ᠥᠪᠥᠷ ᠮᠣᠩᠭᠤᠯ ᠬᠤᠳᠠ ᠬᠥᠳᠡᠭᠡ ᠶᠢᠨ ᠰᠠᠭᠤᠭᠠᠯᠢ ᠠᠷᠠᠳ ᠪᠣᠯᠣᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠠᠯᠤᠰᠯᠠᠨ ᠬᠠᠷᠢᠯᠴᠠᠨ ᠰᠢᠯᠵᠢᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2015/12/23
     ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠤ ᠬᠠᠮᠲᠤᠷᠠᠨ ᠨᠡᠶᠢᠲᠡᠯᠡᠭᠰᠡᠨ ︽ᠬᠤᠲᠠ ᠬᠥᠳᠡᠭᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠢ ᠵᠣᠯᠭᠠᠯᠳᠤᠭᠤᠯᠬᠤ ᠲᠦᠷ ᠬᠡᠷᠡᠭᠵᠢᠭᠦᠯᠬᠦ ᠠᠷᠭ᠎ᠠ︾ ︵ᠬᠥᠮᠦᠨ ᠨᠡᠶᠢᠭᠡᠮ ᠶᠠᠮᠣᠨ ᠲᠠᠷᠬᠠᠭᠠᠭᠰᠠᠨ ﹇2014﹈ 17 ᠳ᠋ᠤᠭᠠᠷ ᠲᠣᠭᠠᠲᠤ᠂ 17 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠭᠡᠵᠦ ᠲᠣᠪᠴᠢᠯᠠᠨ᠎ᠠ᠂ ᠲᠤᠰ ᠪᠢᠴᠢᠭ ᠮᠠᠲ᠋ᠧᠷᠢᠶᠠᠯ ᠢ 2014 ᠣᠨ ᠤ 7 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ︶᠎ ᠶᠢ ᠦᠨᠳᠦᠰᠦᠯᠡᠨ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠣᠯᠭᠠᠨ ᠰᠢᠯᠵᠢᠭᠦᠯᠦᠨ᠎ᠡ᠃      17 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠤ᠄ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠰ ᠨᠢ ᠬᠡᠷᠪᠡ ᠬᠤᠳᠠ ᠪᠠᠯᠭᠠᠰᠤᠨ ᠤ ᠠᠵᠢᠯᠳᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠤᠯᠢ ᠳᠤ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤᠨ ᠳᠤ ᠬᠦᠷᠦᠭᠰᠡᠨ ᠤ ᠳᠠᠷᠠᠭ᠎ᠠ᠂  ᠰᠦᠢᠳᠬᠡᠯ ᠲᠤᠰᠢᠶᠠᠭᠰᠠᠨ ᠴᠠᠭ ᠬᠤᠭᠤᠴᠠᠭ᠎ᠠ ᠨᠢ 15 ᠵᠢᠯ ︵ᠰᠦᠢᠳᠬᠡᠯ ᠲᠤᠰᠢᠶᠠᠬᠤ ᠶᠢ ᠤᠷᠲᠤᠳᠬᠠᠭᠠᠳ15 ᠵᠢᠯ ᠪᠣᠯᠭᠠᠭᠰᠠᠨ ᠪᠠᠭᠲᠠᠨ᠎ᠠ︶ ᠭᠦᠢᠴᠡᠭᠰᠡᠨ ᠮᠥᠷᠲᠡᠭᠡᠨ ᠡᠯ᠎ᠡ ᠲᠠᠯ᠎ᠠ ᠶᠢᠨ ᠨᠥᠬᠦᠴᠡᠯ ᠨᠢ ᠴᠦᠮ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠠᠵᠢᠯ ᠠᠴᠠ ᠪᠠᠨ ᠠᠮᠠᠷᠠᠬᠤ ᠪᠠᠷᠢᠮᠵᠢᠶ᠎ᠠ ᠳᠤ ᠬᠦᠷᠦᠭᠰᠡᠨ ᠪᠣᠯ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢᠶᠠᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠣᠯᠭᠠᠨ ᠰᠢᠯᠵᠢᠭᠦᠯᠬᠦ ᠪᠠᠷ ᠭᠤᠶᠤᠴᠢᠯᠠᠵᠤ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠷᠭ᠎ᠠ ᠪᠠᠷ ᠵᠣᠬᠢᠴᠠᠩᠭᠤᠶ ᠬᠠᠷᠠᠭᠠᠯᠵᠠᠯ ᠢ ᠨᠢ ᠪᠣᠳᠣᠵᠤ ᠥᠭᠴᠦ ᠪᠣᠯᠣᠨ᠎ᠠ︔ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠨᠢ 15 ᠵᠢᠯ ᠭᠦᠢᠴᠡᠭᠡᠳᠦᠢ ᠪᠠᠶᠢᠭᠰᠠᠨ ᠴᠦ ᠮᠦᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢᠶᠠᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠣᠯᠭᠠᠨ ᠰᠢᠯᠵᠢᠭᠦᠯᠬᠦ ᠪᠠᠷ ᠭᠤᠶᠤᠴᠢᠯᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ  ᠠᠰᠠᠷᠠᠮᠵᠢ ᠶᠢᠨ ᠳᠠᠭᠠᠳᠬᠠᠯ ᠤᠨ ᠲᠣᠭᠲᠠᠭᠠᠭᠰᠠᠨ ᠨᠥᠬᠦᠴᠡᠯ ᠳᠤ ᠬᠦᠷᠦᠭᠰᠡᠨ ᠤ ᠬᠤᠶᠢᠨ᠎ᠠ᠂ ᠳᠠᠷᠤᠶ  ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠷᠭ᠎ᠠ ᠪᠠᠷ ᠵᠣᠬᠢᠴᠠᠩᠭᠤᠶ ᠬᠠᠷᠠᠭᠠᠯᠵᠠᠯ ᠢ ᠨᠢ ᠪᠤᠳᠤᠵᠤ ᠥᠭᠴᠦ ᠪᠣᠯᠤᠨ᠎ᠠ ᠭᠡᠵᠦ ᠲᠣᠭᠲᠠᠭᠠᠪᠠ᠃      17 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠤ ᠪᠠᠰᠠ᠄ ᠳᠠᠭᠠᠳᠬᠠᠯ ᠳᠤ ᠣᠷᠣᠯᠴᠠᠭᠰᠠᠳ ᠤᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ  ᠢᠶᠠᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠣᠯᠭᠠᠨ ᠰᠢᠯᠵᠢᠭᠦᠯᠦᠭᠰᠡᠨ ᠪᠣᠯ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠥᠭᠡ ᠶᠢᠨ ᠪᠥᠬᠦ ᠬᠠᠳᠠᠭᠠᠯᠠᠮᠵᠢ ᠶᠢ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠥᠭᠡ ᠳᠤ ᠨᠡᠶᠢᠯᠡᠭᠦᠯᠦᠨ ᠣᠷᠣᠭᠤᠯᠵᠤ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠶᠢ ᠨᠢ ᠨᠡᠶᠢᠯᠡᠭᠦᠯᠵᠦ ᠪᠣᠳᠣᠭᠠᠳ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠪᠣᠯᠭᠠᠨ᠎ᠠ ᠭᠡᠵᠦ ᠲᠣᠭᠲᠠᠭᠠᠪᠠ᠃      ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠬᠠᠮᠢᠶᠠᠷᠤᠯᠲᠠ ᠶᠢᠨ  ᠲᠣᠪᠴᠢᠶ᠎ᠠ ᠶᠢᠨ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠰᠤᠷᠪᠤᠯᠵᠢᠯᠠᠭᠴᠢ ᠳᠤ ᠬᠡᠯᠡᠭᠰᠡᠨ ᠨᠢ᠂  ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠴᠢ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠎ ᠢᠶᠠᠨ ᠪᠣᠯᠬᠤ ᠶᠢᠨ ᠲᠤᠲᠤᠷ᠎ᠠ ᠪᠢᠲᠡᠭᠡᠢ ᠰᠢᠯᠵᠢᠭᠦᠯᠦᠭᠡᠷᠡᠢ᠂ ᠤᠴᠢᠷ ᠨᠢ ᠬᠤᠶᠢᠨ᠎ᠠ ᠬᠢ ᠨᠢ  ᠬᠠᠷᠠᠭᠠᠯᠵᠠᠯ ᠤᠨ ᠬᠡᠮᠵᠢᠶ᠎ᠡ ᠨᠢ ᠨᠡᠯᠢᠶᠡᠳ ᠳᠣᠣᠷ᠎ᠠ᠂ ᠥᠰᠥᠯᠲᠡ ᠶᠢᠨ ᠬᠡᠮᠵᠢᠶ᠎ᠡ ᠨᠢ ᠨᠡᠯᠢᠶᠡᠳ ᠪᠠᠭ᠎ᠠ᠂ ᠠᠯᠤᠰ ᠬᠡᠳᠦ ᠶᠢᠨ ᠲᠥᠯᠥᠪ ᠠᠴᠠ ᠦᠵᠡᠪᠡᠯ ᠠᠰᠢᠭ ᠦᠭᠡᠢ ᠶᠤᠮ᠃ ᠬᠡᠷᠪᠡ ᠨᠥᠬᠦᠴᠡᠯ ᠲᠠᠢ ᠶᠤᠮ ᠪᠣᠯ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢᠶᠠᠨ ᠬᠤᠳᠠ ᠪᠠᠯᠭᠠᠰᠤᠨ ᠤ ᠠᠵᠢᠯᠳᠠᠨ ᠠᠵᠢᠯᠴᠢᠨ ᠤ ᠦᠨᠳᠦᠰᠦᠨ  ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠣᠯᠭᠠᠨ ᠰᠢᠯᠵᠢᠭᠦᠯᠬᠦ ᠶᠢ ᠰᠤᠩᠭᠤᠵᠤ ᠪᠣᠯᠣᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号