠯᠢᠭ ᠢ ᠠᠷᠪᠢᠯᠠᠨ᠎ᠠ᠃ ᠠᠭᠤᠷᠬᠠᠢ ᠶᠢᠨ ᠤᠷᠤᠨ ᠤ ᠠᠵᠤ | ᠠᠬᠤᠢᠢᠯᠠᠯ ᠤᠳ ᠢ ᠲᠦᠪᠯᠡᠷᠡᠬᠦᠯᠬᠦ ᠬᠡᠮᠵᠢᠶ᠎ᠠ ᠶᠢ ᠳᠡᠭᠡᠭᠰᠢᠯᠡᠭᠦᠯᠵᠦ᠂ ᠲᠤᠮᠤ ᠳᠤᠮᠳᠠ ᠬᠡᠯᠪᠡᠷᠢ ᠶᠢᠨ ᠠᠭᠤᠷᠬᠠᠢ ᠶᠢᠨ | ᠠᠭᠤᠯᠠ ᠪᠠᠷ ᠭᠤᠤᠯᠳᠠᠯᠭ᠎ᠠ ᠪᠤᠯᠭᠠᠨ ᠠᠭᠤᠷᠬᠠᠢ ᠶᠢᠨ ᠡᠬᠢ ᠪᠠᠶᠠᠯᠢᠭ ᠢ ᠮᠠᠯᠳᠠᠬᠤ ᠪᠠ ᠳᠠᠬᠢᠨ ᠮᠠᠯᠳᠠᠬᠤ ᠨᠤᠷᠮ᠎ᠠ᠂ | ᠬᠦᠳᠡᠷ ᠢᠯᠭᠠᠷᠠᠭᠤᠯᠵᠤ ᠳᠠᠬᠢᠨ ᠠᠰᠢᠬᠯᠠᠬᠤ ᠨᠤᠷᠮ᠎ᠠ ᠪᠠ ᠶᠡᠷᠦᠩᠬᠡᠶᠢᠯᠡᠨ ᠠᠰᠢᠡᠡᠯᠠᠬᠤ ᠨᠤᠷᠮ᠎ᠠ ᠶᠢ ᠳᠤᠭᠳᠠᠭᠤᠨ ᠢᠶᠠᠷ | ᠳᠡᠭᠡᠭᠰᠢᠯᠡᠭᠦᠯᠵᠤ᠂ ᠡᠬᠢ ᠪᠠᠶᠠᠯᠢᠭ ᠢ ᠦᠨᠳᠦᠷ ᠠᠰᠢᠬᠯᠠᠮᠵᠢ ᠲᠠᠢ ᠪᠠᠷ ᠠᠰᠢᠡᠡᠯᠠᠬᠤ ᠶᠢ ᠠᠬᠢᠭᠤᠯᠤᠨ᠎ᠠ᠃ | ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠡᠡᠯᠠᠬᠤ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠤᠷᠴᠢᠨ | ᠲᠤᠭᠤᠷᠢᠨ ᠢ ᠬᠠᠮᠠᠭᠠᠯᠠᠬᠤ᠂ ᠡᠨᠧᠷᠬᠢ ᠠᠷᠪᠢᠯᠠᠵᠤ ᠪᠤᠬᠢᠷᠳᠦᠯ ᠢ ᠪᠠᠭᠠᠰᠬᠠᠬᠤ ᠪᠠᠨ ᠴᠢᠩᠭᠠᠳᠬᠠᠨ ᠤᠯᠠᠮᠵᠢᠯᠠᠯᠳᠦ | ᠠᠭᠤᠷᠬᠠᠢ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ᠃ ᠠᠭᠤᠷᠬᠠᠢ ᠶᠢᠨ | ᠡᠬᠢ ᠪᠠᠶᠠᠯᠢᠭ ᠢ ᠨᠡᠭᠡᠭᠡᠨ ᠠᠰᠢᠡᠡᠯᠠᠬᠤ ᠲᠦᠪᠰᠢᠨ ᠢ ᠪᠠᠶᠢᠴᠠᠭᠠᠨ ᠦᠨᠡᠯᠡᠬᠦ ᠳᠦᠷᠢᠮ ᠢ ᠪᠠᠶᠢᠭᠤᠯᠤᠨ᠎ᠠ᠃ | ︵ᠠᠷᠪᠠ︶ ᠨᠡᠭᠦᠷᠡᠰᠦᠳᠦ᠋ᠷᠦᠭᠴᠢ ᠪᠠᠭ᠎ᠠ ᠲᠤᠷᠰᠢᠯᠳᠠ ᠶᠢᠨ ᠴᠢᠭ᠋ ᠤᠨ ᠵᠢᠱᠢᠶ᠎ᠠ ᠦᠵᠡᠭᠦᠯᠬᠦ ᠶᠢ ᠠᠬᠢᠭᠤᠯᠤᠨ᠎ᠠ᠃ | ︽ᠤᠯᠤᠰ ᠤᠨ ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠬᠤ ᠲᠦᠯᠦᠪᠵᠢᠭᠦᠯᠭᠡ ︵2014 — | 2020︶︾ ᠶᠢ ᠲᠤᠤᠱᠯᠠᠭᠤᠯᠵᠤ᠂ ᠠᠵᠤ ᠦᠢᠯᠡᠰ ᠪᠠ ᠡᠨᠧᠷᠬᠢ ᠶᠢᠨ ᠪᠦᠲᠦᠴᠡ ᠶᠢ ᠲᠤᠬᠢᠷᠠᠭᠤᠯᠬᠤ᠂ | ᠡᠨᠧᠷᠬᠢ ᠶᠢᠨ ᠠᠰᠢᠬᠯᠠᠮᠵᠢ ᠶᠢ ᠳᠡᠭᠡᠭᠰᠢᠯᠡᠬᠦᠯᠬᠦ ᠵᠢᠴᠢ ᠤᠢ ᠰᠢᠭᠤᠢ᠂ ᠲᠠᠯ᠎ᠠ ᠨᠤᠲᠤᠭ᠂ ᠨᠤᠭᠤ ᠭᠠᠵᠠᠷ ᠢ | ᠨᠡᠮᠡᠭᠳᠡᠭᠦᠯᠬᠦ ᠵᠡᠷᠭᠡ ᠠᠭᠠᠷ ᠮᠠᠨᠳᠠᠯ ᠳᠠᠬᠢ ᠨᠡᠭᠦᠷᠡᠰᠦᠳᠦ᠋ᠷᠦᠭᠴᠢ ᠬᠤᠷᠠᠮᠳᠤᠭᠤᠯᠬᠤ ᠠᠷᠭ᠎ᠠ ᠪᠠᠷᠢᠯ ᠢ ᠶᠠᠷᠦᠩᠭᠡᠶᠢᠯᠠᠨ | ᠬᠡᠷᠡᠭᠯᠡᠬᠦ ᠪᠠᠷ ᠲᠠᠮᠵᠢᠨ ᠬᠦᠯᠡᠮᠵᠢ ᠶᠢᠨ ᠬᠡᠢ ᠪᠡᠶᠡᠳᠦ ᠢᠯᠭᠠᠷᠠᠭᠤᠯᠬᠤ ᠶᠢ ᠪᠦᠲᠦᠮᠵᠢᠳᠠᠢ ᠬᠢᠵᠠᠭᠠᠷᠯᠠᠨ᠎ᠠ᠃ ᠬᠦᠬᠡᠬᠤᠳᠠ | ᠪᠤᠯᠤᠨ ᠤᠷᠳᠤᠰ ᠬᠤᠳᠠ ᠶᠢᠨ ᠪᠡᠭᠡᠵᠢᠩ ᠬᠤᠳᠠ ᠯᠤᠭ᠎ᠠ᠂ ᠪᠤᠭᠤᠳᠤ ᠬᠤᠳᠠ ᠶᠢᠨ ᠱᠧᠨᠵᠧᠨ ᠬᠤᠳᠠ ᠯᠤᠭ᠎ᠠ ᠶᠢᠨ | ᠤᠷᠤᠨ ᠪᠦᠰᠡ ᠰᠤᠨᠳᠠᠯᠠᠭᠰᠠᠨ ᠠᠷᠠᠯᠵᠢᠶ᠎ᠠ ᠶᠢ ᠦᠷᠨᠢᠬᠦᠯᠵᠦ᠂ ᠪᠦᠬᠦ ᠤᠯᠤᠰ ᠤᠨ ᠨᠢᠭᠡᠳᠦᠯᠳᠠᠢ ᠨᠡᠭᠦᠷᠡᠰᠦᠳᠦ᠋ᠷᠦᠭᠴᠢ | ᠭᠠᠳᠠᠭᠰᠢᠯᠠᠭᠤᠯᠬᠤ ᠠᠷᠠᠯᠵᠢᠶᠠᠨ ᠤ ᠵᠠᠬ᠎ᠠ ᠳᠡᠯᠭᠡᠭᠦᠷ ᠲᠤ ᠠᠭᠤᠰᠤᠯᠴᠠᠬᠤ ᠶᠢ ᠠᠬᠢᠭᠤᠯᠤᠨ᠎ᠠ᠃ ᠨᠡᠭᠦᠷᠡᠰᠦᠳᠦ᠋ᠷᠦᠭᠴᠢ | ᠪᠠᠭ᠎ᠠ ᠲᠤᠷᠰᠢᠯᠳᠠ ᠶᠢᠨ ᠴᠢᠭ᠋ ᠤᠨ ᠵᠢᠱᠢᠶ᠎ᠠ ᠦᠵᠡᠭᠦᠯᠬᠦ ᠦᠢᠯᠡᠳᠦᠯ ᠢ ᠴᠢᠩᠭᠠᠳᠬᠠᠵᠤ᠂ ᠬᠦᠯᠦᠨ ᠪᠤᠶᠢᠷ ᠬᠤᠳᠠ ᠳᠤ | ᠨᠡᠭᠦᠷᠡᠰᠦᠳᠦ᠋ᠷᠦᠭᠴᠢ ᠪᠠᠭ᠎ᠠ ᠬᠤᠳᠠ ᠶᠢᠨ ᠲᠤᠷᠰᠢᠯᠳᠠ ᠶᠢᠨ ᠴᠢᠭ᠋ ᠪᠠᠶᠢᠭᠤᠯᠬᠤ ᠠᠵᠢᠯ ᠢ ᠭᠤᠤᠯᠳᠠᠯᠭ᠎ᠠ ᠲᠠᠢ | ᠠᠬᠢᠭᠤᠯᠵᠤ᠂ ᠤᠳᠤᠭ ᠤᠨ ᠠᠵᠤ ᠠᠬᠤᠢ ᠶᠢᠨ ᠨᠡᠭᠡᠭᠡᠯᠳᠡ ᠶᠢᠨ ᠲᠤᠭᠤᠷᠢᠭ᠂ ᠦᠬᠠᠢ ᠶᠢᠨ ᠠᠵᠤ ᠠᠬᠤᠢ ᠶᠢᠨ | ᠨᠡᠭᠡᠭᠡᠯᠳᠡ ᠶᠢᠨ ᠲᠤᠭᠤᠷᠢᠭ ᠪᠠ ᠤᠯᠠᠭᠠᠨᠬᠠᠳᠠ ᠬᠤᠳᠠ ᠶᠢᠨ ᠬᠤᠩᠱᠠᠨ ᠠᠵᠤ ᠠᠬᠤᠢ ᠶᠢᠨ ᠨᠡᠭᠡᠭᠡᠯᠳᠡ ᠶᠢᠨ | ᠲᠤᠭᠤᠷᠢᠭ ᠤᠨ ᠨᠡᠭᠦᠷᠡᠰᠦᠳᠦ᠋ᠷᠦᠭᠴᠢ ᠪᠠᠭ᠎ᠠ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ᠪᠦᠲᠦᠭᠡᠨ | ᠪᠠᠶᠢᠭᠤᠯᠤᠯᠳᠠ ᠶᠢ ᠲᠦᠷᠭᠡᠳᠭᠡᠨ᠎ᠠ᠃ ᠨᠡᠭᠦᠷᠡᠰᠦᠳᠦ᠋ᠷᠦᠭᠴᠢ ᠪᠠᠭ᠎ᠠ ᠨᠡᠶᠢᠭᠡᠮ ᠲᠤᠭᠤᠷᠢᠭ ᠤᠨ ᠲᠤᠷᠰᠢᠯᠳᠠ ᠶᠢᠨ | ᠴᠢᠭ᠋ ᠢ ᠡᠭᠦᠳᠦᠨ ᠪᠠᠶᠢᠭᠤᠯᠬᠤ ᠠᠵᠢᠯ ᠢ ᠦᠷᠨᠢᠭᠦᠯᠦᠨ᠎ᠠ᠃ | ᠲᠠᠪᠤ᠂ ᠠᠵᠦ ᠦᠢᠯᠡᠰ ᠤᠨ ᠪᠦᠳᠦᠴᠡ ᠶᠢᠨ ᠲᠣᠬᠢᠷᠠᠭᠤᠯᠣᠯᠳᠠ ᠶᠢ ᠢᠳᠡᠪᠬᠢᠳᠡᠢ ᠠᠬᠢᠭᠤᠯᠣᠨ᠎ᠠ | ᠦᠪᠡᠷᠳᠡᠭᠡᠨ ᠵᠠᠰᠠᠬᠤ ᠣᠷᠣᠨ ᠤ ︽ᠠᠵᠦ ᠦᠢᠯᠡᠰ ᠤᠨ ᠪᠦᠳᠦᠴᠡ ᠶᠢᠨ ᠲᠣᠬᠢᠷᠠᠭᠤᠯᠣᠯᠳᠠ ᠶᠢᠨ | ᠲᠦᠯᠦᠪᠵᠢᠬᠦᠯᠬᠡ ︵2013 — 2020 ᠣᠨ︶︾ ᠪᠣᠯᠣᠨ ︽ᠭᠤᠣᠯᠳᠠᠯᠭ᠎ᠠ ᠲᠠᠢ ᠠᠵᠦ ᠦᠢᠯᠡᠰ ᠤᠨ | ᠪᠠᠶᠢᠷᠢᠰᠢᠭᠤᠯᠤᠯ ᠤᠨ ᠲᠣᠬᠢᠷᠠᠭᠤᠯᠣᠯᠳᠠ ᠪᠠ ᠠᠵᠦ ᠦᠢᠯᠡᠰ ᠢ ᠬᠦᠯᠢᠶᠡᠨ ᠠᠪᠬᠤ ᠲᠤᠬᠠᠢ ᠬᠡᠷᠡᠭᠵᠢᠬᠦᠯᠬᠦ ᠰᠠᠨᠠᠯ︾ ᠢ | ᠨᠠᠶᠢᠳᠠᠪᠣᠷᠢᠵᠢᠭᠤᠯᠵᠦ᠂ ᠣᠯᠠᠮᠵᠢᠯᠠᠯᠳᠣ ᠠᠵᠦ ᠦᠢᠯᠡᠰ ᠢ ᠪᠣᠬᠢᠷᠳᠣᠯ ᠦᠬᠡᠢ ᠪᠣᠯᠭᠠᠨ ᠦᠬᠡᠷᠡᠴᠢᠯᠡᠬᠦ ᠶᠢ ᠠᠬᠢᠭᠤᠯᠵᠦ | ᠂ ᠪᠣᠬᠢᠷᠳᠣᠯ ᠦᠬᠡᠢ ᠰᠢᠨ᠎ᠠ ᠪᠠᠷ ᠮᠠᠨᠳᠣᠬᠰᠠᠨ ᠠᠵᠦ ᠦᠢᠯᠡᠰ ᠢ ᠶᠡᠬᠡᠪᠡᠷ ᠬᠦᠭᠵᠢᠬᠦᠯᠵᠦ᠂ ᠪᠣᠬᠢᠷᠳᠣᠯ ᠦᠬᠡᠢ | ᠨᠡᠬᠦᠷᠡᠰᠦᠳᠦ᠋ᠷᠦᠭᠴᠢ ᠪᠠᠭ᠎ᠠ ᠡᠷᠬᠢᠯᠳᠡᠳᠣ ᠬᠦᠭᠵᠢᠯᠳᠡ ᠶᠢᠨ ᠠᠵᠦ ᠦᠢᠯᠡᠰ ᠤᠨ ᠰᠢᠰᠲ᠋ᠧᠮ ᠢ ᠲᠦᠷᠬᠡᠳᠬᠡᠨ | ᠪᠠᠶᠢᠭᠤᠯᠤᠨ᠎ᠠ᠃ | ︵ᠨᠢᠬᠡ︶ ᠡᠬᠢ ᠪᠠᠶᠠᠯᠢᠬ ᠤᠨ ᠬᠡᠯᠪᠡᠷᠢ ᠶᠢᠨ ᠠᠵᠦ ᠦᠢᠯᠡᠰ ᠤᠨ ᠬᠦᠭᠵᠢᠯᠳᠡ ᠶᠢᠨ ᠬᠡᠯᠪᠡᠷᠢ ᠶᠢ | ᠬᠤᠪᠢᠷᠠᠭᠤᠯᠣᠨ ᠲᠡᠰ ᠲᠡᠪᠰᠢᠬᠦᠯᠬᠦ ᠶᠢ ᠠᠬᠢᠭᠤᠯᠣᠨ᠎ᠠ᠃ ᠨᠡᠬᠦᠷᠡᠰᠦ ᠶᠢ ᠠᠷᠢᠭᠤᠨ ᠴᠡᠪᠡᠷ ᠡᠷᠬᠢᠯᠳᠡᠳᠣ ᠦᠨᠳᠣᠷ | ᠦᠷ᠎ᠡ ᠠᠰᠢᠬ ᠲᠠᠢ ᠪᠠᠷ ᠠᠰᠢᠬᠯᠠᠬᠤ ᠶᠢ ᠠᠬᠢᠭᠤᠯᠵᠦ᠂ ᠨᠡᠬᠦᠷᠡᠰᠦ ᠶᠢᠨ ᠰᠢᠨ᠎ᠠ ᠪᠠᠷ ᠨᠡᠮᠡᠭᠳᠡᠬᠦᠯᠬᠦ | ᠦᠢᠯᠡᠳᠪᠦᠷᠢᠯᠡᠯ ᠤᠨ ᠴᠢᠳᠠᠪᠤᠷᠢ ᠶᠢ ᠴᠢᠩᠭ᠎ᠠ ᠬᠢᠵᠠᠭᠠᠷᠯᠠᠨ᠎ᠠ᠃ ᠡᠷᠬᠢᠯᠳᠡᠳᠦ ᠬᠦᠭᠵᠢᠯᠳᠡ ᠪᠠᠷ ᠲᠦᠯᠦᠪᠯᠡᠭᠡ ᠶᠢ | ᠬᠦᠳᠦᠯᠦᠨ ᠲᠠᠭᠠᠭᠤᠯᠬᠤ ᠶᠢ ᠬᠡᠷᠡᠭᠵᠢᠬᠦᠯᠵᠦ᠂ ᠬᠡᠯᠬᠢᠶᠠᠵᠢᠯ ᠢ ᠨᠦᠬᠦᠬᠦ᠂ ᠬᠡᠯᠬᠢᠶᠡᠵᠢᠯ ᠢ ᠣᠷᠳᠣᠳᠬᠠᠬᠤ᠂ | ᠬᠡᠯᠬᠢᠶᠠᠵᠢᠯ ᠢ ᠦᠷᠭᠡᠳᠬᠡᠬᠦ ᠪᠠᠷ ᠲᠠᠮᠵᠢᠨ ᠠᠵᠦ ᠠᠬᠤᠢᠢᠯᠠᠯᠤ ᠤᠨ ᠬᠤᠭᠤᠷᠣᠨᠳᠣ᠂ ᠠᠵᠢᠯ ᠲᠦᠷᠦᠯ ᠤᠨ | ᠬᠤᠭᠤᠷᠣᠨᠳᠣ᠂ ᠬᠦᠷᠢᠶᠡᠯᠡᠩ ᠲᠣᠭᠤᠷᠢᠭ ᠤᠨ ᠬᠤᠭᠤᠷᠣᠨᠳᠣ ᠠᠵᠦ ᠦᠢᠯᠡᠰ ᠤᠨ ᠰᠢᠰᠲ᠋ᠧᠮ ᠢ ᠣᠷᠴᠢᠯᠳᠣᠭᠤᠯᠣᠨ | ᠬᠤᠯᠪᠣᠬᠤ ᠶᠢ ᠪᠦᠷᠢᠯᠳᠦᠬᠦᠯᠵᠦ᠂ ︽ᠨᠡᠬᠦᠷᠡᠰᠦ — ᠴᠠᠬᠢᠯᠭᠠᠨ ᠬᠦᠴᠦ — ᠬᠢᠮᠢ ᠶᠢᠨ ᠠᠵᠦ ᠦᠢᠯᠡᠳᠪᠦᠷᠢ᠂ | ᠨᠡᠬᠦᠷᠡᠰᠦ — ᠨᠡᠬᠦᠷᠡᠰᠦ ᠬᠡᠣᠷᠰᠢᠬᠦᠯᠬᠦ — ᠬᠢᠮᠢ ᠶᠢᠨ ᠠᠵᠦ ᠦᠢᠯᠡᠳᠪᠦᠷᠢ᠂ ᠨᠡᠬᠦᠷᠡᠰᠦ — ᠴᠠᠬᠢᠯᠭᠠᠨ | ᠬᠦᠴᠦ — ᠬᠦᠩᠬᠡᠨᠴᠠᠭᠠᠨ ᠵᠢᠴᠢ ᠬᠦᠩᠬᠡᠨᠴᠠᠭᠠᠨ ᠤ ᠦᠢᠯᠡᠳᠬᠦᠨ ᠢ ᠪᠣᠯᠪᠠᠰᠣᠷᠠᠭᠤᠯᠬᠤ︾ ᠶᠢ ᠨᠢᠬᠡ | ᠴᠣᠭᠴᠠᠵᠢᠭᠤᠯᠣᠭᠰᠠᠨ ᠮᠡᠳᠦ ᠶᠢᠨ ᠡᠷᠬᠢᠯᠳᠡᠳᠣ ᠠᠵᠦ ᠦᠢᠯᠡᠰ ᠤᠨ ᠰᠦᠷᠦᠭᠵᠢᠯ ᠢ ᠭᠤᠣᠯᠳᠠᠯᠭ᠎ᠠ ᠲᠠᠢ ᠪᠠᠷ ᠪᠣᠢ | ᠪᠣᠯᠭᠠᠨ᠎ᠠ᠃ ᠠᠵᠦ ᠦᠢᠯᠡᠳᠪᠦᠷᠢ ᠶᠢᠨ ᠪᠣᠬᠢᠷᠳᠣᠯ ᠤᠨ ᠢᠷᠡᠯᠳᠡ ᠶᠢᠨ ᠭᠠᠳᠠᠭᠰᠢᠯᠠᠭᠤᠯᠤᠯᠳᠠ ᠳᠤ ᠪᠦᠬᠦ ᠲᠠᠯ᠎ᠠ ᠪᠠᠷ | ᠪᠠᠷᠢᠮᠵᠢᠶ᠎ᠠ ᠳᠤ ᠬᠦᠷᠬᠡᠬᠦ ᠲᠦᠯᠦᠪᠯᠡᠭᠡ ᠶᠢ ᠬᠡᠷᠡᠭᠵᠢᠬᠦᠯᠵᠦ᠂ ᠨᠡᠬᠦᠷᠡᠰᠦ᠂ ᠴᠠᠬᠢᠯᠭᠠᠨ ᠬᠦᠴᠦ᠂ ᠪᠣᠯᠣᠳ ᠲᠡᠮᠣᠷ᠂ | ᠱᠦᠢᠨᠢ᠂ ᠬᠠᠪᠳᠠᠭᠠᠢ ᠰᠢᠯ᠂ ᠴᠠᠬᠢᠯᠭᠠᠨ ᠴᠢᠯᠠᠭᠤ᠂ ᠲᠡᠮᠣᠷ ᠤᠨ ᠬᠠᠶᠢᠯᠦᠰᠢ᠂ ᠦᠩᠬᠡᠳᠦ ᠲᠡᠮᠦᠷᠯᠢᠭ᠂ ᠴᠠᠭᠠᠰᠣ᠂ | ᠲᠠᠷᠣᠮᠠᠯᠯᠠᠨ ᠪᠣᠳᠣᠬᠤ᠂ ᠠᠷᠠᠰᠣ ᠰᠢᠷᠢ ᠵᠡᠷᠭᠡ ᠠᠵᠢᠯ ᠲᠦᠷᠦᠯ ᠢᠶᠠᠷ ᠭᠤᠣᠯᠳᠠᠯᠭ᠎ᠠ ᠪᠣᠯᠭᠠᠨ ᠠᠮᠦᠷ ᠲᠦᠪᠰᠢᠨ᠂ | ᠣᠷᠴᠢᠨ ᠲᠣᠭᠤᠷᠢᠨ ᠤ ᠬᠠᠮᠠᠭᠠᠯᠠᠯᠳᠠ᠂ ᠡᠨᠧᠷᠬᠢ ᠶᠢᠨ ᠬᠤᠷᠣᠭᠳᠠᠯ᠂ ᠡᠳ᠋ ᠪᠣᠳᠠᠰ ᠤᠨ ᠬᠤᠷᠣᠭᠳᠠᠯ᠂ ᠶᠠᠰᠣ ᠴᠢᠨᠠᠷ᠂ | ᠭᠠᠵᠠᠷ ᠰᠢᠷᠤᠢ ᠵᠡᠷᠭᠡ ᠶᠢᠨ ᠬᠢᠵᠠᠭᠠᠷᠯᠠᠯ ᠢ ᠴᠢᠩᠭᠠᠳᠬᠠᠵᠦ᠂ ᠬᠤᠴᠣᠷᠣᠩᠭᠤᠢ ᠦᠢᠯᠡᠳᠪᠦᠷᠢᠯᠡᠯ ᠤᠨ ᠴᠢᠳᠠᠪᠤᠷᠢ ᠶᠢ | ᠲᠠᠶᠠᠬᠳᠠᠬᠤ ᠡᠷᠴᠢᠮ ᠢ ᠴᠢᠩᠭᠠᠷᠠᠭᠤᠯᠵᠤ᠂ ᠬᠤᠴᠣᠷᠣᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠲᠠᠶᠠᠬᠳᠠᠭᠤᠯᠬᠤ | ᠬᠡᠳᠡᠷᠬᠦ ᠰᠢᠬᠠᠮᠳᠠᠭᠤᠯᠬᠤ ᠲᠣᠭᠳᠠᠴᠠ ᠶᠢ ᠪᠦᠷᠢᠯᠳᠦᠬᠦᠯᠦᠨ᠎ᠠ᠃ | ︵ᠬᠤᠶᠡᠷ︶ ᠪᠠᠶᠢᠯᠳᠣᠬᠤ ᠪᠣᠳᠣᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠣᠬᠰᠠᠨ ᠠᠵᠦ ᠦᠢᠯᠡᠰ ᠢ ᠶᠡᠬᠡᠪᠡᠷ | ᠬᠦᠭᠵᠢᠬᠦᠯᠦᠨ᠎ᠡ᠃ ᠢᠨᠵᠧᠨᠧᠷᠢᠩ ᠤᠨ ᠮᠠᠰᠢᠨ ᠲᠤᠨᠤᠭᠯᠠᠯ᠂ ᠠᠭᠤᠷᠬᠠᠢ ᠶᠢᠨ ᠮᠠᠰᠢᠨ ᠲᠤᠨᠤᠭᠯᠠᠯ᠂ ᠨᠡᠬᠦᠷᠡᠰᠦ ᠶᠢᠨ | ᠮᠠᠰᠢᠨ ᠲᠤᠨᠤᠭᠯᠠᠯ᠂ ᠵᠢᠮᠳᠤ ᠵᠠᠮ ᠬᠠᠷᠢᠯᠴᠠᠭ᠎ᠠ ᠶᠢᠨ ᠮᠠᠰᠢᠨ ᠲᠦᠬᠦᠬᠡᠷᠦᠮᠵᠢ ᠪᠣᠯᠣᠨ ᠰᠠᠯᠬᠢᠨ ᠬᠦᠴᠦ ᠪᠠᠷ ᠴᠠᠬᠢᠯᠭᠠᠨ | ᠭᠠᠷᠭᠠᠬᠤ ᠮᠠᠰᠢᠨ ᠲᠦᠬᠦᠬᠡᠷᠦᠮᠵᠢ ᠵᠡᠷᠭᠡ ᠲᠠᠪᠠᠭᠤᠯᠢᠬᠳᠤ ᠦᠢᠯᠡᠳᠬᠦ ᠦᠢᠯᠡᠰ ᠤᠨ ᠬᠦᠭᠵᠢᠯᠳᠡ ᠶᠢᠨ ᠲᠦᠪᠰᠢᠨ ᠢ | ᠲᠡᠭᠡᠭᠰᠢᠯᠡᠬᠦᠯᠵᠦ᠂ ᠠᠶᠠᠨ ᠵᠠᠮ ᠳᠤ ᠬᠡᠷᠡᠭᠯᠡᠬᠦ ᠮᠠᠰᠢᠨ ᠲᠡᠷᠬᠡ᠂ ᠰᠢᠨ᠎ᠡ ᠬᠡᠯᠪᠡᠷᠢ ᠶᠢᠨ ᠬᠤᠳᠠᠯᠳᠣᠭᠠᠨ ᠤ ᠶᠠᠪᠤᠳᠠᠯ ᠳᠤ | ᠬᠡᠷᠡᠭᠯᠡᠬᠦ ᠮᠠᠰᠢᠨ ᠲᠡᠷᠭᠡ᠂ ᠰᠢᠨ᠎ᠠ ᠡᠨᠧᠷᠬᠢ ᠶᠢᠨ ᠮᠠᠰᠢᠨ ᠲᠡᠷᠭᠡ ᠶᠢ ᠢᠳᠡᠪᠬᠢᠳᠡᠢ ᠬᠦᠭᠵᠢᠬᠦᠯᠵᠦ᠂ ᠮᠠᠰᠢᠨ | ᠲᠤᠨᠤᠭᠯᠠᠯ ᠦᠢᠯᠡᠳᠬᠦ ᠦᠢᠯᠡᠰ ᠤᠨ ᠰᠦᠷᠦᠭᠵᠢᠯ ᠢ ᠠᠬᠢᠭᠤᠯᠣᠨ᠎ᠠ᠃ ᠠᠮᠢᠳᠣ ᠪᠣᠳᠠᠰ ᠤᠨ ᠡᠮ᠂ ᠣᠳᠣ ᠦᠶ᠎ᠡ ᠶᠢᠨ | ᠬᠢᠳᠡᠳ ᠮᠣᠩᠭᠤᠯ ᠡᠮ᠂ ᠠᠮᠢᠳᠣ ᠪᠣᠳᠠᠰ ᠤᠨ ᠸᠠᠺᠼᠢᠨ ᠪᠣᠯᠣᠨ ᠠᠮᠢᠳᠣ ᠪᠣᠳᠠᠰ ᠤᠨ ᠦᠷ᠎ᠡ ᠪᠤᠶᠢᠵᠢᠭᠤᠯᠬᠤ ᠠᠵᠦ | ᠦᠢᠯᠡᠰ ᠢ ᠶᠡᠬᠡᠪᠡᠷ ᠬᠦᠭᠵᠢᠬᠦᠯᠵᠤ᠂ ᠠᠮᠢᠳᠣ ᠪᠣᠳᠠᠰ ᠤᠨ ᠢᠰᠬᠡᠬᠦ ᠮᠡᠷᠭᠡᠵᠢᠯ ᠢ ᠰᠣᠳᠣᠯᠣᠨ ᠨᠡᠭᠡᠭᠡᠬᠦ ᠵᠢᠴᠢ ᠠᠵᠦ | ᠦᠢᠯᠡᠰᠵᠢᠬᠦᠯᠬᠦ ᠶᠢ ᠠᠬᠢᠭᠤᠯᠵᠦ᠂ ᠬᠦᠬᠡᠬᠤᠳᠠ᠂ ᠲᠦᠩᠯᠢᠶᠣᠣ᠂ ᠣᠯᠠᠭᠠᠨᠬᠠᠳᠠ᠂ ᠣᠯᠠᠭᠠᠨᠴᠠᠪ᠂ ᠪᠠᠶᠠᠨᠨᠠᠭᠤᠷ | ᠲᠠᠪᠣᠨ ᠶᠡᠭᠡ ᠠᠮᠢᠳᠣ ᠪᠣᠳᠠᠰ ᠤᠨ ᠠᠵᠦ ᠦᠢᠯᠡᠰ ᠤᠨ ᠲᠦᠪᠯᠡᠷᠡᠯ ᠣᠷᠣᠨ ᠢ ᠭᠤᠣᠯᠳᠠᠯᠭ᠎ᠠ ᠲᠠᠢ ᠪᠦᠳᠦᠬᠡᠨ | ᠪᠠᠶᠢᠭᠤᠯᠣᠨ᠎ᠠ᠃ ᠲᠣᠮᠣ ᠬᠡᠯᠪᠡᠷᠢ ᠶᠢᠨ ᠡᠬᠦᠯᠡᠨ ᠪᠣᠳᠣᠯᠳᠠ ᠶᠢᠨ ᠳ᠋ᠠᠶᠢᠲ᠋ᠠ ᠲᠦᠪ ᠢ ᠪᠦᠳᠦᠬᠡᠨ ᠪᠠᠶᠢᠭᠤᠯᠬᠤ ᠶᠢ | ᠲᠦᠷᠭᠡᠳᠬᠡᠵᠦ᠂ ᠣᠯᠠᠨ ᠣᠯᠣᠰ᠂ ᠮᠣᠵᠢ ᠶᠢᠨ ᠬᠤᠷᠣᠭᠤᠨᠳᠣᠬᠢ ᠬᠡᠷᠡᠯ ᠲᠠᠳᠠᠯᠭ᠎ᠠ ᠶᠢᠨ ᠰᠦᠯᠵᠢᠶᠠᠨ ᠵᠠᠮ ᠰᠣᠪᠠᠭ ᠢ | ᠲᠡᠬᠦᠯᠳᠡᠷᠵᠢᠬᠦᠯᠵᠦ᠂ ᠡᠬᠦᠯᠡᠨ ᠪᠣᠳᠣᠯᠳᠠ ᠶᠢᠨ ᠠᠰᠢᠬᠯᠠᠯᠳᠠ ᠶᠢ ᠴᠢᠩᠭᠠᠳᠬᠠᠨ ᠲᠡᠭᠡᠳᠣ ᠲᠣᠣᠷᠠᠳᠣ ᠣᠷᠣᠰᠬᠠᠯ ᠤᠨ | ᠠᠵᠦ ᠦᠢᠯᠡᠰ ᠢ ᠵᠣᠯᠭᠠᠯᠴᠠᠭᠤᠯᠵᠦ᠂ ᠬᠦᠬᠡᠬᠤᠳᠠ᠂ ᠪᠣᠭᠤᠳᠣ᠂ ᠣᠷᠳᠣᠰ᠂ ᠣᠯᠠᠭᠠᠨᠬᠠᠳᠠ ᠵᠡᠷᠭᠡ ᠪᠦᠬᠦ | ᠣᠯᠣᠰ ᠤᠨ ᠴᠢᠬᠤᠯᠠ ᠡᠬᠦᠯᠡᠨ ᠪᠣᠳᠣᠯᠳᠠ ᠶᠢᠨ ᠠᠵᠦ ᠦᠢᠯᠡᠰ ᠤᠨ ᠰᠠᠭᠤᠷᠢᠨ ᠢ ᠪᠦᠳᠦᠬᠡᠨ ᠪᠠᠶᠢᠭᠤᠯᠣᠨ᠎ᠠ᠃ | ᠬᠤᠪᠣᠷ ᠰᠢᠷᠦᠢ ᠰᠣᠩᠭᠤᠬᠤ — ᠬᠠᠶᠢᠯᠣᠭᠤᠯᠵᠤ ᠰᠠᠯᠭᠠᠬᠤ — ᠰᠢᠨ᠎ᠠ ᠮᠠᠲ᠋ᠧᠷᠢᠶᠡᠯ ᠵᠢᠴᠢ ᠬᠡᠷᠡᠭᠯᠡᠯᠳᠡ ᠶᠢ | ᠨᠢᠬᠡ ᠴᠣᠭᠴᠠᠵᠢᠭᠤᠯᠣᠨ ᠬᠦᠭᠵᠢᠬᠦᠯᠬᠦ ᠶᠢ ᠲᠦᠷᠭᠡᠳᠬᠡᠵᠦ᠂ ᠪᠣᠭᠤᠳᠣ ᠶᠢᠨ ᠬᠤᠪᠣᠷ ᠰᠢᠷᠦᠢ ᠶᠢᠨ ᠰᠢᠨ᠎ᠠ | ᠮᠠᠲ᠋ᠧᠷᠢᠶᠡᠯ ᠤᠨ ᠰᠠᠭᠤᠷᠢᠨ ᠢ ᠪᠦᠳᠦᠬᠡᠨ ᠪᠠᠶᠢᠭᠤᠯᠣᠨ᠎ᠠ᠃ | ︵ᠭᠤᠷᠪᠡ︶ ᠪᠣᠬᠢᠷᠳᠣᠯ ᠦᠬᠡᠢ ᠠᠵᠦ ᠦᠢᠯᠡᠰ ᠢ ᠪᠤᠶᠢᠵᠢᠭᠤᠯᠣᠨ ᠬᠦᠭᠵᠢᠬᠦᠯᠦᠨ᠎ᠠ᠃ ᠪᠣᠬᠢᠷᠳᠣᠯ ᠦᠬᠡᠢ | ᠮᠠᠯ ᠠᠵᠤ ᠠᠬᠤᠢ ᠲᠠᠷᠢᠶᠠᠯᠠᠩ ᠢ ᠶᠡᠬᠡᠪᠡᠷ ᠬᠦᠭᠵᠢᠬᠦᠯᠵᠦ᠂ ᠬᠠᠷᠢᠴᠠᠩᠭᠤᠢ ᠲᠠᠪᠠᠭᠤᠯᠢᠬ ᠲᠠᠢ ᠰᠢᠯᠢᠳᠡᠭ ᠴᠢᠨᠠᠷ ᠤᠨ | ᠡᠷᠳᠡᠨᠢ ᠰᠢᠰᠢ᠂ ᠲᠣᠰᠣ ᠶᠡᠬᠡᠳᠡᠢ ᠰᠢᠷ᠎ᠠ ᠪᠣᠷᠴᠠᠭ᠂ ᠴᠢᠩᠭ᠎ᠠ ᠲᠤᠮᠳᠠ ᠭᠤᠯᠢᠷ ᠤᠨ ᠰᠢᠨᠳᠠᠰᠤ ᠲᠠᠢ ᠪᠤᠭᠤᠳᠠᠢ᠂ | ᠲᠣᠰᠬᠠᠢ ᠬᠡᠷᠡᠭᠯᠡᠬᠦ ᠲᠦᠮᠦᠰᠦ ᠵᠡᠷᠭᠡ ᠴᠢᠨᠠᠷ ᠰᠠᠶᠢᠳᠠᠢ ᠠᠮᠣ ᠪᠣᠳᠠᠭᠠᠨ ᠤ ᠦᠢᠯᠡᠳᠪᠦᠷᠢᠯᠡᠯ ᠢ ᠣᠷᠢᠳᠠᠪᠡᠷ | ᠬᠦᠭᠵᠢᠬᠦᠯᠵᠦ᠂ ᠮᠠᠯ ᠠᠵᠦ ᠠᠬᠤᠢ ᠶᠢᠨ ︽ᠬᠤᠣᠰ ᠵᠠᠭᠤᠨ ᠲᠦᠮᠡ ᠨᠢᠬᠡ ᠮᠢᠩᠭᠠᠨ ᠲᠦᠮᠡ︾ ᠶᠢᠨ ᠦᠨᠳᠤᠷ | ᠭᠠᠷᠤᠯᠳᠠ ᠶᠢ ᠡᠬᠦᠳᠬᠦ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠵᠦ᠂ ᠰᠦᠨ ᠤ ᠦᠢᠯᠡᠰ ᠤᠨ ᠲᠡᠷᠢᠬᠦᠨ ᠤ | ᠪᠠᠶᠢᠷᠢ ᠰᠠᠭᠤᠷᠢ ᠶᠢ ᠪᠠᠬᠢᠵᠢᠬᠦᠯᠦᠨ ᠢᠮᠠᠭᠠᠨ ᠨᠣᠯᠣᠣᠷ ᠤᠨ ᠠᠵᠦ ᠦᠢᠯᠡᠰ ᠢ ᠬᠦᠴᠦᠷᠭᠡᠭᠵᠢᠬᠦᠯᠵᠦ᠂ ᠮᠢᠬᠠᠨ ᠤ | ᠲᠦᠷᠦᠯ ᠪᠣᠯᠣᠨ ᠴᠢᠨᠠᠷ ᠰᠠᠶᠢᠳᠠᠢ ᠠᠮᠣ ᠲᠣᠰᠣ ᠶᠢ ᠡᠳ᠋ᠰᠢᠬᠦᠯᠦᠨ ᠪᠣᠯᠪᠠᠰᠣᠷᠠᠭᠤᠯᠬᠤ ᠠᠵᠦ ᠦᠢᠯᠡᠰ ᠢ ᠦᠷᠭᠡᠳᠬᠡᠨ᠎ᠠ | ᠃ ᠵᠢᠮᠢᠰ ᠨᠣᠭᠤᠭ᠎ᠠ᠂ ᠲᠠᠵᠢᠬᠡᠯ ᠡᠪᠡᠰᠣ ᠪᠣᠷᠳᠤᠭ᠎ᠠ ᠵᠢᠴᠢ ᠣᠢ ᠶᠢᠨ ᠲᠣᠳᠣᠷᠠᠬᠢ ᠪᠦᠳᠦᠬᠡᠭᠳᠡᠬᠦᠨ ᠢ ᠡᠳ᠋ᠰᠢᠬᠦᠯᠦᠨ | ᠪᠣᠯᠪᠠᠰᠣᠷᠠᠭᠤᠯᠬᠤ ᠠᠵᠦ ᠦᠢᠯᠡᠳᠪᠦᠷᠢ ᠶᠢ ᠪᠤᠶᠢᠵᠢᠭᠤᠯᠬᠤ ᠶᠢ ᠲᠦᠷᠭᠡᠳᠬᠡᠵᠦ᠂ ᠡᠯᠡᠰᠦᠨ ᠤ ᠠᠵᠦ ᠦᠢᠯᠡᠰ᠂ | ᠡᠪᠡᠰᠦᠨ ᠤ ᠠᠵᠦ ᠦᠢᠯᠡᠰ ᠪᠣᠯᠣᠨ ᠣᠨᠴᠠᠯᠢᠬᠳᠣ ᠲᠠᠷᠢᠵᠦ ᠲᠡᠵᠢᠬᠡᠬᠦ ᠦᠢᠯᠡᠰ ᠢ ᠢᠳᠡᠪᠬᠢᠳᠡᠢ ᠬᠦᠭᠵᠢᠬᠦᠯᠦᠨ᠎ᠠ᠃ | ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠪᠣᠯᠣᠨ ᠨᠠᠷᠡᠨ ᠤ ᠡᠨᠧᠷᠬᠢ ᠪᠠᠷ ᠴᠠᠬᠢᠯᠭᠠᠨ ᠭᠠᠷᠭᠠᠬᠤ ᠶᠢ ᠶᠡᠬᠡᠪᠡᠷ | ᠬᠦᠭᠵᠢᠬᠦᠯᠵᠦ᠂ ᠦᠪᠣᠷ ᠮᠣᠩᠭᠤᠯ ᠤᠨ ᠵᠡᠬᠦᠨ ᠪᠡᠶ᠎ᠡ ᠶᠢᠨ ᠴᠠᠬᠢᠯᠭᠠᠨ ᠬᠦᠴᠦᠨ ᠤ ᠺᠣᠮᠫᠠᠨᠢ᠂ ᠦᠪᠣᠷ ᠮᠣᠩᠭᠤᠯ ᠤᠨ | ᠪᠠᠷᠠᠭᠤᠨ ᠪᠡᠶ᠎ᠡ ᠶᠢᠨ ᠴᠠᠬᠢᠯᠭᠠᠨ ᠬᠦᠴᠦᠨ ᠤ ᠺᠣᠮᠫᠠᠨᠢ ᠶᠢᠨ ᠬᠤᠶᠡᠷ ᠮᠢᠩᠭᠠᠨ ᠲᠦᠮᠡᠨ ᠺᠢᠯᠦᠸᠠᠲ ᠤᠨ ᠰᠠᠯᠬᠢᠨ | ᠬᠦᠴᠦ ᠪᠠᠷ ᠴᠠᠬᠢᠯᠭᠠᠨ ᠭᠠᠷᠭᠠᠬᠤ ᠰᠠᠭᠤᠷᠢᠨ ᠤ ᠪᠦᠳᠦᠬᠡᠨ ᠪᠠᠶᠢᠭᠤᠯᠤᠯᠳᠠ ᠶᠢ ᠲᠦᠷᠭᠡᠳᠬᠡᠵᠦ᠂ ᠦᠪᠣᠷ | ᠮᠣᠩᠭᠤᠯ ᠤᠨ ᠪᠠᠷᠠᠭᠤᠨ ᠪᠡᠶ᠎ᠡ ᠳᠤ ᠵᠠᠭᠤᠨ ᠲᠦᠮᠡᠨ ᠲᠡᠰ ᠤᠨ ᠨᠡᠷᠡᠨ ᠤ ᠡᠨᠧᠷᠬᠢ ᠪᠠᠷ ᠴᠠᠬᠢᠯᠭᠠᠨ ᠭᠠᠷᠭᠠᠬᠤ 3 | — 4 ᠰᠠᠭᠤᠷᠢᠨ ᠢ ᠪᠦᠳᠦᠬᠡᠨ ᠪᠠᠶᠢᠭᠤᠯᠣᠨ᠎ᠠ᠃ ᠦᠨᠳᠣᠰᠣᠳᠠᠨ ᠤ ᠰᠣᠶᠣᠯ ᠤᠨ ᠡᠬᠢ ᠪᠠᠶᠠᠯᠢᠬ ᠢ ᠬᠦᠨᠵᠡᠬᠡᠢ | ᠠᠭᠤᠳᠠᠯᠯᠡᠵᠦ᠂ ᠵᠣᠭᠠᠴᠠᠯ ᠤᠨ ᠬᠦᠭᠵᠢᠯᠳᠡ ᠶᠢᠨ ᠠᠷᠪᠡᠨ ᠶᠡᠭᠡ ᠢᠨᠵᠧᠨᠧᠷᠢᠩ ᠢ ᠬᠡᠷᠡᠭᠵᠢᠬᠦᠯᠵᠦ᠂ ᠰᠢᠵᠢᠷ ᠠᠯᠳᠠᠨ | ᠵᠣᠭᠠᠴᠠᠯ ᠤᠨ ᠵᠠᠮ ᠱᠣᠭᠤᠮ ᠪᠣᠯᠣᠨ ᠰᠣᠳᠣᠨ ᠵᠣᠭᠠᠴᠠᠯ ᠤᠨ ᠦᠵᠡᠮᠵᠢ ᠶᠢᠨ ᠣᠷᠣᠨ ᠢ ᠲᠦᠯᠦᠪᠵᠢᠬᠦᠯᠦᠨ | ᠪᠦᠳᠦᠬᠡᠨ ᠪᠠᠶᠢᠭᠤᠯᠵᠦ᠂ ᠲᠠᠯ᠎ᠠ ᠨᠣᠳᠤᠭ᠂ ᠡᠯᠡᠰᠦ ᠮᠠᠩᠬ᠎ᠠ᠂ ᠣᠢ ᠰᠢᠭᠤᠢ᠂ ᠮᠦᠰᠦ ᠴᠠᠰᠣ᠂ ᠨᠣᠭᠤ ᠭᠠᠵᠠᠷ᠂ | ᠭᠠᠵᠠᠷ ᠰᠢᠨᠵᠢᠯᠡᠬᠡᠨ ᠤ ᠬᠠᠴᠢᠨ ᠦᠵᠡᠮᠵᠢ ᠪᠣᠯᠣᠨ ᠷᠠᠰᠢᠶᠠᠨ ᠣᠰᠣ ᠶᠢᠨ ᠵᠣᠭᠠᠴᠠᠯ ᠤᠨ ᠲᠣᠭᠤᠷᠢᠭ ᠤᠨ ᠲᠡᠰ | ᠲᠠᠪᠬᠤᠷᠭ᠎ᠠ ᠪᠣᠯᠣᠨ ᠬᠢᠷᠢ ᠲᠦᠪᠰᠢᠨ ᠢ ᠲᠡᠭᠡᠭᠰᠢᠯᠡᠬᠦᠯᠵᠦ᠂ ᠲᠠᠯ᠎ᠠ ᠨᠣᠳᠤᠭ ᠤᠨ ᠰᠣᠶᠣᠯ ᠢ ᠬᠠᠷᠠᠭᠤᠯᠣᠬᠰᠠᠨ᠂ | ᠣᠮᠠᠷᠠᠳᠣ ᠬᠢᠯᠢ ᠶᠢᠨ ᠣᠨᠴᠠᠯᠢᠬ ᠢ ᠦᠵᠡᠬᠦᠯᠦᠭᠰᠡᠨ ᠵᠣᠭᠠᠴᠠᠵᠦ ᠲᠣᠭᠤᠷᠢᠬᠤ᠂ ᠰᠡᠯᠡᠬᠦᠴᠡᠨ ᠠᠮᠠᠷᠠᠬᠤ ᠰᠠᠭᠤᠷᠢᠨ ᠢ | ᠪᠦᠳᠦᠬᠡᠨ ᠪᠠᠶᠢᠭᠤᠯᠣᠨ᠎ᠠ᠃ ᠣᠳᠣ ᠦᠶ᠎ᠠ ᠶᠢᠨ ᠪᠣᠳᠠᠰ ᠤᠨ ᠬᠦᠢᠯᠬᠡᠬᠡ᠂ ᠰᠣᠳᠣᠯᠣᠨ ᠨᠡᠭᠡᠭᠡᠵᠦ ᠲᠦᠯᠦᠪᠯᠡᠬᠦ᠂ | ᠡᠷᠡᠬᠦᠯ ᠮᠡᠨᠳᠤ ᠨᠠᠰᠣᠳᠠᠨ ᠤ ᠠᠰᠠᠷᠠᠮᠵᠢ᠂ ᠠᠳᠠᠯ ᠠᠬᠤᠢ ᠵᠡᠷᠭᠡ ᠦᠢᠯᠡᠳᠪᠦᠷᠢᠯᠡᠯ ᠠᠮᠢᠳᠣᠷᠠᠯ ᠤᠨ ᠴᠢᠨᠠᠷᠳᠠᠢ | ᠦᠢᠯᠡᠴᠢᠯᠡᠭᠡᠨ ᠤ ᠦᠢᠯᠡᠰ ᠢ ᠬᠦᠭᠵᠢᠬᠦᠯᠬᠦ ᠶᠢ ᠲᠦᠷᠭᠡᠳᠬᠡᠨ᠎ᠠ᠃ | ︵ᠲᠦᠷᠪᠡ︶ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠶᠢ ᠠᠬᠢᠭᠤᠯᠣᠨ᠎ᠠ᠃ ᠠᠮᠢ | ᠠᠬᠤᠢ ᠶᠢᠨ ᠪᠣᠯᠪᠠᠰᠣᠨ ᠤ ᠪᠠᠶᠢᠭᠤᠯᠣᠯᠳᠠ ᠲᠠᠢ ᠬᠠᠷᠢᠯᠴᠠᠨ ᠲᠣᠬᠢᠷᠠᠯᠴᠠᠭᠰᠠᠨ ᠮᠡᠷᠭᠡᠵᠢᠯ ᠤᠨ ᠰᠢᠨ᠎ᠠ ᠶᠢ ᠡᠬᠦᠳᠬᠦ | ᠰᠢᠰᠲ᠋ᠧᠮ ᠢ ᠪᠠᠶᠢᠭᠤᠯᠬᠤ ᠶᠢ ᠲᠦᠷᠭᠡᠳᠬᠡᠵᠦ᠂ ᠠᠮᠢ ᠠᠬᠤᠢ ᠶᠢ ᠰᠡᠷᠭᠦᠬᠡᠨ ᠵᠠᠰᠠᠬᠤ᠂ ᠰᠢᠨ᠎ᠠ ᠡᠨᠧᠷᠬᠢ᠂ ᠦᠨᠳᠣᠷ | ᠦᠷ᠎ᠡ ᠠᠰᠢᠬ ᠲᠠᠢ ᠡᠨᠧᠷᠬᠢ ᠠᠷᠪᠢᠯᠠᠬᠤ᠂ ᠲᠡᠷᠢᠬᠦᠨ ᠤ ᠲᠠᠪᠰᠢᠩᠭᠤᠢ ᠮᠡᠷᠭᠡᠵᠢᠯ ᠢᠶᠠᠷ ᠣᠷᠴᠢᠨ ᠲᠣᠭᠤᠷᠢᠨ ᠢ | ᠬᠠᠮᠠᠭᠠᠯᠠᠬᠤ᠂ ᠡᠬᠢ ᠪᠠᠶᠠᠯᠢᠬ ᠢ ᠣᠷᠴᠢᠯᠳᠣᠭᠤᠯᠣᠨ ᠠᠰᠢᠬᠯᠠᠬᠤ ᠵᠡᠷᠭᠡ ᠦᠪᠡᠷᠮᠢᠴᠡ ᠤᠨᠴᠠᠯᠢᠭ ᠲᠠᠢ ᠲᠠᠪᠠᠭᠤᠯᠢᠬᠳᠣ | ᠬᠦᠷᠢᠶᠡᠨ ᠳᠤ ᠨᠢᠬᠡ ᠪᠦᠯᠦᠭ ᠴᠢᠬᠤᠯᠠ ᠶᠡᠭᠡ ᠮᠡᠷᠭᠡᠵᠢᠯ ᠤᠨ ᠪᠣᠭᠤᠮᠢ ᠶᠢ ᠴᠢᠷᠮᠠᠶᠢᠨ ᠡᠪᠳᠡᠵᠦ᠂ ᠨᠢᠬᠡ ᠪᠦᠯᠦᠭ | ᠴᠢᠬᠤᠯᠠ ᠶᠡᠭᠡ ᠮᠡᠷᠭᠡᠵᠢᠯ ᠤᠨ ᠪᠣᠭᠤᠮᠢ ᠳᠤ ᠴᠢᠷᠮᠠᠶᠢᠨ ᠰᠢᠪᠳᠣᠯᠣᠯᠳᠠ ᠭᠠᠷᠭᠠᠵᠦ᠂ ᠨᠢᠬᠡ ᠪᠦᠯᠦᠭ ᠵᠠᠩᠬᠢᠯᠠᠭ᠎ᠠ ᠶᠢᠨ | ᠮᠡᠷᠭᠡᠵᠢᠯ ᠢ ᠡᠵᠡᠮᠳᠡᠵᠦ᠂ ᠰᠢᠨᠵᠢᠯᠡᠬᠦ ᠣᠬᠠᠭᠠᠨ ᠮᠡᠷᠭᠡᠵᠢᠯ ᠤᠨ ᠲᠠᠪᠰᠢᠯᠳᠠ ᠶᠢᠨ ᠠᠮᠢ ᠠᠬᠤᠢ ᠶᠢᠨ ᠪᠣᠯᠪᠠᠰᠣᠨ ᠤ | ᠪᠠᠶᠢᠭᠤᠯᠣᠯᠳᠠ ᠳᠠᠬᠢ ᠬᠤᠪᠢ ᠨᠡᠮᠡᠷᠢ ᠶᠢᠨ ᠬᠡᠮᠵᠢᠶ᠎ᠡ ᠶᠢ ᠲᠡᠭᠡᠭᠰᠢᠯᠡᠬᠦᠯᠦᠨ᠎ᠠ᠃ ᠰᠢᠨ᠎ᠠ ᠶᠢ ᠡᠬᠦᠳᠬᠦ ᠲᠠᠪᠴᠠᠩ ᠤᠨ | ᠪᠠᠶᠢᠭᠤᠯᠣᠯᠳᠠ ᠶᠢ ᠴᠢᠩᠭᠠᠳᠬᠠᠵᠦ᠂ ᠠᠵᠦ ᠠᠬᠤᠢᠢᠯᠠᠯ ᠤᠨ ᠮᠡᠷᠭᠡᠵᠢᠯ ᠤᠨ ᠰᠢᠨ᠎ᠠ ᠶᠢ ᠡᠬᠦᠳᠬᠦ ᠭᠤᠣᠯ | ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠨ᠂ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠠ ᠦᠷ᠎ᠡ ᠪᠦᠳᠦᠬᠡᠯ ᠢ | ᠣᠯᠠᠷᠢᠭᠤᠯᠬᠤ ᠲᠣᠭᠳᠠᠴᠠ ᠶᠢ ᠲᠡᠬᠦᠯᠳᠡᠷᠵᠢᠬᠦᠯᠦᠨ᠎ᠠ᠃ 2020 ᠣᠨ ᠪᠣᠯᠬᠤ ᠳᠤ ᠨᠣᠳᠤᠭ ᠪᠡᠯᠴᠢᠬᠡᠷ ᠢ ᠰᠡᠷᠭᠦᠬᠡᠬᠦ | ᠂ ᠡᠯᠡᠰᠦᠷᠭᠡᠭᠵᠢᠯ ᠢ ᠰᠡᠷᠭᠡᠶᠢᠯᠡᠨ ᠵᠠᠰᠠᠬᠤ᠂ ᠨᠡᠬᠦᠷᠡᠰᠦ ᠶᠢ ᠠᠷᠢᠭᠤᠨ ᠴᠡᠪᠡᠷ ᠦᠷ᠎ᠡ ᠪᠦᠳᠦᠮᠵᠢᠳᠡᠢ ᠪᠠᠷ ᠠᠰᠢᠬᠯᠠᠬᠤ᠂ | ᠡᠨᠧᠷᠬᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠬᠦᠷᠢᠶᠡᠨ ᠳᠤ ᠣᠯᠣᠰ ᠤᠨ ᠲᠡᠰ ︵ᠣᠯᠣᠰ ᠪᠣᠯᠣᠨ | ᠣᠷᠣᠨ ᠨᠣᠳᠤᠭ ᠬᠤᠯᠪᠣᠭᠠᠯᠠᠨ ᠬᠠᠮᠳᠣᠪᠡᠷ ᠪᠠᠶᠢᠭᠤᠯᠣᠨ᠎ᠠ︶ ᠤᠨ 30 ᠭᠤᠣᠯᠳᠠᠯᠭ᠎ᠠ ᠲᠠᠢ ᠲᠣᠷᠰᠢᠯᠳᠠ ᠶᠢᠨ ᠲᠠᠰᠤᠭ | ᠂ ᠢᠨᠵᠧᠨᠧᠷᠢᠩ ᠤᠨ ᠰᠣᠳᠣᠯᠭᠠᠨ ᠤ ᠲᠦᠪ᠂ ᠢᠨᠵᠧᠨᠧᠷᠢᠩ ᠤᠨ ᠲᠣᠷᠰᠢᠯᠳᠠ ᠶᠢᠨ ᠲᠠᠰᠤᠭ ᠪᠣᠯᠣᠨ ᠠᠵᠦ | ᠠᠬᠤᠢᠢᠯᠠᠯ ᠤᠨ ᠮᠡᠷᠭᠡᠵᠢᠯ ᠤᠨ ᠲᠦᠪ ᠢ ᠪᠠᠶᠢᠭᠤᠯᠣᠨ᠎ᠠ᠃ | ᠵᠢᠷᠭᠤᠭ᠎ᠠ᠂ ᠠᠮᠢ ᠠᠬᠤᠢ ᠶᠢᠨ ᠪᠣᠯᠪᠠᠰᠣᠨ ᠤ ᠲᠦᠷᠢᠮ ᠤᠨ ᠰᠢᠰᠲ᠋ᠧᠮ ᠢ ᠪᠠᠶᠢᠭᠤᠯᠤᠨ ᠲᠡᠬᠦᠯᠳᠡᠷᠵᠢᠬᠦᠯᠦᠨ᠎ᠠ | ︽ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶ᠎ᠠ ᠶᠢᠨ ︿ᠠᠮᠢ ᠠᠬᠤᠢ ᠶᠢᠨ ᠪᠣᠯᠪᠠᠰᠣᠨ ᠤ | ᠪᠠᠶᠢᠭᠤᠯᠣᠮᠵᠢ ᠶᠢᠨ ᠦᠬᠡᠷᠡᠴᠢᠯᠡᠯᠳᠡ ᠶᠢᠨ ᠶᠡᠷᠦᠩᠬᠡᠢ ᠲᠦᠰᠦᠯ﹀ ᠢ ᠲᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ | ᠪᠣᠯᠣᠨ ᠦᠪᠡᠷᠳᠡᠭᠡᠨ ᠵᠠᠰᠠᠬᠤ ᠣᠷᠣᠨ ᠤ ︽ᠠᠮᠢ ᠠᠬᠤᠢ ᠶᠢᠨ ᠪᠣᠯᠪᠠᠰᠣᠨ ᠤ ᠲᠦᠷᠢᠮ ᠤᠨ ᠪᠠᠶᠢᠭᠤᠯᠣᠯᠳᠠ ᠪᠣᠯᠣᠨ | ᠦᠬᠡᠷᠡᠴᠢᠯᠡᠯᠳᠡ ᠶᠢ ᠲᠦᠷᠭᠡᠳᠬᠡᠬᠦ ᠲᠣᠬᠠᠢ ᠰᠠᠨᠠᠯ︾ ᠢ ᠬᠢᠨᠠᠮᠠᠭᠠᠢ ᠲᠣᠣᠱᠯᠠᠭᠤᠯᠣᠨ ᠨᠠᠶᠢᠳᠠᠪᠣᠷᠢᠵᠢᠭᠤᠯᠵᠦ᠂ | ᠣᠳᠣᠬᠠᠨ ᠤ ᠬᠡᠷᠡᠭᠵᠢᠬᠦᠯᠵᠦ ᠪᠠᠶᠢᠭ᠎ᠠ ᠬᠠᠣᠯᠢ ᠲᠦᠷᠢᠮ ᠤᠨ ᠠᠮᠢ ᠠᠬᠤᠢ ᠶᠢᠨ ᠪᠣᠯᠪᠠᠰᠣᠨ ᠤ ᠲᠦᠷᠢᠮ ᠤᠨ | ᠪᠠᠶᠢᠭᠤᠯᠣᠯᠳᠠ ᠶᠢᠨ ᠱᠠᠭᠠᠷᠳᠠᠯᠭ᠎ᠠ ᠲᠠᠢ ᠨᠢᠬᠡᠳᠦᠯ ᠦᠬᠡᠢ ᠠᠭᠤᠯᠭ᠎ᠠ ᠳᠤ ᠴᠠᠭ ᠲᠠᠷᠣᠢ ᠲᠤᠨᠢ ᠵᠠᠰᠠᠪᠣᠷᠢ ᠣᠷᠣᠭᠤᠯᠵᠦ | ᠂ ᠴᠡᠪᠡᠷᠯᠡᠨ ᠴᠡᠭᠴᠡᠯᠡᠨ᠎ᠠ᠃ ᠪᠠᠶᠢᠭᠠᠯᠢ ᠶᠢᠨ ᠡᠬᠢ ᠪᠠᠶᠠᠯᠢᠬ ᠤᠨ ᠬᠦᠷᠦᠩᠬᠡ ᠶᠢᠨ ᠬᠠᠮᠢᠶᠠᠷᠣᠯᠳᠠ᠂ ᠠᠮᠢ ᠠᠬᠤᠢ ᠶᠢᠨ | ᠬᠠᠮᠠᠭᠠᠯᠠᠯᠳᠠ ᠶᠢᠨ ᠣᠯᠠᠭᠠᠨ ᠱᠣᠭᠤᠮ᠂ ᠠᠮᠢ ᠠᠬᠤᠢ ᠶᠢᠨ ᠨᠦᠬᠦᠪᠦᠷᠢ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠳᠠ ᠪᠣᠯᠣᠨ ᠬᠠᠮᠢᠶᠠᠷᠣᠯᠳᠠ ᠵᠡᠷᠭᠡ ᠵᠠᠩᠬᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ ᠦᠮᠴᠢᠯᠡᠯ ᠤᠨ | ᠡᠷᠭᠡ ᠲᠣᠳᠣᠷᠬᠠᠢ᠂ ᠣᠯᠠᠨ ᠡᠰᠢᠵᠢᠨ ᠣᠷᠣᠯᠴᠠᠭᠰᠠᠨ᠂ ᠵᠣᠷᠢᠬᠵᠢᠭᠤᠯᠬᠤ ᠬᠢᠬᠡᠳ ᠬᠢᠵᠠᠭᠠᠷᠯᠠᠬᠤ ᠶᠢ ᠵᠡᠷᠬᠡᠪᠡᠷ | ᠴᠢᠬᠤᠯᠠᠴᠢᠯᠠᠭᠰᠠᠨ᠂ ᠰᠢᠰᠲ᠋ᠧᠮ ᠲᠠᠢ ᠪᠦᠷᠢᠨ ᠲᠦᠬᠦᠷᠵᠢᠭᠰᠡᠨ ᠠᠮᠢ ᠠᠬᠤᠢ ᠶᠢᠨ ᠪᠣᠯᠪᠠᠰᠣᠨ ᠤ ᠲᠦᠷᠢᠮ ᠤᠨ | ᠰᠢᠰᠲ᠋ᠧᠮ ᠢ ᠱᠠᠯᠠᠪᠳᠠᠨ ᠪᠠᠶᠢᠭᠤᠯᠵᠦ᠂ ᠡᠯ᠎ᠠ ᠵᠦᠢᠯ ᠤᠨ ᠪᠠᠶᠢᠭᠠᠯᠢ ᠶᠢᠨ ᠡᠬᠢ ᠪᠠᠶᠠᠯᠢᠬ ᠢ ᠨᠡᠭᠡᠭᠡᠨ ᠠᠰᠢᠬᠯᠠᠬᠤ᠂ | ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠠᠵᠢᠯᠯᠠᠭ᠎ᠠ ᠶᠢ ᠬᠦᠳᠦᠯᠦᠨ ᠵᠢᠯᠣᠭᠤᠳᠴᠤ᠂ ᠵᠢᠷᠣᠮᠵᠢᠭᠤᠯᠵᠤ | ᠬᠢᠵᠠᠭᠠᠷᠯᠠᠨ᠎ᠠ᠃ | ︵ᠨᠢᠬᠡ︶ ᠪᠠᠶᠢᠭᠠᠯᠢ ᠶᠢᠨ ᠡᠬᠢ ᠪᠠᠶᠠᠯᠢᠬ ᠤᠨ ᠬᠦᠷᠦᠩᠬᠡ ᠶᠢᠨ ᠦᠮᠴᠢᠯᠡᠯ ᠤᠨ ᠡᠷᠭᠡ ᠶᠢᠨ ᠲᠦᠷᠢᠮ ᠢ | ᠲᠡᠬᠦᠯᠳᠡᠷᠵᠢᠬᠦᠯᠦᠨ᠎ᠠ᠃ ᠪᠠᠶᠢᠭᠠᠯᠢ ᠶᠢᠨ ᠡᠬᠢ ᠪᠠᠶᠠᠯᠢᠬ ᠤᠨ ᠬᠦᠷᠦᠩᠬᠡ ᠶᠢᠨ ᠪᠠᠶᠢᠳᠠᠯ ᠢ ᠪᠠᠶᠢᠴᠠᠭᠠᠨ ᠦᠨᠡᠯᠡᠬᠦ | ᠠᠵᠢᠯ ᠢ ᠦᠷᠨᠢᠬᠦᠯᠵᠦ᠂ ᠪᠠᠶᠢᠭᠠᠯᠢ ᠶᠢᠨ ᠡᠬᠢ ᠪᠠᠶᠠᠯᠢᠬ ᠤᠨ ᠬᠦᠷᠦᠩᠬᠡ ᠶᠢᠨ ᠰᠠᠭᠤᠷᠢ ᠲᠤᠭ᠎ᠠ ᠶᠢ ᠲᠣᠳᠣᠷᠬᠠᠢ | ᠣᠢᠢᠯᠠᠭᠠᠵᠦ᠂ ᠪᠦᠬᠦ ᠨᠣᠳᠤᠭ ᠲᠡᠪᠢᠰᠬᠡᠷ ᠲᠡᠭᠡᠷᠡᠬᠢ ᠡᠯ᠎ᠠ ᠲᠦᠷᠦᠯ ᠤᠨ ᠪᠠᠶᠢᠭᠠᠯᠢ ᠶᠢᠨ ᠡᠬᠢ ᠪᠠᠶᠠᠯᠢᠬ ᠤᠨ | ᠬᠦᠷᠦᠩᠬᠡ ᠶᠢᠨ ᠦᠮᠴᠢᠯᠡᠯ ᠤᠨ ᠡᠷᠭᠡ ᠶᠢᠨ ᠭᠤᠣᠯ ᠴᠣᠭᠴᠠ ᠶᠢ ᠲᠣᠳᠣᠷᠬᠠᠢ ᠲᠣᠭᠳᠠᠭᠠᠵᠦ᠂ ᠬᠠᠷᠢᠶᠠᠯᠠᠬᠳᠠᠬᠤᠨ | ᠲᠣᠳᠣᠷᠬᠠᠢ᠂ ᠡᠷᠭᠡ ᠬᠠᠷᠢᠭᠤᠴᠠᠯᠭ᠎ᠠ ᠲᠣᠳᠣᠷᠬᠠᠢ᠂ ᠬᠢᠨᠠᠨ ᠬᠠᠮᠢᠶᠠᠷᠣᠯᠳᠠ ᠪᠦᠳᠦᠮᠵᠢᠳᠡᠢ ᠪᠠᠶᠢᠭᠠᠯᠢ ᠶᠢᠨ ᠡᠬᠢ | ᠪᠠᠶᠠᠯᠢᠬ ᠤᠨ ᠬᠦᠷᠦᠩᠬᠡ ᠶᠢᠨ ᠦᠮᠴᠢᠯᠡᠯ ᠤᠨ ᠲᠦᠷᠢᠮ ᠢ ᠪᠠᠶᠢᠭᠤᠯᠣᠨ᠎ᠠ᠃ ᠣᠢ ᠰᠢᠭᠤᠢ᠂ ᠲᠠᠯ᠎ᠠ ᠨᠣᠳᠤᠭ᠂ | ᠲᠠᠷᠢᠶᠠᠨ ᠭᠠᠵᠠᠷ᠂ ᠠᠳᠠᠷ ᠭᠠᠵᠠᠷ᠂ ᠭᠤᠣᠯ ᠮᠦᠷᠡᠨ᠂ ᠨᠣᠭᠤ ᠭᠠᠵᠠᠷ ᠵᠡᠷᠭᠡ ᠪᠦᠬᠦ ᠪᠠᠶᠢᠭᠠᠯᠢ ᠶᠢᠨ ᠠᠮᠢ | ᠠᠬᠤᠢ ᠶᠢᠨ ᠣᠷᠣᠨ ᠵᠠᠢ ᠪᠣᠯᠣᠨ ᠠᠭᠤᠷᠬᠠᠢ ᠶᠢᠨ ᠭᠠᠷᠣᠯᠳᠠ ᠵᠡᠷᠭᠡ ᠪᠠᠶᠢᠭᠠᠯᠢ ᠶᠢᠨ ᠡᠬᠢ ᠪᠠᠶᠠᠯᠢᠬ ᠤᠨ | ᠬᠦᠷᠦᠩᠬᠡ ᠳᠤ ᠡᠷᠭᠡ ᠶᠢ ᠲᠣᠳᠣᠷᠬᠠᠢᠢᠯᠠᠨ ᠲᠠᠩᠰᠠᠯᠠᠵᠦ᠂ ᠦᠮᠴᠢᠯᠡᠭᠴᠢ᠂ ᠬᠢᠨᠠᠨ ᠬᠠᠮᠢᠶᠡᠷᠣᠬᠴᠢ ᠵᠢᠴᠢ ᠲᠡᠳᠡᠨ ᠤ | ᠬᠠᠷᠢᠭᠤᠴᠠᠯᠭ᠎ᠠ ᠶᠢ ᠲᠣᠳᠣᠷᠬᠠᠢ ᠪᠣᠯᠭᠠᠵᠦ᠂ ᠴᠢᠬᠤᠯᠠ ᠠᠮᠢ ᠠᠬᠤᠢ ᠶᠢᠨ ᠴᠢᠳᠠᠪᠣᠷᠢ ᠠᠴᠠ ᠭᠠᠳᠠᠨ᠎ᠠ ᠬᠡᠷᠡᠭᠯᠡᠬᠦ | ᠡᠷᠬᠡ ᠪᠠᠨ ᠬᠤᠳᠠᠯᠳᠣᠬᠤ᠂ ᠰᠢᠯᠵᠢᠬᠦᠯᠬᠦ᠂ ᠲᠦᠷᠢᠶᠡᠰᠦᠯᠡᠬᠦ᠂ ᠪᠠᠷᠢᠴᠠᠭᠠᠯᠠᠬᠤ᠂ ᠪᠠᠳᠣᠯᠠᠨ ᠲᠠᠭᠠᠭᠠᠯᠳᠠ ᠬᠢᠬᠦ᠂ | ᠬᠤᠪᠢ ᠣᠷᠣᠬᠤ ᠵᠡᠷᠭᠡ ᠡᠷᠬᠡ ᠴᠢᠳᠠᠪᠤᠷᠢ ᠶᠢ ᠲᠣᠬᠢᠷᠠᠮᠵᠢᠳᠠᠢ ᠦᠷᠭᠡᠳᠬᠡᠨ᠎ᠠ᠃ ᠪᠠᠶᠢᠭᠠᠯᠢ ᠶᠢᠨ ᠡᠬᠢ ᠪᠠᠶᠠᠯᠢᠬ ᠤᠨ | ᠬᠦᠷᠦᠩᠬᠡ ᠶᠢ ᠬᠠᠷᠭᠤᠭᠤᠯᠣᠨ ᠪᠣᠳᠣᠬᠤ ᠰᠢᠰᠲ᠋ᠧᠮ ᠢ ᠲᠣᠭᠳᠠᠭᠠᠵᠦ᠂ ᠪᠠᠶᠢᠭᠠᠯᠢ ᠶᠢᠨ ᠡᠬᠢ ᠪᠠᠶᠠᠯᠢᠬ ᠤᠨ | ᠬᠦᠷᠦᠩᠬᠡ ᠶᠢᠨ ᠦᠷᠢᠳᠤᠯ ᠤᠨ ᠬᠦᠰᠦᠨᠦᠭᠳᠤ ᠶᠢ ᠨᠠᠶᠢᠷᠠᠭᠤᠯᠣᠨ ᠵᠤᠬᠢᠶᠠᠬᠤ ᠠᠵᠢᠯ ᠢ ᠡᠬᠢᠯᠡᠬᠦᠯᠦᠨ᠎ᠠ᠃ | ︵ᠬᠤᠶᠡᠷ︶ ᠣᠯᠠᠭᠠᠨ ᠱᠣᠭᠤᠮ ᠤᠨ ᠬᠠᠮᠢᠶᠠᠷᠣᠯᠳᠠ ᠶᠢᠨ ᠲᠦᠷᠢᠮ ᠢ ᠠᠬᠢᠭᠤᠯᠣᠨ᠎ᠠ᠃ ᠣᠯᠣᠰ ᠤᠨ | ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠪᠬᠢᠳᠣ ᠣᠷᠣᠨ᠂ ᠠᠮᠢ ᠠᠬᠤᠢ ᠶᠢᠨ ᠰᠡᠷᠭᠡᠭ ᠣᠷᠣᠨ ᠪᠣᠯᠣᠨ ᠬᠡᠪᠡᠷᠡᠭ | ᠣᠷᠣᠨ᠂ ᠨᠡᠭᠡᠭᠡᠨ ᠬᠦᠭᠵᠢᠬᠦᠯᠬᠦ᠋ᠢ ᠴᠠᠭᠠᠵᠠᠯᠠᠭᠰᠠᠨ ᠤᠷᠤᠨ᠂ ᠠᠮᠢᠳᠣ ᠪᠣᠳᠠᠰ ᠤᠨ ᠣᠯᠠᠨ ᠶᠠᠩᠵᠣᠳᠣ ᠴᠢᠨᠠᠷ ᠢ | ᠣᠷᠢᠳᠠᠪᠡᠷ ᠬᠠᠮᠠᠭᠠᠯᠠᠬᠤ ᠣᠷᠣᠨ ᠵᠡᠷᠭᠡ ᠴᠢᠬᠤᠯᠠ ᠣᠷᠣᠨ ᠪᠦᠰᠡ ᠶᠢ ᠠᠮᠢ ᠠᠬᠤᠢ ᠶᠢᠨ ᠬᠠᠮᠠᠭᠠᠯᠠᠯᠳᠠ ᠶᠢᠨ | ᠣᠯᠠᠭᠠᠨ ᠱᠣᠭᠤᠮ ᠳᠤ ᠣᠷᠣᠭᠤᠯᠣᠨ᠎ᠠ᠃ ᠪᠦᠬᠦ ᠣᠷᠣᠨ ᠤ ᠦᠨᠳᠣᠰᠣᠨ ᠨᠣᠳᠤᠭ ᠪᠡᠯᠴᠢᠬᠡᠷ ᠤᠨ ᠣᠯᠠᠭᠠᠨ | ᠱᠣᠭᠤᠮ᠂ ᠦᠨᠳᠣᠰᠣᠨ ᠲᠠᠷᠢᠶᠠᠨ ᠭᠠᠵᠠᠷ ᠤᠨ ᠣᠯᠠᠭᠠᠨ ᠱᠣᠭᠤᠮ᠂ ᠣᠰᠣᠨ ᠤ ᠡᠬᠢ ᠪᠠᠶᠠᠯᠢᠭ ᠤᠨ | ᠬᠠᠮᠢᠶᠠᠷᠣᠯᠳᠠ ᠶᠢᠨ ︽ᠭᠤᠷᠪᠡᠨ ᠵᠣᠷᠪᠣᠰ ᠣᠯᠠᠭᠠᠨ ᠱᠣᠭᠤᠮ︾ ︵ᠨᠡᠭᠡᠭᠡᠨ ᠬᠦᠭᠵᠢᠬᠦᠯᠵᠦ ᠠᠰᠢᠬᠯᠠᠬᠤ ᠶᠢ | ᠡᠵᠡᠮᠳᠡᠬᠦ᠂ ᠣᠰᠣ ᠬᠡᠷᠡᠭᠯᠡᠬᠦ ᠠᠰᠢᠬᠯᠠᠮᠵᠢ ᠶᠢ ᠡᠵᠡᠮᠳᠡᠬᠦ᠂ ᠣᠰᠣᠨ ᠤ ᠴᠢᠳᠠᠪᠬᠢᠳᠣ ᠣᠷᠣᠨ ᠤ ᠪᠤᠬᠢᠷᠳᠤᠯ ᠢ | ᠬᠢᠵᠠᠭᠠᠷᠯᠠᠬᠤ︶᠂ ᠣᠢ ᠰᠢᠭᠤᠢ ᠶᠢᠨ ︽ᠲᠦᠷᠪᠡᠨ ᠵᠣᠷᠪᠣᠰ ᠣᠯᠠᠭᠠᠨ ᠱᠣᠭᠤᠮ︾ ︵ᠰᠢᠭᠤᠢᠢᠳᠣ ᠣᠷᠣᠨ ᠪᠣᠯᠣᠨ | ᠣᠢ ᠰᠢᠭᠤᠢ᠂ ᠨᠣᠭᠤ ᠭᠠᠵᠠᠷ᠂ ᠡᠯᠡᠰᠦᠷᠭᠡᠭ ᠣᠷᠣᠨ ᠤ ᠣᠷᠭᠤᠮᠠᠯ ᠤᠨ ᠪᠦᠷᠬᠦᠴᠡ᠂ ᠠᠮᠢᠳᠠᠨ ᠤᠷᠭᠤᠮᠠᠯ ᠤᠨ | ᠲᠦᠷᠦᠯ︶ ᠢ ᠢᠯᠭᠠᠨ ᠲᠣᠭᠳᠠᠭᠠᠬᠤ ᠠᠵᠢᠯ ᠢ ᠲᠦᠷᠭᠡᠳᠬᠡᠵᠦ᠂ ᠣᠷᠴᠢᠨ ᠲᠣᠭᠤᠷᠢᠨ ᠤ ᠡᠬᠢ ᠪᠠᠶᠠᠯᠢᠬ ᠤᠨ ᠭᠤᠣᠯ | ᠡᠯᠧᠮᠧᠨ᠋ᠲᠤ ᠶᠢ ᠴᠦᠮ ᠡᠯ᠎ᠠ ᠵᠦᠢᠯ ᠤᠨ ᠣᠯᠠᠭᠠᠨ ᠱᠣᠭᠤᠮ ᠤᠨ ᠲᠣᠳᠣᠷ᠎ᠠ ᠡᠵᠡᠮᠳᠡᠨ᠎ᠠ᠃ | ︵ᠭᠤᠷᠪᠡ︶ ᠠᠮᠢ ᠠᠬᠤᠢ ᠶᠢᠨ ᠨᠦᠬᠦᠪᠦᠷᠢ ᠶᠢᠨ ᠲᠦᠷᠢᠮ ᠢ ᠲᠡᠬᠦᠯᠳᠡᠷᠵᠢᠬᠦᠯᠦᠨ᠎ᠠ᠃ ᠣᠯᠠᠨ ᠡᠰᠢᠴᠢᠯᠡᠭᠰᠡᠨ | ᠠᠮᠢ ᠠᠬᠤᠢ ᠶᠢᠨ ᠨᠦᠬᠦᠪᠦᠷᠢ ᠶᠢᠨ ᠲᠣᠭᠳᠠᠴᠠ ᠶᠢ ᠬᠠᠶᠢᠨ ᠪᠠᠶᠢᠭᠤᠯᠵᠤ᠂ ᠲᠠᠯ᠎ᠠ ᠨᠣᠳᠤᠭ᠂ ᠣᠢ ᠰᠢᠭᠤᠢ᠂ | ᠲᠠᠷᠢᠶᠠᠨ ᠭᠠᠵᠠᠷ᠂ ᠭᠤᠣᠯ ᠮᠦᠷᠡᠨ᠂ ᠨᠣᠭᠤ ᠭᠠᠵᠠᠷ᠂ ᠨᠠᠭᠤᠷ ᠪᠦᠷᠢᠳᠣ᠂ ᠭᠠᠵᠠᠷ ᠲᠣᠣᠷᠡᠬᠢ ᠣᠰᠣᠨ ᠤ ᠡᠬᠢ | ᠪᠠᠶᠠᠯᠢᠬ ᠵᠡᠷᠭᠡ ᠪᠠᠷ ᠭᠤᠤᠯᠳᠠᠯᠭ᠎ᠠ ᠪᠤᠯᠭᠠᠨ ᠤᠯᠤᠰ ᠠᠴᠠ ᠪᠠᠶᠢᠭᠠᠯᠢ ᠶᠢᠨ ᠦᠷᠳᠡᠭ ᠢ ᠢᠯᠡᠷᠡᠬᠦᠯᠦᠭᠰᠡᠨ ᠵᠢᠴᠢ ᠦᠶ᠎ᠠ | ᠲᠠᠮᠵᠢᠨ ᠨᠦᠬᠦᠪᠦᠷᠢᠯᠡᠬᠦ ᠠᠮᠢ ᠠᠬᠤᠢ ᠶᠢᠨ ᠨᠦᠬᠦᠪᠦᠷᠢ ᠶᠢᠨ ᠲᠦᠷᠢᠮ ᠢ ᠪᠠᠶᠢᠭᠤᠯᠬᠤ ᠶᠢ ᠠᠬᠢᠭᠤᠯᠣᠨ᠎ᠠ᠃ ᠨᠤᠳᠤᠭ | ᠪᠡᠯᠴᠢᠬᠡᠷ ᠤᠨ ᠠᠮᠢ ᠠᠬᠤᠢ ᠶᠢ ᠬᠠᠮᠠᠭᠠᠯᠠᠬᠤ ᠨᠦᠬᠦᠪᠦᠷᠢ ᠪᠠ ᠱᠠᠩᠨᠠᠯ ᠤᠨ ᠲᠣᠭᠳᠠᠴᠠ ᠶᠢ ᠲᠡᠬᠦᠯᠳᠡᠷᠵᠢᠬᠦᠯᠵᠦ᠂ | ᠲᠦᠷᠦ ᠶᠢᠨ ᠪᠣᠳᠣᠯᠭ᠎ᠠ ᠶᠢᠨ ᠦᠷᠬᠦᠯᠵᠢᠯᠡᠯᠳᠣ ᠴᠢᠨᠠᠷ ᠪᠣᠯᠣᠨ ᠲᠣᠭᠳᠠᠭᠤᠨ ᠴᠢᠨᠠᠷ ᠢ ᠪᠠᠳᠣᠯᠠᠨ᠎ᠠ᠃ ᠣᠢ | ᠰᠢᠭᠤᠢ ᠶᠢᠨ ᠠᠮᠢ ᠠᠬᠤᠢ ᠶᠢᠨ ᠦᠷ᠎ᠡ ᠠᠰᠢᠬ ᠤᠨ ᠨᠦᠬᠦᠪᠦᠷᠢ ᠶᠢᠨ ᠲᠦᠷᠢᠮ ᠢ ᠲᠣᠭᠳᠠᠭᠠᠵᠦ᠂ ᠣᠢ ᠰᠢᠭᠤᠢ ᠶᠢᠨ | ᠠᠮᠢ ᠠᠬᠤᠢ ᠶᠢᠨ ᠦᠷ᠎ᠡ ᠠᠰᠢᠬ ᠤᠨ ᠨᠦᠬᠦᠪᠦᠷᠢ ᠶᠢ ᠬᠦᠳᠡᠯᠦᠩᠬᠦᠢ ᠪᠠᠷ ᠲᠣᠬᠢᠷᠠᠭᠤᠯᠬᠤ ᠲᠣᠭᠳᠠᠴᠠ ᠶᠢ ᠠᠯᠬᠤᠮ | ᠠᠯᠬᠤᠮ ᠢᠶᠠᠷ ᠪᠠᠶᠢᠭᠤᠯᠵᠤ᠂ ᠨᠦᠬᠦᠪᠦᠷᠢ ᠶᠢᠨ ᠪᠦᠷᠬᠦᠴᠡ ᠶᠢ ᠦᠷᠭᠡᠳᠬᠡᠨ᠎ᠠ᠃ ᠡᠯ᠎ᠠ ᠭᠠᠵᠠᠷ ᠤᠨ ᠬᠢᠨ ᠤ ᠲᠠᠷᠢᠶᠠᠨ | ᠭᠠᠵᠠᠷ ᠤᠨ ᠬᠠᠮᠠᠭᠠᠯᠠᠯᠳᠠ ᠶᠢᠨ ᠨᠦᠬᠦᠪᠦᠷᠢ ᠦᠭᠬᠦ ᠶᠢ ᠲᠡᠮᠵᠢᠵᠦ᠂ ᠪᠦᠬᠦ ᠣᠷᠣᠨ ᠤ ᠦᠨᠳᠣᠰᠣᠨ ᠲᠠᠷᠢᠶᠠᠨ | ᠭᠠᠵᠠᠷ ᠢ ᠬᠠᠮᠠᠭᠠᠯᠠᠯᠳᠠ ᠶᠢᠨ ᠨᠦᠬᠦᠪᠦᠷᠢ ᠦᠭᠬᠦ ᠬᠦᠷᠢᠶ᠎ᠠ ᠬᠡᠪᠴᠢᠶᠡᠨ ᠳᠤ ᠣᠷᠣᠭᠤᠯᠣᠨ᠎ᠠ᠃ ᠭᠠᠵᠠᠷ ᠣᠷᠣᠨ ᠤ | ᠬᠤᠭᠤᠷᠣᠨᠳᠣᠬᠢ ᠬᠦᠨᠳᠡᠯᠡᠨ ᠴᠢᠭᠯᠡᠯᠳᠣ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠶᠢᠨ ᠲᠣᠭᠳᠠᠴᠠ ᠶᠢ | ᠪᠠᠶᠢᠭᠤᠯᠵᠤ᠂ ᠠᠮᠢ ᠠᠬᠤᠢ ᠶᠢᠨ ᠠᠰᠢᠭ ᠬᠦᠷᠳᠡᠭᠰᠡᠨ ᠭᠠᠵᠠᠷ ᠤᠷᠤᠨ ᠪᠤᠯᠤᠨ ᠬᠠᠮᠠᠭᠠᠯᠠᠯᠳᠠ ᠶᠢᠨ ᠭᠠᠵᠠᠷ ᠤᠷᠤᠨ᠂ | ᠭᠤᠤᠯ ᠮᠦᠷᠡᠨ ᠤ ᠳᠡᠭᠡᠳᠤ ᠳᠤᠤᠷᠠᠳᠤ ᠤᠷᠤᠰᠬᠠᠯ᠂ ᠴᠢᠬᠤᠯᠠ ᠪᠦᠬᠦᠢ ᠤᠰᠤᠨ ᠤ ᠰᠤᠷᠪᠤᠯᠵᠢ ᠶᠢᠨ ᠭᠠᠵᠠᠷ᠂ | ᠴᠢᠬᠤᠯᠠ ᠪᠦᠬᠦᠢ ᠤᠰᠤᠨ ᠤ ᠠᠮᠢ ᠠᠬᠤᠢ ᠶᠢ ᠰᠡᠷᠬᠦᠬᠡᠨ ᠵᠠᠰᠠᠬᠤ ᠤᠷᠤᠨ ᠤ ᠤᠷᠤᠨ ᠪᠦᠰᠡ ᠠᠯᠤᠰᠯᠠᠭᠰᠠᠨ ᠠᠮᠢ | ᠠᠬᠤᠢ ᠶᠢᠨ ᠨᠦᠬᠦᠪᠤᠷᠢ ᠶᠢᠨ ᠲᠦᠷᠢᠮ ᠢ ᠪᠠᠶᠢᠭᠤᠯᠵᠤ᠂ ᠪᠡᠭᠡᠵᠢᠩ ᠲᠢᠶᠠᠨᠵᠢᠨ ᠾᠧᠪᠸᠢ ᠶᠢᠨ ᠤᠰᠤᠨ ᠤ ᠡᠬᠢ | ᠰᠤᠷᠪᠤᠯᠵᠢ ᠶᠢᠨ ᠬᠠᠳᠠᠭᠠᠯᠠᠯᠳᠠ ᠶᠢᠨ ᠤᠷᠤᠨ ᠤ ᠠᠮᠢ ᠠᠬᠤᠢ ᠶᠢᠨ ᠨᠦᠬᠦᠪᠤᠷᠢ ᠶᠢᠨ ᠳᠤᠷᠰᠢᠯᠳᠠ ᠶᠢᠨ ᠴᠢᠬ ᠲᠤ | ᠤᠷᠤᠬᠤ ᠪᠠᠷ ᠴᠢᠷᠮᠠᠶᠢᠵᠤ᠂ ᠵᠡᠬᠦᠨ ᠬᠤᠶᠢᠳᠦ ᠶᠢᠨ ᠭᠤᠷᠪᠠᠨ ᠮᠤᠵᠢ ᠲᠠᠢ ᠬᠠᠮᠳᠤ ᠨᠤᠨ ᠮᠦᠷᠡᠨ᠂ ᠯᠢᠶᠤᠤ ᠾᠧ | ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠨᠦᠬᠦᠪᠦᠷᠢ ᠶᠢᠨ ᠲᠤᠭᠳᠠᠴᠠ ᠶᠢ ᠪᠠᠶᠢᠭᠤᠯᠬᠤ ᠶᠢ ᠠᠬᠢᠭᠤᠯᠤᠨ᠎ᠡ᠃ | ︽ᠬᠡᠨ ᠨᠡᠭᠡᠭᠡᠨ ᠠᠰᠢᠬᠯᠠᠠᠪᠠᠯ ᠬᠡᠨ ᠬᠠᠮᠠᠭᠠᠯᠠᠬᠤ︾ ᠪᠠ ︽ᠬᠡᠨ ᠠᠰᠢᠭ ᠬᠦᠷᠳᠡᠪᠡᠯ ᠬᠡᠨ ᠨᠦᠬᠦᠪᠦᠷᠢᠯᠡᠬᠦ︾ | ᠵᠠᠷᠴᠢᠮ ᠢᠶᠠᠷ ᠠᠭᠤᠷᠬᠠᠢ ᠶᠢᠨ ᠠᠭᠤᠯᠠᠨ ᠤ ᠤᠷᠴᠢᠨ ᠳᠤᠭᠤᠷᠢᠨ ᠢ ᠵᠠᠰᠠᠬᠤ ᠪᠠ ᠠᠮᠢ ᠠᠬᠤᠢ ᠶᠢ ᠰᠡᠷᠭᠦᠬᠡᠬᠦ | ᠪᠠᠳᠤᠯᠠᠪᠤᠷᠢ ᠶᠢᠨ ᠮᠦᠡᠭᠬᠦ ᠬᠤᠷᠢᠶᠠᠨ ᠠᠪᠴᠤ᠂ ᠠᠭᠤᠷᠬᠠᠢ ᠶᠢᠨ ᠠᠭᠤᠯᠠᠨ ᠤ ᠤᠷᠴᠢᠨ ᠳᠤᠭᠤᠷᠢᠨ ᠢ ᠵᠠᠰᠠᠬᠤ ᠪᠠ | ᠠᠮᠢ ᠠᠬᠤᠢ ᠶᠢ ᠰᠡᠷᠭᠦᠭᠡᠬᠦ ᠳᠤ ᠳᠤᠰᠬᠠᠢ ᠭᠡᠷᠡᠭᠯᠡᠵᠤ᠂ ᠠᠮᠢ ᠠᠬᠤᠢ ᠶᠢᠨ ᠨᠦᠬᠦᠪᠦᠷᠢ ᠶᠢᠨ ᠪᠠᠯᠠ ᠮᠦᠡᠭᠭᠦ | ᠬᠤᠷᠠᠮᠳᠤᠭᠤᠯᠬᠤ ᠴᠢᠳᠠᠪᠤᠷᠢ ᠶᠢ ᠦᠷᠭᠡᠳᠬᠡᠨ᠎ᠡ᠃ | ︵ᠲᠥᠷᠪᠡ︶ ᠪᠠᠶᠢᠭᠠᠯᠢ ᠶᠢᠨ ᠡᠬᠢ ᠪᠠᠶᠠᠯᠢᠭ ᠶᠢᠨ ᠬᠦᠷᠦᠩᠭᠡ ᠶᠢᠨ ᠬᠠᠮᠠᠭᠠᠯᠠᠯᠳᠠ ᠶᠢᠨ ᠲᠦᠷᠢᠮ ᠢ | ᠪᠠᠶᠢᠭᠤᠯᠬᠤ ᠪᠠ ᠳᠡᠬᠦᠯᠳᠡᠷᠵᠢᠬᠦᠯᠦᠨ᠎ᠡ᠃ ᠨᠤᠳᠤᠭ ᠪᠠᠯᠴᠢᠭᠡᠷ ᠤᠨ ᠬᠠᠮᠠᠭᠠᠯᠠᠯᠳᠠ ᠶᠢᠨ ᠲᠦᠷᠢᠮ ᠢ ᠳᠡᠬᠦᠯᠳᠡᠷᠵᠢᠬᠦᠯᠵᠦ | ᠂ ᠪᠡᠯᠴᠢᠭᠡᠷᠯᠡᠬᠦᠯᠬᠦ ᠶᠢ ᠵᠤᠭᠰᠤᠭᠠᠬᠤ ᠪᠠ ᠮᠠᠯ ᠪᠡᠯᠴᠢᠭᠡᠷ ᠤᠨ ᠳᠡᠩᠴᠡᠬᠦᠷᠢ ᠶᠢᠨ ᠠᠵᠢᠯ ᠤᠨ ᠬᠢᠨᠠᠨ | ᠬᠠᠮᠢᠶᠠᠷᠤᠯᠳᠠ ᠶᠢᠨ ᠠᠷᠭ᠎ᠠ ᠶᠢ ᠰᠤᠳᠤᠯᠤᠨ ᠳᠤᠭᠳᠠᠭᠠᠵᠤ᠂ ᠪᠡᠯᠴᠢᠭᠡᠷᠯᠡᠬᠦᠯᠬᠦ ᠶᠢ ᠵᠤᠭᠰᠤᠭᠠᠬᠤ᠂ ᠪᠡᠯᠴᠢᠭᠡᠷ ᠢ | ᠰᠡᠷᠬᠦᠬᠡᠬᠦ᠂ ᠪᠡᠯᠴᠢᠬᠡᠷ ᠢᠶᠠᠨ ᠬᠡᠰᠡᠭᠯᠡᠨ ᠰᠡᠯᠬᠦᠨ ᠮᠠᠯᠵᠢᠬᠤ ᠪᠠ ᠮᠠᠯ ᠪᠡᠯᠴᠢᠭᠡᠷ ᠤᠨ ᠲᠠᠩᠴᠡᠬᠦᠷᠢ ᠶᠢᠨ ᠲᠦᠷᠢᠮ ᠢ | ᠤᠯᠠᠮ ᠨᠢᠭᠡ ᠠᠯᠬᠤᠮ ᠳᠡᠬᠦᠯᠳᠡᠷᠵᠢᠬᠦᠯᠦᠨ᠎ᠡ᠃ ᠤᠯᠤᠰ ᠤᠨ ᠦᠮᠴᠢᠯᠠᠯ ᠤᠨ ᠤᠢ ᠰᠢᠭᠤᠢ ᠶᠢᠨ ᠳᠠᠯᠠᠪᠠᠢ ᠶᠢᠨ | ᠦᠭᠡᠷᠡᠴᠢᠯᠡᠯᠳᠡ ᠶᠢ ᠬᠦᠨᠵᠡᠭᠡᠶᠢᠷᠡᠬᠦᠯᠵᠤ᠂ ᠶᠡᠭᠡ ᠬᠢᠨᠭ᠍ᠭᠠᠨ ᠲᠠᠪᠠᠭ᠎ᠠ ᠶᠢᠨ ᠰᠢᠭᠤᠢᠢᠳᠤ ᠤᠷᠤᠨ ᠳᠤ ᠡᠵᠡᠩᠨᠡᠯᠳᠡ ᠶᠢᠨ | ᠡᠷᠬᠡ ᠪᠠ ᠬᠢᠨᠠᠨ ᠬᠠᠮᠢᠶᠠᠷᠤᠯᠳᠠ ᠶᠢᠨ ᠡᠷᠬᠡ ᠶᠢ ᠰᠠᠯᠭᠠᠭᠰᠠᠨ ᠤᠯᠤᠰ ᠤᠨ ᠦᠮᠴᠢᠯᠠᠯ ᠤᠨ ᠤᠢ ᠰᠢᠭᠤᠢ ᠶᠢᠨ | ᠳᠠᠯᠠᠪᠠᠢ ᠶᠢᠨ ᠡᠵᠡᠩᠨᠡᠨ ᠬᠠᠮᠢᠶᠠᠷᠤᠯᠳᠠ ᠶᠢᠨ ᠪᠠᠶᠢᠭᠤᠯᠤᠮᠵᠢ ᠶᠢ ᠪᠠᠶᠢᠭᠤᠯᠤᠨ᠎ᠡ᠃ ᠬᠠᠮᠳᠤ ᠶᠢᠨ ᠤᠢ ᠰᠢᠭᠤᠢ ᠶᠢᠨ | ᠡᠷᠭᠡ ᠶᠢᠨ ᠲᠦᠷᠢᠮ ᠤᠨ ᠦᠭᠡᠷᠡᠴᠢᠯᠡᠯᠳᠡ ᠶᠢ ᠠᠬᠢᠭᠤᠯᠤᠨ᠎ᠡ᠃ ᠡᠯᠡᠰᠤᠷᠭᠡᠭᠵᠢᠭᠰᠡᠨ ᠭᠠᠵᠠᠷ ᠤᠨ ᠪᠢᠳᠡᠬᠦᠮᠵᠢᠯᠡᠨ | ᠬᠠᠮᠠᠭᠠᠯᠠᠬᠤ ᠤᠷᠤᠨ ᠤ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ᠎ᠡ᠃ ᠠᠭᠤᠷᠬᠠᠢ ᠶᠢᠨ ᠡᠬᠢ ᠪᠠᠶᠠᠯᠢᠭ ᠢ ᠨᠡᠬᠡᠬᠡᠨ | ᠬᠦᠭᠵᠢᠬᠦᠯᠵᠤ ᠬᠠᠮᠠᠭᠠᠯᠠᠵᠤ ᠬᠠᠮᠢᠶᠠᠷᠬᠤ ᠪᠠ ᠠᠮᠢ ᠠᠬᠤᠢ ᠶᠢ ᠰᠡᠷᠬᠦᠬᠡᠬᠦ ᠲᠦᠷᠢᠮ ᠢ ᠳᠡᠬᠦᠯᠳᠡᠷᠵᠢᠬᠦᠯᠵᠤ᠂ | ᠲᠦᠯᠦᠪᠵᠢᠬᠦᠯᠭᠡ ᠵᠦᠪᠰᠢᠶᠡᠷᠡᠯ ᠤᠨ ᠬᠠᠮᠢᠶᠠᠷᠤᠯᠳᠠ ᠶᠢ ᠴᠢᠩᠭᠠᠳᠬᠠᠵᠤ᠂ ᠬᠠᠶᠢᠨ ᠪᠠᠶᠢᠴᠠᠭᠠᠵᠤ ᠨᠡᠭᠡᠭᠡᠨ | ᠬᠦᠭᠵᠢᠬᠦᠯᠬᠦ ᠪᠠᠶᠢᠷᠢᠰᠢᠭᠤᠯᠤᠯᠳᠠ ᠶᠢ ᠰᠢᠯᠢᠳᠡᠭᠵᠢᠬᠦᠯᠵᠦ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠬᠦᠭᠵᠢᠬᠦᠯᠬᠦ | ᠬᠦᠷᠢᠶ᠎ᠠ ᠬᠡᠪᠴᠢᠶ᠎ᠡ ᠪᠠ ᠨᠡᠭᠡᠭᠡᠨ ᠬᠦᠭᠵᠢᠬᠦᠯᠬᠦ ᠡᠷᠴᠢᠮ ᠢ ᠵᠦᠢ ᠵᠤᠬᠢᠰᠳᠠᠢ ᠬᠢᠵᠠᠭᠠᠷᠯᠠᠨ᠎ᠠ᠃ ᠠᠭᠤᠷᠬᠠᠢ ᠶᠢᠨ ᠡᠬᠢ | ᠪᠠᠶᠠᠯᠢᠭ ᠢ ᠨᠡᠭᠡᠭᠡᠨ ᠬᠦᠭᠵᠢᠬᠦᠯᠵᠤ ᠠᠰᠢᠬᠯᠠᠬᠤ ᠦᠪᠠᠷ ᠤᠨ ᠦᠷᠳᠡᠭ ᠢ ᠦᠨᠡᠯᠡᠨ ᠵᠢᠱᠢᠬᠦ ᠳᠤᠭᠳᠠᠴᠠ ᠶᠢ | ᠪᠠᠶᠢᠭᠤᠯᠵᠤ᠂ ᠡᠬᠢ ᠪᠠᠶᠠᠯᠢᠭ ᠤᠨ ᠦᠮᠴᠢᠯᠡᠭᠴᠢ ᠶᠢᠨ ᠡᠷᠭᠡ ᠠᠰᠢᠭ᠂ ᠠᠮᠢ ᠠᠬᠤᠢ ᠶᠢᠨ ᠤᠷᠴᠢᠨ ᠳᠤᠭᠤᠷᠢᠨ ᠤ | ᠬᠤᠬᠢᠷᠠᠭᠤᠯᠤᠯ ᠵᠡᠷᠭᠡ ᠶᠢ ᠠᠭᠤᠷᠬᠠᠢ ᠶᠢᠨ ᠡᠬᠢ ᠪᠠᠶᠠᠯᠢᠭ ᠵᠢᠴᠢ ᠲᠡᠭᠦᠨ ᠤ ᠪᠦᠳᠦᠭᠡᠭᠳᠡᠬᠦᠨ ᠤ ᠦᠨ᠎ᠡ ᠬᠠᠩᠰᠢ ᠶᠢᠨ | ᠪᠦᠷᠢᠯᠳᠤᠯ ᠳᠤ ᠤᠷᠤᠭᠤᠯᠬᠤ ᠳᠤᠭᠳᠠᠴᠠ ᠶᠢ ᠪᠠᠶᠢᠭᠤᠯᠤᠨ᠎ᠠ᠃ | ︵ᠳᠠᠪᠤ︶ ᠡᠨᠧᠷᠬᠢ ᠭᠡᠷᠡᠭᠯᠡᠬᠦ ᠡᠷᠭᠡ᠂ ᠤᠰᠤ ᠬᠡᠷᠡᠭᠯᠡᠬᠦ ᠡᠷᠬᠡ᠂ ᠪᠤᠬᠢᠷᠳᠤᠯ ᠭᠠᠳᠠᠭᠰᠢᠯᠠᠭᠤᠯᠬᠤ ᠡᠷᠭᠡ᠂ | ᠨᠡᠭᠦᠷᠠᠰᠦᠳᠦ᠋ᠷᠦᠭᠴᠢ ᠭᠠᠳᠠᠭᠰᠢᠯᠠᠭᠤᠯᠬᠤ ᠡᠷᠬᠡ᠂ ᠤᠢ ᠰᠢᠭᠤᠢ ᠶᠢᠨ ᠦᠮᠴᠢᠯᠡᠯ ᠤᠨ ᠡᠷᠭᠡ ᠵᠡᠷᠭᠡ ᠶᠢ | ᠠᠷᠠᠯᠵᠢᠶᠠᠯᠠᠬᠤ ᠳᠦᠷᠢᠮ ᠢ ᠲᠡᠯᠭᠡᠷᠡᠬᠦᠯᠦᠨ᠎ᠠ᠃ ᠡᠨᠧᠷᠬᠢ ᠭᠡᠷᠡᠭᠯᠡᠬᠦ ᠡᠷᠭᠡ᠂ ᠤᠰᠤ ᠬᠡᠷᠡᠭᠯᠡᠬᠦ ᠡᠷᠬᠡ᠂ ᠪᠤᠬᠢᠷᠳᠤᠯ | ᠭᠠᠳᠠᠭᠰᠢᠯᠠᠭᠤᠯᠬᠤ ᠡᠷᠭᠡ᠂ ᠨᠡᠭᠦᠷᠠᠰᠦᠳᠦ᠋ᠷᠦᠭᠴᠢ ᠭᠠᠳᠠᠭᠰᠢᠯᠠᠭᠤᠯᠬᠤ ᠡᠷᠬᠡ ᠶᠢᠨ ᠠᠩᠬᠠᠨ ᠤ ᠬᠤᠪᠢᠶᠠᠷᠢᠯᠡᠯᠳᠠ ᠶᠢᠨ | ᠲᠦᠷᠢᠮ ᠢ ᠪᠠᠶᠢᠭᠤᠯᠵᠤ ᠪᠦᠷᠢᠨᠰᠢᠬᠦᠯᠦᠨ᠎ᠠ᠃ ᠡᠨᠧᠷᠬᠢ ᠭᠡᠷᠡᠭᠯᠡᠬᠦ ᠡᠷᠭᠡ᠂ ᠨᠡᠭᠦᠷᠠᠰᠦᠳᠦ᠋ᠷᠦᠭᠴᠢ ᠭᠠᠳᠠᠭᠰᠢᠯᠠᠭᠤᠯᠬᠤ | ᠡᠷᠬᠡ ᠶᠢ ᠠᠷᠠᠯᠵᠢᠶᠠᠯᠠᠬᠤ ᠬᠠᠮᠢᠶᠠᠷᠤᠯᠳᠠ ᠶᠢᠨ ᠠᠷᠭ᠎ᠠ ᠪᠠ ᠠᠷᠠᠯᠵᠢᠶᠠᠯᠠᠬᠤ ᠵᠠᠬ᠎ᠠ ᠳᠡᠯᠭᠡᠭᠦᠷ ᠤᠨ ᠳᠤᠭᠳᠠᠴᠠ ᠶᠢ | ᠬᠠᠶᠢᠨ ᠰᠤᠳᠤᠯᠵᠤ᠂ ᠳᠤᠷᠰᠢᠯᠳᠠ ᠶᠢᠨ ᠴᠢᠬ ᠤᠨ ᠠᠵᠢᠯ ᠤᠨ ᠳᠦᠰᠦᠯ ᠢ ᠳᠤᠭᠳᠠᠭᠠᠵᠤ᠂ ᠪᠦᠬᠦ ᠤᠯᠤᠰ ᠤᠨ | ᠨᠡᠬᠦᠷᠠᠰᠤᠳᠦ᠋ᠷᠦᠭᠴᠢ ᠭᠠᠳᠠᠭᠰᠢᠯᠠᠭᠤᠯᠬᠤ ᠡᠷᠬᠡ ᠶᠢ ᠠᠷᠠᠯᠵᠢᠶᠠᠯᠠᠬᠤ ᠵᠠᠬ᠎ᠠ ᠳᠡᠯᠭᠡᠭᠦᠷ ᠲᠤᠤ ᠤᠷᠤᠬᠤ ᠪᠠᠷ | ᠢᠳᠡᠪᠬᠢᠳᠠᠢ ᠴᠢᠷᠮᠠᠶᠢᠨ᠎ᠡ᠃ ︽ᠲᠠᠬᠢᠯᠳᠠ ᠡᠨᠧᠷᠬᠢ ᠶᠢ ᠪᠠᠳᠤᠯᠠᠪᠤᠷᠢ ᠶᠢᠨ ᠴᠢᠨᠠᠷᠳᠠᠢ ᠪᠠᠷ ᠬᠤᠳᠠᠯᠳᠤᠨ ᠠᠪᠬᠤ ᠤᠷᠳᠤ | ᠬᠤᠭᠤᠴᠠᠭᠠᠨ ᠤ ᠪᠦᠳᠤᠮᠵᠢᠳᠠᠢ ᠲᠤᠭᠳᠠᠴᠠ ᠶᠢ ᠪᠠᠶᠢᠭᠤᠯᠬᠤ ᠲᠤᠬᠠᠢ ᠵᠢᠯᠤᠭᠤᠳᠬᠤ ᠰᠠᠨᠠᠯ︾ ᠢ ᠳᠤᠭᠳᠠᠭᠠᠨ᠎ᠠ᠃ ︽ | ᠤᠰᠤᠨ ᠤ ᠡᠷᠭᠡ ᠶᠢ ᠠᠷᠠᠯᠵᠢᠶᠠᠯᠠᠬᠤ ᠬᠠᠮᠢᠶᠠᠷᠤᠯᠳᠠ ᠶᠢᠨ ᠠᠷᠭ᠎ᠠ︾ ᠶᠢ ᠲᠤᠭᠳᠠᠭᠠᠵᠦ᠂ ᠭᠠᠵᠠᠷ ᠤᠷᠤᠨ ᠤ | ᠬᠤᠭᠤᠷᠤᠨᠳᠤᠬᠢ᠂ ᠠᠵᠢᠯ ᠲᠦᠷᠦᠯ ᠤᠨ ᠬᠤᠭᠤᠷᠤᠨᠳᠤᠬᠢ᠂ ᠤᠰᠤ ᠬᠡᠷᠡᠭᠯᠡᠬᠦ ᠡᠷᠦᠬᠡ ᠶᠢᠨ ᠬᠤᠭᠤᠷᠤᠨᠳᠤᠬᠢ | ᠤᠰᠤᠨ ᠤ ᠡᠷᠬᠡ ᠶᠢᠨ ᠠᠷᠠᠯᠵᠢᠶ᠎ᠡ ᠶᠢ ᠠᠬᠢᠭᠤᠯᠵᠤ᠂ ᠬᠠᠳᠤᠨ ᠭᠤᠤᠯ ᠤᠨ ᠭᠤᠤᠯ ᠤᠷᠤᠰᠬᠠᠯ ᠤᠨ ᠤᠰᠤᠨ ᠤ | ᠡᠷᠬᠡ ᠶᠢ ᠰᠢᠯᠵᠢᠬᠦᠯᠬᠦ ᠲᠤᠷᠰᠢᠯᠳᠠ ᠶᠢᠨ ᠴᠢᠬ ᠢ ᠳᠤᠭᠳᠠᠭᠤᠨ ᠢᠶᠠᠷ ᠠᠬᠢᠭᠤᠯᠤᠨ᠎ᠡ᠃ ᠲᠤᠭᠳᠠᠮᠠᠯ ᠪᠤᠬᠢᠷᠳᠤᠯ ᠤᠨ | ᠡᠬᠢ ᠲᠠᠢ ᠠᠵᠤ ᠠᠬᠤᠢᠢᠯᠠᠯ ᠪᠦᠬᠦᠨ ᠢ ᠬᠠᠮᠤᠷᠤᠭᠰᠠᠨ ᠭᠠᠳᠠᠭᠰᠢᠯᠠᠭᠤᠯᠤᠯᠳᠠ ᠶᠢᠨ ᠵᠦᠪᠰᠢᠶᠡᠷᠡᠯ ᠤᠨ ᠳᠤᠭᠳᠠᠴᠠ ᠶᠢ | ᠬᠠᠤᠯᠢ ᠶᠤᠰᠤᠭᠠᠷ ᠪᠠᠶᠢᠭᠤᠯᠵᠤ᠂ ᠪᠤᠬᠢᠷᠳᠤᠯ ᠭᠠᠳᠠᠭᠰᠢᠯᠠᠭᠤᠯᠬᠤ ᠡᠷᠬᠡ ᠶᠢᠨ ᠠᠩᠬᠠᠨ ᠤ ᠬᠢᠨᠠᠨ ᠳᠤᠭᠳᠠᠭᠠᠯᠳᠠ ᠪᠠ | ᠦᠨ᠎ᠠ ᠲᠦᠯᠦᠪᠤᠷᠢ ᠲᠠᠢ ᠬᠡᠷᠡᠭᠯᠡᠬᠦ ᠶᠢ ᠬᠡᠷᠡᠭᠵᠢᠬᠦᠯᠵᠦ᠂ ᠪᠤᠬᠢᠷᠳᠤᠯ ᠭᠠᠳᠠᠭᠰᠢᠯᠠᠭᠤᠯᠬᠤ ᠡᠷᠬᠡ ᠶᠢ ᠠᠷᠠᠯᠵᠢᠶᠠᠯᠠᠬᠤ | ᠲᠦᠷᠢᠮ ᠢ ᠳᠡᠬᠦᠯᠳᠡᠷᠵᠢᠬᠦᠯᠵᠦ᠂ ᠪᠤᠬᠢᠷᠳᠤᠯ ᠭᠠᠳᠠᠭᠰᠢᠯᠠᠭᠤᠯᠬᠤ ᠡᠷᠬᠡ ᠶᠢ ᠠᠷᠠᠯᠵᠢᠶᠠᠯᠠᠬᠤ ᠳᠠᠪᠴᠠᠩ ᠢ ᠪᠠᠶᠢᠭᠤᠯᠵᠤ | ᠂ ᠪᠤᠬᠢᠷᠳᠤᠯ ᠭᠠᠳᠠᠭᠰᠢᠯᠠᠭᠤᠯᠬᠤ ᠡᠷᠬᠡ ᠶᠢ ᠦᠨ᠎ᠠ ᠲᠦᠯᠦᠪᠤᠷᠢ ᠲᠠᠢ ᠠᠷᠠᠯᠵᠢᠶᠠᠯᠠᠬᠤ ᠬᠦᠷᠢᠶ᠎ᠠ ᠬᠡᠪᠴᠢᠶ᠎ᠡ ᠶᠢ | ᠦᠷᠭᠡᠳᠬᠡᠨ᠎ᠡ᠃ ᠬᠡᠷ᠎ᠡ ᠶᠢᠨ ᠡᠨᠧᠷᠬᠢ ᠶᠢᠨ ᠬᠠᠮᠢᠶᠠᠷᠤᠯᠳᠠ ᠪᠠ ᠭᠡᠷ᠎ᠡ ᠶᠢᠨ ᠤᠰᠤ ᠠᠷᠪᠢᠯᠠᠬᠤ ᠬᠠᠮᠢᠶᠠᠷᠤᠯᠳᠠ ᠶᠢ | ᠲᠡᠯᠭᠡᠷᠡᠬᠦᠯᠦᠨ᠎ᠠ᠃ ᠤᠢ ᠰᠢᠭᠤᠢ ᠶᠢᠨ ᠡᠷᠬᠡ ᠶᠢᠨ ᠰᠢᠯᠵᠢᠯᠳᠡ ᠶᠢᠨ ᠲᠤᠭᠳᠠᠴᠠ ᠶᠢ ᠳᠡᠬᠦᠯᠳᠡᠷᠵᠢᠬᠦᠯᠵᠦ᠂ ᠤᠢ | ᠰᠢᠭᠤᠢ ᠶᠢᠨ ᠡᠷᠬᠡ ᠶᠢ ᠠᠷᠠᠯᠵᠢᠶᠠᠯᠠᠬᠤ ᠠᠵᠢᠯᠯᠠᠭ᠎ᠠ ᠶᠢ ᠲᠦᠷᠢᠮᠵᠢᠬᠦᠯᠵᠦ᠂ ᠤᠢ ᠰᠢᠭᠤᠢ ᠶᠢᠨ ᠡᠷᠬᠡ ᠪᠠᠷ | ᠪᠠᠷᠢᠴᠠᠭᠠᠯᠠᠵᠤ ᠵᠢᠭᠡᠯᠡᠯᠭᠡ ᠠᠪᠬᠤ ᠳᠤᠭᠳᠠᠴᠠ ᠶᠢ ᠪᠦᠷᠢᠨᠰᠢᠬᠦᠯᠦᠨ᠎ᠠ᠃ | ︵ᠵᠢᠷᠭᠤᠭ᠎ᠠ︶ ᠠᠮᠢ ᠠᠬᠤᠢ ᠶᠢ ᠪᠦᠳᠦᠭᠡᠨ ᠪᠠᠶᠢᠭᠤᠯᠬᠤ ᠪᠠ ᠤᠷᠴᠢᠨ ᠳᠤᠭᠤᠷᠢᠨ ᠤ ᠪᠤᠬᠢᠷᠳᠤᠯ ᠢ ᠵᠠᠰᠠᠬᠤ | ᠵᠠᠬ᠎ᠠ ᠳᠡᠯᠬᠡᠭᠦᠷᠴᠢᠯᠡᠭᠰᠡᠨ ᠳᠤᠭᠳᠠᠴᠠ ᠶᠢ ᠪᠠᠶᠢᠭᠤᠯᠤᠨ᠎ᠡ᠃ ᠠᠵᠤ ᠠᠬᠤᠢ ᠶᠢᠨ ᠬᠦᠰᠢᠬᠦᠷᠭᠡ ᠪᠠᠷ ᠳᠠᠮᠵᠢᠨ ᠤᠷᠴᠢᠨ | ᠳᠤᠭᠤᠷᠢᠨ ᠤ ᠵᠠᠰᠠᠯᠳᠠ ᠪᠠ ᠠᠮᠢ ᠠᠬᠤᠢ ᠶᠢᠨ ᠬᠠᠮᠠᠭᠠᠯᠠᠯᠳᠠ ᠶᠢ ᠠᠬᠢᠭᠤᠯᠬᠤ ᠵᠠᠬ᠎ᠠ ᠳᠡᠯᠭᠡᠭᠦᠷ ᠤᠨ ᠰᠢᠰᠲ᠋ᠧᠮ ᠢ | ᠪᠠᠶᠢᠭᠤᠯᠤᠨ ᠲᠡᠯᠭᠡᠷᠡᠬᠦᠯᠵᠦ᠂ ︽ᠬᠡᠨ ᠵᠠᠰᠠᠪᠠᠯ ᠬᠡᠨ ᠠᠰᠢᠭ ᠬᠦᠷᠳᠡᠬᠦ︾ ᠪᠠ ︽ᠬᠡᠨ ᠪᠤᠬᠢᠷᠳᠤᠭᠤᠯᠪᠠᠯ ᠬᠡᠨ | ᠮᠦᠡᠭᠭᠦ ᠳᠤᠰᠢᠶᠠᠬᠤ︾ ᠶᠢ ᠪᠠᠷᠢᠮᠳᠠᠯᠠᠵᠤ᠂ ᠵᠠᠰᠠᠭ ᠤᠨ ᠤᠷᠳᠤᠨ ᠠᠴᠠ ᠬᠦᠳᠦᠯᠦᠨ ᠲᠠᠭᠠᠭᠤᠯᠵᠤ᠂ ᠨᠡᠶᠢᠭᠡᠮ ᠤᠨ | ᠬᠦᠷᠦᠩᠭᠡ ᠶᠢ ᠤᠷᠤᠯᠴᠠᠭᠤᠯᠤᠨ ᠵᠠᠬ᠎ᠠ ᠳᠡᠯᠭᠡᠭᠦᠷ ᠤᠨ ᠵᠢᠮ᠎ᠠ ᠶᠤᠰᠤ ᠪᠠᠷ ᠠᠵᠢᠯᠯᠠᠭᠤᠯᠬᠤ ᠠᠮᠢ ᠠᠬᠤᠢ ᠶᠢᠨ | ᠪᠦᠳᠦᠭᠡᠨ ᠪᠠᠶᠢᠭᠤᠯᠤᠯᠳᠠ ᠪᠠ ᠤᠷᠴᠢᠨ ᠳᠤᠭᠤᠷᠢᠨ ᠤ ᠬᠠᠮᠠᠭᠠᠯᠠᠯᠳᠠ ᠶᠢᠨ ᠪᠠᠯᠠ ᠬᠤᠷᠠᠮᠳᠤᠭᠤᠯᠬᠤ ᠳᠠᠪᠴᠠᠩ ᠢ | ᠪᠠᠶᠢᠭᠤᠯᠵᠤ᠂ ᠪᠠᠯᠠ ᠬᠤᠷᠠᠮᠳᠤᠭᠤᠯᠬᠤ ᠵᠠᠮ ᠰᠤᠪᠠᠭ ᠢ ᠦᠷᠭᠡᠳᠬᠡᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ | ᠪᠠ ᠤᠷᠴᠢᠨ ᠳᠤᠭᠤᠷᠢᠨ ᠤ ᠬᠠᠮᠠᠭᠠᠯᠠᠯᠳᠠ ᠶᠢᠨ ᠪᠡᠯᠡ ᠤᠷᠤᠭᠤᠯᠤᠯᠳᠠ ᠶᠢ ᠶᠡᠭᠡᠰᠬᠡᠨᠡ᠃ ᠤᠯᠤᠰ ᠤᠨ | ᠦᠮᠴᠢᠯᠠᠯ ᠤᠨ ᠰᠢᠭᠤᠢᠢᠳᠤ ᠤᠷᠤᠨ᠂ ᠤᠢ ᠰᠢᠭᠤᠢ ᠶᠢᠨ ᠳᠠᠯᠠᠪᠠᠢ ᠶᠢᠨ ᠤᠯᠤᠰ ᠤᠨ ᠭᠠᠵᠠᠷ ᠰᠢᠷᠤᠢ ᠶᠢ | ᠨᠤᠭᠤᠭᠠᠷᠠᠭᠤᠯᠬᠤ ᠲᠤᠮᠳᠠᠬᠢ ᠳᠠᠭᠠᠭᠤᠯᠤᠭᠴᠢ ᠦᠢᠯᠡᠳᠦᠯ ᠢ ᠪᠠᠳᠠᠷᠠᠭᠤᠯᠵᠤ᠂ ᠠᠵᠤ ᠠᠬᠤᠢᠢᠯᠠᠯ᠂ ᠮᠠᠯᠴᠢᠨ | ᠲᠠᠷᠢᠶᠠᠴᠢᠨ ᠤ ᠳᠤᠰᠬᠠᠢ ᠬᠤᠷᠰᠢᠶ᠎ᠠ᠂ ᠬᠡᠷ ᠪᠦᠯᠢ ᠶᠢᠨ ᠳᠠᠷᠢᠶᠠᠯᠠᠩ ᠤᠢ ᠰᠢᠭᠤᠢ ᠶᠢᠨ ᠳᠠᠯᠠᠪᠠᠢ᠂ ᠳᠤᠰᠬᠠᠢᠢᠵᠢᠭᠰᠠᠨ | ᠲᠤᠮᠤ ᠡᠷᠦᠬᠡ᠂ ᠬᠤᠪᠢ ᠬᠦᠮᠦᠨ ᠤ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠳᠤ ᠤᠷᠤᠯᠴᠠᠬᠤ ᠶᠢ | ᠵᠤᠷᠢᠭᠵᠢᠭᠤᠯᠤᠨ ᠳᠡᠮᠵᠢᠵᠤ᠂ ᠦᠢᠯᠡᠴᠢᠯᠡᠭᠡ ᠶᠢ ᠬᠤᠳᠠᠯᠳᠤᠨ ᠠᠪᠬᠤ ᠪᠠᠷ ᠭᠤᠤᠯ ᠪᠤᠯᠭᠠᠭᠰᠠᠨ ᠤᠯᠤᠰ ᠤᠨ | ᠦᠮᠴᠢᠯᠡᠯ ᠤᠨ ᠤᠢ ᠰᠢᠭᠤᠢ ᠶᠢᠨ ᠳᠠᠯᠠᠪᠠᠢ ᠶᠢᠨ ᠨᠡᠶᠢᠳᠡ ᠶᠢᠨ ᠠᠰᠠᠷᠠᠮᠵᠢ ᠶᠢᠨ ᠤᠢ ᠵᠡᠷᠭᠡ ᠶᠢᠨ ᠬᠠᠮᠢᠶᠠᠷᠤᠯᠳᠠ | ᠬᠠᠮᠠᠭᠠᠯᠠᠯᠳᠠ ᠶᠢᠨ ᠳᠤᠭᠳᠠᠴᠠ ᠶᠢ ᠳᠡᠬᠦᠯᠳᠡᠷᠵᠢᠬᠦᠯᠦᠨ᠎ᠡ᠃ ᠵᠠᠰᠠᠭ ᠤᠨ ᠤᠷᠳᠦᠨ ᠪᠠ ᠨᠡᠶᠢᠭᠡᠮ ᠤᠨ ᠬᠦᠷᠦᠩᠭᠡ | ᠬᠤᠷᠰᠢᠵᠤ ᠤᠷᠴᠢᠨ ᠳᠤᠭᠤᠷᠢᠨ ᠪᠠ ᠪᠤᠬᠢᠷᠳᠤᠯ ᠢ ᠵᠠᠰᠠᠬᠤ ᠵᠠᠭᠪᠤᠷ ᠢ ᠬᠠᠶᠢᠨ ᠰᠦᠪᠡᠭᠴᠢᠯᠡᠵᠤ᠂ ᠬᠤᠳᠠ | ᠪᠠᠯᠭᠠᠰᠤᠨ ᠤ ᠪᠤᠵᠠᠷ ᠤᠰᠤ ᠶᠢ ᠰᠢᠢᠳᠪᠦᠷᠢᠯᠡᠬᠦ᠂ ᠠᠮᠢᠳᠤᠷᠠᠯ ᠤᠨ ᠬᠤᠭ ᠨᠤᠪᠰᠢ ᠶᠢ ᠰᠢᠢᠳᠪᠦᠷᠢᠯᠡᠬᠦ ᠵᠡᠷᠬᠡ ᠶᠢᠨ | ᠵᠠᠰᠠᠭ ᠤᠨ ᠤᠷᠳᠦᠨ ᠤ ᠤᠯᠠᠨ ᠨᠡᠶᠢᠳᠡ ᠶᠢᠨ ᠤᠷᠴᠢᠨ ᠳᠤᠭᠤᠷᠢᠨ ᠢ ᠬᠠᠮᠠᠭᠠᠯᠠᠬᠤ ᠳᠦᠬᠦᠭᠡᠷᠦᠮᠵᠢ ᠶᠢ ᠪᠦᠳᠦᠭᠡᠨ | ᠪᠠᠶᠢᠭᠤᠯᠬᠤ ᠪᠠ ᠠᠵᠦ ᠦᠢᠯᠡᠳᠪᠦᠷᠢ ᠠᠵᠤ ᠠᠬᠤᠢᠢᠯᠠᠯ ᠤᠨ ᠭᠠᠳᠠᠭᠰᠢᠯᠠᠭᠤᠯᠬᠤ ᠪᠤᠬᠢᠷᠳᠤᠯ ᠢ ᠰᠢᠢᠳᠪᠤᠷᠢᠯᠡᠬᠦ ᠵᠡᠷᠭᠡ | ᠬᠦᠷᠢᠶ᠎ᠡ ᠬᠡᠪᠴᠢᠶᠠᠨ ᠳᠤ BT᠂ BOT ᠪᠠ PPP ᠮᠡᠳᠤ ᠶᠢᠨ ᠪᠡᠯᠡ ᠤᠷᠤᠭᠤᠯᠬᠤ ᠡᠷᠬᠢᠯᠳᠡ ᠶᠢᠨ ᠠᠷᠭ᠎ᠠ | ᠬᠡᠯᠪᠡᠷᠢ ᠶᠢ ᠬᠡᠷᠡᠭᠵᠢᠬᠦᠯᠦᠨ᠎ᠡ᠃ ᠴᠢᠳᠠᠯ ᠴᠢᠳᠠᠪᠤᠷᠢ ᠲᠠᠢ ᠭᠤᠷᠪᠠᠳᠤᠭᠠᠷ ᠡᠳᠡᠭᠡᠳ ᠤᠨ ᠪᠤᠬᠢᠷᠳᠤᠯ ᠢ ᠵᠠᠰᠠᠬᠤ ᠵᠠᠬ᠎ᠠ | ᠳᠡᠯᠭᠡᠭᠦᠷ ᠲᠤ ᠤᠷᠤᠬᠤ ᠶᠢ ᠵᠤᠷᠢᠭᠵᠢᠭᠤᠯᠵᠤ᠂ ᠭᠤᠷᠪᠠᠳᠤᠭᠠᠷ ᠡᠳᠡᠭᠡᠳ ᠠᠴᠠ ᠵᠠᠰᠠᠯᠳᠠ ᠬᠢᠵᠦ᠂ ᠭᠤᠷᠪᠠᠳᠤᠭᠠᠷ | ᠡᠳᠡᠭᠡᠳ ᠠᠴᠠ ᠬᠡᠮᠵᠢᠨ ᠪᠠᠶᠢᠴᠠᠭᠠᠵᠦ᠂ ᠭᠤᠷᠪᠠᠳᠤᠭᠠᠷ ᠡᠳᠡᠭᠡᠳ ᠠᠴᠠ ᠦᠢᠯᠡᠴᠢᠯᠡᠭᠡ ᠬᠠᠨᠭ᠍ᠭᠠᠬᠤ ᠶᠢ ᠢᠳᠡᠪᠬᠢᠳᠠᠢ | ᠠᠬᠢᠭᠤᠯᠤᠨ᠎ᠠ᠃ | ︵ᠲᠤᠯᠤᠭ᠎ᠠ︶ ᠠᠮᠢ ᠠᠬᠤᠢ ᠤᠷᠴᠢᠨ ᠳᠤᠭᠤᠷᠢᠨ ᠤ ᠮᠡᠳᠡᠭᠡ ᠵᠠᠩᠬᠢ ᠶᠢ ᠢᠯᠡ ᠪᠤᠯᠭᠠᠬᠤ ᠲᠦᠷᠢᠮ ᠪᠠ | ᠤᠯᠠᠨ ᠨᠡᠶᠢᠳᠡ ᠪᠠᠷ ᠢᠶᠠᠨ ᠤᠷᠤᠯᠴᠠᠬᠤ ᠲᠦᠷᠢᠮ ᠢ ᠪᠠᠶᠢᠭᠤᠯᠤᠨ᠎ᠡ᠃ ᠠᠮᠢ ᠠᠬᠤᠢ ᠪᠠ ᠤᠷᠴᠢᠨ ᠳᠤᠭᠤᠷᠢᠨ ᠤ | ᠮᠡᠳᠡᠭᠡ ᠵᠠᠩᠬᠢ ᠶᠢ ᠢᠯᠡ ᠪᠤᠯᠭᠠᠬᠤ ᠲᠦᠷᠢᠮ ᠢ ᠪᠠᠶᠢᠭᠤᠯᠵᠤ᠂ ᠠᠭᠠᠷ ᠮᠠᠨᠳᠠᠯ ᠪᠠ ᠤᠰᠤ ᠵᠡᠷᠭᠡ ᠤᠷᠴᠢᠨ | ᠲᠤᠭᠤᠷᠢᠨ ᠤ ᠮᠡᠳᠡᠭᠡ ᠵᠠᠩᠬᠢ ᠶᠢ ᠢᠯᠡ ᠪᠤᠯᠭᠠᠬᠤ᠂ ᠤᠷᠴᠢᠨ ᠳᠤᠭᠤᠷᠢᠨ ᠤ ᠬᠢᠨᠠᠨ ᠬᠠᠮᠢᠶᠠᠷᠤᠯᠳᠠ ᠶᠢᠨ ᠮᠡᠳᠡᠭᠡ | ᠵᠠᠩᠬᠢ ᠶᠢ ᠢᠯᠡ ᠪᠤᠯᠭᠠᠬᠤ᠂ ᠠᠮᠢ ᠠᠬᠤᠢ ᠶᠢᠨ ᠮᠡᠳᠡᠭᠡ ᠵᠠᠩᠬᠢ ᠶᠢ ᠢᠯᠡ ᠪᠤᠯᠭᠠᠬᠤ ᠵᠡᠷᠭᠡ ᠶᠢ ᠠᠬᠢᠭᠤᠯᠵᠤ᠂ | ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠠᠮᠢ ᠠᠬᠤᠢ ᠶᠢᠨ ᠤᠷᠴᠢᠨ ᠳᠤᠭᠤᠷᠢᠨ ᠳᠤ ᠦᠵᠡᠬᠦᠯᠬᠦ | ᠨᠦᠯᠦᠭᠡ ᠶᠢ ᠦᠨᠡᠯᠡᠬᠦ ᠮᠡᠳᠡᠭᠡ ᠵᠠᠩᠬᠢ ᠶᠢ ᠢᠯᠡ ᠪᠤᠯᠭᠠᠬᠤ ᠳᠤᠭᠳᠠᠴᠠ ᠶᠢ ᠪᠦᠷᠢᠨᠰᠢᠬᠦᠯᠦᠨ᠎ᠠ᠃ ᠠᠵᠤ | ᠠᠬᠤᠢᠢᠯᠠᠯ ᠤᠨ ᠪᠤᠬᠢᠷᠳᠤᠯ ᠭᠠᠳᠠᠭᠰᠢᠯᠠᠭᠤᠯᠵᠤ ᠪᠠᠶᠢᠭ᠎ᠠ ᠮᠡᠳᠡᠭᠡ ᠵᠠᠩᠬᠢ ᠶᠢ ᠢᠯᠡ ᠪᠤᠯᠭᠠᠬᠤ ᠲᠦᠷᠢᠮ ᠪᠠ | ᠰᠦᠯᠵᠢᠶᠡᠨ ᠳᠡᠭᠡᠷ᠎ᠡ ᠪᠠᠶᠢᠴᠠᠭᠠᠨ ᠠᠰᠠᠭᠤᠬᠤ ᠰᠢᠰᠲᠧᠮ ᠢ ᠪᠠᠶᠢᠭᠤᠯᠵᠤ᠂ ᠪᠤᠬᠢᠷᠳᠤᠯ ᠭᠠᠳᠠᠭᠰᠢᠯᠠᠭᠤᠯᠵᠤ ᠪᠠᠶᠢᠬᠤ | ᠭᠤᠤᠯᠳᠠᠯᠭ᠎ᠠ ᠲᠠᠢ ᠠᠵᠤ ᠠᠬᠤᠢᠢᠯᠠᠯ ᠤᠨ ᠪᠤᠬᠢᠷᠳᠤᠯ ᠭᠠᠳᠠᠭᠰᠢᠯᠠᠭᠤᠯᠵᠤ ᠪᠠᠶᠢᠬᠤ ᠪᠠᠶᠢᠳᠠᠯ ᠢ ᠴᠠᠭ ᠳᠤᠬᠠᠢ ᠳᠤᠨᠢ | ᠨᠡᠶᠢᠳᠡᠯᠡᠵᠤ᠂ ᠠᠷᠠᠳ ᠤᠯᠠᠨ ᠤ ᠤᠷᠴᠢᠨ ᠳᠤᠭᠤᠷᠢᠨ ᠤ ᠮᠡᠳᠡᠭᠡ ᠵᠠᠩᠬᠢ ᠶᠢᠨ ᠪᠠᠶᠢᠳᠠᠯ ᠢ ᠮᠡᠳᠡᠬᠦ ᠡᠷᠬᠡ᠂ | ᠤᠷᠤᠯᠴᠠᠬᠤ ᠡᠷᠬᠡ ᠪᠠ ᠬᠢᠨᠠᠯᠳᠠ ᠳᠠᠯᠪᠢᠬᠤ ᠡᠷᠬᠡ ᠶᠢ ᠪᠠᠳᠤᠯᠠᠨ᠎ᠡ᠃ ᠠᠮᠢ ᠠᠬᠤᠢ ᠶᠢᠨ ᠰᠦᠢᠳᠤᠯ ᠬᠤᠬᠢᠷᠠᠯ ᠢ | ᠢᠯᠡᠴᠢᠯᠡᠨ ᠮᠡᠳᠡᠬᠦᠯᠬᠦ ᠪᠠ ᠲᠤᠰᠬᠠᠬᠤ ᠲᠦᠷᠢᠮ ᠢ ᠪᠦᠷᠢᠨᠰᠢᠬᠦᠯᠵᠦ᠂ ᠢᠯᠡᠴᠢᠯᠡᠨ ᠮᠡᠳᠡᠬᠦᠯᠪᠠᠯ ᠱᠠᠩᠨᠠᠨ ᠬᠦᠬᠢᠬᠦᠯᠵᠦ | ᠂ ᠤᠯᠠᠨ ᠲᠦᠮᠠᠨ᠂ ᠰᠤᠨᠢᠨ ᠮᠡᠳᠡᠭᠡᠨ ᠤ ᠵᠠᠭᠤᠴᠢᠯᠠᠭᠤᠷ ᠪᠠ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠬᠢᠨᠠᠯᠳᠠ | ᠳᠠᠯᠪᠢᠬᠤ ᠦᠢᠯᠡᠳᠦᠯ ᠢ ᠪᠠᠳᠠᠷᠠᠭᠤᠯᠤᠨ᠎ᠡ᠃ | ᠲᠤᠯᠤᠭ᠎ᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠪᠠᠳᠤᠯᠠᠭ᠎ᠠ ᠶᠢᠨ ᠠᠷᠭ᠎ᠠ ᠬᠡᠮᠵᠢᠶ᠎ᠡ ᠶᠢ | ᠴᠢᠩᠭᠠᠳᠬᠠᠨ᠎ᠠ | ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠤᠳᠤᠷᠢᠳᠬᠤ ᠪᠠᠶᠢᠭᠤᠯᠤᠮᠵᠢ ᠪᠠ ᠠᠵᠢᠯ ᠤᠨ | ᠲᠤᠭᠳᠠᠴᠠ ᠶᠢ ᠪᠦᠷᠢᠨᠰᠢᠬᠦᠯᠵᠦ᠂ ᠬᠠᠷᠢᠭᠤᠴᠠᠯᠭ᠎ᠠ ᠪᠠᠨ ᠴᠢᠩᠭᠠᠳᠬᠠᠨ ᠨᠠᠶᠢᠳᠠᠪᠤᠷᠵᠢᠭᠤᠯᠤᠯᠳᠠ ᠶᠢ ᠴᠢᠩᠭ᠎ᠠ | ᠠᠳᠬᠤᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠡᠯ᠎ᠡ ᠲᠦᠷᠦᠯ ᠤᠨ ᠠᠵᠢᠯ ᠢ ᠦᠨᠡᠨᠬᠦ ᠴᠢᠩᠭ᠎ᠠ᠂ | ᠪᠤᠳᠠᠳᠠᠢ᠂ ᠰᠠᠶᠢᠳᠤᠷ ᠠᠳᠬᠤᠨ᠎ᠠ᠃ | ︵ᠨᠢᠭᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃ ᠦᠪᠡᠷᠳᠡᠭᠡᠨ ᠵᠠᠰᠠᠬᠤ | ᠤᠷᠤᠨ ᠤ ᠨᠠᠮᠣᠨ ᠬᠤᠷᠢᠶ᠎ᠠ᠂ ᠵᠠᠰᠠᠭ ᠤᠨ ᠤᠷᠳᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ | ᠵᠦᠪᠯᠡᠯ ᠢ ᠪᠠᠶᠢᠭᠤᠯᠵᠤ᠂ ᠪᠦᠬᠦ ᠤᠷᠤᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠠᠵᠢᠯ ᠢ | ᠨᠢᠭᠡᠳᠦᠯᠳᠡᠢ ᠳᠦᠯᠦᠪᠵᠢᠬᠦᠯᠵᠦ᠂ ᠴᠢᠬᠤᠯᠠ ᠶᠡᠭᠡ ᠳᠦᠷᠦ ᠶᠢᠨ ᠪᠤᠳᠤᠯᠭ᠎ᠠ ᠶᠢ ᠳᠤᠭᠳᠠᠭᠠᠵᠤ᠂ ᠴᠢᠬᠤᠯᠠ ᠶᠡᠭᠡ | ᠠᠰᠠᠭᠤᠳᠠᠯ ᠢ ᠰᠤᠳᠤᠯᠤᠨ ᠰᠢᠢᠳᠪᠤᠷᠢᠯᠡᠨ᠎ᠡ᠃ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠶᠢᠨ ᠪᠤᠯᠪᠠᠰᠤᠨ ᠤ | ᠪᠠᠢᠭᠤᠯᠤᠯᠳᠠ ᠶᠢᠨ ᠵᠦᠪᠯᠡᠯ ᠤᠨ ᠲᠤᠤᠷ᠎ᠠ ᠠᠯᠪᠠᠨ ᠭᠡᠷ ᠪᠠᠶᠢᠭᠤᠯᠵᠤ᠂ ᠵᠦᠪᠯᠡᠯ ᠤᠨ ᠡᠳᠦᠷ ᠳᠤᠳᠤᠮᠤ ᠤᠨ ᠠᠵᠢᠯ ᠢ | ᠬᠠᠷᠢᠭᠤᠴᠠᠵᠤ᠂ ᠲᠤᠰ ᠰᠠᠨᠠᠯ ᠢ ᠬᠡᠷᠡᠭᠵᠢᠬᠦᠯᠵᠦ ᠪᠠᠶᠢᠭ᠎ᠠ ᠪᠠᠶᠢᠳᠠᠯ ᠢ ᠱᠠᠯᠠᠪᠳᠠᠭᠤᠯᠤᠨ ᠪᠠᠶᠢᠴᠠᠭᠠᠵᠤ ᠮᠦᠷᠳᠡᠨ | ᠦᠨᠡᠯᠠᠵᠤ᠂ ᠪᠦᠳᠦᠮᠵᠢᠳᠠᠢ ᠠᠷᠭ᠎ᠠ ᠬᠢᠳᠠᠯ ᠪᠠ ᠠᠮᠵᠢᠯᠳᠠᠳᠠᠢ ᠳᠤᠷᠰᠢᠯᠭ᠎ᠠ ᠶᠢ ᠴᠠᠭ ᠳᠤᠬᠠᠢ ᠳᠤᠨᠢ ᠳ᠋ᠦᠡᠭᠨᠡᠵᠦ᠂ | ᠬᠠᠮᠢᠶ᠎ᠠ ᠪᠦᠬᠦᠢ ᠳᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠬᠦᠯᠦᠨ᠎ᠠ᠃ ᠬᠠᠮᠢᠶ᠎ᠠ ᠪᠦᠬᠦᠢ ᠰᠠᠯᠠᠭ᠎ᠠ | ᠮᠦᠴᠢᠷ ᠤᠨ ᠬᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯᠳᠠ ᠶᠤᠰᠤᠭᠠᠷ ᠦᠪᠠᠷ ᠦᠪᠠᠷ ᠤᠨ ᠡᠬᠦᠷᠭᠡ | ᠬᠠᠷᠢᠭᠤᠴᠠᠯᠭ᠎ᠠ ᠪᠠᠨ ᠬᠦᠢᠴᠡᠳᠭᠡᠵᠤ᠂ ᠨᠢᠬᠳᠠ ᠬᠠᠮᠵᠢᠯᠴᠠᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ | ᠠᠬᠢᠭᠤᠯᠬᠤ ᠨᠠᠶᠢᠯᠠᠮᠠᠯ ᠬᠦᠴᠦᠨ ᠢ ᠪᠦᠷᠢᠯᠳᠦᠬᠦᠯᠦᠨ᠎ᠡ᠃ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠨᠢ ᠲᠤᠬᠠᠢ ᠶᠢᠨ ᠭᠠᠵᠠᠷ ᠤᠷᠤᠨ ᠤ ᠪᠠᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠶᠠᠷᠦᠩᠭᠡᠢ | ᠬᠠᠷᠢᠭᠤᠴᠠᠯᠭ᠎ᠠ ᠶᠢ ᠡᠭᠦᠷᠭᠡᠯᠡᠵᠦ᠂ ᠬᠠᠷᠠᠭᠠᠯᠵᠠᠭᠰᠠᠨ ᠠᠵᠢᠯᠤ ᠤᠨ ᠲᠤᠭᠳᠠᠴᠠ ᠶᠢᠤᠪᠦᠷᠢᠨᠰᠢᠬᠦᠯᠦᠨ | ᠳᠡᠬᠦᠯᠳᠡᠷᠵᠢᠬᠦᠯᠵᠦ᠂ ᠡᠯ᠎ᠡ ᠳᠦᠷᠦᠯ ᠤᠨ ᠠᠵᠢᠯ ᠢ ᠨᠠᠶᠢᠳᠠᠪᠤᠷᠢᠵᠢᠭᠤᠯᠬᠤ ᠶᠢ ᠢᠳᠡᠪᠬᠢᠳᠡᠢ ᠠᠬᠢᠭᠤᠯᠤᠨ᠎ᠠ᠃ ᠡᠯ᠎ᠡ | ᠭᠠᠵᠠᠷ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠳᠤᠰ ᠰᠠᠨᠠᠯ ᠢ ᠭᠡᠷᠡᠭᠵᠢᠬᠦᠯᠬᠦ ᠱᠠᠭᠠᠷᠳᠠᠯᠭ᠎ᠠ | ᠶᠤᠰᠤᠭᠠᠷ ᠡᠯ᠎ᠡ ᠬᠦᠷᠢᠶ᠎ᠠ ᠬᠡᠪᠴᠢᠶᠡᠨ ᠳᠠᠬᠢ ᠲᠤᠰᠬᠠᠢ ᠳᠦᠯᠦᠪᠵᠢᠬᠦᠯᠭᠡ ᠪᠠ ᠪᠦᠬᠦ ᠵᠢᠯ ᠤᠨ ᠠᠵᠢᠯ ᠢ ᠠᠬᠢᠭᠤᠯᠬᠤ | ᠳᠦᠯᠦᠪᠯᠡᠯᠭᠡ ᠶᠢ ᠳᠤᠭᠳᠠᠭᠠᠵᠤ᠂ ᠪᠦᠬᠦ ᠵᠢᠯ ᠤᠨ ᠠᠵᠢᠯ ᠢ ᠠᠬᠢᠭᠤᠯᠬᠤ ᠳᠦᠯᠦᠪᠯᠡᠯᠭᠡ ᠶᠢ ᠡᠮᠦᠨ᠎ᠠ ᠵᠢᠯ ᠤᠨ ᠬᠢᠨᠢ | ᠵᠢᠯ ᠤᠨ ᠡᠴᠦᠰ ᠠᠴᠠ ᠡᠮᠦᠨ᠎ᠡ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠠ ᠶᠢᠨ ᠵᠦᠪᠯᠡᠯ ᠳᠤ ᠮᠡᠳᠡᠬᠦᠯᠦᠨ᠎ᠠ᠃ ᠪᠦᠬᠦ ᠵᠢᠯ ᠤᠨ ᠠᠵᠢᠯ ᠢ ᠠᠬᠢᠭᠤᠯᠬᠤ ᠳᠦᠯᠦᠪᠯᠡᠯᠭᠡ ᠪᠠᠨ | ᠪᠡᠶᠡᠯᠡᠬᠦᠯᠦᠭᠰᠡᠨ ᠪᠠᠶᠢᠳᠠᠯ ᠢ ᠡᠯ᠎ᠡ ᠱᠠᠳᠤᠨ ᠤ ᠵᠠᠰᠠᠭ ᠤᠨ ᠤᠷᠳᠤᠨ ᠪᠤᠯᠤᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠪᠤᠳᠠᠳᠠᠢ ᠬᠢᠨᠡᠨ ᠦᠨᠡᠯᠡᠬᠦ ᠰᠢᠰᠲ᠋ᠧᠮ ᠳᠤ ᠤᠷᠤᠭᠤᠯᠤᠨ᠎ᠠ᠃ | ︵ᠬᠤᠶᠠᠷ︶ ᠳᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ᠦᠪᠡᠷᠳᠡᠭᠡᠨ ᠵᠠᠰᠠᠬᠤ | ᠤᠷᠤᠨ ᠠᠴᠠ ᠨᠡᠭᠡᠭᠡᠨ ᠬᠦᠭᠵᠢᠬᠦᠯᠬᠦ ᠶᠢ ᠬᠢᠵᠠᠭᠠᠷᠯᠠᠬᠰᠠᠨ ᠤᠷᠤᠨ ᠪᠦᠰᠡ ᠶᠢᠨ ᠦᠨᠳᠦᠰᠦᠨ ᠱᠠᠳᠤᠨ ᠤ ᠵᠠᠰᠠᠭ ᠤᠨ | ᠤᠷᠳᠤᠨ ᠤ ᠤᠯᠠᠨ ᠨᠡᠶᠢᠳᠡ ᠶᠢᠨ ᠬᠠᠮᠢᠶᠠᠷᠤᠯᠳᠠ ᠶᠠᠪᠤᠭᠤᠯᠬᠤ᠂ ᠤᠯᠠᠨ ᠨᠡᠶᠢᠳᠡ ᠶᠢᠨ ᠦᠨᠳᠦᠰᠦᠨ ᠦᠢᠯᠡᠴᠢᠯᠡᠭᠡ | ᠬᠠᠨᠭ᠍ᠭᠠᠬᠤ ᠪᠠ ᠠᠷᠠᠳ ᠤᠨ ᠠᠮᠢᠳᠤᠷᠠᠯ ᠤᠨ ᠡᠯ᠎ᠡ ᠳᠦᠷᠦᠯ ᠤᠨ ᠳᠦᠷᠦ ᠶᠢᠨ ᠪᠤᠳᠤᠯᠭ᠎ᠠ ᠶᠢ ᠨᠡᠶᠢᠳᠡᠪᠤᠷᠢᠵᠢᠭᠤᠯᠬᠤ | ᠴᠢᠳᠠᠪᠤᠷᠢ ᠶᠢ ᠭᠤᠤᠯᠳᠠᠯᠭ᠎ᠠ ᠲᠠᠢ ᠴᠢᠩᠭᠠᠳᠬᠠᠵᠦ᠂ ᠨᠡᠭᠡᠭᠡᠨ ᠬᠦᠭᠵᠢᠬᠦᠯᠬᠦ ᠶᠢ ᠬᠢᠵᠠᠭᠠᠷᠯᠠᠬᠰᠠᠨ ᠤᠷᠤᠨ ᠪᠦᠰᠡ ᠶᠢᠨ | ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠪᠤᠯᠤᠨ ᠤᠯᠠᠨ ᠨᠡᠶᠢᠳᠡ ᠶᠢᠨ ᠦᠨᠳᠦᠰᠦᠨ | ᠦᠢᠯᠡᠴᠢᠯᠡᠭᠡ ᠶᠢᠨ ᠳᠦᠪᠰᠢᠨ ᠢ ᠢᠳᠡᠭ ᠢᠳᠡᠭ ᠢᠶᠠᠷ ᠪᠦᠬᠦ ᠤᠷᠤᠨ ᠤ ᠳᠤᠮᠳᠠᠴᠢ ᠳᠦᠪᠰᠢᠨ ᠳᠤ ᠬᠦᠷᠭᠡᠨ᠎ᠡ᠃ | ᠠᠮᠢ ᠠᠬᠤᠢ ᠤᠷᠴᠢᠨ ᠳᠤᠭᠤᠷᠢᠨ ᠤ ᠨᠦᠬᠦᠪᠤᠷᠢ ᠶᠢᠨ ᠬᠦᠴᠦᠨ ᠵᠦᠢᠯ ᠢ ᠨᠡᠮᠡᠭᠳᠡᠬᠦᠯᠵᠦ᠂ ᠦᠪᠡᠷᠳᠡᠭᠡᠨ ᠵᠠᠰᠠᠬᠤ | ᠤᠷᠤᠨ ᠤ ᠭᠤᠤᠯᠳᠠᠯᠭ᠎ᠠ ᠲᠠᠢ ᠠᠮᠢ ᠠᠬᠤᠢ ᠶᠢᠨ ᠦᠢᠯᠡᠳᠤᠯ ᠴᠢᠳᠠᠪᠬᠢᠳᠤ ᠤᠷᠤᠨ ᠳᠤ ᠰᠢᠯᠵᠢᠬᠦᠯᠦᠨ ᠦᠭᠬᠦ | ᠡᠷᠴᠢᠮ ᠢ ᠴᠢᠩᠭᠠᠷᠠᠭᠤᠯᠤᠨ᠎ᠠ᠃ ᠠᠮᠢ ᠠᠬᠤᠢ ᠤᠷᠴᠢᠨ ᠳᠤᠭᠤᠷᠢᠨ ᠤ ᠠᠰᠢᠭ ᠢ ᠬᠦᠷᠳᠡᠭᠰᠡᠨ ᠭᠠᠵᠠᠷ ᠤᠷᠤᠨ ᠠᠴᠠ | ᠭᠤᠤᠯᠳᠠᠯᠭ᠎ᠠ ᠲᠠᠢ ᠠᠮᠢ ᠠᠬᠤᠢ ᠶᠢᠨ ᠦᠢᠯᠡᠳᠤᠯ ᠴᠢᠳᠠᠪᠬᠢᠳᠤ ᠤᠷᠤᠨ ᠳᠤ ᠳᠡᠮᠵᠢᠯᠭᠡ ᠦᠵᠡᠬᠦᠯᠬᠦ ᠲᠤᠭᠳᠠᠴᠠ ᠶᠢ | ᠪᠠᠶᠢᠭᠤᠯᠵᠤ᠂ ᠪᠡᠯᠡ ᠮᠦᠡᠭᠬᠦ ᠶᠢᠨ ᠨᠦᠬᠦᠪᠦᠷᠢ᠂ ᠬᠠᠨᠳᠤᠯᠭ᠎ᠠ ᠲᠠᠢ ᠪᠠᠷ ᠲᠤᠰᠠᠯᠠᠨ ᠳᠡᠮᠵᠢᠬᠦ᠂ ᠠᠵᠢᠯ ᠲᠦᠷᠦᠯ ᠢᠶᠠᠷ | ᠲᠠᠮᠵᠢᠬᠦ ᠵᠡᠷᠭᠡ ᠤᠯᠠᠨ ᠳᠦᠷᠦᠯ ᠤᠨ ᠬᠡᠯᠪᠡᠷᠢ ᠪᠠᠷ ᠨᠦᠬᠦᠪᠤᠷᠢ ᠦᠭᠭᠦᠨ᠎ᠠ᠃ ᠦᠪᠡᠷᠳᠡᠭᠡᠨ ᠵᠠᠰᠠᠬᠤ ᠤᠷᠤᠨ ᠤ | ᠳᠦᠰᠦᠪ ᠤᠨ ᠲᠤᠳᠤᠷᠠᠬᠢ ᠪᠠᠯᠠ ᠤᠷᠤᠭᠤᠯᠤᠯᠳᠠ ᠶᠢ ᠭᠤᠤᠯᠳᠠᠭᠤ ᠠᠮᠢ ᠠᠬᠤᠢ ᠶᠢ ᠰᠡᠷᠭᠦᠭᠡᠬᠦ᠂ ᠤᠷᠴᠢᠨ | ᠳᠤᠭᠤᠷᠢᠨ ᠢ ᠬᠠᠮᠠᠭᠠᠯᠠᠬᠤ᠂ ᠰᠠᠭᠤᠷᠢ ᠳᠦᠬᠦᠭᠡᠷᠦᠮᠵᠢ ᠪᠤᠯᠤᠨ ᠨᠡᠶᠢᠭᠡᠮ ᠤᠨ ᠪᠠᠳᠤᠯᠠᠪᠤᠷᠢ ᠵᠡᠷᠭᠡ ᠠᠷᠠᠳ ᠤᠨ | ᠠᠮᠢᠳᠤᠷᠠᠯ ᠤᠨ ᠢᠨᠵᠧᠨᠧᠷᠢᠩ ᠳᠤ ᠬᠡᠷᠡᠭᠯᠡᠨ᠎ᠠ᠃ ᠡᠯ᠎ᠡ ᠲᠦᠷᠦᠯ ᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠳᠠ | ᠪᠤᠯᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠳᠤᠰᠬᠠᠢ ᠪᠠᠯᠠ ᠮᠦᠡᠭᠬᠦ ᠶᠢ ᠨᠡᠶᠢᠳᠭᠡᠵᠦ᠂ ᠪᠤᠬᠢᠷᠳᠤᠯᠦᠭᠡᠢ | ᠬᠦᠭᠵᠢᠯᠳᠡ ᠶᠢᠨ ᠰᠠᠭᠤᠷᠢ ᠮᠦᠡᠭᠬᠦ ᠭᠠᠷᠭᠠᠬᠤ ᠶᠢ ᠠᠬᠢᠭᠤᠯᠤᠨ᠎ᠠ᠃ | ︵ᠭᠤᠷᠪᠠ︶ ᠬᠠᠷᠢᠭᠤᠴᠠᠯᠭ᠎ᠠ ᠶᠢᠨ ᠬᠢᠨᠠᠨ ᠰᠢᠯᠭᠠᠯᠳᠠ ᠶᠢ ᠴᠢᠩᠭᠠᠳᠬᠠᠨ᠎ᠠ᠃ ︽ᠤᠳᠤᠷᠢᠳᠬᠤ ᠺᠠᠳ᠋ᠷ ᠲᠤ | ᠲᠤᠰᠢᠶᠠᠯ ᠠᠴᠠ ᠪᠠᠨ ᠰᠠᠯᠬᠤ ᠦᠶᠡᠰ ᠪᠠᠶᠢᠭᠠᠯᠢ ᠶᠢᠨ ᠡᠬᠢ ᠪᠠᠶᠠᠯᠢᠭ ᠤᠨ ᠬᠦᠷᠦᠩᠭᠡ ᠶᠢᠨ ᠬᠢᠨᠠᠨ ᠪᠤᠳᠤᠯᠳᠠ | ᠦᠷᠨᠢᠬᠦᠯᠬᠦ ᠲᠤᠬᠠᠢ ᠲᠤᠷᠰᠢᠯᠳᠠ ᠶᠢᠨ ᠴᠢᠭ᠋ ᠤᠨ ᠲᠦᠰᠦᠯ︾ ᠪᠤᠯᠤᠨ ︽ᠨᠠᠮ ᠵᠠᠰᠠᠭ ᠤᠨ ᠤᠳᠤᠷᠢᠳᠬᠤ | ᠺᠠᠳ᠋ᠷ ᠠᠴᠠ ᠠᠮᠢ ᠠᠬᠤᠢ ᠶᠢᠨ ᠤᠷᠴᠢᠨ ᠲᠤᠭᠤᠷᠢᠨ ᠤ ᠬᠤᠬᠢᠷᠠᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ︵ | ᠲᠤᠷᠰᠢᠨ ᠬᠡᠷᠡᠭᠵᠢᠬᠦᠯᠬᠦ︶︾ ᠶᠢ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠵᠤ᠂ ᠤᠳᠤᠷᠢᠳᠬᠤ ᠺᠠᠳ᠋ᠷ ᠲᠤ | ᠲᠤᠰᠢᠶᠠᠯ ᠠᠴᠠ ᠪᠠᠨ ᠰᠠᠯᠬᠤ ᠦᠶᠡᠰ ᠪᠠᠶᠢᠭᠠᠯᠢ ᠶᠢᠨ ᠡᠬᠢ ᠪᠡᠶᠠᠯᠢᠭ ᠤᠨ ᠬᠦᠷᠦᠩᠬᠡ ᠶᠢᠨ ᠬᠢᠨᠠᠨ ᠪᠤᠳᠤᠯᠳᠠ ᠬᠢᠬᠦ | ᠪᠠ ᠠᠮᠢ ᠠᠬᠤᠢ ᠤᠷᠴᠢᠨ ᠲᠤᠭᠤᠷᠢᠨ ᠳᠤ ᠬᠤᠬᠢᠷᠠᠯ ᠤᠴᠠᠷᠠᠭᠤᠯᠤᠬᠰᠠᠨ ᠬᠠᠷᠢᠭᠤᠴᠠᠯᠭ᠎ᠠ ᠨᠡᠬᠡᠮᠵᠢᠯᠡᠬᠦ ᠶᠢ | ᠴᠢᠩᠭᠠᠳᠬᠠᠵᠤ᠂ ᠰᠢᠢᠳᠪᠦᠷᠢᠳᠤ ᠪᠤᠳᠤᠯᠭ᠎ᠠ ᠶᠢᠨ ᠠᠯᠳᠠᠭ᠎ᠠ ᠠᠴᠠ ᠪᠤᠯᠤᠬᠰᠠᠨ ᠪᠤᠶᠤ ᠡᠰᠡᠬᠦᠯ᠎ᠡ ᠲᠤᠰᠢᠶᠠᠯ ᠳᠠᠭᠠᠨ | ᠤᠰᠤᠯᠳᠠᠵᠤ ᠲᠤᠰᠢᠶᠠᠯ ᠢᠶᠠᠨ ᠭᠤᠳᠤᠭᠠᠬᠰᠠᠨ ᠠᠴᠠ ᠪᠤᠯᠤᠭᠠᠳ ᠠᠮᠢ ᠠᠬᠤᠢ ᠤᠷᠴᠢᠨ ᠲᠤᠭᠤᠷᠢᠨ ᠳᠤ ᠬᠤᠬᠢᠷᠠᠯ | ᠤᠴᠠᠷᠠᠭᠤᠯᠤᠬᠰᠠᠨ ᠪᠠᠶᠢᠪᠠᠯ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠠᠨ᠎ᠠ᠃ ᠬᠦᠯᠦᠨ ᠪᠤᠶᠢᠷ ᠬᠤᠳᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠬᠦᠷᠦᠩᠬᠡ ᠶᠢᠨ ᠦᠷᠢᠳᠤᠯ ᠤᠨ ᠬᠦᠰᠦᠨᠦᠭᠳᠤ ᠶᠢ ᠨᠠᠶᠢᠷᠠᠭᠤᠯᠤᠨ ᠲᠤᠭᠳᠠᠭᠠᠭᠰᠠᠨ | ᠲᠤᠷᠰᠢᠯᠳᠠ ᠶᠢᠨ ᠴᠢᠭ᠋ ᠪᠤᠯᠤᠨ ᠤᠳᠤᠷᠢᠳᠬᠤ ᠺᠠᠳ᠋ᠷ ᠲᠤ ᠲᠤᠰᠢᠶᠠᠯ ᠠᠴᠠ ᠪᠠᠨ ᠰᠠᠯᠬᠤ ᠦᠶᠡᠰ ᠪᠠᠶᠢᠭᠠᠯᠢ ᠶᠢᠨ ᠡᠬᠢ | ᠪᠠᠶᠠᠯᠢᠭ ᠤᠨ ᠬᠦᠷᠦᠩᠬᠡ ᠶᠢᠨ ᠬᠢᠨᠠᠨ ᠪᠤᠳᠤᠯᠳᠠ ᠬᠢᠬᠦ ᠲᠤᠷᠰᠢᠯᠳᠠ ᠶᠢᠨ ᠴᠢᠭ᠋ ᠤᠨ ᠲᠤᠷᠰᠢᠯᠭ᠎ᠠ ᠶᠢ ᠴᠠᠭ | ᠲᠤᠬᠠᠢ ᠳᠤᠨᠢ ᠳ᠋ᠦᠩᠨᠡᠵᠤ᠂ ᠠᠭᠠᠵᠢᠮ ᠢᠶᠠᠷ ᠪᠦᠬᠦ ᠤᠷᠤᠨ ᠳᠤ ᠲᠦᠬᠡᠮᠡᠯᠵᠢᠬᠦᠯᠤᠨᠠ᠃ ᠠᠮᠢ ᠠᠬᠤᠢ ᠶᠢᠨ | ᠪᠤᠯᠪᠠᠰᠤᠨ ᠤ ᠪᠠᠶᠢᠭᠤᠯᠤᠯᠳᠠ ᠶᠢᠨ ᠬᠠᠷᠠᠯᠳᠠᠳᠤ ᠦᠨᠡᠯᠠᠨ ᠰᠢᠯᠭᠠᠬᠤ ᠠᠷᠭ᠎ᠠ ᠶᠢ ᠲᠤᠬᠳᠠᠭᠠᠵᠤ᠂ ᠡᠬᠢ ᠪᠠᠶᠠᠯᠢᠭ ᠤᠨ | ᠬᠤᠷᠤᠬᠳᠠᠭᠤᠯᠤᠯ᠂ ᠤᠷᠴᠢᠨ ᠲᠤᠭᠤᠷᠢᠨ ᠤ ᠬᠤᠬᠢᠷᠠᠯ᠂ ᠠᠮᠢ ᠠᠬᠤᠢ ᠶᠢᠨ ᠦᠷ᠎ᠠ ᠠᠰᠢᠭᠢ ᠠᠵᠤ ᠠᠬᠤᠢ | ᠨᠡᠶᠢᠬᠡᠮ ᠤᠨ ᠬᠦᠭᠵᠢᠯᠳᠠ ᠶᠢ ᠦᠨᠡᠯᠡᠬᠦ ᠰᠢᠰᠲ᠋ᠧᠮ ᠳᠤ ᠤᠷᠤᠭᠤᠯᠤᠨ᠎ᠠ᠃ ᠠᠳᠠᠯᠢ ᠪᠤᠰᠤ ᠤᠷᠤᠨ ᠪᠦᠰᠠ ᠶᠢᠨ | ᠭᠤᠤᠯ ᠴᠤᠬᠴᠠ ᠶᠢᠨ ᠦᠢᠯᠡᠳᠤᠯ ᠴᠢᠳᠠᠪᠬᠢ ᠶᠢᠨ ᠪᠠᠶᠢᠷᠢ ᠲᠤᠬᠳᠠᠭᠠᠯᠳᠠ ᠶᠢ ᠦᠨᠳᠦᠰᠦᠯᠡᠵᠤ᠂ ᠠᠵᠢᠯ ᠤᠨ ᠬᠢᠷᠢ | ᠪᠦᠳᠦᠮᠵᠢ ᠳᠤ ᠵᠦᠷᠢᠶᠡᠴᠢᠯᠡᠭᠰᠡᠨ ᠦᠨᠡᠯᠡᠨ ᠰᠢᠯᠭᠠᠯᠳᠠ ᠶᠢ ᠬᠡᠷᠡᠭᠵᠢᠬᠦᠯᠦᠨ᠎ᠠ᠃ ᠡᠯ᠎ᠠ ᠱᠠᠳᠤᠨ ᠤ ᠤᠳᠤᠷᠢᠳᠬᠤ | ᠺᠠᠳ᠋ᠷᠴᠤᠳ ᠢ ᠬᠢᠨᠠᠨ ᠰᠢᠯᠭᠠᠵᠤ ᠦᠨᠡᠯᠡᠬᠦ ᠰᠢᠰᠲ᠋ᠧᠮ ᠢ ᠲᠡᠬᠦᠯᠳᠡᠷᠵᠢᠬᠦᠯᠤᠨ ᠠᠮᠢ ᠠᠬᠤᠢ᠂ ᠤᠷᠴᠢᠨ ᠲᠤᠭᠤᠷᠢᠨ | ᠵᠡᠷᠬᠡ ᠬᠦᠢᠴᠡᠳᠬᠡᠬᠦ ᠲᠤᠭ᠎ᠠ ᠶᠢᠨ ᠬᠢᠨᠠᠨ ᠰᠢᠯᠭᠠᠬᠤ ᠰᠢᠰᠲ᠋ᠧᠮ ᠳᠠᠬᠢ ᠬᠦᠨᠳᠤ ᠶᠢᠨ ᠵᠢᠩ ᠢ ᠨᠡᠮᠡᠭᠳᠡᠬᠦᠯᠵᠤ᠂ ᠬᠢᠨᠠᠨ | ᠰᠢᠯᠭᠠᠬᠰᠠᠨ ᠦᠷ᠎ᠠ ᠳ᠋ᠦᠩ ᠤᠨ ᠠᠰᠢᠬᠯᠠᠯᠳᠠ ᠶᠢ ᠴᠢᠩᠭᠠᠳᠬᠠᠵᠤ᠂ ᠨᠡᠬᠡᠬᠡᠨ ᠬᠦᠭᠵᠢᠬᠦᠯᠬᠦ ᠶᠢ ᠬᠢᠵᠠᠭᠠᠷᠯᠠᠭᠰᠠᠨ | ᠤᠷᠤᠨ ᠪᠦᠰᠡ ᠪᠤᠯᠤᠨ ᠤᠯᠤᠰ ᠤᠨ ᠶᠠᠳᠠᠭᠤ ᠶᠢ ᠲᠡᠳᠬᠦᠨ ᠨᠡᠬᠡᠬᠡᠨ ᠬᠦᠭᠵᠢᠬᠦᠯᠬᠦ ᠭᠤᠤᠯᠳᠠᠯᠭ᠎ᠠ ᠪᠤᠯᠤᠭᠰᠠᠨ ᠠᠮᠢ | ᠠᠬᠤᠢ ᠬᠡᠪᠡᠷᠡᠭ ᠬᠤᠰᠢᠭᠤ ᠰᠢᠶᠠᠨ ᠤ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠢ ᠬᠢᠨᠠᠨ | ᠰᠢᠯᠭᠠᠬᠤ ᠬᠦᠢᠴᠡᠳᠬᠡᠬᠦ ᠲᠤᠭ᠎ᠠ ᠶᠢ ᠠᠭᠠᠵᠢᠮ ᠢᠶᠠᠷ ᠬᠦᠴᠦᠨ ᠦᠬᠡᠢ ᠪᠤᠯᠭᠠᠨ᠎ᠠ᠃ | ︵ᠲᠦᠷᠪᠡ︶ ᠤᠷᠴᠢᠨ ᠲᠤᠭᠤᠷᠢᠨ ᠤ ᠠᠶᠤᠯ ᠲᠦᠭᠰᠢᠬᠦᠷᠢ ᠶᠢ ᠰᠡᠷᠬᠡᠶᠢᠯᠡᠨ ᠡᠵᠡᠮᠳᠡᠬᠦ ᠪᠠ ᠬᠠᠦᠯᠢ | ᠬᠡᠷᠡᠭᠵᠢᠬᠦᠯᠬᠦ ᠳᠤ ᠬᠢᠨᠠᠯᠳᠠ ᠲᠠᠯᠪᠢᠬᠤ ᠶᠢ ᠴᠢᠩᠭᠠᠳᠬᠠᠨ᠎ᠠ᠃ ᠤᠯᠤᠰ ᠤᠨ ᠨᠢᠬᠡᠳᠦᠯᠳᠡᠢ ᠪᠠᠶᠢᠷᠢᠯᠠᠭᠤᠯᠤᠯᠳᠠ | ᠶᠤᠰᠤᠭᠠᠷ ᠦᠪᠡᠷᠳᠡᠬᠡᠨ ᠵᠠᠰᠠᠬᠤ ᠤᠷᠤᠨ ᠤ ᠱᠠᠳᠤᠨ ᠠᠴᠠ ᠲᠤᠷᠤᠬᠰᠢᠬᠢ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠪᠠᠶᠢᠭᠤᠯᠤᠮᠵᠢ ᠶᠢᠨ ᠬᠢᠨᠠᠨ ᠰᠢᠯᠭᠠᠵᠤ ᠬᠢᠨᠠᠨ ᠪᠠᠶᠢᠴᠠᠭᠠᠬᠤ ᠬᠠᠦᠯᠢ ᠬᠡᠷᠡᠭᠵᠢᠬᠦᠯᠬᠦ ᠶᠢ ᠰᠢᠭᠤᠳ ᠬᠠᠮᠢᠶᠠᠷᠬᠤ | ᠲᠦᠷᠢᠮ ᠢ ᠬᠡᠷᠡᠭᠵᠢᠬᠦᠯᠵᠤ᠂ ᠲᠤᠰᠠᠭᠠᠷ ᠨᠢᠬᠡᠳᠦᠯᠳᠡᠢ ᠤᠷᠴᠢᠨ ᠲᠤᠭᠤᠷᠢᠨ ᠤ ᠬᠢᠨᠠᠨ ᠬᠠᠮᠢᠶᠠᠷᠤᠯᠳᠠ ᠶᠢᠨ | ᠰᠢᠰᠲ᠋ᠧᠮ ᠢ ᠪᠠᠶᠢᠭᠤᠯᠤᠨ᠎ᠠ᠃ ᠭᠤᠤᠯᠳᠠᠯᠭ᠎ᠠ ᠲᠠᠢ ᠭᠠᠵᠠᠷ ᠤᠷᠤᠨ ᠳᠤ ᠤᠷᠤᠨ ᠪᠦᠰᠡ ᠠᠯᠤᠰᠯᠠᠬᠰᠠᠨ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠪᠠᠶᠢᠭᠤᠯᠤᠮᠵᠢ ᠶᠢ ᠪᠠᠶᠢᠭᠤᠯᠬᠤ ᠶᠢ ᠰᠦᠪᠡᠭᠴᠢᠯᠡᠨ᠎ᠠ᠃ ᠭᠠᠮᠰᠢᠭ ᠢ ᠪᠠᠶᠢᠴᠠᠭᠠᠨ | ᠰᠤᠳᠤᠯᠵᠤ ᠦᠨᠡᠯᠡᠬᠦ᠂ ᠬᠢᠨᠠᠨ ᠰᠢᠯᠭᠠᠵᠤ ᠤᠷᠢᠳᠴᠢᠯᠡᠨ ᠰᠡᠷᠡᠮᠵᠢᠯᠡᠬᠦᠯᠬᠦ᠂ ᠰᠡᠷᠬᠡᠶᠢᠯᠡᠨ ᠵᠠᠰᠬᠠᠤ ᠪᠤᠯᠤᠨ ᠪᠠᠴᠢᠮ | ᠪᠠᠶᠢᠳᠠᠯ ᠢ ᠠᠷᠭᠠᠴᠠᠬᠤ ᠵᠡᠷᠬᠡ ᠭᠠᠮᠰᠢᠭ ᠢ ᠰᠡᠷᠬᠡᠶᠢᠯᠡᠵᠤ ᠭᠠᠮᠰᠢᠭ ᠢ ᠪᠠᠭᠠᠰᠬᠠᠬᠤ ᠰᠢᠰᠲ᠋ᠧᠮ ᠢ ᠲᠦᠷᠬᠡᠳᠭᠡᠨ | ᠪᠠᠶᠢᠭᠤᠯᠤᠨ᠎ᠠ᠃ ᠬᠢᠮᠢ ᠶᠢᠨ ᠪᠤᠳᠠᠰ᠂ ᠪᠠᠶᠢᠩᠭᠤ ᠶᠢᠨ ᠴᠢᠨᠠᠷᠳᠠᠢ ᠤᠷᠭᠠᠨᠢᠭ ᠪᠤᠬᠢᠷᠳᠤᠯ ᠪᠤᠳᠠᠰ᠂ ᠠᠶᠤᠯᠳᠠᠢ | ᠬᠠᠶᠠᠬᠳᠠᠮᠠᠯ ᠪᠤᠳᠠᠰ ᠵᠡᠷᠬᠡ ᠤᠷᠴᠢᠨ ᠲᠤᠭᠤᠷᠢᠨ ᠤ ᠠᠶᠤᠯ ᠲᠦᠭᠰᠢᠬᠦᠷᠢ ᠶᠢ ᠰᠡᠷᠬᠡᠶᠢᠯᠡᠬᠦ ᠪᠤᠯᠤᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠳᠠ ᠶᠢᠨ ᠠᠵᠢᠯ ᠤᠨ ᠲᠤᠬᠳᠠᠴᠠ ᠶᠢ ᠪᠠᠶᠢᠭᠤᠯᠤᠨ ᠲᠡᠬᠦᠯᠳᠡᠷᠵᠢᠬᠦᠯᠦᠨ᠎ᠠ᠃ ᠲᠦᠪ ᠤᠨ ︽ | ᠠᠮᠢ ᠠᠬᠤᠢ ᠤᠷᠴᠢᠨ ᠲᠤᠭᠤᠷᠢᠨ ᠤ ᠬᠢᠨᠠᠨ ᠰᠢᠯᠭᠠᠬᠤ ᠲᠤᠤᠷ ᠰᠦᠯᠵᠢᠶ᠎ᠠ ᠶᠢᠨ ᠪᠦᠳᠦᠬᠡᠨ ᠪᠠᠶᠢᠭᠤᠯᠤᠯᠳᠠ ᠶᠢᠨ | ᠲᠦᠰᠦᠯ︾ ᠪᠤᠯᠤᠨ ︽ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠨ ᠪᠠᠶᠢᠴᠠᠭᠠᠬᠤ ᠲᠦᠰᠦᠯ ︵ᠲᠤᠷᠰᠢᠨ | ᠬᠡᠷᠡᠭᠵᠢᠬᠦᠯᠬᠦ︶︾ ᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠤ᠂ ᠤᠯᠤᠰ ᠤᠨ ᠭᠠᠵᠠᠷ ᠰᠢᠷᠦᠢ ᠶᠢᠨ ᠤᠷᠤᠨ ᠵᠠᠢ ᠡᠬᠢ | ᠪᠠᠶᠠᠯᠢᠭ ᠤᠷᠴᠢᠨ ᠲᠤᠭᠤᠷᠢᠨ ᠤ ᠲᠠᠭᠠᠭᠠᠬᠤ ᠴᠢᠳᠡᠪᠦᠷᠢ ᠶᠢ ᠶᠡᠷᠦᠩᠬᠡᠶᠢᠯᠡᠨ ᠦᠨᠡᠯᠡᠬᠦ ᠬᠦᠢᠴᠡᠳᠬᠡᠬᠦ ᠲᠤᠭ᠎ᠠ ᠶᠢᠨ | ᠰᠢᠰᠲ᠋ᠧᠮ ᠪᠤᠯᠤᠨ ᠬᠦᠳᠡᠯᠦᠩᠬᠦᠢ ᠪᠠᠷ ᠬᠢᠨᠠᠨ ᠰᠢᠯᠭᠠᠵᠤ ᠤᠷᠢᠳᠴᠢᠯᠡᠨ ᠰᠡᠷᠡᠮᠵᠢᠯᠡᠬᠦᠯᠬᠦ ᠲᠤᠬᠳᠠᠴᠠ ᠶᠢ ᠪᠠᠶᠢᠭᠤᠯᠵᠤ | ᠂ ᠤᠯᠠᠨ ᠰᠠᠯᠠᠭ᠎ᠠ ᠮᠦᠴᠢᠷ ᠤᠨ ᠬᠢᠨ ᠭᠠᠵᠠᠷ ᠤᠷᠤᠨ ᠠᠯᠤᠰᠯᠠᠨ ᠬᠠᠮᠳᠤᠷᠠᠨ ᠵᠤᠬᠢᠴᠠᠭᠤᠯᠵᠤ ᠬᠢᠨᠠᠨ ᠰᠢᠯᠭᠠᠵᠤ | ᠤᠷᠢᠳᠴᠢᠯᠡᠨ ᠰᠡᠷᠡᠮᠵᠢᠯᠡᠬᠦᠯᠬᠦ ᠰᠢᠰᠲ᠋ᠧᠮ ᠢ ᠪᠦᠷᠢᠯᠳᠦᠬᠦᠯᠦᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠤᠷᠴᠢᠨ ᠲᠤᠭᠤᠷᠢᠨ ᠢ ᠬᠠᠮᠠᠭᠠᠯᠠᠵᠤ ᠬᠠᠮᠢᠶᠠᠷᠬᠤ ᠡᠬᠦᠷᠬᠡ ᠬᠠᠷᠢᠭᠤᠴᠠᠯᠭ᠎ᠠ ᠶᠢ ᠲᠤᠳᠤᠷᠬᠠᠢᠢᠯᠠᠨ᠎ᠠ᠃ ᠦᠨᠳᠦᠰᠦᠨ | ᠱᠠᠳᠤᠨ ᠤ ᠬᠢᠨᠠᠨ ᠬᠠᠮᠢᠶᠠᠷᠤᠯᠳᠠ ᠶᠢᠨ ᠴᠢᠳᠡᠪᠦᠷᠢ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ | ᠤᠷᠤᠨ ᠪᠦᠰᠡ ᠪᠠ ᠰᠠᠯᠠᠭ᠎ᠠ ᠮᠦᠴᠢᠷ ᠠᠯᠤᠰᠯᠠᠬᠰᠠᠨ ᠠᠮᠢ ᠠᠬᠤᠢ ᠤᠷᠴᠢᠨ ᠲᠤᠭᠤᠷᠢᠨ ᠤ ᠬᠤᠬᠢᠷᠠᠭᠤᠯᠤᠯ ᠪᠠ | ᠪᠤᠬᠢᠷᠳᠤᠯ ᠢ ᠬᠤᠯᠪᠤᠭᠠᠯᠠᠨ ᠰᠡᠷᠬᠡᠶᠢᠯᠡᠵᠤ ᠬᠤᠯᠪᠤᠭᠠᠯᠠᠨ ᠬᠢᠵᠠᠭᠠᠷᠯᠠᠬᠤ ᠲᠤᠬᠳᠠᠴᠠ ᠶᠢ ᠪᠠᠶᠢᠭᠤᠯᠵᠤ᠂ ᠤᠢ ᠰᠢᠭᠤᠢ᠂ | ᠨᠤᠳᠤᠭ ᠪᠡᠯᠴᠢᠬᠡᠷ᠂ ᠤᠷᠴᠢᠨ ᠲᠤᠭᠤᠷᠢᠨ ᠤ ᠬᠠᠮᠠᠭᠠᠯᠠᠯᠳᠠ᠂ ᠤᠯᠤᠰ ᠤᠨ ᠭᠠᠵᠠᠷ ᠰᠢᠷᠦᠢ ᠡᠬᠢ ᠪᠡᠶᠡᠯᠢᠭ᠋᠂ | ᠤᠰᠤᠨ ᠠᠰᠢᠬᠯᠠᠯᠳᠠ᠂ ᠲᠤᠳᠤᠭᠠᠳᠤ ᠶᠢ ᠬᠠᠮᠠᠭᠠᠯᠠᠬᠤ ᠵᠡᠷᠬᠡ ᠰᠠᠯᠠᠭ᠎ᠠ ᠮᠦᠴᠢᠷ ᠪᠡ ᠪᠠᠶᠢᠭᠤᠯᠤᠯᠭ᠎ᠠ ᠨᠢᠬᠡᠴᠡ | ᠬᠠᠮᠳᠤᠷᠠᠨ ᠬᠠᠦᠯᠢ ᠬᠡᠷᠡᠭᠵᠢᠬᠦᠯᠵᠤ ᠬᠢᠨᠠᠨ ᠪᠠᠶᠢᠴᠠᠭᠠᠬᠤ ᠲᠤᠬᠳᠠᠴᠠ ᠶᠢ ᠪᠠᠶᠢᠭᠤᠯᠤᠨ᠂ ᠤᠷᠴᠢᠨ ᠲᠤᠭᠤᠷᠢᠨ ᠤ | ᠬᠠᠦᠯᠢ ᠠᠴᠠ ᠵᠦᠷᠢᠴᠡᠵᠤ ᠶᠡᠯ᠎ᠠ ᠬᠢᠭᠰᠡᠨ ᠠᠵᠢᠯᠯᠠᠭ᠎ᠠ ᠶᠢ ᠬᠠᠦᠯᠢ ᠶᠤᠰᠤᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠤ᠂ | ᠬᠢᠨᠠᠨ ᠬᠠᠮᠢᠶᠠᠷᠤᠯᠳᠠ ᠨᠢᠬᠡᠳᠦᠯᠳᠡᠢ᠂ ᠬᠠᠦᠯᠢ ᠬᠡᠷᠡᠭᠵᠢᠬᠦᠯᠦᠯᠳᠡ ᠲᠦᠪ ᠴᠢᠩᠭ᠎ᠠ᠂ ᠤᠯᠠᠨ ᠲᠠᠯ᠎ᠠ ᠶᠢᠨ ᠬᠢᠨᠢ | ᠤᠷᠤᠯᠴᠠᠬᠰᠠᠨ ᠤᠷᠴᠢᠨ ᠲᠤᠭᠤᠷᠢᠨ ᠢ ᠴᠡᠭᠴᠡᠯᠡᠨ ᠵᠠᠰᠬᠠᠤ ᠰᠢᠰᠲ᠋ᠧᠮ ᠢ ᠪᠠᠶᠢᠭᠤᠯᠤᠨ᠎ᠠ᠃ | ︵ᠲᠠᠪᠤ︶ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠢ ᠴᠡᠪᠡᠷᠯᠡᠨ ᠴᠡᠭᠴᠡᠯᠡᠵᠤ ᠲᠦᠷᠢᠮᠵᠢᠬᠦᠯᠦᠨ᠎ᠠ᠃ | ᠡᠯ᠎ᠠ ᠱᠠᠳᠤᠨ ᠤ ᠡᠯ᠎ᠠ ᠵᠦᠢᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠪᠦᠳᠦᠬᠡᠨ | ᠪᠠᠶᠢᠭᠤᠯᠤᠯᠳᠠ ᠶᠢ ᠠᠭᠠᠵᠢᠮ ᠢᠶᠠᠷ ᠲᠦᠷᠢᠮᠵᠢᠬᠦᠯᠵᠤ᠂ ᠤᠷᠴᠢᠨ ᠲᠤᠭᠤᠷᠢᠨ ᠢᠶᠠᠷ ᠰᠢᠭᠰᠢᠬᠦᠯᠬᠦ ᠲᠦᠷᠢᠮ ᠢ | ᠨᠠᠶᠢᠳᠠᠪᠦᠷᠢᠵᠢᠭᠤᠯᠵᠤ᠂ ᠬᠦᠷᠢᠶᠡᠯᠡᠩ ᠲᠤᠭᠤᠷᠢᠭ ᠤᠨ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠴᠡᠭᠴᠡᠯᠡᠯᠳᠡ ᠶᠢ | ᠦᠷᠨᠢᠬᠦᠯᠦᠨ᠎ᠠ᠃ ᠤᠷᠤᠭᠤᠯᠤᠨ ᠠᠪᠴᠢᠷᠠᠬᠰᠠᠨ ᠲᠦᠷᠦᠯ ᠵᠦᠢᠯ ᠢᠶᠠᠷ ᠴᠦᠬᠡᠨ᠂ ᠠᠵᠤ ᠠᠬᠤᠢ ᠳᠤ ᠦᠵᠡᠬᠦᠯᠦᠭᠰᠡᠨ | ᠬᠤᠪᠢ ᠨᠠᠮᠡᠷᠢ ᠪᠠᠷ ᠲᠤᠤᠷ᠎ᠠ᠂ ᠤᠷᠴᠢᠨ ᠲᠤᠭᠤᠷᠢᠨ ᠤ ᠪᠤᠬᠢᠷᠳᠤᠯ ᠢᠶᠠᠷ ᠶᠡᠭᠡ ︽ᠲᠤᠤᠷ᠎ᠠ᠂ ᠪᠠᠭ᠎ᠠ᠂ ᠲᠠᠷᠠᠬᠠᠢ︾ | ᠠᠵᠤ ᠦᠢᠯᠡᠳᠪᠦᠷᠢ ᠶᠢᠨ ᠬᠦᠷᠢᠶᠡᠯᠡᠩ ᠢ ᠭᠤᠤᠯᠳᠠᠯᠭ᠎ᠠ ᠲᠠᠢ ᠴᠡᠪᠡᠷᠯᠡᠨ ᠴᠡᠭᠴᠡᠯᠡᠵᠤ᠂ ᠪᠦᠳᠦᠬᠡᠨ | ᠪᠠᠶᠢᠭᠤᠯᠤᠯᠳᠠ ᠶᠢ ᠨᠢ ᠠᠯᠭᠤᠷᠯᠠᠭᠤᠯᠬᠤ᠂ ᠦᠢᠯᠡᠳᠦᠯ ᠬᠡᠷᠡᠭᠴᠡᠭᠡ ᠶᠢ ᠨᠢ ᠬᠤᠪᠢᠷᠠᠭᠤᠯᠬᠤ᠂ ᠨᠡᠶᠢᠳᠬᠡᠵᠤ ᠲᠡᠰ | ᠲᠡᠪᠰᠢᠬᠦᠯᠬᠦ᠂ ᠶᠡᠷᠦᠩᠬᠡᠶᠢᠯᠡᠨ ᠵᠠᠰᠠᠬᠤ ᠵᠡᠷᠬᠡ ᠠᠷᠭ᠎ᠠ ᠪᠠᠷ ᠲᠠᠮᠵᠢᠨ ᠠᠭᠠᠵᠢᠮ ᠢᠶᠠᠷ ᠬᠤᠪᠢᠷᠠᠭᠤᠯᠤᠨ ᠰᠢᠩᠬᠡᠬᠡᠨᠠ᠃ | ᠠᠮᠢ ᠠᠬᠤᠢ ᠬᠡᠪᠡᠷᠡᠭ ᠤᠷᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠲᠤ ︽ᠵᠠᠬ᠎ᠠ ᠲᠡᠯᠬᠡᠬᠦᠷ ᠢᠶᠠᠷ | ᠵᠢᠯᠤᠭᠤᠳᠤᠭᠤᠯᠬᠤ᠂ ᠵᠠᠰᠠᠭ ᠤᠨ ᠤᠷᠳᠤᠨ ᠠᠴᠠ ᠠᠬᠢᠭᠤᠯᠬᠤ᠂ ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠬᠦ᠂ | ᠠᠰᠢᠭ ᠲᠤᠰᠠ ᠪᠠᠨ ᠬᠠᠮᠳᠤᠪᠡᠷ ᠡᠳ᠋ᠯᠡᠬᠦ︾ ᠵᠠᠷᠴᠢᠮ ᠶᠤᠰᠤᠭᠠᠷ ᠬᠠᠮᠳᠤᠪᠡᠷ ᠪᠦᠳᠦᠬᠡᠨ ᠪᠠᠶᠢᠭᠤᠯᠬᠤ ᠪᠤᠶᠤ ᠡᠰᠡᠬᠦᠯ᠎ᠠ | ᠶᠠᠮᠠᠷ ᠨᠢᠬᠡᠨ ᠵᠠᠰᠠᠭ ᠵᠠᠬᠢᠷᠭᠠᠨ ᠤ ᠤᠷᠤᠨ ᠳᠤ ᠬᠠᠷᠢᠶᠠᠯᠠᠭᠳᠠᠬᠤ ᠪᠤᠯᠪᠠᠴᠦ ᠲᠤᠰ ᠵᠠᠰᠠᠭ ᠵᠠᠬᠢᠷᠭᠠᠨ ᠤ ᠤᠷᠤᠨ ᠲᠠᠢ | ᠵᠠᠬ᠎ᠠ ᠦᠯᠦ ᠨᠡᠶᠢᠯᠡᠬᠦ ᠭᠠᠵᠠᠷ ᠲᠤ ᠰᠢᠯᠵᠢᠬᠦᠯᠬᠦ ᠵᠡᠷᠬᠡ ᠬᠡᠯᠪᠡᠷᠢ ᠪᠠᠷ ᠵᠠᠰᠠᠭ ᠵᠠᠬᠢᠷᠭᠠᠨ ᠤ ᠤᠷᠤᠨ ᠪᠦᠰᠡ ᠠᠯᠤᠰᠯᠠᠨ | ᠰᠢᠯᠵᠢᠬᠦᠯᠬᠦ ᠶᠢ ᠬᠡᠷᠡᠭᠵᠢᠬᠦᠯᠦᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠤᠷᠴᠢᠨ ᠲᠤᠭᠤᠷᠢᠨ ᠢ | ᠬᠠᠮᠠᠭᠠᠯᠠᠬᠤ ᠰᠠᠭᠤᠷᠢ ᠴᠢᠳᠡᠪᠦᠷᠢ ᠪᠠ ᠤᠷᠴᠢᠨ ᠲᠤᠭᠤᠷᠢᠨ ᠤ ᠠᠮᠤᠷ ᠲᠦᠪᠰᠢᠨ ᠤ ᠬᠢᠨᠠᠨ ᠰᠢᠯᠭᠠᠵᠤ ᠬᠢᠨᠠᠨ | ᠡᠵᠡᠮᠳᠡᠬᠦ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠤ᠂ ᠪᠤᠬᠢᠷᠳᠤᠯ ᠭᠠᠳᠠᠬᠰᠢᠯᠠᠭᠤᠯᠬᠤ ᠶᠢ ᠪᠠᠭᠠᠰᠬᠠᠨ | ᠤᠷᠴᠢᠨ ᠲᠤᠭᠤᠷᠢᠨ ᠤ ᠠᠶᠤᠯ ᠲᠦᠭᠰᠢᠬᠦᠷᠢ ᠠᠴᠠ ᠰᠡᠷᠬᠡᠶᠢᠯᠡᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ | ᠲᠤᠭᠤᠷᠢᠭ ᠤᠨ ᠤᠷᠴᠢᠨ ᠲᠤᠭᠤᠷᠢᠨ ᠤ ᠬᠡᠨᠡᠳᠳᠡ ᠶᠢᠨ ᠬᠡᠷᠡᠭ ᠢ ᠪᠠᠴᠢᠮ ᠠᠷᠭᠠᠴᠠᠬᠤ ᠲᠤᠬᠳᠠᠴᠠ ᠶᠢ | ᠲᠡᠬᠦᠯᠳᠡᠷᠵᠢᠬᠦᠯᠵᠤ᠂ ᠤᠷᠴᠢᠨ ᠲᠤᠭᠤᠷᠢᠨ ᠤ ᠠᠶᠤᠯ ᠲᠦᠭᠰᠢᠬᠦᠷᠢ ᠶᠢᠨ ᠬᠡᠮᠵᠢᠶ᠎ᠠ᠂ ᠪᠤᠬᠢᠷᠳᠤᠯ ᠤᠨ ᠲᠦᠷᠦᠯ ᠵᠦᠢᠯ | ᠵᠡᠷᠬᠡ ᠯᠦᠭᠡ ᠬᠠᠷᠢᠯᠴᠠᠨ ᠲᠤᠬᠢᠷᠠᠯᠴᠠᠬᠰᠠᠨ ᠤᠷᠴᠢᠨ ᠲᠤᠭᠤᠷᠢᠨ ᠤ ᠬᠡᠨᠡᠳᠳᠠ ᠶᠢᠨ ᠬᠡᠷᠡᠭ ᠢ ᠪᠠᠴᠢᠮ ᠠᠷᠭᠠᠴᠠᠵᠤ | ᠰᠢᠢᠳᠪᠦᠷᠢᠯᠡᠬᠦ ᠴᠢᠳᠡᠪᠦᠷᠢ ᠶᠢ ᠲᠡᠬᠡᠭᠰᠢᠯᠡᠬᠦᠯᠤᠨ᠎ᠠ᠃ | ︵ᠵᠢᠷᠭᠤᠭ᠎ᠠ︶ ᠨᠡᠶᠢᠳᠡᠯᠢᠭ ᠵᠢᠱᠢᠶ᠎ᠠ ᠶᠢᠨ ᠵᠢᠱᠢᠶ᠎ᠠ ᠦᠵᠡᠬᠦᠯᠬᠦ ᠦᠢᠯᠡᠳᠦᠯ ᠢ ᠪᠠᠳᠠᠷᠠᠭᠤᠯᠤᠨ᠎ᠠ᠃ | ᠲᠤᠷᠰᠢᠯᠳᠠ ᠶᠢᠨ ᠴᠢᠭ᠋ ᠲᠤ ᠤᠷᠢᠳᠡᠪᠡᠷ ᠬᠡᠷᠡᠭᠵᠢᠬᠦᠯᠬᠦ ᠪᠠ ᠪᠦᠬᠦ᠋ᠢᠯᠡ ᠴᠤᠬᠴᠠ ᠪᠠᠷ ᠨᠢ ᠵᠤᠬᠢᠴᠠᠩᠭᠤᠢ | ᠠᠬᠢᠭᠤᠯᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠳᠠᠯᠠᠵᠤ᠂ ᠪᠠᠶᠠᠨᠨᠠᠭᠤᠷ ᠬᠤᠳᠠ᠂ ᠤᠷᠳᠤᠰ ᠬᠤᠳᠠ ᠶᠢᠨ | ᠤᠯᠤᠰ ᠤᠨ ᠠᠮᠢ ᠠᠬᠤᠢ ᠶᠢᠨ ᠪᠤᠯᠪᠠᠰᠤᠨ ᠤ ᠵᠢᠱᠢᠶ᠎ᠠ ᠦᠵᠡᠬᠦᠯᠬᠦ ᠲᠤᠭᠤᠷᠢᠭ ᠪᠤᠯᠤᠨ ᠤᠯᠠᠭᠠᠨᠴᠠᠪ ᠬᠤᠳᠠ᠂ | ᠡᠷᠬᠦᠨ᠎ᠠ ᠬᠤᠳᠠ᠂ ᠰᠢᠨ᠎ᠠ ᠪᠠᠷᠭᠤ ᠪᠠᠷᠠᠭᠤᠨ ᠬᠤᠰᠢᠭᠤ᠂ ᠬᠤᠷᠴᠢᠨ ᠵᠡᠬᠦᠨ ᠭᠠᠷᠤᠨ ᠬᠤᠶᠢᠳᠤ ᠬᠤᠰᠢᠭᠤ᠂ ᠯᠢᠨᠰᠢ | ᠰᠢᠶᠠᠨ᠂ ᠲᠤᠯᠤᠨ ᠨᠤᠤᠷ ᠰᠢᠶᠠᠨ᠂ ᠡᠵᠡᠨ ᠬᠤᠷᠤᠭ᠎ᠠ ᠬᠤᠰᠢᠭᠤ ᠵᠡᠷᠬᠡ ᠤᠯᠤᠰ ᠤᠨ ᠪᠠᠷᠠᠭᠤᠨ ᠤᠷᠤᠨ ᠤ ᠠᠮᠢ | ᠠᠬᠤᠢ ᠶᠢᠨ ᠪᠤᠯᠪᠠᠰᠤᠨ ᠤ ᠵᠢᠱᠢᠶ᠎ᠠ ᠦᠵᠡᠬᠦᠯᠬᠦ ᠢᠨᠵᠧᠨᠧᠷᠢᠩ ᠤᠨ ᠲᠤᠷᠰᠢᠯᠳᠠ ᠶᠢᠨ ᠴᠢᠭ᠋ ᠤᠨ ᠪᠦᠳᠦᠬᠡᠨ | ᠪᠠᠶᠢᠭᠤᠯᠤᠯᠳᠠ ᠶᠢ ᠠᠬᠢᠭᠤᠯᠵᠤ᠂ ᠲᠦᠷᠢᠮ ᠤᠨ ᠰᠢᠨ᠎ᠠ ᠶᠢ ᠡᠬᠦᠳᠬᠦ ᠪᠠᠷ ᠭᠤᠤᠯ ᠪᠤᠯᠭᠠᠵᠤ᠂ ᠠᠳᠠᠯᠢ ᠪᠤᠰᠤ | ᠬᠦᠭᠵᠢᠯᠳᠠ ᠶᠢᠨ ᠱᠠᠳᠤ᠂ ᠠᠳᠠᠯᠢ ᠪᠤᠰᠤ ᠡᠬᠢ ᠪᠡᠶᠡᠯᠢᠭ᠋ ᠤᠨ ᠤᠷᠴᠢᠨ ᠲᠤᠭᠤᠷᠢᠨ ᠤ ᠲᠠᠪᠠᠭᠤᠯᠢᠭ᠂ ᠠᠳᠠᠯᠢ ᠪᠤᠰᠤ | ᠭᠤᠤᠯ ᠴᠤᠬᠴᠠ ᠶᠢᠨ ᠦᠢᠯᠡᠳᠤᠯ ᠴᠢᠳᠠᠪᠬᠢ ᠶᠢᠨ ᠪᠠᠶᠢᠷᠢ ᠲᠤᠬᠳᠠᠭᠠᠯᠳᠠ ᠪᠦᠬᠦᠢ ᠭᠠᠵᠠᠷ ᠤᠷᠤᠨ ᠤ ᠠᠮᠢ | ᠠᠬᠤᠢ ᠶᠢᠨ ᠪᠤᠯᠪᠠᠰᠤᠨᠣ ᠪᠠᠶᠢᠭᠤᠯᠤᠯᠳᠠ ᠶᠢᠨ ᠠᠷᠭ᠎ᠠ ᠵᠠᠮ ᠪᠤᠯᠤᠨ ᠵᠠᠬᠪᠤᠷ ᠢ ᠬᠠᠶᠢᠨ ᠰᠦᠪᠡᠭᠴᠢᠯᠡᠵᠤ᠂ ᠪᠦᠬᠦ | ᠤᠷᠤᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠬᠦᠨᠵᠡᠬᠡᠶᠢᠷᠡᠬᠦᠯᠦᠨ ᠠᠬᠢᠭᠤᠯᠬᠤ ᠳᠤ ᠵᠢᠱᠢᠶ᠎ᠠ | ᠦᠵᠡᠬᠦᠯᠵᠤ ᠬᠦᠳᠦᠯᠦᠨ ᠵᠢᠯᠤᠭᠤᠳᠤᠨ᠎ᠠ᠃ ᠪᠦᠬᠦ ᠤᠯᠤᠰ ᠤᠨ ᠠᠮᠢ ᠠᠬᠤᠢ ᠶᠢᠨ ᠪᠤᠯᠪᠠᠰᠤᠨ ᠤ ᠵᠢᠱᠢᠶ᠎ᠠ ᠦᠵᠡᠬᠦᠯᠬᠦ | ᠮᠤᠵᠢ ︵ᠤᠷᠤᠨ︶ ᠶᠢ ᠡᠬᠦᠳᠦᠨ ᠪᠠᠶᠢᠭᠤᠯᠬᠤ ᠠᠵᠢᠯᠯᠠᠭ᠎ᠠ ᠦᠷᠨᠢᠬᠦᠯᠦᠨ᠎ᠠ᠃ | ︵ᠲᠤᠯᠤᠭ᠎ᠠ︶ ᠮᠤᠵᠢ ᠤᠷᠤᠨ ᠠᠯᠤᠰᠯᠠᠭᠰᠠᠨ ᠪᠠ ᠤᠯᠠᠨ ᠤᠯᠤᠰ ᠤᠨ ᠬᠠᠮᠳᠤᠷᠠᠯᠴᠠᠭ᠎ᠠ ᠶᠢ ᠴᠢᠩᠭᠠᠳᠬᠠᠨ᠎ᠠ᠃ | ᠬᠦᠷᠰᠢ ᠵᠡᠷᠬᠡᠯᠡᠳᠡᠭᠡ ᠮᠤᠵᠢ ᠤᠷᠤᠨ ᠯᠤᠭ᠎ᠠ ᠶᠢᠨ ᠤᠢ ᠰᠢᠭᠤᠢ᠂ ᠨᠤᠳᠤᠭ ᠪᠡᠯᠴᠢᠬᠡᠷ᠂ ᠨᠤᠭᠤ ᠭᠠᠵᠠᠷ᠂ ᠭᠤᠤᠯ | ᠮᠦᠷᠡᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠤᠯᠤᠨ ᠡᠯᠡᠰᠦᠷᠭᠡᠭᠵᠢᠯ ᠢ ᠰᠡᠷᠬᠡᠶᠢᠯᠡᠵᠤ | ᠡᠯᠡᠰᠦᠷᠭᠡᠭᠵᠢᠯ ᠢ ᠵᠠᠰᠬᠠᠤ᠂ ᠤᠷᠴᠢᠨ ᠲᠤᠭᠤᠷᠢᠨ ᠢ ᠴᠡᠭᠴᠡᠯᠡᠨ ᠵᠠᠰᠠᠬᠤ ᠵᠡᠷᠬᠡ ᠲᠠᠯ᠎ᠠ ᠪᠠᠷ ᠬᠢ ᠬᠠᠮᠳᠤᠷᠠᠯᠴᠠᠭ᠎ᠠ ᠪᠠᠨ | ᠰᠠᠨᠠᠭᠠᠴᠢᠯᠠᠭ᠎ᠠ ᠲᠠᠢ ᠪᠠᠷ ᠴᠢᠩᠭᠠᠳᠬᠠᠨ᠎ᠠ᠃ ᠮᠤᠩᠭᠤᠯ᠂ ᠤᠷᠤᠰ ᠯᠤᠭ᠎ᠠ ᠶᠢᠨ ᠤᠢ ᠰᠢᠭᠤᠢ ᠨᠤᠳᠤᠭ ᠪᠡᠯᠴᠢᠬᠡᠷ ᠤᠨ | ᠬᠤᠷᠤᠬᠠᠢᠢᠳᠤᠯ ᠢ ᠰᠡᠷᠬᠡᠶᠢᠯᠡᠨ ᠵᠠᠰᠠᠬᠤ ᠪᠤᠯᠤᠨ ᠲᠦᠢᠮᠡᠷ ᠢ ᠰᠡᠷᠬᠡᠶᠢᠯᠡᠬᠦ᠂ ᠠᠮᠢᠳᠤ ᠪᠤᠳᠠᠰ ᠤᠨ ᠤᠯᠠᠨ ᠶᠠᠩᠵᠤᠳᠤ | ᠴᠢᠨᠠᠷ ᠢ ᠬᠠᠮᠠᠭᠠᠯᠠᠬᠤ᠂ ᠠᠮᠢᠳᠠᠨ ᠤ ᠬᠡᠮ ᠬᠢᠵᠢᠭ ᠤᠨ ᠪᠠᠶᠢᠳᠠᠯ ᠵᠡᠷᠬᠡ ᠬᠦᠷᠢᠶ᠎ᠠ ᠬᠡᠪᠴᠢᠶᠠᠨ ᠳ᠋ᠤᠡᠬᠢ ᠬᠤᠶᠠᠷ | ᠲᠠᠯ᠎ᠠ ᠶᠢᠨ ᠪᠤᠶᠤ ᠤᠯᠠᠨ ᠲᠠᠯ᠎ᠠ ᠶᠢᠨ ᠬᠠᠮᠳᠤᠷᠠᠯᠴᠠᠭ᠎ᠠ ᠶᠢ ᠴᠢᠩᠭᠠᠳᠬᠠᠵᠤ᠂ ᠬᠤᠯᠪᠤᠭᠠᠯᠠᠭᠰᠠᠨ ᠠᠵᠢᠯᠯᠠᠭ᠎ᠠ ᠶᠢᠨ | ᠤᠯᠠᠨ ᠤᠯᠤᠰ ᠤᠨ ᠬᠠᠮᠳᠤᠷᠠᠯᠴᠠᠭᠠᠨ ᠤ ᠲᠤᠭᠳᠠᠴᠠ ᠶᠢ ᠪᠠᠶᠢᠭᠤᠯᠬᠤ ᠶᠢ ᠠᠬᠢᠭᠤᠯᠤᠨ᠎ᠠ᠃ ᠡᠷᠬᠦᠨ᠎ᠡ ᠪᠠ ᠬᠠᠯᠬ᠎ᠠ | ᠵᠡᠷᠬᠡ ᠬᠢᠯᠢ ᠶᠢᠨ ᠭᠤᠤᠯ ᠳᠤ ᠠᠮᠢ ᠠᠬᠤᠢ ᠶᠢ ᠬᠠᠮᠠᠭᠠᠯᠠᠬᠤ ᠪᠤᠯᠤᠨ ᠤᠷᠴᠢᠨ ᠲᠤᠭᠤᠷᠢᠨ ᠤ ᠬᠤᠯᠪᠤᠭᠠᠯᠠᠨ ᠬᠢᠨᠠᠯᠳᠠ | ᠲᠠᠯᠪᠢᠬᠤ ᠶᠢ ᠴᠢᠩᠭᠠᠳᠬᠠᠨ᠎ᠠ᠃ ᠤᠯᠠᠨ ᠤᠯᠤᠰ ᠤᠨ ᠨᠡᠶᠢᠬᠡᠮ ᠯᠦᠭᠡ ᠶᠢᠨ ᠡᠬᠢ ᠪᠠᠶᠠᠯᠢᠭ ᠢ ᠨᠡᠬᠡᠬᠡᠨ ᠬᠦᠭᠵᠢᠬᠦᠯᠵᠤ | ᠠᠰᠢᠬᠯᠠᠬᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠤ ᠦᠢᠯᠡᠰ᠂ ᠡᠨᠧᠷᠬᠢ ᠠᠷᠪᠢᠯᠠᠵᠤ | ᠪᠤᠬᠢᠷᠳᠤᠯ ᠢ ᠪᠠᠭᠠᠰᠬᠠᠬᠤ᠂ ᠠᠭᠤᠷ ᠠᠮᠢᠰᠬᠤᠯ ᠤᠨ ᠬᠤᠪᠢᠷᠠᠯᠳᠠ ᠶᠢ ᠠᠷᠭᠠᠴᠠᠬᠤ ᠵᠡᠷᠬᠡ ᠠᠮᠢ ᠠᠬᠤᠢ ᠶᠢᠨ | ᠪᠤᠯᠪᠠᠰᠤᠨ ᠤ ᠬᠦᠷᠢᠶ᠎ᠠ ᠬᠡᠪᠴᠢᠶᠠᠨ ᠳᠠᠬᠢ ᠬᠠᠷᠢᠯᠴᠠᠭ᠎ᠠ ᠰᠤᠯᠢᠯᠴᠠᠭ᠎ᠠ ᠶᠢ ᠴᠢᠩᠭᠠᠳᠬᠠᠵᠤ᠂ ᠲᠡᠷᠢᠬᠦᠨ ᠤ | ᠮᠡᠷᠬᠡᠵᠢᠯ ᠤᠨ ᠲᠤᠨᠤᠭᠯᠠᠯ ᠪᠤᠯᠤᠨ ᠬᠠᠮᠢᠶᠠᠷᠤᠯᠳᠠ ᠶᠢᠨ ᠲᠤᠷᠰᠢᠯᠭ᠎ᠠ ᠶᠢ ᠤᠷᠤᠭᠤᠯᠤᠨ ᠠᠪᠴᠢᠷᠠᠵᠤ᠂ ᠤᠯᠠᠨ | ᠤᠯᠤᠰ ᠤᠨ ᠬᠠᠮᠳᠤᠷᠠᠯᠴᠠᠭ᠎ᠠ ᠦᠷᠨᠢᠬᠦᠯᠤᠨ᠎ᠠ᠃ | ︵ᠨᠠᠢᠮᠠ︶ ᠪᠦᠬᠦ ᠠᠷᠠᠳ ᠤᠨ ᠠᠮᠢ ᠠᠬᠤᠢ ᠶᠢᠨ ᠪᠤᠯᠪᠠᠰᠤᠨ ᠤ ᠤᠬᠠᠮᠰᠠᠷ ᠢ ᠲᠡᠬᠡᠭᠰᠢᠯᠡᠬᠦᠯᠦᠨ᠎ᠠ᠃ ᠪᠦᠬᠦ | ᠨᠡᠶᠢᠬᠡᠮ ᠢᠶᠠᠷ ᠢᠶᠠᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠳᠤ ᠤᠷᠤᠯᠴᠠᠬᠤ ᠶᠢ ᠲᠠᠶᠢᠴᠢᠯᠠᠵᠤ᠂ ᠡᠬᠡ | ᠪᠠᠶᠢᠭᠠᠯᠢ ᠶᠢ ᠬᠦᠨᠳᠦᠳᠬᠡᠬᠦ᠂ ᠡᠬᠡ ᠪᠠᠶᠢᠭᠠᠯᠢ ᠲᠠᠢ ᠡᠶᠡᠳᠡᠬᠦ᠂ ᠡᠬᠡ ᠪᠠᠶᠢᠭᠠᠯᠢ ᠶᠢ ᠬᠠᠮᠠᠭᠠᠯᠠᠬᠤ ᠵᠡᠷᠬᠡ ᠠᠮᠢ | ᠠᠬᠤᠢ ᠶᠢᠨ ᠪᠤᠯᠪᠠᠰᠤᠨ ᠤ ᠤᠢᠢᠯᠠᠭᠠᠬᠳᠠᠬᠤᠨ ᠢ ᠠᠮᠢᠳᠦᠷᠠᠯ ᠤᠨ ᠡᠯ᠎ᠠ ᠲᠠᠯ᠎ᠠ ᠳᠤ ᠠᠭᠤᠰᠬᠠᠵᠤ᠂ ᠠᠮᠢᠳᠦᠷᠠᠯ ᠤᠨ | ᠠᠷᠭ᠎ᠠ ᠬᠡᠯᠪᠡᠷᠢ ᠶᠢᠨ ᠠᠮᠢ ᠠᠬᠤᠢᠢᠵᠢᠯᠳᠠ ᠶᠢ ᠪᠡᠶᠡᠯᠡᠬᠦᠯᠤᠨ᠎ᠠ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ | ᠪᠠᠶᠢᠭᠤᠯᠤᠯᠭ᠎ᠠ ᠳᠤ ᠤᠷᠤᠭᠤᠯᠬᠤ᠂ ᠠᠵᠤ ᠠᠬᠤᠢᠢᠯᠠᠯ ᠳᠤ ᠤᠷᠤᠭᠤᠯᠬᠤ᠂ ᠨᠡᠶᠢᠬᠡᠮ ᠲᠤᠭᠤᠷᠢᠭ ᠲᠤ ᠤᠷᠤᠭᠤᠯᠬᠤ᠂ | ᠰᠤᠷᠭᠠᠭᠤᠯᠢ ᠳᠤ ᠤᠷᠤᠭᠤᠯᠬᠤ᠂ ᠴᠡᠷᠢᠭ ᠠᠩᠬᠢ ᠳᠤ ᠤᠷᠤᠭᠤᠯᠬᠤ᠂ ᠮᠠᠯᠵᠢᠬᠤ ᠲᠠᠷᠢᠶᠠᠯᠠᠬᠤ ᠤᠷᠤᠨ ᠳᠤ | ᠤᠷᠤᠭᠤᠯᠬᠤ ︽ᠵᠢᠷᠭᠤᠭ᠎ᠠ ᠳᠤ ᠤᠷᠤᠭᠤᠯᠬᠤ︾ ᠠᠵᠢᠯᠯᠠᠭ᠎ᠠ ᠶᠢ ᠬᠦᠨᠵᠡᠬᠡᠢ ᠦᠷᠨᠢᠬᠦᠯᠵᠤ᠂ ᠡᠬᠢ ᠪᠡᠶᠡᠯᠢᠭ᠋ ᠤᠷᠴᠢᠨ | ᠲᠤᠭᠤᠷᠢᠨ ᠤ ᠤᠯᠤᠰ ᠤᠨ ᠪᠠᠶᠢᠳᠠᠯ ᠪᠤᠯᠤᠨ ᠠᠮᠢ ᠠᠬᠤᠢ ᠶᠢᠨ ᠪᠤᠯᠪᠠᠰᠤᠨ ᠤ ᠭᠤᠤᠯ ᠴᠤᠬᠴᠠ ᠶᠢᠨ ᠦᠷᠳᠡᠭ ᠤᠨ | ᠦᠵᠡᠯᠳᠡ ᠶᠢᠨ ᠰᠤᠷᠭᠠᠨ ᠬᠦᠮᠦᠵᠢᠯ ᠢ ᠴᠢᠩᠭᠠᠳᠬᠠᠵᠤ᠂ ᠡᠷᠬᠡᠳᠤ ᠠᠷᠠᠳ ᠤᠨ ᠠᠮᠢ ᠠᠬᠤᠢ ᠶᠢᠨ ᠤᠬᠠᠮᠰᠠᠷ ᠢ | ᠪᠤᠶᠢᠵᠢᠭᠤᠯᠵᠤ᠂ ᠪᠤᠬᠢᠷᠳᠤᠯ ᠦᠬᠡᠢ ᠬᠡᠷᠡᠭᠯᠡᠭᠡ᠂ ᠵᠦᠢ ᠵᠤᠬᠢᠰᠳᠡᠢ ᠬᠡᠷᠡᠭᠯᠡᠭᠡ ᠶᠢ ᠤᠷᠢᠶᠠᠯᠠᠨ ᠰᠠᠨᠠᠭᠠᠴᠢᠯᠠᠨ᠎ᠠ᠃ ᠵᠢᠯ | ᠪᠦᠷᠢ ᠶᠢᠨ 7 ᠰᠠᠷ᠎ᠠ ᠶᠢᠨ ᠨᠢᠬᠡᠳᠦᠬᠡᠷ ᠭᠠᠷᠠᠭ ᠢ ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠶᠢᠨ ᠪᠤᠯᠪᠠᠰᠤᠨ ᠤ | ᠤᠬᠠᠭᠤᠯᠭ᠎ᠠ ᠶᠢᠨ ᠠᠵᠢᠯᠯᠠᠭ᠎ᠠ ᠶᠢᠨ ᠭᠠᠷᠠᠭ ᠢᠶᠠᠷ ᠲᠤᠬᠳᠠᠭᠠᠵᠤ᠂ ᠠᠮᠢ ᠠᠬᠤᠢ ᠶᠢᠨ ᠪᠤᠯᠪᠠᠰᠤᠨ ᠢ ᠲᠡᠬᠡᠳᠦᠯᠡᠬᠦ᠂ | ᠠᠮᠢ ᠠᠬᠤᠢ ᠶᠢᠨ ᠪᠤᠯᠪᠠᠰᠤᠨ ᠢ ᠪᠠᠶᠢᠭᠤᠯᠬᠤ ᠰᠠᠶᠢᠨ ᠰᠠᠶᠢᠬᠠᠨ ᠨᠡᠶᠢᠬᠡᠮ ᠤᠨ ᠠᠭᠤᠷ ᠠᠮᠢᠰᠬᠤᠯ ᠢ ᠪᠤᠢ ᠪᠤᠯᠭᠠᠬᠤ ᠶᠢ | ᠠᠬᠢᠭᠤᠯᠤᠨ᠎ᠠ᠃ ᠠᠳᠠᠯᠢᠳᠬᠠᠨ ᠰᠢᠯᠭᠠᠷᠠᠭᠤᠯᠵᠤ ᠪᠠᠷᠢᠮᠵᠢᠶ᠎ᠠ ᠳᠤ ᠬᠦᠷᠦᠭᠰᠡᠳ ᠢ ᠬᠦᠬᠢᠬᠦᠯᠤᠨ ᠱᠠᠩᠨᠠᠬᠤ | ᠬᠠᠮᠢᠶᠠᠷᠤᠯᠳᠠ ᠶᠢᠨ ᠲᠤᠬᠠᠢ ᠤᠯᠤᠰ ᠤᠨ ᠬᠠᠮᠢᠶ᠎ᠠ ᠪᠦᠬᠦᠢ ᠲᠤᠬᠳᠠᠭᠠᠯ ᠶᠤᠰᠤᠭᠠᠷ ᠦᠪᠡᠷᠳᠡᠬᠡᠨ ᠵᠠᠰᠠᠬᠤ ᠤᠷᠤᠨ ᠤ | ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠱᠠᠩᠨᠠᠯ ᠢ ᠭᠤᠶᠤᠴᠢᠯᠠᠨ ᠲᠤᠭᠳᠠᠭᠠᠵᠤ᠂ ᠠᠮᠢ ᠠᠬᠤᠢ ᠶᠢᠨ | ᠪᠤᠯᠪᠠᠰᠤᠨ ᠤ ᠪᠠᠶᠢᠭᠤᠯᠤᠯᠳᠠ ᠳᠤ ᠲᠤᠪᠤᠶᠢᠮ᠎ᠠ ᠬᠤᠪᠢ ᠨᠠᠮᠠᠷᠢ ᠦᠵᠡᠬᠦᠯᠦᠭᠰᠡᠨ ᠪᠠᠶᠢᠭᠤᠯᠤᠯᠭ᠎ᠠ ᠨᠢᠬᠡᠴᠡ ᠪᠤᠯᠤᠨ | ᠬᠤᠪᠢ ᠬᠦᠮᠦᠨ ᠢ ᠬᠦᠬᠢᠬᠦᠯᠦᠨ ᠱᠠᠩᠨᠠᠨ᠎ᠠ᠃ | | |