ᠬᠠᠲᠤᠨ ᠭᠤᠣᠯ ᠤᠨ ᠯᠠᠮᠠ ᠶᠢᠨ ᠳᠤᠬᠤᠢ ᠶᠢᠨ ᠬᠡᠰᠡᠭ ᠤᠨ ᠰᠦᠩ ᠬᠠᠯᠢᠶ᠎ᠠ ᠰᠡᠷᠭᠡᠶᠢᠯᠡᠬᠦ ᠪᠠᠶᠢᠳᠠᠯ ᠬᠦᠨᠳᠦ ᠨᠣᠴᠢᠲᠠᠢ ᠪᠠᠶᠢᠵᠤ    6 ᠠᠶᠢᠯ ᠲᠣᠰᠬᠤᠨ ᠠᠳᠠᠯᠢ ᠪᠤᠰᠤ ᠬᠡᠮᠵᠢᠶ᠎ᠡ ᠪᠠᠷ ᠭᠠᠮᠰᠢᠭᠳᠠᠪᠠ
ᠨᠡᠶᠢᠲᠡᠯᠡᠭᠰᠡᠨ ᠴᠠᠭ᠄
2015/12/21
     ᠠᠭᠠᠷ ᠤᠨ ᠳᠤᠯᠠᠭᠠᠨ ᠤ ᠨᠥᠯᠥᠭᠡ ᠪᠠᠷ᠂ ᠬᠠᠲᠤᠨ ᠭᠤᠣᠯ ᠤᠨ ᠴᠢᠩ ᠱᠦᠢ ᠾᠧ ᠰᠢᠶᠠᠨ ᠤ ᠯᠠᠮᠠ ᠶᠢᠨ ᠳᠤᠬᠤᠢ ᠶᠢᠨ ᠬᠡᠰᠡᠭ ᠤᠨ ᠤᠰᠤᠨ ᠲᠦᠪᠰᠢᠨ ᠳᠡᠭᠡᠭᠰᠢᠯᠡᠪᠡ᠃ ᠰᠥᠩ ᠬᠠᠯᠢᠶ᠎ᠠ ᠨᠢ ᠯᠠᠮᠠ ᠶᠢᠨ ᠳᠤᠬᠤᠢ ᠶᠢᠨ ᠰᠢᠶᠣᠣ ᠢᠦᠢ ᠱᠦ ᠸᠠᠨ᠂ ᠭᠤᠸᠠᠢ ᠽᠢ ᠱᠠᠩ ᠵᠡᠷᠭᠡ 6 ᠠᠶᠢᠯ ᠲᠣᠰᠬᠤᠨ ᠢ ᠠᠳᠠᠯᠢ ᠪᠤᠰᠤ ᠬᠡᠮᠵᠢᠶ᠎ᠡ ᠪᠠᠷ ᠭᠠᠮᠰᠢᠭᠳᠠᠭᠤᠯᠪᠠ᠃ ᠬᠡᠷᠪᠡ ᠳᠡᠭᠡᠳᠦ ᠤᠷᠤᠰᠬᠠᠯ ᠤᠨ ᠰᠦᠩ ᠬᠠᠯᠢᠶ᠎ᠠ ᠦᠷᠭᠦᠯᠵᠢᠯᠡᠵᠦ᠂ ᠤᠰᠤᠨ ᠲᠦᠪᠰᠢᠨ ᠦᠷᠭᠦᠯᠵᠢᠯᠡᠨ ᠳᠡᠭᠡᠭᠰᠢᠯᠡᠵᠦ᠂ ᠰᠦᠩ ᠬᠠᠯᠢᠶ᠎ᠠ ᠶᠢ ᠰᠡᠷᠭᠡᠶᠢᠯᠡᠬᠦ ᠪᠠᠶᠢᠳᠠᠯ ᠲᠦᠢᠯ ᠤᠨ ᠬᠦᠨᠳᠦ ᠨᠣᠴᠢᠲᠠᠢ ᠪᠠᠶᠢᠨ᠎ᠠ᠃ ᠬᠠᠲᠤᠨ ᠭᠤᠣᠯ ᠤᠨ ᠴᠢᠩ ᠱᠦᠢ ᠾᠧ ᠰᠢᠶᠠᠨ ᠤ ᠬᠡᠰᠡᠭ 11 ᠳ᠋ᠦ᠋ᠭᠡᠷ ᠰᠠᠷ᠎ᠠ ᠶᠢᠨ 24᠎ ᠤ ᠡᠳᠦᠷ ᠠᠴᠠ ᠡᠬᠢᠯᠡᠨ ᠰᠦᠩ ᠬᠠᠯᠢᠵᠤ᠂ ᠡᠨᠡ ᠵᠢᠯ ᠤᠨ ᠠᠭᠤᠷ ᠠᠮᠢᠰᠬᠤᠯ ᠤᠨ ᠬᠡᠪ ᠤᠨ ᠪᠤᠰᠤ ᠪᠠᠶᠢᠳᠠᠯ ᠪᠣᠯᠣᠨ ᠳᠤᠯᠠᠭᠠᠨ ᠤ ᠬᠡᠮᠵᠢᠶ᠎ᠡ ᠥᠩᠭᠡᠷᠡᠭᠰᠡᠨ ᠵᠢᠯ ᠤᠨ ᠠᠳᠠᠯᠢ ᠬᠤᠭᠤᠴᠠᠭᠠᠨ ᠤ ᠬᠢ ᠠᠴᠠ ᠪᠠᠭ᠋ᠠᠨ ᠥᠨᠳᠥᠷ ᠪᠠᠶᠢᠬᠤ ᠠᠴᠠ ᠪᠣᠯᠣᠭᠠᠳ᠂ ᠴᠢᠩ ᠱᠦᠢ ᠾᠧ ᠰᠢᠶᠠᠨ ᠤ ᠵᠠᠭᠠᠭ ᠳᠠᠬᠢ ᠭᠤᠣᠯ ᠣᠳᠣ ᠪᠣᠯᠲᠠᠯ᠎ᠠ ᠬᠦᠯᠢᠭᠳᠡᠭᠡᠳᠦᠢ ᠪᠠᠶᠢᠭᠰᠠᠭᠠᠷ᠃ ᠯᠠᠮᠠ ᠶᠢᠨ ᠳᠤᠬᠤᠢ ᠶᠢᠨ ᠬᠡᠰᠡᠭ ᠤᠨ ᠰᠦᠡᠭ ᠣᠪᠣᠭᠠᠷᠠᠯ ᠨᠢ ᠬᠦᠨᠳᠦ ᠨᠣᠴᠢᠲᠠᠶ ᠪᠠᠶᠢᠵᠤ᠂ ᠬᠠᠳᠤᠨ ᠭᠤᠣᠯ ᠳᠠᠭᠠᠤ 3.7 ᠺᠢᠯᠣᠮᠧᠲᠷ ᠵᠠᠰᠠᠮᠠᠯ ᠵᠠᠮ ᠤᠰᠤᠨ ᠳᠤ ᠠᠪᠲᠠᠵᠤ᠂ ᠤᠰᠤᠨ ᠤ ᠬᠠᠮᠤᠭ ᠤᠨ ᠭᠦᠨ ᠨᠢ 1.2 ᠮᠧᠲᠷ ᠲᠤ ᠬᠦᠷᠪᠡ᠃ ᠬᠥᠬᠡᠬᠤᠲᠠ᠂ ᠴᠢᠩ ᠱᠦᠢ ᠾᠧ ᠰᠢᠶᠠᠨ ᠬᠤᠶᠠᠷ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠡᠨᠡ ᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠠᠮᠰᠢᠭ ᠤᠨ ᠪᠠᠶᠢᠳᠠᠯ ᠨᠡᠯᠢᠶᠡᠳ ᠬᠦᠨᠳᠦ ᠨᠣᠴᠢᠲᠠᠶ ᠪᠠᠶᠢᠭ᠎ᠠ ᠰᠢᠶᠣᠣ ᠢᠦᠢ ᠱᠦ ᠸᠠᠨ᠂ ᠭᠤᠸᠠᠢ ᠽᠢ ᠱᠠᠩ ᠲᠣᠰᠬᠤᠨ ᠪᠠ ᠤᠰᠤᠨ ᠳᠤ ᠠᠪᠲᠠᠭᠰᠠᠨ ᠬᠠᠳᠤᠨ ᠭᠤᠣᠯ ᠳᠠᠭᠠᠤ ᠵᠠᠰᠠᠮᠠᠯ ᠵᠠᠮ ᠳᠤ ᠴᠠᠭ ᠲᠤᠬᠠᠢ ᠳᠤᠨᠢ ᠬᠦᠷᠴᠦ᠂ ᠲᠤᠬᠠᠶ ᠶᠢᠨ ᠭᠠᠵᠠᠷ ᠤᠨ ᠭᠠᠮᠰᠢᠭᠳᠠᠭᠰᠠᠨ ᠪᠠᠶᠢᠳᠠᠯ ᠢ ᠨᠠᠷᠢᠨ ᠣᠶᠢᠯᠭᠠᠭᠰᠠᠨ ᠪᠥᠭᠡᠳ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠤᠨ ᠵᠢᠯᠣᠭᠤᠳᠬᠤ ᠭᠠᠵᠠᠷ ᠢ ᠪᠠᠶᠢᠭᠤᠯᠵᠤ᠂ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠢ ᠨᠢᠭᠡᠳᠦᠯᠲᠡᠶ ᠵᠣᠬᠢᠴᠠᠭᠤᠯᠪᠠ᠃ ᠡᠭᠦᠨ ᠤ ᠵᠡᠷᠭᠡᠴᠡᠭᠡᠪᠡᠷ ᠯᠠᠮ᠎ᠠ ᠶᠢᠨ ᠲᠣᠬᠤᠢ ᠪᠠᠯᠭᠠᠰᠤ ᠶᠢᠨ ᠲᠠᠯᠠᠩ ᠤᠨ ᠬᠠᠮᠢᠶᠠᠷᠤᠯᠲᠠ ᠶᠢᠨ ᠭᠠᠵᠠᠷ ᠰᠦᠩ ᠬᠠᠯᠢᠶ᠎ᠠ ᠰᠡᠷᠭᠡᠶᠢᠯᠡᠬᠦ ᠡᠮᠦᠨ᠎ᠡ ᠹᠷᠣᠨᠲ ᠤᠨ ᠵᠢᠯᠣᠭᠤᠳᠬᠤ ᠭᠠᠵᠠᠷ ᠢ ᠪᠠᠶᠢᠭᠤᠯᠵᠤ᠂ ᠰᠦᠩ ᠬᠠᠯᠢᠶ᠎ᠠ ᠶᠢ ᠰᠡᠷᠭᠡᠶᠢᠯᠡᠬᠦ ᠠᠶᠤᠯ ᠠᠴᠠ ᠠᠪᠤᠷᠠᠬᠤ ᠲᠤᠬᠠᠶ ᠶᠢᠨ ᠭᠠᠵᠠᠷ ᠤᠨ ᠵᠢᠯᠣᠭᠤᠳᠤᠨ ᠲᠣᠬᠢᠷᠠᠭᠤᠯᠬᠤ ᠠᠵᠢᠯ ᠢ ᠬᠠᠷᠢᠴᠠᠭᠤᠯᠪᠠ᠃ ᠬᠠᠳᠤᠨ ᠭᠤᠣᠯ ᠳᠠᠭᠠᠤ ᠡᠯ᠎ᠡ ᠰᠤᠮᠤ ᠪᠠᠯᠭᠠᠰᠤ ᠲᠤᠰ ᠲᠤᠰ ᠤᠨ ᠬᠠᠷᠢᠶᠠᠯᠠᠭᠳᠠᠬᠤ ᠬᠠᠳᠤᠨ ᠭᠤᠣᠯ ᠳᠠᠭᠠᠤ ᠬᠡᠰᠡᠭ ᠲᠤ ᠲᠤᠰᠬᠠᠶ ᠬᠥᠮᠦᠨ ᠲᠣᠮᠢᠯᠠᠨ ᠭᠤᠣᠯ ᠤᠨ ᠵᠠᠮ ᠢ ᠲᠣᠭᠤᠷᠢᠨ ᠪᠠᠶᠢᠴᠠᠭᠠᠯᠭᠠᠵᠤ᠂ ᠰᠥᠩ ᠬᠠᠯᠢᠶ᠎ᠠ ᠶᠢᠨ ᠪᠠᠶᠢᠳᠠᠯ ᠤᠰᠤᠨ ᠤ ᠪᠠᠶᠢᠳᠠᠯ ᠤᠨ ᠬᠥᠭᠵᠢᠯᠲᠡ ᠶᠢᠨ ᠬᠥᠳᠡᠯᠦᠩᠭᠦᠶ ᠪᠠᠶᠢᠳᠠᠯ ᠢ ᠴᠢᠩᠭ᠎ᠠ ᠨᠢᠮᠪᠠᠶ ᠬᠢᠨᠠᠨ ᠬᠠᠷᠭᠤᠭᠤᠯᠵᠤ᠂ ᠰᠦᠩ ᠬᠠᠯᠢᠶ᠎ᠠ ᠶᠢᠨ ᠡᠭᠦᠰᠦᠨ ᠬᠥᠭᠵᠢᠬᠦ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠬᠠᠷᠢᠭᠤ ᠮᠡᠳᠡᠭᠦᠯᠵᠦ ᠪᠣᠢ᠂ ᠡᠭᠦᠨ ᠤ ᠬᠠᠮᠲᠤ᠂ ᠰᠦᠩ ᠬᠠᠯᠢᠶ᠎ᠠ ᠶᠢ ᠰᠡᠷᠭᠡᠶᠢᠯᠡᠬᠦ ᠡᠳᠦᠷ ᠰᠦᠨᠢ ᠶᠢᠨ ᠵᠢᠵᠢᠭᠦᠷᠯᠡᠬᠦ ᠳᠦᠷᠢᠮ ᠢ ᠲᠡᠭᠦᠯᠳᠡᠷᠵᠢᠭᠦᠯᠵᠦ᠂ ᠦᠶᠡᠷ ᠢ ᠰᠡᠷᠭᠡᠶᠢᠯᠡᠬᠦ ᠵᠢᠯᠣᠭᠤᠳᠬᠤ ᠭᠠᠵᠠᠷ ᠯᠤᠭ᠎ᠠ ᠴᠠᠭ ᠢᠮᠠᠭᠲᠠ ᠬᠤᠯᠪᠣᠭᠠᠨ ᠤ ᠰᠠᠭᠠᠳ ᠦᠭᠡᠢ ᠬᠠᠷᠢᠯᠴᠠᠵᠤ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号