| ᠰᠤᠷᠪᠤᠯᠵᠢᠯᠠᠭᠰᠠᠨ ᠴᠠᠭ᠄ | 2015 ᠣᠨ ᠤ 11 ᠳ᠋ᠦ᠋ᠭᠡᠷ ᠰᠠᠷ᠎ᠠ ᠶᠢᠨ 30 ᠤ ᠡᠳᠦᠷ ᠤᠨ ᠦᠳᠡ ᠶᠢᠨ ᠡᠮᠦᠨᠡᠬᠢ 10 ᠴᠠᠭ | ᠰᠤᠷᠪᠤᠯᠵᠢᠯᠠᠭᠰᠠᠨ ᠵᠣᠴᠢᠳ᠄ | ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠬᠠᠮᠢᠶᠠᠷᠤᠯᠲᠠ ᠶᠢᠨ ᠵᠥᠪᠯᠡᠯ ᠤᠨ | ᠳᠡᠳ᠋ ᠡᠷᠬᠢᠯᠡᠭᠴᠢ ᠵᠣᠣ ᠸᠧᠨ ᡁᠢ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠨᠢ 2013 ᠣᠨ ᠤ 8 ᠳ᠋ᠤᠭᠠᠷ | ᠰᠠᠷ᠎ᠠ ᠶᠢᠨ 8 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠵᠦ᠂ ᠪᠣᠭᠤᠮᠲᠠ ᠶᠢᠨ ᠶᠡᠷᠦᠩᠬᠡᠶ | ᠵᠠᠬᠢᠷᠭ᠎ᠠ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠪᠣᠯᠤᠨ | ᠤᠯᠤᠰ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠳᠥᠷᠪᠡᠨ ᠶᠠᠮᠤᠨ ᠵᠥᠪᠯᠡᠯ ᠤᠨ | ᠵᠥᠪᠰᠢᠶᠡᠷᠡᠯ ᠢᠶᠠᠷ ᠪᠠᠶᠢᠭᠤᠯᠵᠤ᠂ 2014 ᠣᠨ ᠤ 9 ᠳ᠋ᠦ᠋ᠭᠡᠷ ᠰᠠᠷ᠎ᠠ ᠶᠢᠨ 12 ᠤ ᠡᠳᠦᠷ ᠤᠯᠤᠰ ᠠᠴᠠ ᠰᠢᠯᠭᠠᠨ | ᠠᠪᠴᠤ᠂ ᠡᠨᠡ ᠵᠢᠯ ᠤᠨ 1 ᠳ᠋ᠦ᠋ᠭᠡᠷ ᠰᠠᠷ᠎ᠠ ᠶᠢᠨ1 ᠤ ᠡᠳᠦᠷ ᠠᠯᠪᠠᠨ ᠶᠣᠰᠣᠭᠠᠷ ᠪᠣᠭᠤᠮᠲᠠ ᠶᠢᠨ ᠭᠠᠶᠢᠯᠢ ᠬᠤᠷᠢᠵᠤ | ᠡᠵᠡᠩᠨᠡᠪᠡ᠂ ᠡᠨᠡ ᠨᠢ ᠮᠥᠨ ᠴᠦ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠭᠠᠶᠢᠯᠢ ᠪᠠᠲᠤᠯᠠᠬᠤ ᠪᠠᠷᠠᠭ᠎ᠠ ᠶᠢᠨ | ᠭᠦᠢᠯᠭᠡᠭᠡᠨ ᠤ ᠲᠥᠪ ᠪᠣᠯᠤᠨ᠎ᠠ᠃ ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ | ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠬᠤ ᠶᠢᠨ ᠲᠤᠰᠠᠳᠠ᠂ ᠣᠶᠢᠷ᠎ᠡ ᠳᠤ ᠪᠢᠳᠡ ᠤᠯᠠᠭᠠᠨᠬᠠᠳᠠ ᠭᠠᠶᠢᠯᠢ | ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠣᠣ ᠸᠧᠨ | ᡁᠢ ᠶᠢ ᠤᠷᠢᠵᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷ᠎ᠡ ᠲᠠ ᠨᠠᠷ ᠲᠠᠢ | ᠶᠠᠷᠢᠯᠴᠠᠭᠤᠯᠬᠤ ᠪᠣᠯᠣᠨ᠎ᠠ᠂ ᠥᠷᠭᠡᠨ ᠣᠯᠠᠨ ᠰᠦᠯᠵᠢᠶᠡᠨ ᠠᠨᠳᠠ ᠨᠠᠷ ᠲᠤᠬᠠᠶ ᠶᠢᠨ ᠴᠠᠭ ᠲᠤ ᠢᠳᠡᠪᠬᠢᠲᠡᠶ | ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ︕ | ᠰᠤᠷᠪᠤᠯᠵᠢᠯᠠᠨ ᠶᠠᠷᠢᠯᠴᠠᠭᠰᠠᠨ ᠪᠣᠳᠠᠳᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠠᠨᠳᠠ ᠨᠠᠷ ᠡ ᠰᠠᠶᠢᠨ ᠪᠠᠶᠢᠨ᠎ᠠ ᠤᠤ︕ ᠲᠠ ᠪᠦᠬᠦᠨ ᠲᠣᠰ ᠬᠤᠭᠤᠴᠠᠭᠠᠨ ᠤ ︽ᠳᠤᠮᠳᠠᠳᠤ | ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠦᠵᠡᠬᠦ ᠶᠢ ᠪᠠᠶᠠᠷᠯᠠᠨ | ᠤᠭᠲᠤᠵᠤ ᠪᠠᠶᠢᠨ᠎ᠠ᠂ ᠪᠢᠳᠡᠨ ᠤ ᠦᠨᠦᠳᠦᠷ ᠤᠨ ᠤᠷᠢᠵᠤ ᠢᠷᠡᠭᠰᠡᠨ ᠡᠷᠬᠢᠮ ᠵᠣᠴᠢᠳ ᠪᠣᠯ ᠤᠯᠠᠭᠠᠨᠬᠠᠳᠠ ᠭᠠᠶᠢᠯᠢ | ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠣᠣ ᠸᠧᠨ | ᡁᠢ ᠪᠣᠯᠣᠨ᠎ᠠ᠂ ᠲᠡᠷᠡ ᠪᠢᠳᠡᠨ ᠳᠤ ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ | ᠪᠥᠳᠥᠭᠡᠨ ᠪᠠᠶᠢᠭᠤᠯᠤᠯᠲᠠ ᠡᠵᠡᠩᠨᠡᠯᠲᠡ ᠵᠡᠷᠭᠡ ᠲᠠᠯ᠎ᠠ ᠪᠠᠷ ᠬᠢ ᠪᠠᠶᠢᠳᠠᠯ ᠢ ᠲᠠᠨᠢᠯᠴᠠᠭᠤᠯᠵᠤ ᠥᠭᠭᠦᠨ᠎ᠡ᠃ ᠵᠣᠣ | ᠡᠷᠬᠢᠯᠡᠭᠴᠢ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ᠵᠣᠣ ᠸᠧᠨ ᡁᠢ᠄ | ᠬᠥᠲᠥᠯᠥᠭᠴᠢ ᠰᠠᠶᠢᠨ ᠪᠠᠶᠢᠨ᠎ᠠ ᠤᠤ︕ ᠰᠦᠯᠵᠢᠶᠡᠨ ᠤ ᠨᠠᠶᠢᠵᠠ ᠨᠠᠷ ᠲᠤ ᠮᠡᠨᠳᠦ ᠠᠶᠢᠯᠠᠳᠬᠠᠶ᠎ᠠ︕ | ᠬᠥᠲᠥᠯᠥᠭᠴᠢ᠄ | ᠵᠤᠤ ᠡᠷᠬᠢᠯᠡᠭᠴᠢ ᠡ᠂ ᠪᠢᠳᠠᠨ ᠤ ᠣᠶᠢᠯᠠᠭᠠᠭᠰᠠᠨ ᠢᠶᠠᠷ᠂ ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ | ᠭᠦᠢᠯᠭᠡᠭᠡᠨ ᠤ ᠲᠥᠪ ᠨᠢ 2013 ᠣᠨ ᠤ 8 ᠳ᠋ᠤᠭᠠᠷ ᠰᠠᠷ᠎ᠠ ᠶᠢᠨ 8 ᠤ ᠡᠳᠦᠷ᠂ ᠲᠥᠷᠥ ᠶᠢᠨ ᠶᠠᠪᠤᠳᠠᠯ ᠤᠨ | ᠬᠤᠷᠢᠶ᠎ᠠ ᠪᠠᠷ ᠵᠥᠪᠰᠢᠶᠡᠷᠡᠭᠦᠯᠵᠦ᠂ ᠪᠣᠭᠤᠮᠲᠠ ᠶᠢᠨ ᠶᠡᠷᠦᠩᠬᠡᠶ ᠵᠠᠬᠢᠷᠭ᠎ᠠ᠂ ᠡᠳ᠋ ᠤᠨ ᠵᠠᠰᠠᠭ ᠤᠨ ᠶᠠᠮᠤᠨ᠂ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠪᠣᠯᠤᠨ ᠤᠯᠤᠰ ᠤᠨ ᠭᠠᠳᠠᠭᠠᠳᠤ ᠭᠤᠪᠢᠭᠤᠯᠭ᠎ᠠ ᠶᠢᠨ | ᠬᠠᠮᠢᠶᠠᠷᠤᠯᠲᠠ ᠶᠢᠨ ᠲᠣᠪᠴᠢᠶ᠎ᠠ ᠵᠡᠷᠭᠡ ᠳᠥᠷᠪᠡᠨ ᠶᠠᠮᠤᠨ ᠵᠥᠪᠯᠡᠯ ᠤᠨ ᠵᠥᠪᠰᠢᠶᠡᠷᠡᠯ ᠢᠶᠠᠷ ᠪᠠᠶᠢᠭᠤᠯᠵᠤ᠂ 2014 | ᠣᠨ ᠤ 9 ᠳ᠋ᠦ᠋ᠭᠡᠷ ᠰᠠᠷ᠎ᠠ ᠶᠢᠨ 12 ᠤ ᠡᠳᠦᠷ ᠤᠯᠤᠰ ᠠᠴᠠ ᠰᠢᠯᠭᠠᠨ ᠠᠪᠴᠤ᠂ ᠡᠨᠡ ᠵᠢᠯ ᠤᠨ 1 ᠳ᠋ᠦ᠋ᠭᠡᠷ | ᠰᠠᠷ᠎ᠠ ᠶᠢᠨ 1 ᠤ ᠡᠳᠦᠷ ᠠᠯᠪᠠᠨ ᠶᠣᠰᠣᠭᠠᠷ ᠪᠣᠭᠤᠮᠲᠠ ᠶᠢᠨ ᠭᠠᠶᠢᠯᠢ ᠬᠤᠷᠢᠵᠤ ᠡᠵᠡᠩᠨᠡᠪᠡ᠂ ᠡᠨᠡ ᠨᠢ ᠮᠥᠨ ᠴᠦ | ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠪᠣᠯᠤᠨ᠎ᠠ᠃ | ᠵᠣᠣ ᠡᠷᠬᠢᠯᠡᠭᠴᠢ ᠡ᠂ ᠲᠠ ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ | ᠪᠠᠶᠢᠭᠤᠯᠤᠭᠳᠠᠭᠰᠠᠨ ᠠᠬᠤᠶ ᠪᠠᠶᠢᠳᠠᠯ ᠵᠢᠴᠢ ᠲᠡᠭᠦᠨ ᠤ ᠴᠢᠳᠠᠪᠬᠢ ᠦᠢᠯᠡᠳᠦᠯ ᠢ ᠶᠠᠷᠢᠭᠠᠳ ᠥᠭᠭᠦᠨ᠎ᠡ ᠤᠤ︖ | ᠵᠣᠣ ᠸᠧᠨ ᡁᠢ᠄ | ᠤᠯᠠᠭᠠᠨᠬᠠᠳᠠ ᠭᠠᠵᠠᠷ ᠣᠷᠣᠨ ᠪᠣᠯ ᠥᠪᠥᠷ ᠮᠣᠩᠭᠤᠯ ᠡᠾᠧᠪᠸᠢ ᠯᠢᠶᠣᠤᠨᠢᠩ ᠤᠨ ᠵᠠᠬ᠎ᠠ ᠨᠡᠶᠢᠯᠡᠭᠰᠡᠨ | ᠬᠡᠰᠡᠭ ᠢᠶᠠᠷ ᠪᠠᠶᠢᠷᠢᠯᠠᠵᠤ᠂ ᠵᠡᠭᠦᠨ ᠬᠤᠶᠢᠲᠤ ᠣᠷᠣᠨ ᠬᠢᠭᠡᠳ ᠤᠮᠠᠷᠠᠲᠤ ᠣᠷᠣᠨ ᠤ ᠠᠭᠤᠯᠵᠠᠷ ᠬᠡᠰᠡᠭ ᠲᠤ | ᠪᠠᠶᠢᠷᠢᠯᠠᠨ᠂ ᠵᠡᠭᠦᠨ ᠬᠤᠶᠢᠲᠤ ᠶᠢᠨ ᠠᠵᠤ ᠠᠬᠤᠶ ᠶᠢᠨ ᠲᠣᠭᠤᠷᠢᠭ ᠪᠣᠯᠤᠨ ᠨᠡᠶᠢᠰᠯᠡᠯ ᠤᠨ ᠠᠵᠤ ᠠᠬᠤᠶ ᠶᠢᠨ | ᠲᠣᠭᠤᠷᠢᠭ ᠤᠨ ᠴᠢᠬᠤᠯᠠ ᠪᠦᠷᠢᠯᠳᠦᠬᠦᠨ ᠬᠡᠰᠡᠭ ᠮᠦᠨ᠂ ᠪᠠᠰᠠ ᠴᠤ ᠪᠥᠸᠧᠬᠠᠢ ᠲᠠᠩᠭᠢᠰ ᠳᠠᠭᠠᠤ ᠠᠵᠤ ᠠᠬᠤᠶ ᠶᠢᠨ | ᠬᠦᠷᠢᠶ᠎ᠡ ᠶᠢᠨ ᠴᠢᠬᠤᠯᠠ ᠬᠡᠰᠡᠭ ᠮᠦᠨ᠂ ᠤᠯᠠᠨ ᠠᠴᠠ ᠬᠡᠲᠦ᠋ᠢᠳᠦᠭᠰᠡᠨ ᠭᠠᠵᠠᠷ ᠣᠷᠣᠨ ᠤ ᠳᠠᠪᠠᠭᠤᠯᠢᠭ ᠲᠠᠯ᠎ᠠ ᠲᠠᠢ | ᠶᠤᠮ᠃ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶ᠎ᠠ ᠪᠣᠯᠣᠨ ᠪᠣᠯᠪᠠᠰᠤᠷᠠᠭᠤᠯᠬᠤ ᠠᠷᠠᠯᠵᠢᠶ᠎ᠠ ᠶᠢᠨ | ᠥᠷᠨᠢᠨ ᠬᠥᠭᠵᠢᠵᠦ᠂ ᠤᠯᠠᠨ ᠤᠯᠤᠰ ᠤᠨ ᠪᠠᠷᠠᠭ᠎ᠠ ᠶᠢᠨ ᠭᠦᠢᠯᠭᠡᠭᠡᠨ ᠤ ᠬᠡᠷᠡᠭᠴᠡᠭᠡ ᠱᠠᠭᠠᠷᠳᠠᠯᠭ᠎ᠠ ᠯᠤᠲᠤ ᠶᠡᠭᠡ | ᠪᠠᠶᠢᠭ᠎ᠠ ᠠᠬᠤᠶ ᠪᠠᠶᠢᠳᠠᠯ ᠤᠨ ᠳᠣᠣᠷ᠎ᠠ᠂ ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ | ᠪᠠᠶᠢᠭᠤᠯᠤᠭᠳᠠᠭᠰᠠᠨ ᠶᠤᠮ᠃ ᠡᠭᠦᠨ ᠤ ᠬᠠᠮᠲᠤ ︽ᠭᠠᠳᠠᠭᠰᠢᠯ ᠠᠵᠤ ᠠᠬᠤᠶ︾ ᠶᠢᠨ ᠬᠥᠭᠵᠢᠯᠲᠡ ᠶᠢᠨ | ᠰᠡᠳᠭᠢᠮᠵᠢ ᠪᠠᠷ ᠭᠠᠳᠠᠭᠠᠳᠤ ᠠᠴᠠ ᠣᠷᠣᠭᠤᠯᠬᠤ ᠪᠠᠷᠠᠭᠠᠨ ᠤ ᠭᠠᠶᠢᠯᠢ ᠪᠠᠲᠤᠯᠠᠬᠤ ᠰᠠᠩ ᠬᠥᠮᠥᠷᠭᠡ᠂ ᠭᠠᠳᠠᠭᠠᠳᠤ ᠳᠤ | ᠭᠠᠷᠭᠠᠬᠤ ᠡᠳ᠋ ᠪᠠᠷᠠᠭᠠᠨ ᠤ ᠲᠣᠭᠤᠷᠢᠭ ᠲᠤ ᠣᠷᠣᠭᠤᠯᠵᠤ ᠭᠠᠶᠢᠯᠢ ᠶᠢ ᠪᠤᠴᠠᠭᠠᠬᠤ᠂ ᠤᠯᠠᠨ ᠤᠯᠤᠰ ᠤᠨ | ᠪᠠᠷᠠᠭ᠎ᠠ ᠶᠢᠨ ᠭᠦᠢᠯᠭᠡᠭᠡᠨ ᠢ ᠬᠤᠪᠢᠶᠠᠨ ᠰᠠᠯᠭᠠᠵᠤ ᠲᠣᠬᠢᠷᠠᠭᠤᠯᠤᠨ ᠬᠦᠷᠭᠡᠬᠦ᠂ ᠭᠠᠷᠠᠮ ᠳᠠᠮᠵᠢᠭᠰᠠᠨ ᠠᠷᠠᠯᠵᠢᠶ᠎ᠠ᠂ | ᠭᠠᠶᠢᠯᠢ ᠪᠠᠲᠤᠯᠠᠬᠤ ᠳᠡᠯᠭᠡᠨ ᠦᠵᠡᠭᠦᠯᠦᠭᠡ᠂ ᠡᠩ ᠤᠨ ᠪᠣᠯᠪᠠᠰᠤᠷᠠᠭᠤᠯᠭᠠ ᠵᠢᠴᠢ ᠦᠷᠳᠡᠭ ᠨᠡᠮᠡᠭᠳᠡᠭᠰᠡᠨ | ᠦᠢᠯᠡᠴᠢᠯᠡᠭᠡ ᠵᠡᠷᠭᠡ ᠴᠢᠳᠠᠪᠬᠢ ᠶᠢ ᠬᠦᠴᠦᠯᠡᠨ ᠪᠠᠶᠢᠭᠤᠯᠤᠨ ᠪᠦᠷᠢᠨᠰᠢᠭᠦᠯᠵᠦ᠂ ᠶᠡᠷᠦᠩᠬᠡᠶ ᠱᠦᠵᠢ ᠰᠢ ᠶᠢᠨ | ᠫᠢᠩ ᠤᠨ ᠳᠤᠷᠠᠳᠤᠭᠰᠠᠨ ︽ᠤᠮᠠᠷᠠᠲᠤ ᠬᠢᠯᠢ ᠶᠢᠨ ᠥᠩᠭᠡ ᠢᠯᠭᠠᠷᠠᠭᠰᠠᠨ ᠦᠵᠡᠮᠵᠢ ᠶᠢᠨ ᠣᠷᠣᠨ ᠢ ᠴᠣᠭᠴᠠᠯᠠᠬᠤ | ᠪᠠ ᠤᠮᠠᠷᠠᠰᠢ ᠨᠡᠭᠡᠭᠡᠬᠦ ᠬᠥᠭᠦᠷᠭᠡᠨ ᠪᠠᠬᠢᠯᠡᠯᠲᠡ︾ ᠶᠢᠨ ᠪᠠᠷᠠᠭᠠᠯᠬᠢᠯᠠᠯᠳᠤ ᠴᠢᠨᠠᠷ ᠲᠠᠢ ᠬᠥᠭᠵᠢᠯᠲᠡ ᠶᠢᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠳᠤ ᠪᠠᠲᠤ ᠪᠠᠬᠢ ᠪᠣᠳᠠᠰ ᠤᠨ ᠰᠠᠭᠤᠷᠢ ᠲᠠᠯᠪᠢᠵᠤ᠂ | ᠤᠯᠠᠭᠠᠨᠬᠠᠳᠠ ᠶᠢᠨ ᠠᠵᠤ ᠠᠬᠤᠶ ᠶᠢᠨ ᠣᠷᠣᠨ ᠪᠠᠶᠢᠷᠢᠰᠢᠯ ᠤᠨ ᠳᠠᠪᠠᠭᠤᠯᠢᠭ ᠲᠠᠯ᠎ᠠ ᠶᠢ ᠤᠯᠠᠮ ᠴᠢᠨᠠᠭᠰᠢᠳᠠ | ᠳᠡᠭᠡᠭᠰᠢᠯᠡᠭᠦᠯᠵᠦ᠂ ᠠᠵᠤ ᠦᠢᠯᠡᠰ ᠤᠨ ᠰᠠᠴᠤᠷᠠᠭ ᠤᠨ ᠥᠷᠭᠡᠴᠡ ᠶᠢ ᠨᠡᠮᠡᠭᠳᠡᠭᠦᠯᠵᠦ᠂ ᠬᠤᠲᠠ ᠶᠢᠨ ᠲᠥᠪᠯᠡᠷᠡᠯ ᠤᠨ | ᠦᠢᠯᠡᠳᠦᠯ ᠳᠡᠭᠡᠭᠰᠢᠯᠡᠭᠦᠯᠬᠦ ᠳᠤ ᠪᠠᠶᠢᠭᠤᠯᠤᠯ ᠤᠨ ᠴᠢᠨᠠᠷᠲᠠᠶ ᠪᠠᠲᠤᠯᠠᠭ᠎ᠠ ᠣᠯᠭᠤᠪᠠ᠃ ᠤᠯᠠᠭᠠᠨᠬᠠᠳᠠ ᠭᠠᠶᠢᠯᠢ | ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠲᠤᠬᠠᠶᠢᠯᠠᠭᠰᠠᠨ ᠠᠵᠢᠯ ᠨᠢ ᠤᠯᠠᠭᠠᠨᠬᠠᠳᠠ ᠬᠤᠲᠠ᠂ | ᠲᠦᠩᠯᠢᠶᠣᠤ ᠬᠤᠳᠠ᠂ ᠰᠢᠯᠢ ᠶᠢᠨ ᠭᠤᠣᠯ ᠠᠶᠢᠮᠠᠭ᠂ ᠯᠢᠶᠣᠤᠨᠢᠩ ᠤᠨ ᠪᠠᠷᠠᠭᠤᠨ ᠬᠡᠰᠡᠭ᠂ ᠡᠾᠧᠪᠸᠢ ᠶᠢᠨ ᠬᠤᠶᠢᠲᠤ | ᠬᠡᠰᠡᠭ ᠢ ᠪᠦᠷᠬᠦᠵᠦ᠂ ᠲᠡᠷᠡᠴᠢᠯᠡᠨ ᠤᠯᠠᠭᠠᠨᠬᠠᠳᠠ ᠬᠤᠳᠠ ᠬᠢᠭᠡᠳ ᠲᠢᠶᠠᠨᠵᠢᠨ᠂ ᠵᠢᠨᠵᠧᠦ ᠵᠡᠷᠭᠡ ᠭᠠᠵᠠᠷ ᠲᠠᠢ | ᠭᠠᠶᠢᠯᠢ ᠪᠠᠲᠤᠯᠠᠬᠤ ᠲᠣᠭᠤᠷᠢᠭ ᠭᠠᠷᠠᠮ ᠲᠠᠢ ᠬᠠᠮᠲᠤᠷᠠᠨ ᠬᠥᠳᠡᠯᠦᠯᠴᠡᠬᠦ ᠶᠢ ᠤᠯᠠᠮ ᠴᠢᠨᠠᠭᠰᠢᠳᠠ ᠨᠢᠭᠲᠠᠷᠠᠭᠤᠯᠵᠤ᠂ | ᠤᠯᠠᠭᠠᠨᠬᠠᠳᠠ ᠬᠤᠳᠠ ᠵᠢᠴᠢ ᠬᠦᠷᠰᠢ ᠵᠡᠷᠭᠡᠯᠡᠳᠡᠭᠡ ᠭᠠᠵᠠᠷ ᠣᠷᠣᠨ ᠤ ᠭᠠᠳᠠᠭᠰᠢᠯ ᠠᠵᠤ ᠠᠬᠤᠶ ᠶᠢᠨ | ᠬᠤᠷᠳᠤᠴᠠ ᠪᠠᠨ ᠨᠡᠮᠡᠭᠳᠡᠭᠦᠯᠦᠨ ᠬᠦᠭᠵᠢᠬᠦ ᠶᠢ ᠲᠦᠯᠬᠢᠨ ᠠᠬᠢᠭᠤᠯᠪᠠ᠃ ᠤᠯᠠᠭᠠᠨᠬᠠᠳᠠ ᠭᠠᠶᠢᠯᠢ ᠪᠠᠲᠤᠯᠠᠬᠤ | ᠪᠠᠷᠠᠭ᠎ᠠ ᠶᠢᠨ ᠭᠦᠢᠯᠭᠡᠭᠡᠨ ᠤ ᠲᠥᠪ ᠤᠨ ᠲᠣᠭᠤᠷᠢᠨ ᠳᠤ ᠪᠡᠶᠡᠯᠡᠭᠳᠡᠭᠰᠡᠨ ᠰᠦᠯᠵᠢᠶᠡᠨ ᠤ ᠠᠵᠤ ᠠᠬᠤᠶ ᠨᠢ | ᠤᠯᠠᠭᠠᠨᠬᠠᠳᠠ ᠬᠤᠳᠠ ᠬᠢᠭᠡᠳ ᠬᠦᠷᠰᠢ ᠵᠡᠷᠭᠡᠯᠡᠳᠡᠭᠡ ᠭᠠᠵᠠᠷ ᠣᠷᠣᠨ ᠤ ᠪᠡᠯᠡ ᠮᠥᠩᠭᠦ᠂ ᠲᠧᠭᠨᠢᠭ ᠮᠡᠷᠭᠡᠵᠢᠯ᠂ | ᠮᠡᠳᠡᠭᠡ ᠵᠠᠩᠭᠢ᠂ ᠬᠥᠳᠡᠯᠮᠦᠷᠢ ᠶᠢᠨ ᠬᠦᠴᠦ ᠵᠡᠷᠭᠡ ᠦᠢᠯᠡᠳᠪᠦᠷᠢᠯᠡᠯ ᠤᠨ ᠴᠢᠬᠤᠯᠠ ᠬᠦᠴᠦᠨ ᠵᠦᠢᠯ ᠤᠨ | ᠡᠷᠭᠢᠯᠲᠡ ᠶᠢ ᠬᠦᠴᠦᠲᠡᠢ ᠲᠦᠯᠬᠢᠨ ᠠᠬᠢᠭᠤᠯᠵᠤ᠂ ᠠᠳᠠᠯᠢᠳᠬᠠᠯ ᠳᠠᠪᠠᠭᠤᠯᠢᠭ ᠪᠠᠷ ᠢᠶᠠᠨ ᠳᠠᠮᠵᠢᠭᠤᠯᠤᠨ᠂ ᠡᠯ᠎ᠡ | ᠲᠦᠷᠦᠯ ᠤᠨ ᠦᠢᠯᠡᠳᠪᠦᠷᠢᠯᠡᠯ ᠤᠨ ᠴᠢᠬᠤᠯᠠ ᠬᠦᠴᠦᠨ ᠵᠦᠢᠯ ᠢ ᠠᠳᠠᠯᠢ ᠪᠤᠰᠤ ᠦᠢᠯᠡᠳᠪᠦᠷᠢᠯᠡᠯ ᠤᠨ ᠣᠷᠣᠨ | ᠪᠦᠰᠡ ᠶᠢᠨ ᠬᠤᠭᠤᠷᠣᠨᠳᠣ ᠵᠦᠢ ᠵᠣᠬᠢᠰᠲᠠᠶ ᠲᠣᠬᠢᠷᠠᠭᠤᠯᠵᠤ᠂ ᠡᠭᠦᠨ ᠤ ᠤᠯᠠᠮ ᠢᠶᠠᠷ ᠬᠦᠷᠰᠢ ᠵᠡᠷᠭᠡᠯᠡᠳᠡᠭᠡ | ᠣᠷᠣᠨ ᠤ ᠠᠵᠤ ᠠᠬᠤᠶ ᠶᠢ ᠨᠦᠯᠦᠭᠡᠯᠡᠨ ᠨᠢᠭᠡ ᠴᠣᠭᠴᠠᠵᠢᠭᠤᠯᠬᠤ ᠶᠢ ᠲᠦᠯᠬᠢᠨ ᠠᠬᠢᠭᠤᠯᠬᠤ ᠪᠣᠯᠣᠨ᠎ᠠ᠃ | ᠬᠥᠲᠦᠯᠦᠭᠴᠢ᠄ | ᠵᠣᠣ ᠡᠷᠬᠢᠯᠡᠭᠴᠢ ᠡ᠂ ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠰᠠᠭᠤᠷᠢ | ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠨᠢ ᠶᠠᠮᠠᠷ ᠪᠠᠶᠢᠬᠤ ᠪᠣᠢ︖ | ᠵᠣᠣ ᠸᠧᠨ ᡁᠢ᠄ | ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠨᠢ ᠤᠯᠠᠭᠠᠨᠬᠠᠳᠠ ᠬᠤᠲᠠ ᠶᠢᠨ | ᠬᠤᠩ ᠱᠠᠨ ᠲᠣᠭᠤᠷᠢᠭ ᠤᠨ ᠬᠦᠭᠦᠷᠭᠡ ᠶᠢᠨ ᠠᠷᠤ ᠳᠠᠬᠢ ᠡᠳ᠋ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ | ᠲᠤ ᠪᠠᠶᠢᠷᠢᠯᠠᠵᠤ᠂ ᠤᠯᠠᠭᠠᠨᠬᠠᠳᠠ ᠬᠤᠲᠠ᠂ ᠬᠤᠩ ᠱᠠᠨ ᠲᠣᠭᠤᠷᠢᠭ ᠤᠨ ᠬᠤᠶᠠᠷ ᠱᠠᠲᠤᠨ ᠤ ᠨᠠᠮ ᠤᠨ ᠬᠤᠷᠢᠶ᠎ᠠ᠂ | ᠵᠠᠰᠠᠭ ᠤᠨ ᠤᠷᠳᠤᠨ ᠠᠴᠠ ᠬᠠᠮᠲᠤ ᠪᠠᠷ ᠪᠠᠶᠢᠭᠤᠯᠪᠠ᠃ ᠪᠠᠷᠠᠭ᠎ᠠ ᠶᠢᠨ ᠭᠦᠢᠯᠭᠡᠭᠡᠨ ᠤ ᠲᠥᠪ ᠤᠨ | ᠲᠦᠯᠦᠪᠵᠢᠭᠦᠯᠦᠭᠰᠡᠨ ᠲᠠᠯᠠᠪᠠᠢ ᠨᠢ1.43 ᠲᠡᠭᠰᠢ ᠳᠦᠷᠪᠡᠯᠵᠢᠨ ᠺᠢᠯᠤᠮᠧᠲᠷ᠂ ᠨᠢᠭᠡᠳᠦᠭᠡᠷ ᠬᠤᠭᠤᠴᠠᠭᠠᠨ ᠤ | ᠬᠦᠷᠢᠶᠡᠯᠡᠭᠰᠡᠨ ᠲᠣᠣᠷ ᠤᠨ ᠲᠠᠯᠠᠪᠠᠢ ᠨᠢ18.41 ᠲᠦᠮᠡᠨ ᠲᠡᠭᠰᠢ ᠳᠦᠷᠪᠡᠯᠵᠢᠨ ᠮᠧᠲᠷ ᠪᠠᠶᠢᠵᠤ᠂ ᠲᠦᠷᠦᠯ | ᠵᠦᠢᠯ ᠤᠨ ᠶᠡᠷᠦᠩᠬᠡᠢ ᠪᠡᠯᠡ ᠣᠷᠤᠭᠤᠯᠤᠯᠲᠠ ᠨᠢ 7.2 ᠳ᠋ᠦᠩᠰᠢᠭᠤᠷ ᠲᠦᠭᠦᠷᠢᠭ ᠪᠣᠯᠤᠨ᠎ᠠ᠃ ᠬᠦᠷᠢᠶᠡᠯᠡᠭᠰᠡᠨ | ᠲᠣᠣᠷ ᠤᠨ ᠳᠣᠲᠤᠷ᠎ᠠ ᠲᠥᠪ ᠤᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠲᠠᠢ | ᠂ ᠬᠠᠲᠠᠭᠤ ᠲᠣᠨᠤᠭ ᠤᠨ ᠪᠦᠲᠦᠭᠡᠨ ᠪᠠᠶᠢᠭᠤᠯᠤᠯᠲᠠ ᠭᠡᠪᠡᠯ ᠬᠤᠷᠢᠭ᠎ᠠ ᠵᠢᠴᠢ ᠲᠤᠬᠠᠶᠢᠯᠠᠭᠰᠠᠨ ᠠᠵᠢᠯ ᠤᠨ | ᠶᠡᠷᠦᠩᠬᠡᠶᠢᠯᠡᠭᠰᠡᠨ ᠨᠢᠭᠡ ᠠᠰᠠᠷ ᠪᠣᠢ︔ ᠬᠢᠯᠢ ᠶᠢᠨ ᠪᠣᠭᠤᠮᠲᠠ ᠶᠢᠨ ᠪᠠᠶᠢᠴᠠᠭᠠᠨ ᠰᠢᠯᠭᠠᠬᠤ ᠬᠦᠮᠦᠷᠭᠡ ᠨᠢᠭᠡ ᠪᠣᠢ︔ | ᠭᠠᠶᠢᠯᠢ ᠪᠠᠲᠤᠯᠠᠬᠤ ᠬᠦᠮᠦᠷᠭᠡ 6 ᠪᠠᠶᠢᠵᠤ ᠨᠡᠶᠢᠲᠡ 3.2 ᠲᠦᠮᠡᠨ ᠲᠡᠭᠰᠢ ᠳᠦᠷᠪᠡᠯᠵᠢᠨ ᠮᠧᠲᠷ ᠲᠠᠯᠠᠪᠠᠢ ᠲᠠᠢ︔ | ᠪᠠᠷᠠᠭ᠎ᠠ ᠣᠪᠤᠭᠠᠯᠠᠬᠤ ᠵᠠᠳᠠᠭᠠᠢ ᠲᠠᠯᠠᠪᠤᠷ 2 ᠪᠠᠶᠢᠵᠤ ᠨᠡᠶᠢᠲᠡ 2 ᠲᠦᠮᠡᠨ ᠲᠡᠭᠰᠢ ᠳᠦᠷᠪᠡᠯᠵᠢᠨ ᠮᠧᠲᠷ ᠲᠠᠯᠠᠪᠠᠢ | ᠲᠠᠢ᠃ ᠬᠦᠷᠢᠶᠡᠯᠡᠭᠰᠡᠨ ᠲᠣᠣᠷ ᠤᠨ ᠭᠠᠳᠠᠨ᠎ᠠ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠭᠰᠠᠨ 3 ᠵᠣᠷᠪᠤᠰ | ᠲᠡᠮᠦᠷ ᠵᠠᠮ ᠤᠨ ᠲᠡᠭᠡᠭᠡᠪᠦᠷᠢ ᠶᠢᠨ ᠲᠤᠰᠬᠠᠢ ᠱᠤᠭᠤᠮ ᠲᠠᠢ᠂ 3 ᠲᠦᠮᠡᠨ ᠲᠦᠮᠡᠨ ᠲᠡᠭᠰᠢ ᠳᠦᠷᠪᠡᠯᠵᠢᠨ ᠮᠧᠲᠷ ᠤᠨ | ᠴᠢᠨᠡᠭᠡᠯᠢᠭ ᠤᠨ ᠪᠠᠷᠠᠭ᠎ᠠ ᠣᠪᠤᠭᠠᠯᠠᠬᠤ ᠲᠠᠯᠠᠪᠤᠷ ᠵᠢᠴᠢ 1 ᠲᠦᠮᠡᠨ ᠲᠡᠭᠰᠢ ᠳᠦᠷᠪᠡᠯᠵᠢᠨ ᠮᠧᠲᠷ ᠤᠨ ᠦᠷᠲᠡᠭᠡᠨ | ᠲᠠᠪᠴᠠᠩ ᠤᠨ ᠤᠷᠳᠤᠳᠬᠠᠭᠰᠠᠨ ᠬᠦᠮᠦᠷᠭᠡ ᠪᠠᠶᠢᠨ᠎ᠠ᠃ | ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠴᠢᠳᠠᠪᠤᠷᠢ ᠶᠢ ᠤᠯᠠᠮ | ᠲᠡᠭᠦᠯᠳᠡᠷᠵᠢᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠳᠡᠰ ᠢ ᠳᠡᠪᠰᠢᠭᠦᠯᠬᠦ ᠬᠡᠷᠡᠭᠴᠡᠭᠡ ᠶᠢ ᠬᠠᠩᠭᠠᠵᠤ᠂ | ᠤᠯᠠᠭᠠᠨᠬᠠᠳᠠ ᠶᠢᠨ ᠠᠷᠠᠯᠵᠢᠶ᠎ᠠ ᠬᠤᠳᠠᠯᠳᠤᠭᠠᠨ ᠤ ᠦᠢᠯᠡᠰ ᠤᠨ ᠬᠦᠭᠵᠢᠯᠲᠡ ᠶᠢᠨ ᠪᠦᠲᠦᠴᠡ ᠶᠢ | ᠰᠢᠯᠢᠳᠡᠭᠵᠢᠭᠦᠯᠬᠦ ᠶᠢᠨ ᠲᠤᠰᠠᠳᠠ᠂ 2015 ᠣᠨ ᠤ 5 ᠳ᠋ᠤᠭᠠᠷ ᠰᠠᠷ᠎ᠠ ᠳᠤ ᠤᠯᠠᠭᠠᠨᠬᠠᠳᠠ ᠭᠠᠶᠢᠯᠢ ᠪᠠᠲᠤᠯᠠᠬᠤ | ᠲᠠᠸᠠᠷ ᠤᠨ ᠦᠵᠡᠭᠦᠯᠦᠯᠭᠡ ᠠᠷᠠᠯᠵᠢᠶ᠎ᠠ ᠰᠣᠯᠢᠯᠴᠠᠭᠠᠨ ᠤ ᠲᠥᠪ ᠤᠨ ᠪᠦᠲᠦᠭᠡᠨ ᠪᠠᠶᠢᠭᠤᠯᠤᠯᠲᠠ ᠪᠠ ᠪᠡᠯᠡᠳᠬᠡᠯ | ᠠᠵᠢᠯ ᠢ ᠵᠢᠩᠬᠢᠨᠢ ᠪᠠᠷ ᠡᠬᠢᠯᠡᠭᠦᠯᠵᠦ᠂ 8 ᠳ᠋ᠤᠭᠠᠷ ᠰᠠᠷ᠎ᠠ ᠶᠢᠨ 16 ᠤ ᠡᠳᠦᠷ ᠵᠢᠩᠬᠢᠨᠢ ᠪᠠᠷ ᠠᠰᠢᠭᠯᠠᠯᠲᠠ ᠳᠤ | ᠣᠷᠤᠭᠤᠯᠪᠠ᠃ ᠤᠯᠠᠭᠠᠨᠬᠠᠳᠠ ᠭᠠᠶᠢᠯᠢ ᠪᠠᠲᠤᠯᠠᠬᠤ ᠲᠠᠸᠠᠷ ᠤᠨ ᠦᠵᠡᠭᠦᠯᠦᠯᠭᠡ ᠠᠷᠠᠯᠵᠢᠶ᠎ᠠ ᠰᠣᠯᠢᠯᠴᠠᠭᠠᠨ ᠤ | ᠲᠥᠪ ᠤᠨ ᠪᠠᠷᠢᠯᠭ᠎ᠠ ᠶᠢᠨ ᠲᠠᠯᠠᠪᠠᠢ ᠨᠢ 2400 ᠲᠡᠭᠰᠢ ᠳᠦᠷᠪᠡᠯᠵᠢᠨ ᠮᠧᠲᠷ ᠪᠠᠶᠢᠵᠤ᠂ ᠨᠡᠶᠢᠲᠡ 1200 ᠲᠦᠮᠡᠨ | ᠲᠦᠭᠦᠷᠢᠭ ᠤᠨ ᠪᠡᠯᠡ ᠣᠷᠤᠭᠤᠯᠵᠤ᠂ ︽ᠡᠮᠦᠨ᠎ᠡ ᠨᠢ ᠳᠡᠯᠭᠡᠭᠦᠷ + ᠬᠤᠶᠢᠨ᠎ᠠ ᠨᠢ ᠬᠦᠮᠦᠷᠭᠡ︾ ᠶᠢᠨ ᠴᠢᠳᠠᠮᠵᠢ ᠲᠠᠢ | ᠪᠠᠶᠢᠷᠢᠰᠢᠭᠤᠯᠵᠤ᠂ ᠡᠮᠦᠨᠡᠬᠢ ᠳᠡᠯᠭᠡᠭᠦᠷ ᠢ ᠭᠠᠶᠢᠯᠢ ᠪᠠᠲᠤᠯᠠᠬᠤ ᠲᠠᠸᠠᠷ ᠤᠨ ᠦᠵᠡᠭᠦᠯᠦᠯᠭᠡ ᠠᠷᠠᠯᠵᠢᠶ᠎ᠠ | ᠰᠣᠯᠢᠯᠴᠠᠭᠠᠨ ᠤ ᠲᠥᠪ᠂ ᠬᠤᠶᠢᠨᠠᠬᠢ ᠬᠦᠮᠦᠷᠭᠡ ᠶᠢ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ | ᠭᠠᠶᠢᠯᠢ ᠪᠠᠲᠤᠯᠠᠬᠤ ᠬᠦᠮᠦᠷᠭᠡ ᠪᠣᠯᠭᠠᠵᠤ᠂ ᠳᠣᠲᠤᠷ᠎ᠠ ᠨᠢ 3 ᠴᠢᠳᠠᠮᠵᠢ ᠶᠢᠨ ᠲᠣᠭᠤᠷᠢᠭ ᠪᠠᠶᠢᠭᠤᠯᠵᠤ᠂ ᠲᠤᠰ ᠲᠤᠰ | ᠭᠠᠶᠢᠯᠢ ᠪᠠᠲᠤᠯᠠᠬᠤ ᠲᠠᠸᠠᠷ ᠤᠨ ᠦᠵᠡᠭᠦᠯᠦᠯᠭᠡ ᠪᠠ ᠠᠷᠠᠯᠵᠢᠶ᠎ᠠ ᠰᠣᠯᠢᠯᠴᠠᠭᠠᠨ ᠤ ᠲᠣᠭᠤᠷᠢᠭ᠂ ᠠᠵᠢᠯᠯᠠᠬᠤ | ᠲᠣᠭᠤᠷᠢᠭ ᠪᠠ ᠵᠥᠪᠯᠡᠨ ᠶᠠᠷᠢᠯᠴᠠᠬᠤ ᠲᠣᠭᠤᠷᠢᠭ ᠭᠠᠷᠭᠠᠵᠠᠢ᠃ | ᠠᠰᠳᠠᠭᠠᠨ ᠪᠠᠰᠠ ᠤᠯᠤᠰ ᠤᠨ ᠮᠢᠬᠠᠨ ᠤ ᠲᠦᠷᠦᠯ ᠵᠢᠴᠢ ᠲᠡᠭᠦᠨ ᠤ ᠪᠦᠲᠦᠭᠡᠭᠳᠡᠬᠦᠨ ᠢ ᠪᠠᠶᠢᠴᠠᠭᠠᠨ | ᠰᠢᠯᠭᠠᠬᠤ ᠤᠷᠤᠨ ᠬᠤᠪᠢᠶᠠᠷᠢ ᠶᠢᠨ ᠴᠢᠨᠠᠷ ᠲᠠᠢ ᠭᠤᠣᠯ ᠲᠤᠷᠰᠢᠯᠲᠠ ᠶᠢᠨ ᠲᠠᠰᠤᠭ ᠵᠢᠴᠢ ᠢᠵᠢ ᠪᠦᠷᠢᠳᠦᠭᠦᠯᠦᠭᠰᠡᠨ | ᠪᠡᠯᠡᠳᠭᠡᠮᠵᠢ ᠶᠢ ᠨᠢᠭᠡᠨᠲᠡ ᠪᠠᠶᠢᠭᠤᠯᠤᠨ ᠳᠠᠭᠤᠰᠴᠤ᠂ ᠣᠳᠣ ᠶᠠᠭ ᠦᠷᠦᠭᠡᠨ ᠳᠣᠲᠤᠷᠠᠬᠢ ᠶᠢ ᠨᠢ ᠵᠠᠰᠠᠨ ᠴᠢᠮᠡᠵᠦ | ᠪᠠᠶᠢᠨ᠎ᠠ᠃ ᠤᠯᠤᠰ ᠤᠨ ᠮᠢᠬᠠᠨ ᠤ ᠲᠦᠷᠦᠯ ᠵᠢᠴᠢ ᠲᠡᠭᠦᠨ ᠤ ᠪᠦᠲᠦᠭᠡᠭᠳᠡᠬᠦᠨ ᠢ ᠪᠠᠶᠢᠴᠠᠭᠠᠨ ᠰᠢᠯᠭᠠᠬᠤ ᠤᠷᠤᠨ | ᠬᠤᠪᠢᠶᠠᠷᠢ ᠶᠢᠨ ᠴᠢᠨᠠᠷ ᠲᠠᠢ ᠭᠤᠣᠯ ᠲᠤᠷᠰᠢᠯᠲᠠ ᠶᠢᠨ ᠲᠠᠰᠤᠭ ᠢ ᠪᠠᠶᠢᠭᠤᠯᠤᠭᠰᠠᠨ ᠨᠢ ᠤᠯᠠᠭᠠᠨᠬᠠᠳᠠ ᠶᠢᠨ ᠭᠠᠶᠢᠯᠢ | ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠬᠢᠯᠢ ᠪᠠᠷ ᠣᠷᠣᠭᠤᠯᠵᠤ ᠭᠠᠷᠭᠠᠬᠤ ᠲᠠᠸᠠᠷ ᠦᠢᠯᠡᠴᠢᠯᠡᠭᠡ ᠶᠢ | ᠬᠢᠨᠠᠨ ᠬᠠᠮᠢᠶᠠᠷᠬᠤ ᠴᠢᠳᠠᠪᠤᠷᠢ ᠶᠢ ᠤᠯᠠᠮ ᠳᠡᠭᠡᠭᠰᠢᠯᠡᠭᠦᠯᠬᠦ ᠪᠣᠯᠤᠨ᠎ᠠ᠃ | ᠬᠦᠲᠦᠯᠦᠭᠴᠢ᠄ | ᠣᠳᠣ ᠶᠠᠮᠠᠷ ᠶᠠᠮᠠᠷ ᠰᠠᠯᠠᠭ᠎ᠠ ᠮᠦᠴᠢᠷ ᠨᠢᠭᠡᠨᠲᠡ ᠲᠥᠪ ᠲᠤ ᠣᠷᠤᠵᠤ ᠰᠠᠭᠤᠭᠰᠠᠨ ᠪᠣᠢ︖ ᠲᠥᠪ ᠲᠤ | ᠣᠷᠤᠵᠤ ᠰᠠᠭᠤᠭᠰᠠᠨ ᠠᠵᠤ ᠠᠬᠤᠶᠢᠯᠠᠯ ᠶᠠᠮᠠᠷ ᠶᠠᠮᠠᠷ ᠬᠠᠷᠠᠭᠠᠯᠵᠠᠯ ᠤᠨ ᠲᠥᠷᠦ ᠶᠢᠨ ᠪᠣᠳᠤᠯᠭ᠎ᠠ ᠬᠦᠷᠲᠡᠬᠦ ᠪᠣᠢ︖ | ᠣᠳᠣᠬᠠᠨ ᠳᠤ᠂ ᠬᠢᠯᠢ ᠶᠢᠨ ᠪᠣᠭᠤᠮᠲᠠ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠪᠠᠩᠬᠢ᠂ | ᠭᠠᠶᠢᠯᠢ ᠶᠢᠨ ᠶᠠᠪᠤᠳᠠᠯ᠂ ᠳᠠᠭᠠᠳᠬᠠᠯ᠂ ᠭᠠᠳᠠᠭᠠᠳᠤ ᠭᠤᠪᠢᠭᠤᠯᠭ᠎ᠠ᠂ ᠡᠳ᠋ ᠪᠠᠷᠠᠭ᠎ᠠ ᠣᠷᠣᠯᠠᠨ ᠭᠦᠢᠴᠡᠳᠬᠡᠬᠦ ᠵᠡᠷᠭᠡ | ᠰᠠᠯᠠᠭ᠎ᠠ ᠮᠦᠴᠢᠷ ᠤᠳ ᠲᠥᠪ ᠲᠤ ᠣᠷᠤᠵᠤ ᠰᠠᠭᠤᠪᠠ᠃ ᠱᠠᠩᠬᠠᠶ ᠶᠢᠨ ᠴᠢᠯᠥᠭᠡᠲᠦ ᠠᠷᠠᠯᠵᠢᠶᠠᠨ ᠤ ᠣᠷᠣᠨ ᠤ | ᠬᠢᠯᠢ ᠶᠢᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠰᠢᠨ᠎ᠡ ᠡᠭᠦᠳᠦᠯᠲᠡ ᠶᠢᠨ 14 ᠳᠦᠷᠢᠮ ᠢ ᠲᠥᠪ ᠲᠡᠭᠡᠨ | ᠰᠢᠯᠵᠢᠭᠦᠯᠵᠦ ᠪᠣᠯᠬᠤ ᠪᠦᠭᠡᠳ ᠣᠳᠣ ᠨᠢᠭᠡᠨᠲᠡ ︽ᠤᠷᠢᠳᠠᠪᠡᠷ ᠲᠣᠭᠤᠷᠢᠭ ᠲᠤ ᠣᠷᠤᠵᠤ ᠳᠠᠷᠠᠭ᠎ᠠ ᠨᠢ | ᠪᠣᠭᠤᠮᠲᠠ ᠳᠤ ᠮᠡᠳᠡᠭᠦᠯᠬᠦ︾᠂ ︽ᠲᠣᠭᠤᠷᠢᠭ ᠤᠨ ᠳᠣᠲᠤᠷ᠎ᠠ ᠦᠪᠡᠰᠦᠪᠡᠨ ᠲᠡᠭᠡᠭᠡᠪᠦᠷᠢᠯᠡᠬᠦ︾᠂ ︽ᠭᠠᠶᠢᠯᠢ | ᠪᠠᠲᠤᠯᠠᠬᠤ ᠦᠵᠡᠭᠦᠯᠦᠯᠭᠡ ᠶᠢᠨ ᠰᠣᠯᠢᠯᠴᠠᠭ᠎ᠠ ᠠᠷᠠᠯᠵᠢᠶ᠎ᠠ ᠬᠢᠬᠦ︾᠂ ︽ᠪᠣᠭᠤᠮᠲᠠ ᠪᠠᠷ ᠥᠩᠭᠡᠷᠡᠬᠦ ᠠᠵᠢᠯ ᠤᠨ | ᠳᠠᠭᠠᠯᠳᠤᠭᠤᠯᠬᠤ ᠬᠠᠭᠤᠳᠠᠰᠤ ᠪᠠᠷᠢᠮᠲᠠ ᠶᠢ ᠳᠦᠭᠦᠮᠴᠢᠯᠡᠬᠦ︾᠂ ︽ᠨᠠᠷᠢᠨ ᠳᠠᠩᠰᠠ ᠶᠢ ᠨᠢᠭᠡᠳᠦᠯᠲᠡᠶ ᠳᠠᠩᠰᠠᠯᠠᠬᠤ︾ | ᠂ ︽ᠪᠦᠭᠡᠮ ᠤᠳᠠᠭ᠎ᠠ ᠪᠠᠷ ᠣᠷᠤᠭᠤᠯᠵᠤ ᠭᠠᠷᠭᠠᠬᠤ ᠶᠢ ᠲᠥᠪᠯᠡᠷᠡᠭᠦᠯᠦᠨ ᠭᠤᠶᠤᠴᠢᠯᠠᠬᠤ︾᠂ ︽ᠲᠥᠪᠯᠡᠷᠡᠭᠦᠯᠦᠨ | ᠬᠤᠷᠢᠶᠠᠩᠭᠤᠶᠢᠯᠠᠵᠤ ᠪᠠᠶᠢᠭᠠᠳ ᠭᠠᠶᠢᠯᠢ ᠲᠤᠰᠢᠶᠠᠬᠤ︾ ᠪᠠ ︽ᠤᠶᠤᠨᠴᠢᠯᠠᠭᠰᠠᠨ ᠬᠤᠷᠢᠭ᠎ᠠ ᠪᠠᠷ ᠰᠢᠯᠭᠠᠨ | ᠪᠠᠶᠢᠴᠠᠭᠠᠬᠤ ᠦᠩᠭᠡᠷᠡᠭᠦᠯᠬᠦ ᠬᠠᠮᠢᠶᠠᠷᠬᠤ︾ ᠵᠡᠷᠭᠡ ᠨᠠᠢᠮᠠᠨ ᠵᠦᠢᠯ ᠤᠨ ᠲᠤᠬᠠᠶᠢᠯᠠᠭᠰᠠᠨ ᠠᠵᠢᠯ ᠢ ᠦᠷᠨᠢᠭᠦᠯᠵᠦ᠂ | ᠲᠥᠪ ᠤᠨ ︽ᠨᠢᠭᠡ ᠦᠷᠲᠡᠭᠡᠨ ᠤ ᠬᠡᠯᠪᠡᠷᠢ︾ ᠶᠢᠨ ᠲᠦᠷᠭᠡᠨ ᠢᠶᠠᠷ ᠪᠣᠭᠤᠮᠲᠠ ᠦᠩᠭᠡᠷᠡᠭᠦᠯᠬᠦ ᠵᠠᠭᠪᠤᠷ ᠢ ᠠᠮᠢᠳᠤᠯᠢᠭ | ᠪᠣᠯᠭᠠᠪᠠ᠃ ᠪᠣᠰᠤᠳ ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠶᠢᠨ ᠲᠠᠯ ᠪᠠᠷ᠂ ᠣᠷᠤᠵᠤ ᠰᠠᠭᠤᠭᠰᠠᠨ | ᠠᠵᠤ ᠠᠬᠤᠶᠢᠯᠠᠯ ᠪᠠᠰᠠ ︽ᠨᠢᠭᠡᠳᠦᠭᠡᠷ ᠵᠢᠯ ᠳᠤ ᠬᠡᠯᠲᠦᠷᠢᠭᠦᠯᠦᠨ ᠬᠤᠶᠠᠳᠤᠭᠠᠷ ᠵᠢᠯ ᠳᠤ ᠬᠠᠭᠠᠰ ᠢ ᠬᠠᠰᠤᠬᠤ︾ | ᠭᠠᠶᠢᠯᠢ ᠪᠠᠲᠤᠯᠠᠬᠤ ᠬᠦᠮᠦᠷᠭᠡ ᠶᠢ ᠳᠦᠷᠢᠶᠡᠰᠦᠯᠡᠬᠦ ᠲᠦᠷᠦ ᠶᠢᠨ ᠪᠤᠳᠤᠯᠭ᠎ᠠ ᠶᠢ ᠬᠦᠷᠲᠡᠵᠦ ᠪᠣᠯᠤᠨ᠎ᠠ᠂ ᠲᠤᠬᠠᠶᠢᠯᠠᠪᠠᠯ | 2015 ᠣᠨ ᠳᠤ ᠲᠥᠪ ᠲᠤ ᠣᠷᠤᠵᠤ ᠰᠠᠭᠤᠭᠰᠠᠨ ᠠᠵᠤ ᠠᠬᠤᠶᠢᠯᠠᠯ ᠠᠴᠠ ᠭᠠᠶᠢᠯᠢ ᠪᠠᠲᠤᠯᠠᠬᠤ ᠬᠦᠮᠦᠷᠭᠡ ᠳᠤ | ᠬᠥᠮᠥᠷᠭᠡᠯᠡᠨ ᠬᠠᠳᠠᠭᠠᠯᠠᠬᠤ ᠰᠦᠢᠳᠬᠡᠯ ᠢ ᠥᠯᠥ ᠬᠤᠷᠢᠶᠠᠬᠤ᠂ 2016 ᠣᠨ ᠠᠴᠠ2017 ᠣᠨ ᠳᠤ ᠲᠥᠪ ᠲᠤ | ᠣᠷᠤᠵᠤ ᠰᠠᠭᠤᠭᠰᠠᠨ ᠠᠵᠤ ᠠᠬᠤᠶᠢᠯᠠᠯ ᠠᠴᠠ ᠭᠠᠶᠢᠯᠢ ᠪᠠᠲᠤᠯᠠᠬᠤ ᠬᠦᠮᠦᠷᠭᠡ ᠳᠤ ᠬᠥᠮᠥᠷᠭᠡᠯᠡᠨ ᠬᠠᠳᠠᠭᠠᠯᠠᠬᠤ | ᠰᠦᠢᠳᠬᠡᠯ ᠢ ᠬᠠᠭᠠᠰ ᠢᠶᠠᠷ ᠬᠤᠷᠢᠶᠠᠬᠤ ᠪᠣᠯᠤᠨ᠎ᠠ᠃ ᠡᠭᠦᠨ ᠤ ᠬᠠᠮᠲᠤ ᠲᠥᠪ ᠲᠤ ᠣᠷᠤᠵᠤ ᠰᠠᠭᠤᠬᠤ ᠠᠵᠤ | ᠠᠬᠤᠶᠢᠯᠠᠯ ᠤᠨ ᠪᠠᠶᠢᠭᠤᠯᠬᠤ᠂ ᠬᠤᠪᠢᠷᠠᠭᠤᠯᠬᠤ᠂ ᠲᠠᠩᠰᠠ ᠡᠪᠬᠡᠮᠡᠯ ᠢ ᠪᠠᠶᠢᠴᠠᠭᠠᠨ ᠠᠰᠠᠭᠤᠬᠤ᠂ ᠡᠵᠡᠩᠨᠡᠯᠲᠡ ᠶᠢᠨ | ᠦᠨᠡᠮᠯᠡᠯ ᠤᠨ ᠬᠥᠯᠥᠰᠥ ᠦᠷᠳᠡᠭ ᠤᠨ ᠵᠠᠷᠤᠳᠠᠯ ᠪᠣᠯᠤᠨ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠤᠭᠤᠯᠤᠭᠰᠠᠨ | ᠠᠵᠤ ᠠᠬᠤᠶᠢᠯᠠᠯ ᠤᠨ ᠪᠠᠶᠢᠭᠤᠯᠬᠤ ᠳᠠᠩᠰᠠᠯᠠᠭᠤᠯᠬᠤ ᠪᠠ ᠬᠤᠪᠢᠷᠠᠭᠤᠯᠬᠤ ᠵᠠᠷᠤᠳᠠᠯ᠂ ᠣᠨ ᠤ ᠪᠠᠶᠢᠴᠠᠭᠠᠯᠲᠠ ᠵᠡᠷᠭᠡ | ᠠᠵᠤ ᠦᠢᠯᠡᠳᠪᠦᠷᠢ ᠬᠤᠳᠠᠯᠳᠤᠭᠠᠨ ᠤ ᠵᠠᠷᠤᠳᠠᠯ ᠢ ᠬᠡᠯᠲᠦᠷᠢᠭᠦᠯᠦᠨ᠎ᠡ᠃ | ᠬᠦᠲᠦᠯᠦᠭᠴᠢ᠄ | ᠵᠣᠤ ᠡᠷᠬᠢᠯᠡᠭᠴᠢ ᠡ᠂ ᠣᠳᠣᠬᠠᠨ ᠳᠤ ᠲᠥᠪ ᠤᠨ ᠡᠵᠡᠩᠨᠡᠯᠲᠡ ᠶᠢᠨ ᠪᠠᠶᠢᠳᠠᠯ ᠨᠢ ᠶᠠᠮᠠᠷ ᠪᠠᠶᠢᠨ᠎ᠠ ᠪᠣᠢ︖ | ᠵᠣᠣ ᠸᠧᠨ ᡁᠢ᠄ | ᠣᠳᠣᠬᠠᠨ ᠳᠤ᠂ ᠲᠥᠪ ᠲᠤ ᠣᠷᠤᠵᠤ ᠰᠠᠭᠤᠭᠰᠠᠨ ᠠᠵᠤ ᠠᠬᠤᠶᠢᠯᠠᠯ 14 ᠪᠠᠶᠢᠵᠤ᠂ ᠲᠤᠬᠠᠶᠢᠯᠠᠭᠰᠠᠨ | ᠠᠵᠢᠯ ᠤᠨ ᠠᠵᠢᠯᠯᠠᠭ᠎ᠠ 206 ᠤᠳᠠᠭ᠎ᠠ ᠦᠷᠨᠢᠭᠦᠯᠪᠡ᠃ ᠭᠠᠳᠠᠭᠠᠳᠤ ᠳᠤ ᠭᠠᠷᠭᠠᠵᠤ ᠪᠠᠶᠢᠭ᠎ᠠ ᠲᠠᠸᠠᠷ ᠨᠢ | ᠭᠤᠣᠯᠳᠠᠭᠤ ᠤᠯᠠᠭᠠᠨᠬᠠᠳᠠ ᠶᠢᠨ ᠸᠧᠢ ᠰᠢᠨ ᠺᠣᠮᠫᠠᠨᠢ ᠠᠴᠠ ᠶᠠᠫᠤᠨ ᠤ ᠶᠤᠺᠤᠬᠠᠮᠠ᠂ ᠤᠤᠰᠠᠺᠠ ᠳᠤ ᠭᠠᠷᠭᠠᠵᠤ | ᠪᠠᠶᠢᠭ᠎ᠠ ᠬᠤᠨᠢᠨ ᠤ ᠬᠠᠶᠢᠴᠢᠮᠠᠯ ᠨᠣᠯᠤᠤᠷ ᠤᠨ ᠲᠠᠩᠽᠢ ᠳᠡᠪᠢᠰᠬᠡᠷ︔ ᠦᠪᠦᠷ ᠮᠣᠩᠭᠤᠯ ᠤᠨ ᠢ ᠫᠢᠩ ᠠᠮᠢᠳᠤ | ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠠᠴᠠ ᠸᠢᠶᠧᠲᠨᠡᠮ ᠤᠨ ᠳᠠᠯᠠᠢ ᠶᠢᠨ ᠬᠠᠮᠠᠭᠠᠯᠠᠯᠲᠠ ᠳᠤ | ᠭᠠᠷᠭᠠᠵᠤ ᠪᠠᠶᠢᠭ᠎ᠠ ᠯᠢᠰᠢᠨ ᠬᠦᠴᠢᠯ︔ ᠦᠪᠦᠷ ᠮᠣᠩᠭᠤᠯ ᠤᠨ ᠭᠧᠯᠢᠨᠲ ᠡᠮ ᠦᠢᠯᠡᠳᠬᠦ ᠺᠣᠮᠫᠠᠨᠢ ᠠᠴᠠ | ᠫᠠᠺᠢᠰᠲ᠋ᠠᠨ ᠤ ᠺᠠᠷᠠᠴᠢ ᠳᠤ ᠭᠠᠷᠭᠠᠵᠤ ᠪᠠᠶᠢᠭ᠎ᠠ ᠰᠢᠩᠭᠡᠨ ᠶᠡᠭᠦᠯᠡᠬᠦ ᠪᠠᠭᠠᠵᠢ᠂ ᠡᠨᠡᠳᠬᠡᠭ ᠤᠨ ᠨᠠᠸᠠᠰᠢᠸᠠ ᠭᠠᠷᠭᠠᠵᠤ | ᠪᠠᠶᠢᠭ᠎ᠠ ᠭᠷᠢᠰᠧᠤᠹᠦ᠋ᠯᠸᠢᠢᠨ ᠵᠡᠷᠭᠡ ᠪᠠᠶᠢᠨ᠎ᠠ᠃ ᠣᠷᠤᠭᠤᠯᠵᠤ ᠪᠠᠶᠢᠭ᠎ᠠ ᠲᠠᠸᠠᠷ ᠨᠢ ᠭᠤᠣᠯᠳᠠᠭᠤ ᠺᠣᠷᠢᠶᠠ ᠶᠢᠨ ᠵᠠᠰᠠᠯ | ᠴᠢᠮᠡᠭ ᠤᠨ ᠡᠳ᠋᠂ ᠬᠡᠷ ᠤᠨ ᠴᠠᠬᠢᠯᠭᠠᠨ ᠬᠡᠷᠡᠭᠰᠡᠯ ᠪᠠ ᠬᠤᠪᠴᠠᠰᠤ ᠬᠤᠨᠠᠷ᠂ ᠶᠠᠫᠤᠨ ᠤ ᠵᠢᠷᠮᠦᠰᠦᠨ ᠡᠬᠡᠨᠡᠷ ᠪᠠ | ᠨᠢᠯᠬ᠎ᠠ ᠬᠡᠤᠬᠡᠳ ᠤᠨ ᠬᠡᠷᠡᠭᠰᠡᠯ᠂ ᠧᠦ᠋ᠷᠣᠫᠠ ᠲᠢᠪ ᠤᠨ ᠤᠯᠠᠭᠠᠨ ᠠᠷᠢᠬᠢ᠂ ᠤᠮᠠᠷᠠᠲᠤ ᠠᠮᠧᠷᠢᠺᠠ ᠲᠢᠪ ᠤᠨ | ᠢᠳᠡᠭᠡᠨ᠂ ᠣᠷᠣᠰ ᠤᠨ ᠭᠤᠯᠢᠷ ᠵᠢᠴᠢ ᠦᠺᠷᠠᠢᠨ ᠤ ᠨᠡᠷᠡᠨ ᠬᠤᠸᠠᠷ ᠤᠨ ᠲᠣᠰᠣ ᠵᠡᠷᠭᠡ ᠪᠠᠶᠢᠵᠤ᠂ 10 ᠭᠠᠷᠤᠢ | ᠤᠯᠤᠰ ᠤᠷᠤᠨ ᠳᠤ ᠬᠤᠯᠪᠤᠭᠳᠠᠬᠤ 1600 ᠭᠠᠷᠤᠢ ᠲᠠᠸᠠᠷ ᠪᠠᠶᠢᠨ᠎ᠠ᠃ ᠣᠷᠤᠭᠤᠯᠵᠤ ᠭᠠᠷᠭᠠᠵᠤ ᠪᠠᠶᠢᠭ᠎ᠠ ᠬᠢᠨᠠᠨ | ᠬᠠᠮᠢᠶᠠᠷᠬᠤ ᠪᠠᠷᠠᠭ᠎ᠠ ᠶᠢᠨ ᠦᠷᠲᠡᠭ ᠨᠢ 2000 ᠭᠠᠷᠤᠢ ᠲᠦᠮᠡᠨ ᠲᠦᠭᠦᠷᠢᠭ ᠬᠦᠷᠴᠦ᠂ 200 ᠭᠠᠷᠤᠢ ᠲᠦᠮᠡᠨ | ᠲᠦᠭᠦᠷᠢᠭ ᠤᠨ ᠭᠠᠶᠢᠯᠢ ᠲᠤᠰᠢᠶᠠᠵᠤ ᠪᠠᠶᠢᠨ᠎ᠠ᠃ | ᠬᠥᠲᠥᠯᠥᠭᠴᠢ᠄ | ᠡᠨᠡ ᠵᠢᠯ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠨᠢ ᠶᠠᠮᠠᠷ ᠶᠠᠮᠠᠷ ᠭᠤᠣᠯᠳᠠᠯᠭ᠎ᠠ ᠲᠠᠢ | ᠠᠵᠢᠯ ᠤᠨ ᠡᠭᠦᠷᠭᠡ ᠡᠭᠦᠷᠭᠡᠯᠡᠭᠰᠡᠨ ᠪᠤᠢ︖ | ᠵᠣᠣ ᠸᠧᠨ ᡁᠢ᠄ | ᠡᠨᠡ ᠵᠢᠯ ᠤᠨ ᠠᠵᠢᠯ ᠢ ᠭᠤᠣᠯᠳᠠᠭᠤ ᠳᠣᠣᠷᠠᠬᠢ ᠵᠢᠷᠭᠤᠭᠠᠨ ᠵᠦᠢᠯ ᠤᠨ ᠭᠤᠣᠯᠳᠠᠯᠭ᠎ᠠ ᠶᠢᠨ ᠲᠣᠭᠤᠷᠢᠨ ᠳᠤ | ᠥᠷᠨᠢᠭᠦᠯᠪᠡ᠃ ᠪᠣᠳᠠᠲᠠᠶ ᠪᠠᠷ ᠬᠡᠯᠡᠪᠡᠯ᠄ | ᠨᠢᠭᠡ ᠳᠤ ᠣᠷᠣᠨ ᠬᠤᠪᠢᠶᠠᠷᠢ ᠶᠢᠨ ᠪᠣᠭᠤᠮᠲᠠ ᠥᠩᠭᠡᠷᠡᠬᠦ ᠶᠢ ᠨᠢᠭᠡ ᠴᠤᠭᠴᠠᠵᠢᠭᠤᠯᠬᠤ ᠥᠭᠡᠷᠡᠴᠢᠯᠡᠯᠲᠡ ᠶᠢ | ᠠᠬᠢᠭᠤᠯᠵᠤ᠂ ᠠᠵᠤ ᠠᠬᠤᠶᠢᠯᠠᠯ ᠤᠳ ᠲᠤ ᠪᠣᠭᠤᠮᠲᠠ ᠪᠠᠷ ᠥᠩᠭᠡᠷᠡᠬᠦ ᠳᠤ ᠲᠥᠬᠦᠮ ᠦᠵᠡᠭᠦᠯᠪᠡ᠃ ᠰᠠᠯᠠᠭ᠎ᠠ | ᠮᠥᠴᠢᠷ ᠤᠳ ᠤᠨ ᠨᠡᠪᠲᠡᠷᠡᠯᠴᠡᠭᠡᠨ ᠵᠣᠬᠢᠴᠠᠯᠳᠤᠬᠤ ᠶᠢ ᠴᠢᠩᠭᠠᠳᠬᠠᠵᠤ᠂ ︽ᠨᠢᠭᠡ ᠤᠳᠠᠭ᠎ᠠ ᠭᠤᠶᠤᠴᠢᠯᠠᠬᠤ᠂ ᠨᠢᠭᠡ | ᠤᠳᠠᠭ᠎ᠠ ᠪᠠᠶᠢᠴᠠᠭᠠᠨ ᠰᠢᠯᠭᠠᠬᠤ᠂ ᠨᠢᠭᠡ ᠤᠳᠠᠭ᠎ᠠ ᠳᠡᠭᠡᠷ᠎ᠡ ᠥᠩᠭᠡᠷᠡᠭᠦᠯᠬᠦ︾ ᠬᠡᠪ ᠵᠠᠭᠪᠤᠷ ᠢ ᠳᠡᠯᠭᠡᠷᠡᠭᠦᠯᠬᠦ ᠠᠵᠢᠯ ᠢ | ᠭᠤᠣᠯᠳᠠᠯᠭ᠎ᠠ ᠲᠠᠢ ᠰᠠᠶᠢᠲᠤᠷ ᠬᠢᠵᠦ᠂ ᠳᠠᠪᠬᠤᠷᠳᠠᠭᠤᠯᠤᠨ ᠪᠠᠶᠢᠴᠠᠭᠠᠨ ᠰᠢᠯᠭᠠᠬᠤ ᠠᠴᠠ ᠵᠠᠶᠢᠯᠠᠰᠬᠢᠵᠤ᠂ | ᠪᠣᠭᠤᠮᠲᠠ ᠪᠠᠷ ᠥᠩᠭᠡᠷᠡᠬᠦ ᠭᠠᠷᠳᠠᠮ ᠢ ᠪᠦᠲᠦᠮᠵᠢᠲᠡᠶ ᠳᠥᠭᠦᠮᠴᠢᠯᠡᠵᠦ᠂ ᠪᠣᠭᠤᠮᠲᠠ ᠪᠠᠷ ᠥᠩᠭᠡᠷᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠪᠡ᠃ | ᠬᠤᠶᠠᠷ ᠲᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠡᠷᠴᠢᠮ ᠢ ᠨᠡᠮᠡᠭᠳᠡᠭᠦᠯᠵᠦ᠂ ᠡᠯ᠎ᠡ ᠵᠦᠢᠯ ᠤᠨ | ᠦᠢᠯᠡᠴᠢᠯᠡᠭᠡᠨ ᠤ ᠠᠵᠢᠯ ᠢ ᠰᠢᠯᠢᠳᠡᠭᠵᠢᠭᠦᠯᠪᠡ᠃ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ | ᠪᠣᠭᠤᠮᠲᠠ ᠶᠢᠨ ᠣᠨᠴᠠᠭᠠᠶ ᠬᠢᠨᠠᠨ ᠬᠠᠮᠢᠶᠠᠷᠬᠤ ᠲᠦᠷᠦ ᠶᠢᠨ ᠪᠤᠳᠤᠯᠭ᠎ᠠ ᠶᠢᠨ ᠳᠠᠪᠠᠭᠤᠯᠢᠭ ᠪᠣᠯᠤᠨ ᠲᠡᠳᠬᠦᠬᠦ | ᠲᠦᠷᠦ ᠶᠢᠨ ᠪᠤᠳᠤᠯᠭ᠎ᠠ ᠶᠢᠨ ᠬᠥᠲᠥᠯᠥᠨ ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ ᠤᠯᠤᠰ ᠤᠨ | ᠳᠣᠲᠣᠭᠠᠳᠤ ᠶᠢᠨ ᠪᠣᠭᠤᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠭᠠᠷᠠᠮ ᠪᠠ ᠪᠣᠭᠤᠮᠲᠠ ᠶᠢᠨ ᠣᠨᠴᠠᠭᠠᠶ | ᠬᠢᠨᠠᠨ ᠬᠠᠮᠢᠶᠠᠷᠬᠤ ᠣᠷᠣᠨ ᠪᠦᠰᠡ ᠯᠤᠭ᠎ᠠ ᠶᠢᠨ ᠬᠠᠷᠢᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠪᠣᠭᠤᠮᠲᠠ | ᠥᠩᠭᠡᠷᠡᠬᠦ᠂ ᠭᠠᠷᠠᠮ ᠤᠨ ᠶᠠᠪᠤᠳᠠᠯ᠂ ᠪᠠᠷᠠᠭᠠᠨ ᠤ ᠭᠦᠢᠯᠭᠡᠭᠡ ᠵᠡᠷᠭᠡ ᠲᠠᠯ᠎ᠠ ᠪᠠᠷ ᠳᠠᠯᠠᠢ ᠳᠠᠭᠠᠤ ᠣᠷᠣᠨ ᠤ ᠭᠠᠷᠠᠮ ᠪᠠ | ᠪᠣᠭᠤᠮᠲᠠ ᠶᠢᠨ ᠣᠨᠴᠠᠭᠠᠶ ᠬᠢᠨᠠᠨ ᠬᠠᠮᠢᠶᠠᠷᠬᠤ ᠣᠷᠣᠨ ᠪᠦᠰᠡ ᠯᠦᠭᠡ ᠨᠢᠭᠲᠠ ᠬᠤᠷᠰᠢᠯᠴᠠᠭ᠎ᠠ ᠶᠢ ᠥᠷᠨᠢᠭᠦᠯᠵᠦ᠂ | ᠣᠷᠣᠨ ᠪᠦᠰᠡ ᠪᠠ ᠭᠠᠷᠠᠮ ᠤᠨ ᠬᠠᠮᠲᠤᠷᠠᠨ ᠬᠥᠳᠡᠯᠦᠯᠴᠡᠬᠦ᠂ ᠵᠠᠪᠰᠠᠷ ᠦᠭᠡᠶ ᠵᠣᠯᠭᠠᠯᠳᠤᠭᠤᠯᠬᠤ ᠶᠢ ᠲᠦᠯᠬᠢᠨ | ᠠᠬᠢᠭᠤᠯᠪᠠ᠃ | ᠭᠤᠷᠪᠠ ᠳᠤ ᠭᠠᠶᠢᠯᠢ ᠪᠠᠲᠤᠯᠠᠬᠤ ᠲᠠᠸᠠᠷ ᠤᠨ ᠦᠵᠡᠭᠦᠯᠦᠯᠭᠡ ᠠᠷᠠᠯᠵᠢᠶ᠎ᠠ ᠰᠣᠯᠢᠯᠴᠠᠭᠠᠨ ᠤ ᠲᠤᠬᠠᠶᠢᠯᠠᠭᠰᠠᠨ | ᠠᠵᠢᠯ ᠢ ᠲᠦᠯᠬᠢᠨ ᠠᠬᠢᠭᠤᠯᠵᠤ᠂ ᠲᠥᠪ ᠤᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ ᠥᠷᠭᠡᠳᠬᠡᠪᠡ᠃ | 2015 ᠣᠨ ᠤ 8 ᠳ᠋ᠤᠭᠠᠷ ᠰᠠᠷ᠎ᠠ ᠳᠤ᠂ ᠳᠤᠮᠳᠠᠳᠤ ᠤᠯᠤᠰ ︵ᠤᠯᠠᠭᠠᠨᠬᠠᠳᠠ︶ ᠤᠨ ᠭᠠᠶᠢᠯᠢ ᠪᠠᠲᠤᠯᠠᠬᠤ | ᠲᠠᠸᠠᠷ ᠤᠨ ᠦᠵᠡᠭᠦᠯᠦᠯᠭᠡ ᠠᠷᠠᠯᠵᠢᠶ᠎ᠠ ᠰᠣᠯᠢᠯᠴᠠᠭᠠᠨ ᠤ ᠲᠥᠪ ᠵᠢᠩᠬᠢᠨᠢ ᠪᠠᠷ ᠠᠵᠢᠯᠯᠠᠭ᠎ᠠ ᠪᠠᠨ ᠡᠬᠢᠯᠡᠭᠦᠯᠵᠦ᠂ | ᠧᠦ᠋ᠷᠣᠫᠠ ᠠᠮᠧᠷᠢᠺᠠ᠂ ᠶᠠᠫᠣᠨ ᠺᠣᠷᠢᠶᠠ᠂ ᠠᠦ᠋ᠰᠲᠷᠠᠯᠢᠶ᠎ᠠ᠂ ᠣᠷᠣᠰ ᠵᠡᠷᠭᠡ ᠤᠯᠤᠰ ᠣᠷᠣᠨ ᠤ 1600 ᠵᠦᠢᠯ ᠤᠨ | ᠭᠠᠳᠠᠭᠠᠳᠤ ᠠᠴᠠ ᠣᠷᠣᠭᠤᠯᠤᠭᠰᠠᠨ ᠣᠯᠠᠨ ᠵᠦᠢᠯ ᠤᠨ ᠲᠠᠸᠠᠷ ᠢ ᠳᠡᠯᠭᠡᠨ ᠠᠷᠠᠯᠵᠢᠶᠠᠯᠠᠵᠤ᠂ ᠭᠤᠣᠯᠳᠠᠭᠤ ᠤᠯᠠᠭᠠᠨ | ᠠᠷᠢᠬᠢ᠂ ᠢᠳᠡᠭᠡᠨ᠂ ᠵᠠᠰᠠᠯ ᠴᠢᠮᠡᠭ ᠤᠨ ᠡᠳ᠋᠂ ᠡᠷᠡᠭᠦᠯᠵᠢᠯ ᠤᠨ ᠡᠳ᠋᠂ ᠵᠢᠷᠮᠤᠰᠤᠨ ᠡᠮᠡᠭᠲᠡᠢ ᠪᠠ ᠨᠢᠯᠬ᠎ᠠ | ᠬᠡᠦᠬᠡᠳ ᠤᠨ ᠬᠡᠷᠡᠭᠰᠡᠯ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠡᠳᠦᠷ ᠲᠤᠳᠤᠮ ᠤᠨ ᠲᠦᠷᠭᠡᠨ ᠬᠡᠷᠡᠭᠯᠡᠭᠡᠨ ᠤ | ᠵᠦᠢᠯ ᠢᠶᠠᠷ ᠭᠤᠣᠯ ᠪᠣᠯᠭᠠᠪᠠ᠃ ᠳᠤᠮᠳᠠᠳᠤ ᠤᠯᠤᠰ ︵ᠤᠯᠠᠭᠠᠨᠬᠠᠳᠠ︶ ᠤᠨ ᠭᠠᠶᠢᠯᠢ ᠪᠠᠲᠤᠯᠠᠬᠤ ᠲᠠᠸᠠᠷ ᠤᠨ | ᠦᠵᠡᠭᠦᠯᠦᠯᠭᠡ ᠠᠷᠠᠯᠵᠢᠶ᠎ᠠ ᠰᠣᠯᠢᠯᠴᠠᠭᠠᠨ ᠤ ᠲᠥᠪ ᠤᠨ ᠲᠥᠷᠥᠯ ᠵᠦᠢᠯ ᠢ ᠬᠡᠷᠡᠭᠵᠢᠭᠦᠯᠦᠭᠰᠡᠨ ᠨᠢ᠂ ᠮᠠᠰᠢ | ᠣᠬᠤᠷᠬᠠᠨ ᠴᠠᠭ ᠤᠨ ᠲᠣᠲᠣᠷ᠎ᠠ ᠤᠯᠠᠭᠠᠨᠬᠠᠳᠠ ᠶᠢᠨ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ | ᠲᠤᠬᠠᠶᠢᠯᠠᠭᠰᠠᠨ ᠠᠵᠢᠯ ᠢ ᠬᠥᠭᠵᠢᠶᠡᠨᠲᠡᠢ ᠪᠣᠯᠭᠠᠭᠰᠠᠨ ᠮᠥᠷᠲᠡᠭᠡᠨ ᠪᠠᠰᠠ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠵᠦ᠂ ᠠᠵᠢᠯ ᠣᠯᠭᠤᠯᠲᠠ ᠶᠢ ᠠᠬᠢᠭᠤᠯᠵᠤ᠂ ᠭᠠᠶᠢᠯᠢ ᠶᠢᠨ ᠡᠬᠢ ᠰᠤᠷᠪᠤᠯᠵᠢ ᠶᠢ ᠪᠣᠶᠢᠵᠢᠭᠤᠯᠪᠠ᠃ | ᠳᠥᠷᠪᠡ ᠳᠤ ᠣᠯᠠᠨ ᠤᠯᠤᠰ ᠤᠨ ᠲᠦᠷᠭᠡᠨ ᠬᠦᠷᠭᠡᠬᠦ ᠵᠦᠢᠯ ᠤᠨ ᠬᠢᠨᠠᠨ ᠬᠠᠮᠢᠶᠠᠷᠤᠯᠲᠠ ᠶᠢᠨ ᠲᠥᠪ ᠤᠨ | ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠭᠠᠳᠠᠭᠠᠳᠤ ᠠᠷᠠᠯᠵᠢᠶᠠᠨ ᠤ ᠦᠢᠯᠡᠰ ᠤᠨ ᠰᠠᠭᠤᠷᠢ ᠶᠢ ᠢᠵᠢ | ᠪᠦᠷᠢᠳᠦᠭᠦᠯᠦᠨ ᠲᠡᠭᠦᠯᠳᠡᠷᠵᠢᠭᠦᠯᠪᠡ᠃ ᠳᠤᠮᠳᠠᠳᠤ ᠤᠯᠤᠰ ᠤᠨ ᠰᠢᠦᠳᠠᠨ ᠤ ᠲᠦᠷᠭᠡᠨ ᠬᠦᠷᠭᠡᠬᠦ ᠪᠠᠷᠠᠭ᠎ᠠ ᠶᠢᠨ | ᠭᠦᠢᠯᠭᠡᠭᠡᠨ ᠤ ᠬᠤᠪᠢ ᠣᠷᠤᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠤᠯᠠᠭᠠᠨᠬᠠᠳᠠ ᠬᠤᠲᠠ ᠳᠠᠬᠢ ᠬᠤᠪᠢᠶᠠᠷᠢ | ᠺᠣᠮᠫᠠᠨᠢ ᠲᠠᠢ ᠬᠠᠮᠵᠢᠯᠴᠠᠨ ᠪᠣᠭᠤᠮᠲᠠ ᠶᠢᠨ ᠳᠠᠩᠰᠠᠯᠠᠭᠤᠯᠤᠯ ᠢ ᠬᠢᠨᠠᠨ ᠵᠥᠪᠰᠢᠶᠡᠷᠡᠬᠦ ᠭᠠᠷ ᠭᠦᠢᠴᠡᠳᠬᠡᠯ ᠢ | ᠤᠷᠤᠭᠰᠢᠲᠠᠶ ᠭᠦᠢᠴᠡᠳᠬᠡᠬᠦ ᠪᠣᠯᠭᠠᠭᠰᠠᠨ ᠤ ᠬᠠᠮᠲᠤ ᠤᠯᠠᠨ ᠤᠯᠤᠰ ᠤᠨ ᠲᠦᠷᠭᠡᠨ ᠬᠦᠷᠭᠡᠬᠦ ᠵᠦᠢᠯ ᠢ ᠬᠢᠨᠠᠨ | ᠬᠠᠮᠢᠶᠠᠷᠬᠤ ᠲᠥᠪ ᠤᠨ ᠲᠥᠷᠥᠯ ᠵᠦᠢᠯ ᠢ ᠲᠥᠯᠥᠪᠵᠢᠭᠦᠯᠦᠨ ᠵᠢᠷᠤᠭᠯᠠᠨ ᠲᠥᠯᠥᠪᠯᠡᠬᠦ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ᠂ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠲᠠᠯ᠎ᠠ ᠪᠠᠷ ᠮᠥᠨ ᠴᠢᠨᠠᠷ ᠤᠨ ᠠᠬᠢᠯᠳᠠ ᠲᠠᠢ | ᠪᠣᠯᠬᠤ ᠶᠢ ᠢᠳᠡᠪᠬᠢᠲᠡᠢ ᠠᠬᠢᠭᠤᠯᠵᠤ᠂ ᠲᠤᠰ ᠲᠥᠷᠥᠯ ᠵᠦᠢᠯ ᠢ ᠡᠷᠲᠡᠬᠡᠨ ᠡᠵᠡᠩᠨᠡᠯᠲᠡ ᠳᠤ ᠣᠷᠣᠭᠤᠯᠬᠤ ᠪᠠᠷ | ᠴᠢᠷᠮᠠᠶᠢᠪᠠ᠃ | ᠲᠠᠪᠤ ᠳᠤ ᠺᠣᠷᠢᠶᠠ ᠶᠢᠨ interpark ᠺᠣᠮᠫᠠᠨᠢ ᠯᠤᠭ᠎ᠠ ᠲᠤᠬᠠᠶᠢᠯᠠᠭᠰᠠᠨ ᠠᠵᠢᠯ ᠢ ᠵᠣᠯᠭᠠᠯᠳᠤᠭᠤᠯᠬᠤ ᠶᠢ | ᠢᠳᠡᠪᠬᠢᠲᠡᠢ ᠪᠠᠷ ᠥᠷᠨᠢᠭᠦᠯᠵᠦ᠂ ᠬᠢᠯᠢ ᠠᠯᠤᠰᠯᠠᠭᠰᠠᠨ ᠠᠷᠠᠯᠵᠢᠶᠠᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠭᠤᠶᠤᠴᠢᠯᠠᠨ ᠮᠡᠳᠡᠭᠦᠯᠬᠦ ᠬᠢᠨᠠᠨ ᠵᠥᠪᠰᠢᠶᠡᠷᠡᠬᠦ ᠠᠵᠢᠯ ᠢ ᠲᠦᠷᠭᠡᠳᠬᠡᠨ ᠠᠬᠢᠭᠤᠯᠪᠠ᠃ ᠭᠤᠶᠤᠴᠢᠯᠠᠨ ᠮᠡᠳᠡᠭᠦᠯᠬᠦ | ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠪᠥᠭᠡᠳ ᠪᠣᠭᠤᠮᠲᠠ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ | ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠵᠡᠷᠭᠡ ᠭᠤᠣᠯ ᠴᠣᠭᠴᠠ ᠶᠢ ᠵᠣᠬᠢᠴᠠᠭᠤᠯᠵᠤ᠂ ᠬᠢᠯᠢ | ᠠᠯᠤᠰᠯᠠᠭᠰᠠᠨ ᠠᠷᠠᠯᠵᠢᠶ᠎ᠠ ᠬᠤᠳᠠᠯᠳᠤᠭᠠᠨ ᠤ ᠡᠯᠧᠺᠲᠷᠣᠨ ᠠᠷᠠᠯᠵᠢᠶᠠᠨ ᠤ ᠶᠠᠪᠤᠳᠠᠯ ᠤᠨ ᠲᠠᠪᠴᠠᠩ ᠢ ᠨᠡᠭᠡᠭᠡᠨ | ᠠᠰᠢᠭᠯᠠᠵᠤ ᠪᠦᠲᠦᠭᠡᠨ ᠪᠠᠶᠢᠭᠤᠯᠬᠤ ᠠᠵᠢᠯ ᠢ ᠬᠠᠮᠲᠤ ᠪᠠᠷ ᠲᠦᠯᠬᠢᠨ ᠠᠬᠢᠭᠤᠯᠪᠠ᠃ | ᠵᠢᠷᠭᠤᠭ᠎ᠠ ᠳᠤ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠤᠨ ᠳᠡᠰ ᠳᠡᠪᠰᠢᠭᠦᠯᠬᠦ ᠠᠵᠢᠯ ᠢ | ᠡᠬᠢᠯᠡᠭᠦᠯᠪᠡ᠃ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠪᠣᠯ ᠮᠠᠨ ᠤ ᠤᠯᠤᠰ ᠤᠨ ᠨᠡᠭᠡᠭᠡᠯᠲᠡ ᠬᠢᠬᠦ ᠲᠡᠰ | ᠳᠠᠪᠬᠤᠷᠭ᠎ᠠ ᠬᠠᠮᠤᠭ ᠥᠨᠳᠥᠷ᠂ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠬᠠᠮᠤᠭ ᠣᠯᠠᠨ᠂ ᠴᠢᠳᠠᠮᠵᠢ ᠨᠢ | ᠬᠠᠮᠤᠭ ᠤᠨ ᠪᠦᠷᠢᠨ ᠭᠦᠢᠴᠡᠳ᠂ ᠭᠠᠷ ᠭᠦᠢᠴᠡᠳᠬᠡᠯ ᠨᠢ ᠬᠠᠮᠤᠭ ᠳᠦᠭᠦᠮ ᠨᠡᠬᠡᠬᠡᠯᠳᠠ ᠶᠢᠨ ᠣᠨᠴᠠᠭᠠᠶ ᠣᠷᠣᠨ | ᠪᠣᠯᠣᠨ᠎ᠠ᠃ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠲᠠᠢ ᠠᠳᠠᠯᠢᠳᠬᠠᠪᠠᠯ᠂ ᠣᠯᠠᠨ ᠤᠯᠤᠰ ᠤᠨ | ᠬᠤᠳᠠᠯᠳᠤᠨ ᠠᠪᠬᠤ ᠶᠢ ᠰᠠᠯᠭᠠᠨ ᠪᠣᠷᠣᠯᠠᠭᠤᠯᠬᠤ ᠪᠠ ᠲᠣᠬᠢᠷᠠᠭᠤᠯᠤᠨ ᠬᠦᠷᠭᠡᠬᠦ᠂ ᠣᠯᠠᠨ ᠤᠯᠤᠰ ᠤᠨ ᠭᠠᠷᠠᠮ | ᠳᠠᠮᠵᠢᠬᠤ ᠠᠷᠠᠯᠵᠢᠶ᠎ᠠ᠂ ᠤᠯᠠᠨ ᠤᠯᠤᠰ ᠤᠨ ᠬᠤᠭᠤᠷᠣᠨᠳᠣ ᠳᠠᠮᠵᠢᠭᠤᠯᠬᠤ ᠵᠡᠷᠭᠡ ᠴᠢᠳᠠᠪᠬᠢ ᠲᠠᠢ ᠠᠴᠠ ᠭᠠᠳᠠᠨ᠎ᠠ | ᠪᠠᠰᠠ ᠰᠤᠳᠤᠯᠤᠨ ᠨᠡᠭᠡᠭᠡᠬᠦ᠂ ᠪᠣᠯᠪᠠᠰᠤᠷᠠᠭᠤᠯᠬᠤ᠂ ᠦᠢᠯᠡᠳᠬᠦ ᠵᠡᠷᠭᠡ ᠴᠢᠳᠠᠪᠬᠢ ᠶᠢ ᠪᠠᠳᠠᠷᠠᠭᠤᠯᠵᠤ ᠪᠤᠯᠤᠨ᠎ᠠ᠃ | ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠠᠮᠵᠢᠯᠲᠠ ᠲᠠᠢ ᠪᠠᠶᠢᠭᠤᠯᠤᠭᠳᠠᠭᠰᠠᠨ ᠪᠠ | ᠤᠷᠤᠭᠰᠢᠲᠠᠶ ᠡᠵᠡᠩᠨᠡᠭᠰᠡᠨ ᠶᠠᠪᠤᠳᠠᠯ ᠨᠢ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠲᠣᠭᠤᠷᠢᠭ ᠢ ᠳᠡᠰ ᠳᠡᠪᠰᠢᠭᠦᠯᠬᠦ | ᠰᠠᠭᠤᠷᠢ ᠶᠢ ᠪᠠᠲᠤᠵᠢᠭᠤᠯᠵᠤ ᠥᠭᠪᠡ᠃ | ᠬᠥᠲᠥᠯᠥᠭᠴᠢ᠄ | ᠰᠠᠶ᠋ᠢ ᠵᠣᠣ ᠡᠷᠬᠢᠯᠡᠭᠴᠢ ᠪᠢᠳᠡᠨ ᠳᠤ ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ | ᠲᠥᠪ ᠤᠨ ᠪᠠᠶᠢᠳᠠᠯ ᠢ ᠲᠠᠨᠢᠯᠴᠠᠭᠤᠯᠵᠤ᠂ ᠪᠢᠳᠡ ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ | ᠲᠥᠪ ᠨᠢ ᠤᠯᠠᠭᠠᠨᠬᠠᠳᠠ ᠵᠢᠴᠢ ᠪᠦᠬᠦ ᠣᠷᠣᠨ ᠤ ᠠᠵᠤ ᠠᠬᠤᠶ ᠨᠡᠶᠢᠭᠡᠮ ᠳᠤ ᠢᠳᠡᠪᠬᠢᠲᠡᠶ ᠬᠥᠲᠥᠯᠥᠨ ᠳᠠᠭᠠᠭᠤᠯᠬᠤ | ᠪᠠ ᠳᠠᠶᠢᠴᠢᠯᠠᠬᠤ ᠦᠢᠯᠡᠳᠦᠯ ᠦᠵᠡᠭᠦᠯᠬᠦ ᠨᠢ ᠯᠠᠪᠲᠠᠢ ᠶᠤᠮ ᠭᠡᠳᠡᠭ ᠢ ᠤᠯᠠᠮ ᠨᠢᠭᠡ ᠠᠯᠬᠤᠮ ᠣᠶᠢᠯᠠᠭᠠᠵᠤ ᠮᠡᠳᠡᠯ᠎ᠡ᠃ | ᠵᠣᠣ ᠡᠷᠬᠢᠯᠡᠭᠴᠢ ᠶᠢᠨ ᠲᠠᠶᠢᠯᠪᠤᠷᠢᠯᠠᠯᠲᠠ ᠳᠤ ᠲᠠᠯᠠᠷᠬᠠᠵᠤ ᠪᠠᠶᠢᠨ᠎ᠠ᠂ ᠮᠥᠨᠴᠦ ᠰᠦᠯᠵᠢᠶᠡᠨ ᠤ ᠠᠨᠳᠠ ᠨᠠᠷ ᠤᠨ | ᠬᠦᠯᠢᠶᠡᠨ ᠠᠪᠴᠤ ᠦᠵᠡᠭᠰᠡᠨ ᠳᠤ ᠲᠠᠯᠠᠷᠬᠠᠵᠤ ᠪᠠᠶᠢᠨ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ | ᠬᠦᠷᠦᠭᠡᠳ ᠲᠡᠭᠦᠰᠦᠯ᠎ᠡ᠂ ᠳᠠᠷᠠᠭᠠᠴᠢ ᠶᠢᠨ ᠫᠷᠦᠭᠷᠠᠮ ᠳᠤ ᠵᠣᠯᠭᠠᠶ᠎ᠠ ︕ | | ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠬᠥᠮᠥᠷᠭᠡ ᠶᠢᠨ ᠭᠠᠳᠠᠨᠠᠬᠢ | ᠦᠵᠡᠮᠵᠢ | | | ᠳᠤᠮᠳᠠᠳᠤ ᠤᠯᠤᠰ ︵ᠤᠯᠠᠭᠠᠨᠬᠠᠳᠠ︶ ᠤᠨ ᠭᠠᠶᠢᠯᠢ ᠪᠠᠲᠤᠯᠠᠬᠤ ᠲᠠᠸᠠᠷ ᠤᠨ ᠦᠵᠡᠭᠦᠯᠦᠯᠭᠡ ᠠᠷᠠᠯᠵᠢᠶ᠎ᠠ | ᠰᠣᠯᠢᠯᠴᠠᠭᠠᠨ ᠤ ᠲᠥᠪ ᠤᠨ ᠳᠣᠲᠣᠷᠠᠬᠢ ᠦᠵᠡᠮᠵᠢ | | ᠤᠯᠠᠭᠠᠨᠬᠠᠳᠠ ᠭᠠᠶᠢᠯᠢ ᠪᠠᠲᠤᠯᠠᠬᠤ ᠪᠠᠷᠠᠭ᠎ᠠ ᠶᠢᠨ ᠭᠦᠢᠯᠭᠡᠭᠡᠨ ᠤ ᠲᠥᠪ ᠤᠨ ᠪᠣᠭᠤᠮᠲᠠ ᠳᠤ ᠮᠡᠳᠡᠭᠦᠯᠬᠦ | ᠪᠠᠶᠢᠴᠠᠭᠠᠯᠲᠠ ᠳᠤ ᠮᠡᠳᠡᠭᠦᠯᠬᠦ ᠲᠢᠩᠬᠢᠮ | | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠯᠧᠺᠲᠷᠤᠨ ᠵᠠᠰᠠᠭ ᠤᠨ | ᠶᠠᠪᠤᠳᠠᠯ ᠤᠨ ᠭᠠᠵᠠᠷ ᠤᠨ ᠳᠠᠷᠤᠭ᠎ᠠ ᠡᠾᠧ ᠪᠢᠶᠤᠤ ᠡᠷᠬᠢᠮ ᠵᠣᠴᠢᠨ ᠳᠤ ᠪᠠᠷ᠎ᠠ ᠪᠣᠯᠵᠤ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢ ᠲᠣᠭᠤᠷᠢᠨ ᠦᠵᠡᠵᠦ ᠪᠠᠶᠢᠭ᠎ᠠ ᠨᠢ |