2015 ᠣᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠦᠷ᠎ᠡ ᠪᠦᠲᠦᠮᠵᠢ ᠶᠢᠨ ︽ᠵᠢᠭᠰᠠᠭᠠᠯᠲᠠ ︾ | ᠨᠡᠶᠢᠲᠡᠯᠡᠭᠳᠡᠪᠡ᠂ 31 ᠮᠤᠵᠢ ᠶᠢᠨ ᠱᠠᠲᠤᠨ ᠤ ᠵᠠᠰᠠᠭ ᠤᠨ ᠣᠷᠳᠣᠨ ᠤ ᠳᠣᠲᠣᠷ᠎ᠠ᠂ ᠯᠢᠶᠣᠤᠨᠢᠩ ᠨᠢᠭᠡᠳᠦᠭᠡᠷ ᠲᠤ | ᠵᠢᠭᠰᠠᠭᠠᠭᠳᠠᠵᠤ᠂ ᠪᠡᠭᠡᠵᠢᠩ ᠭᠤᠷᠪᠠᠳᠤᠭᠠᠷ ᠲᠤ ᠵᠢᠭᠰᠠᠭᠠᠭᠳᠠᠪᠠ᠃ ᠥᠴᠥᠭᠡᠳᠦᠷ᠂ ᠪᠡᠭᠡᠵᠢᠩ ᠤᠨ ᠪᠠᠭᠰᠢ ᠶᠢᠨ | ᠶᠡᠭᠡ ᠰᠤᠷᠭᠠᠭᠤᠯᠢ ᠶᠢᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ᠂ ᠵᠠᠰᠠᠭ ᠤᠨ | ᠣᠷᠳᠣᠨ ᠤ ᠬᠠᠮᠢᠶᠠᠷᠤᠯᠲᠠ ᠶᠢᠨ ᠰᠤᠳᠤᠯᠬᠤ ᠬᠦᠷᠢᠶᠡᠯᠡᠩ᠂ ᠵᠢᠶᠠᠩᠰᠢ ᠪᠠᠭᠰᠢ ᠶᠢᠨ ᠶᠡᠭᠡ ᠰᠤᠷᠭᠠᠭᠤᠯᠢ ᠶᠢᠨ | ᠬᠠᠮᠢᠶᠠᠷᠤᠯᠲᠠ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠵᠤ ᠦᠨᠡᠯᠡᠬᠦ ᠰᠤᠳᠤᠯᠭᠠᠨ ᠤ ᠲᠥᠪ ︽2015 ᠳᠤᠮᠳᠠᠳᠤ | ᠤᠯᠤᠰ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠦᠷ᠎ᠡ ᠪᠦᠲᠦᠮᠵᠢ ᠶᠢᠨ ᠰᠤᠳᠤᠯᠭᠠᠨ ᠤ ᠮᠡᠳᠡᠭᠦᠯᠦᠯᠲᠡ︾ | ︵︽ᠮᠡᠳᠡᠭᠦᠯᠦᠯᠲᠡ︾ ᠭᠡᠵᠦ ᠲᠣᠪᠴᠢᠯᠠᠨ᠎ᠠ︶ ᠶᠢ ᠬᠠᠮᠲᠤᠷᠠᠨ ᠨᠡᠶᠢᠲᠡᠯᠡᠵᠦ᠂ 31 ᠮᠤᠵᠢ ᠶᠢᠨ ᠱᠠᠲᠤᠨ ᠤ | ᠵᠠᠰᠠᠭ ᠤᠨ ᠣᠷᠳᠣᠨ᠂ 104 ᠭᠤᠣᠯᠳᠠᠯᠭ᠎ᠠ ᠲᠠᠢ ᠬᠤᠳᠡ ᠶᠢᠨ ᠵᠠᠰᠠᠭ ᠤᠨ ᠣᠷᠳᠣᠨ ᠤ ᠦᠷ᠎ᠡ ᠪᠦᠲᠦᠮᠵᠢ ᠶᠢ | ᠵᠠᠳᠠᠯᠤᠨ ᠰᠢᠨᠵᠢᠯᠡᠵᠦ ᠦᠨᠡᠯᠡᠯᠲᠡ ᠬᠢᠪᠡ᠃ | ︽ᠮᠡᠳᠡᠭᠦᠯᠦᠯᠲᠡ︾ ᠳᠠᠬᠢ ᠣᠷᠣᠨ ᠨᠤᠲᠤᠭ ᠤᠨ ᠵᠠᠰᠠᠭ ᠤᠨ ᠣᠷᠳᠣᠨ ᠤ ᠦᠷ᠎ᠡ ᠪᠦᠲᠦᠮᠵᠢ ᠶᠢ | ᠪᠠᠷᠤᠭᠴᠠᠭᠠᠯᠠᠨ ᠵᠠᠳᠠᠯᠤᠭᠰᠠᠨ ᠭᠦᠢᠴᠡᠳᠬᠡᠬᠦ ᠲᠤᠭ᠎ᠠ ᠳᠤ᠄ ᠵᠠᠰᠠᠭ ᠤᠨ ᠣᠷᠳᠣᠨ ᠠᠴᠠ ᠬᠠᠨᠭ᠍ᠭᠠᠭᠰᠠᠨ ᠤᠯᠠᠨ | ᠨᠡᠶᠢᠲᠡ ᠶᠢᠨ ᠦᠢᠯᠡᠴᠢᠯᠡᠭᠡ᠂ ᠣᠯᠠᠨ ᠨᠡᠶᠢᠲᠡ ᠶᠢᠨ ᠡᠳ᠋ ᠬᠡᠷᠡᠭᠰᠡᠯ᠂ ᠵᠠᠰᠠᠭ ᠤᠨ ᠣᠷᠳᠣᠨ ᠤ ᠬᠡᠪᠴᠢᠶ᠎ᠡ᠂ | ᠰᠠᠭᠤᠭᠠᠯᠢ ᠠᠷᠠᠳ ᠤᠨ ᠠᠵᠤ ᠠᠬᠤᠶ ᠶᠢᠨ ᠠᠰᠠᠷᠠᠮᠵᠢ ᠪᠣᠯᠣᠨ ᠡᠯᠧᠺᠲᠷᠣᠨ ᠵᠠᠰᠠᠭ ᠤᠨ ᠶᠠᠪᠤᠳᠠᠯ ᠭᠡᠬᠦ 5 | ᠨᠢᠭᠡᠳᠦᠭᠡᠷ ᠳᠡᠰ ᠤᠨ ᠭᠦᠢᠴᠡᠳᠬᠡᠬᠦ ᠲᠤᠭ᠎ᠠ᠂ 9 ᠬᠤᠶᠠᠳᠤᠭᠠᠷ ᠳᠡᠰ ᠤᠨ ᠭᠦᠢᠴᠡᠳᠬᠡᠬᠦ ᠲᠤᠭ᠎ᠠ᠂ 28 | ᠭᠤᠷᠪᠠᠳᠤᠭᠠᠷ ᠳᠡᠰ ᠤᠨ ᠭᠦᠢᠴᠡᠳᠬᠡᠬᠦ ᠲᠤᠭ᠎ᠠ ᠶᠢ ᠪᠠᠭᠲᠠᠭᠠᠪᠠ᠃ | ︽ᠮᠡᠳᠡᠭᠦᠯᠦᠯᠲᠡ︾ ᠳᠤ᠂ ᠪᠥᠬᠦ ᠣᠯᠣᠰ ᠤᠨ ᠰᠢᠶᠠᠩᠭᠠᠩ᠂ ᠣᠣᠮᠧᠨ ᠪᠠ ᠲᠠᠶᠢᠸᠠᠨ ᠣᠷᠣᠨ ᠠᠴᠠ | ᠪᠣᠰᠤᠳ 31 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠮᠤᠵᠢ ᠶᠢᠨ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠦᠷ᠎ᠡ ᠪᠦᠲᠦᠮᠵᠢ ᠶᠢ ᠦᠨᠡᠯᠡᠨ ᠵᠢᠱᠢᠭᠰᠡᠨ ᠠᠴᠠ ᠭᠠᠳᠠᠨ᠎ᠠ ᠪᠠᠰᠠ ᠮᠤᠵᠢ ᠶᠢᠨ | ᠲᠥᠪ᠂ ᠥᠪᠡᠷᠲᠡᠭᠡᠨ ᠵᠠᠰᠠᠬᠤ ᠣᠷᠣᠨ ᠤ ᠲᠥᠪ᠂ ᠲᠥᠯᠥᠪᠯᠡᠭᠡ ᠳᠤ ᠠᠰᠲᠠᠭᠠᠨ ᠵᠢᠭᠰᠠᠭᠠᠭᠰᠠᠨ ᠬᠤᠲᠠ ᠪᠤᠶᠤ | ᠠᠵᠤ ᠠᠬᠤᠶ ᠶᠢᠨ ᠤᠨᠴᠠᠭᠠᠢ ᠣᠷᠣᠨ ᠵᠢᠴᠢ ᠪᠦᠬᠦ ᠤᠯᠤᠰ ᠤᠨ ᠬᠤᠶᠠᠳᠤᠭᠠᠷ᠂ ᠭᠤᠷᠪᠠᠳᠤᠭᠠᠷ ᠱᠣᠭᠤᠮ ᠤᠨ ᠭᠠᠵᠠᠷ | ᠣᠷᠣᠨ ᠤ ᠳᠡᠰ ᠤᠨ ᠬᠤᠲᠠ ᠶᠢ ᠪᠠᠭᠲᠠᠭᠠᠭᠰᠠᠨ 104 ᠳᠤᠮᠳᠠᠳᠤ ᠤᠯᠤᠰ ᠤᠨ ᠭᠤᠣᠯᠳᠠᠯᠭ᠎ᠠ ᠲᠠᠢ ᠬᠤᠲᠠ ᠶᠢᠨ | ᠵᠠᠰᠠᠭ ᠤᠨ ᠣᠷᠳᠣᠨ ᠤ ᠦᠷ᠎ᠡ ᠪᠦᠲᠦᠮᠵᠢ ᠶᠢ ᠦᠨᠡᠯᠡᠨ ᠵᠢᠱᠢᠵᠤ᠂ ᠬᠤᠳᠠ ᠶᠢᠨ ᠵᠠᠰᠠᠭ ᠤᠨ ᠣᠷᠳᠣᠨ ᠤ ᠦᠷ᠎ᠡ | ᠪᠦᠲᠦᠮᠵᠢ ᠶᠢᠨ ᠨᠡᠷᠡᠰ ᠤᠨ ᠵᠢᠭᠰᠠᠭᠠᠯᠲᠠ ᠶᠢ ᠭᠠᠷᠭᠠᠪᠠ᠃ | ︽ᠮᠡᠳᠡᠭᠦᠯᠦᠯᠲᠡ︾ ᠳᠤ ᠢᠯᠡᠳᠬᠡᠭᠰᠡᠨ ᠮᠤᠵᠢ ᠶᠢᠨ ᠱᠠᠲᠤᠨ ᠤ ᠵᠠᠰᠠᠭ ᠤᠨ ᠣᠷᠳᠣᠨ ᠤ ᠦᠷ᠎ᠡ | ᠪᠦᠲᠦᠮᠵᠢ ᠶᠢ ᠪᠠᠷᠤᠭᠴᠠᠭᠠᠯᠠᠭᠰᠠᠨ ᠨᠡᠷᠡᠰ ᠤᠨ ᠵᠢᠭᠰᠠᠭᠠᠯᠲᠠ ᠶᠢᠨ ᠳ᠋ᠦᠩ ᠳᠤ᠂ ᠯᠢᠶᠣᠤᠨᠢᠩ᠂ ᠱᠠᠩᠬᠠᠶ᠂ | ᠪᠡᠭᠡᠵᠢᠩ ᠤᠨ ᠵᠠᠰᠠᠭ ᠤᠨ ᠣᠷᠳᠣᠨ ᠤ ᠦᠷ᠎ᠡ ᠪᠦᠲᠦᠮᠵᠢ ᠡᠮᠦᠨ᠎ᠡ ᠭᠤᠷᠪᠠ ᠳᠤ ᠵᠢᠭᠰᠠᠭᠠᠭᠳᠠᠵᠤ᠂ ᠶᠦᠨᠨᠠᠨ᠂ | ᠭᠠᠨᠰᠦ ᠪᠣᠯᠣᠨ ᠲᠥᠪᠡᠳ ᠰᠡᠭᠦᠯᠴᠢ ᠶᠢᠨ ᠭᠤᠷᠪᠠᠨ ᠨᠡᠷ᠎ᠡ ᠳᠤ ᠵᠢᠭᠰᠠᠭᠠᠭᠳᠠᠵᠠᠢ᠃ | ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠨᠢ ᠵᠠᠰᠠᠭ ᠤᠨ ᠣᠷᠳᠣᠨ ᠤ ᠦᠷ᠎ᠡ ᠪᠦᠲᠦᠮᠵᠢ ᠶᠢ | ᠨᠥᠯᠦᠭᠡᠯᠡᠭᠰᠡᠨ ᠵᠠᠳᠠᠯᠤᠯᠲᠠ | ︽ᠮᠡᠳᠡᠭᠦᠯᠦᠯᠲᠡ︾ ᠠᠴᠠ᠂ ᠶᠡᠷᠦᠩᠬᠡᠶ ᠳᠤᠨᠢ ᠠᠪᠴᠤ ᠦᠵᠡᠪᠡᠯ᠂ ᠮᠠᠨ ᠤ ᠤᠯᠤᠰ ᠤᠨ ᠮᠤᠵᠢ ᠶᠢᠨ | ᠱᠠᠲᠤᠨ ᠤ ᠵᠠᠰᠠᠭ ᠤᠨ ᠣᠷᠳᠣᠨ ᠤ ᠦᠷ᠎ᠡ ᠪᠦᠲᠦᠮᠵᠢ ᠬᠢᠭᠡᠳ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠬᠢᠷᠢ ᠬᠡᠮᠵᠢᠶ᠎ᠡ ᠨᠢ ᠮᠠᠰᠢ ᠥᠨᠳᠥᠷ ᠵᠦᠪ ᠬᠤᠯᠪᠣᠭᠳᠠᠯᠳᠤ ᠴᠢᠨᠠᠷ ᠲᠠᠢ ᠪᠠᠶᠢᠵᠤ᠂ ᠳᠡᠭᠡᠷ᠎ᠡ ᠠᠴᠠ | ᠳᠣᠷᠣᠭᠰᠢ ᠪᠠᠷᠠᠭᠤᠨ ᠠᠴᠠ ᠵᠡᠭᠦᠨᠰᠢ ᠱᠠᠲᠤᠯᠢᠭ ᠬᠡᠯᠪᠡᠷᠢ ᠶᠢᠨ ᠲᠠᠷᠬᠠᠴᠠ ᠪᠠᠷ ᠢᠯᠡᠷᠡᠵᠦ᠂ ᠵᠠᠰᠠᠭ ᠤᠨ ᠣᠷᠳᠣᠨ ᠤ | ᠦᠷ᠎ᠡ ᠪᠦᠲᠦᠮᠵᠢ ᠥᠨᠳᠥᠷ ᠪᠠᠶᠢᠭ᠎ᠠ ᠭᠠᠵᠠᠷ ᠤᠨ ᠣᠯᠠᠩᠬᠢ ᠨᠢ ᠵᠡᠭᠦᠨ ᠪᠠ ᠵᠡᠭᠦᠨ ᠬᠤᠶᠢᠲᠤ ᠵᠡᠷᠭᠡ ᠠᠵᠤ | ᠠᠬᠤᠶ ᠶᠢᠨ ᠲᠤᠮᠤ ᠮᠤᠵᠢ ᠨᠤᠭᠤᠳ ᠪᠠᠶᠢᠵᠤ᠂ ᠬᠠᠷᠢᠨ ᠵᠠᠰᠠᠭ ᠤᠨ ᠣᠷᠳᠣᠨ ᠤ ᠦᠷ᠎ᠡ ᠪᠦᠲᠦᠮᠵᠢ ᠳᠣᠣᠷ᠎ᠠ ᠪᠠᠶᠢᠭ᠎ᠠ | ᠭᠠᠵᠠᠷ ᠤᠨ ᠣᠯᠠᠩᠬᠢ ᠨᠢ ᠳᠤᠮᠳᠠ ᠪᠠᠷᠠᠭᠤᠨ ᠬᠡᠰᠡᠭ ᠤᠨ ᠮᠤᠵᠢ ᠨᠤᠭᠤᠳ ᠪᠣᠯᠤᠨ᠎ᠠ᠃ ᠡᠶᠢᠮᠦ ᠠᠴᠠ᠂ ᠮᠤᠵᠢ ᠶᠢᠨ | ᠱᠠᠲᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠵᠠᠩᠭᠢᠯᠠᠭ᠎ᠠ ᠨᠢ | ᠰᠢᠨ᠎ᠡ ᠶᠢ ᠡᠭᠦᠳᠬᠦ᠂ ᠵᠣᠬᠢᠴᠠᠭᠤᠯᠬᠤ᠂ ᠪᠣᠬᠢᠷᠳᠤᠯ ᠦᠭᠡᠢ᠂ ᠴᠢᠯᠥᠭᠡᠲᠡᠶ ᠶᠠᠪᠤᠯᠴᠠᠬᠤ ᠪᠠ ᠬᠠᠮᠲᠤᠪᠠᠷ ᠡᠳ᠋ᠯᠡᠬᠦ ᠶᠢ | ᠴᠢᠷᠮᠠᠶᠢᠨ ᠬᠥᠭᠵᠢᠭᠦᠯᠬᠦ ᠳᠤ ᠣᠷᠣᠰᠢᠨ᠎ᠠ ᠭᠡᠵᠦ ᠦᠵᠡᠪᠡ᠃ | 104 ᠭᠤᠣᠯᠳᠠᠯᠭ᠎ᠠ ᠲᠠᠢ ᠬᠤᠳᠡ ᠶᠢᠨ ᠵᠠᠰᠠᠭ ᠤᠨ ᠣᠷᠳᠣᠨ ᠤ ᠦᠷ᠎ᠡ ᠪᠦᠲᠦᠮᠵᠢ ᠶᠢᠨ ᠨᠡᠷᠡᠰ ᠤᠨ | ᠵᠢᠭᠰᠠᠭᠠᠯᠲᠠ ᠶᠢᠨ ᠡᠮᠦᠨ᠎ᠡ ᠠᠷᠪᠠᠨ ᠨᠡᠷ᠎ᠡ ᠳᠤ ᠵᠢᠭᠰᠠᠭᠠᠭᠳᠠᠵᠤ ᠪᠠᠶᠢᠬᠤ ᠬᠤᠲᠠ ᠶᠢᠨ ᠲᠣᠲᠣᠷ᠎ᠠ᠂ ᠳ᠋ᠥᠡᠭᠭᠤᠸᠠᠨ | ᠬᠤᠲᠠ ᠶᠢᠨ ᠵᠠᠰᠠᠭ ᠤᠨ ᠣᠷᠳᠣᠨ ᠤ ᠦᠷ᠎ᠡ ᠪᠦᠲᠦᠮᠵᠢ ᠬᠠᠮᠤᠭ ᠤᠨ ᠥᠨᠳᠥᠷ ᠪᠠᠶᠢᠵᠤ᠂ ᠱᠧᠨᠵᠧᠨ᠂ ᠰᠦᠵᠧᠦ᠂ | ᠣᠷᠳᠣᠰ᠂ ᠥᠰᠢ᠂ ᠨᠢᠩᠪᠥ᠋ᠸᠧ᠂ ᠭᠤᠸᠠᠩᠵᠧᠦ᠂ ᠬᠠᠩᠵᠧᠦ᠂ ᠨᠠᠨᠵᠢᠩ᠂ ᠸᠧᠢᠢᠬᠠᠢ ᠳᠠᠷᠠᠭᠠᠯᠠᠨ ᠵᠢᠭᠰᠠᠭᠠᠭᠳᠠᠵᠠᠶ᠃ | ᠤᠷᠳᠤᠰ ᠬᠤᠳᠠ ᠪᠠᠷᠠᠭᠤᠨ ᠬᠡᠰᠡᠭ ᠤᠨ ᠭᠠᠵᠠᠷ ᠣᠷᠣᠨ ᠳᠤ ᠬᠠᠷᠢᠶᠠᠯᠠᠭᠳᠠᠬᠤ ᠠᠴᠠ ᠭᠠᠳᠠᠨ᠎ᠠ᠂ ᠪᠤᠰᠤᠳ ᠨᠢ | ᠲᠤᠰ ᠲᠤᠰ ᠭᠤᠸᠠᠩᠳᠦ᠋ᠩ᠂ ᠵᠢᠶᠠᠩᠰᠦ᠂ ᠵᠧᠵᠢᠶᠠᠩ ᠪᠣᠯᠣᠨ ᠱᠠᠨᠳᠦ᠋ᠩ ᠳᠤ ᠬᠠᠷᠢᠶᠠᠯᠠᠭᠳᠠᠵᠤ᠂ ᠡᠨᠡ ᠳᠦᠷᠪᠡᠨ | ᠮᠤᠵᠢ ᠨᠢ ᠮᠥᠨ ᠴᠦ ᠮᠠᠨ ᠤ ᠤᠯᠤᠰ ᠲᠤ ᠨᠡᠷᠡᠰ ᠤᠨ ᠵᠢᠭᠰᠠᠭᠠᠯᠲᠠ ᠪᠠᠷ ᠡᠮᠦᠨᠡᠭᠦᠷ ᠪᠠᠶᠢᠳᠠᠭ ᠠᠵᠤ ᠠᠬᠤᠶ ᠶᠢᠨ | ᠳᠤᠮᠤ ᠮᠤᠵᠢ ᠪᠣᠯᠬᠤ ᠶᠤᠮ᠃ | ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠰᠤᠳᠤᠯᠬᠤ | ᠬᠦᠷᠢᠶᠡᠯᠡᠩ ᠤᠨ ᠳᠠᠷᠤᠭ᠎ᠠ ᠲᠠᠩ ᠷᠧᠨ ᠦ᠋ ᠢᠯᠡᠷᠬᠡᠶᠢᠯᠡᠭᠰᠡᠨ ᠨᠢ᠂ ᠠᠵᠤ ᠠᠬᠤᠶ ᠶᠢᠨ ᠬᠥᠭᠵᠢᠯᠲᠡ ᠨᠢ ᠰᠠᠭᠤᠭᠠᠯᠢ | ᠠᠷᠠᠳ ᠲᠤ ᠨᠡᠩ ᠭᠦᠢᠴᠡᠳ ᠤᠯᠠᠨ ᠨᠡᠶᠢᠲᠡ ᠶᠢᠨ ᠦᠢᠯᠡᠴᠢᠯᠡᠭᠡ ᠪᠣᠯᠣᠨ ᠤᠯᠠᠨ ᠨᠡᠶᠢᠲᠡ ᠶᠢᠨ ᠦᠢᠯᠡᠳᠬᠦᠨ | ᠬᠠᠨᠭ᠍ᠭᠠᠵᠤ᠂ ᠰᠠᠭᠤᠭᠠᠯᠢ ᠠᠷᠠᠳ ᠤᠨ ᠠᠵᠤ ᠠᠬᠤᠶ ᠶᠢᠨ ᠠᠰᠠᠷᠠᠮᠵᠢ ᠶᠢᠨ ᠬᠢᠷᠢ ᠬᠡᠮᠵᠢᠶ᠎ᠡ ᠨᠢ ᠬᠠᠷᠢᠴᠠᠩᠭᠤᠶ ᠪᠠᠷ | ᠨᠡᠯᠢᠶᠡᠳ ᠥᠨᠳᠥᠷ ᠪᠠᠶᠢᠳᠠᠭ ᠤᠴᠢᠷ ᠠᠴᠠ ᠵᠠᠰᠠᠭ ᠤᠨ ᠣᠷᠳᠣᠨ ᠤ ᠦᠷ᠎ᠡ ᠪᠦᠲᠦᠮᠵᠢ ᠶᠢᠨ ᠳᠡᠭᠡᠭᠰᠢᠯᠡᠯᠲᠡ ᠨᠢ ᠴᠤ | ᠮᠡᠳᠡᠭᠳᠡᠮ᠎ᠡ ᠪᠠᠶᠢᠳᠠᠭ ᠭᠡᠪᠡ᠃ | ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠬᠤ ᠨᠢ ᠵᠠᠰᠠᠭ ᠤᠨ ᠣᠷᠳᠣᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠳᠤ ᠠᠰᠢᠭᠲᠠᠢ | ᠤᠢᠢᠷ᠎ᠠ ᠶᠢᠨ ᠬᠤᠶᠠᠷ ᠵᠢᠯ ᠳᠤ᠂ ᠲᠦᠷᠦ ᠶᠢᠨ ᠶᠠᠪᠤᠳᠠᠯ ᠤᠨ ᠬᠤᠷᠢᠶ᠎ᠠ ᠵᠠᠰᠠᠭ ᠢ ᠴᠣᠮᠬᠠᠳᠬᠠᠨ ᠡᠷᠬᠡ ᠶᠢ | ᠳᠣᠷᠣᠭᠰᠢ ᠪᠠᠭᠤᠯᠭᠠᠬᠤ ᠶᠠᠪᠤᠳᠠᠯ ᠢ ᠶᠡᠷᠦ ᠠᠴᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ︽ | ᠰᠢᠲᠠᠷ᠎ᠠ ᠶᠢᠨ ᠨᠢᠭᠡᠳᠦᠭᠡᠷ ᠠᠯᠬᠤᠮ︾ ᠪᠣᠯᠣᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ︽ | ᠲᠡᠷᠢᠭᠦᠨ ᠡᠭᠦᠷᠭᠡ︾ ᠪᠣᠯᠭᠠᠭᠰᠠᠭᠠᠷ ᠢᠷᠡᠭᠰᠡᠨ ᠶᠤᠮ᠂ ᠡᠨᠡ ᠵᠢᠯ ᠤᠨ 5 ᠳ᠋ᠤᠭᠠᠷ ᠰᠠᠷ᠎ᠠ ᠳᠤ᠂ ᠲᠥᠷᠥ ᠶᠢᠨ | ᠶᠠᠪᠤᠳᠠᠯ ᠤᠨ ᠬᠤᠷᠢᠶ᠎ᠠ ︽2015 ᠣᠨ ᠤ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ | ᠬᠠᠮᠢᠶᠠᠷᠤᠯᠲᠠ ᠶᠢ ᠳᠣᠷᠣᠭᠰᠢ ᠪᠠᠭᠤᠯᠭᠠᠬᠤ ᠶᠢ ᠠᠬᠢᠭᠤᠯᠬᠤ ᠶᠢ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠬᠤᠪᠢᠷᠠᠭᠤᠯᠬᠤ ᠲᠠᠢ ᠤᠶᠠᠯᠳᠤᠭᠤᠯᠬᠤ ᠠᠵᠢᠯ ᠤᠨ ᠲᠥᠰᠦᠯ︾ ᠢ ᠵᠥᠪᠰᠢᠶᠡᠷᠡᠪᠡ᠃ ᠣᠶᠢᠯᠠᠭᠠᠭᠰᠠᠨ ᠢᠶᠠᠷ᠂ ᠡᠨᠡ | ᠤᠳᠠᠭᠠᠨ ᠤ ︽ᠮᠡᠳᠡᠭᠦᠯᠦᠯᠲᠡ︾ ᠶᠢᠨ ᠭᠤᠣᠯ ᠰᠡᠳᠦᠪ ᠮᠥᠨ ᠴᠦ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ | ᠪᠠᠭᠤᠯᠭᠠᠬᠤ ᠨᠢ ᠵᠠᠰᠠᠭ ᠤᠨ ᠣᠷᠳᠣᠨ ᠤ ᠦᠷ᠎ᠡ ᠪᠦᠲᠦᠮᠵᠢ ᠶᠢ ᠬᠡᠷᠬᠢᠨ ᠨᠥᠯᠦᠭᠡᠯᠡᠬᠦ ᠶᠢᠨ ᠲᠣᠭᠤᠷᠢᠨ ᠳᠤ | ᠶᠠᠪᠤᠭᠳᠠᠭᠤᠯᠤᠭᠰᠠᠨ ᠪᠠᠶᠢᠨ᠎ᠠ᠃ ᠮᠡᠳᠡᠭᠦᠯᠦᠯᠲᠡ ᠨᠢ ᠵᠠᠳᠠᠯᠤᠨ ᠰᠢᠨᠵᠢᠯᠡᠬᠦ ᠪᠠᠷ ᠳᠠᠮᠵᠢᠭᠤᠯᠤᠨ᠂ ᠵᠠᠰᠠᠭ ᠢ | ᠴᠣᠮᠬᠠᠳᠬᠠᠨ ᠡᠷᠬᠡ ᠶᠢ ᠪᠠᠭᠤᠯᠭᠠᠬᠤ ᠨᠢ ᠵᠠᠰᠠᠭ ᠤᠨ ᠣᠷᠳᠣᠨ ᠤ ᠬᠡᠪᠴᠢᠶ᠎ᠡ ᠶᠢ ᠰᠢᠯᠢᠳᠡᠭᠵᠢᠭᠦᠯᠬᠦ᠂ ᠠᠵᠤ | ᠠᠬᠤᠶᠢᠯᠠᠯ ᠤᠨ ᠠᠮᠢᠳᠤ ᠰᠣᠷᠭᠤᠭ ᠬᠦᠴᠦᠨ ᠢ ᠬᠥᠭᠵᠢᠭᠡᠬᠦ᠂ ᠰᠠᠭᠤᠭᠠᠯᠢ ᠠᠷᠠᠳ ᠤᠨ ᠠᠵᠤ ᠠᠬᠤᠶ ᠶᠢᠨ | ᠠᠰᠠᠷᠠᠮᠵᠢ ᠶᠢ ᠰᠠᠶᠢᠵᠢᠷᠠᠭᠤᠯᠬᠤ᠂ ᠰᠠᠭᠤᠷᠢ ᠰᠤᠷᠭᠠᠨ ᠬᠥᠮᠦᠵᠢᠯ᠂ ᠠᠵᠢᠯ ᠣᠯᠭᠤᠯᠲᠠ᠂ ᠡᠮ ᠡᠮᠨᠡᠯᠭᠡ ᠡᠷᠡᠭᠦᠯ | ᠬᠠᠮᠠᠭᠠᠯᠠᠯ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠵᠡᠷᠭᠡ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠬᠠᠩᠭᠠᠯᠭ᠎ᠠ ᠶᠢᠨ ᠪᠦᠲᠦᠴᠡ ᠶᠢ ᠰᠠᠶᠢᠵᠢᠷᠠᠭᠤᠯᠬᠤ ᠳᠤ ᠠᠰᠢᠭᠲᠠᠶ ᠪᠠᠶᠢᠵᠤ᠂ ᠣᠷᠣᠨ ᠨᠤᠲᠤᠭ ᠤᠨ | ᠵᠠᠰᠠᠭ ᠤᠨ ᠣᠷᠳᠣᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ ᠴᠢᠳᠠᠨ᠎ᠠ ᠭᠡᠳᠡᠭ ᠢ ᠢᠯᠡᠷᠡᠭᠦᠯᠵᠡᠢ᠃ | | 31 ᠮᠤᠵᠢ ᠶᠢᠨ ᠱᠠᠲᠤᠨ ᠤ ᠵᠠᠰᠠᠭ ᠤᠨ ᠣᠷᠳᠣᠨ ᠤ ᠦᠷ᠎ᠡ ᠪᠦᠲᠦᠮᠵᠢ ᠶᠢᠨ ᠨᠡᠷᠡᠰ ᠤᠨ ᠵᠢᠭᠰᠠᠭᠠᠯᠲᠠ᠄ | 1 ᠯᠢᠶᠣᠤᠨᠢᠩ 2 ᠱᠠᠩᠬᠠᠶ 3 ᠪᠡᠭᠡᠵᠢᠩ 4 ᠭᠤᠸᠠᠩᠳᠦ᠋ᠩ 5 ᠵᠧᠵᠢᠶᠠᠩ 6 ᠵᠢᠶᠠᠩᠰᠦ 7 ᠲᠢᠶᠠᠨᠵᠢᠨ 8 | ᠹᠦᠵᠢᠶᠠᠨ 9 ᠱᠠᠨᠳᠦ᠋ᠩ 10 ᠬᠢᠷᠢᠨ 11 ᠠᠨᠾᠦ᠋ᠢ 12 ᠬᠥᠬᠡᠨᠠᠭᠤᠷ 13 ᠡᠾᠧᠨᠠᠨ 14 ᠥᠪᠥᠷ ᠮᠣᠩᠭᠤᠯ | 15 ᠱᠠᠨ ᠰᠢ 16 ᠡᠾᠧᠪᠸᠢ 17 ᠬᠤᠨᠠᠨ 18 ᠵᠢᠶᠠᠩᠰᠢ 19 ᠬᠠᠶᠢᠨᠠᠨ 20 ᠬᠤᠪᠸᠢ 21 ᠰᠢᠨᠵᠢᠶᠠᠩ 22 | ᠬᠠᠷᠠᠮᠥ᠋ᠷᠡᠨ 23 ᠰᠧᠴᠤᠸᠠᠨ 24 ᠱᠠᠨᠰᠢ 25 ᠴᠦᠩᠴᠢᠩ 26 ᠨᠢᠩᠰᠢᠶᠠ 27 ᠭᠦᠢᠵᠧᠦ 28 ᠭᠤᠸᠠᠩᠰᠢ | 29 ᠶᠦᠨᠨᠠᠨ 30 ᠭᠠᠨᠰᠦ | 31 ᠲᠥᠪᠡᠳ | | |