ᠥᠪᠥᠷ ᠮᠣᠩᠭᠤᠯ ᠡᠨᠧᠷᠭᠢ ᠶᠢᠨ ᠠᠵᠤ ᠠᠬᠤᠶ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠣᠬᠠᠢ ᠰᠤᠳᠤᠯᠤᠯ ᠤᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2015/12/23
     12 ᠳ᠋ᠤᠭᠠᠷ ᠰᠠᠷ᠎ᠠ ᠶᠢᠨ 18᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠰᠤᠳᠤᠯᠤᠯ ᠤᠨ ᠲᠥᠪ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠠᠵᠤ ᠠᠬᠤᠶ ᠶᠢᠨ ᠬᠥᠭᠵᠢᠯᠲᠡ ᠶᠢᠨ ᠰᠤᠳᠤᠯᠤᠨ ᠶᠠᠷᠢᠯᠴᠠᠬᠤ ᠬᠤᠷᠠᠯ  — ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠠᠵᠤ ᠠᠬᠤᠶ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠣᠬᠠᠢ ᠰᠤᠳᠤᠯᠤᠯ ᠤᠨ ᠦᠷ᠎ᠡ ᠪᠦᠲᠦᠭᠡᠯ ᠤᠨ ᠮᠡᠳᠡᠭᠦᠯᠦᠯᠲᠡ ᠶᠢᠨ ᠬᠤᠷᠠᠯ︾᠎ ᠢ ᠡᠷᠬᠢᠯᠡᠭᠰᠡᠨ ᠪᠦᠭᠡᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠠᠵᠤ ᠠᠬᠤᠶ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠲᠤᠬᠠᠢ ᠰᠤᠳᠤᠯᠤᠯ︾᠎ ᠤᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢ ᠨᠡᠶᠢᠲᠡᠯᠡᠪᠡ᠃      ᠥᠪᠥᠷ ᠮᠣᠩᠭᠤᠯ ᠨᠢ ᠪᠦᠬᠦ ᠤᠯᠤᠰ ᠤᠨ ᠡᠨᠧᠷᠭᠢ ᠶᠢᠨ ᠡᠬᠢ ᠪᠠᠶᠠᠯᠢᠭ ᠤᠨ ᠨᠢᠭᠡᠳᠦᠭᠡᠷ ᠶᠡᠭᠡ ᠮᠣᠵᠢ ᠣᠷᠣᠨ ᠪᠣᠯᠣᠭᠰᠠᠨ ᠤ ᠬᠤᠪᠢ ᠳᠤ᠂ ᠲᠤᠰ ᠣᠷᠣᠨ ᠤ ᠪᠠᠨ ᠡᠨᠧᠷᠭᠢ ᠶᠢᠨ ᠠᠵᠤ ᠠᠬᠤᠶ ᠶᠢᠨ ᠬᠥᠭᠵᠢᠯᠲᠡ ᠳᠤ ᠬᠠᠷᠢᠭᠤᠴᠠᠬᠤ ᠮᠥᠷᠲᠡᠭᠡᠨ ᠪᠠᠰᠠ ᠤᠯᠤᠰ ᠲᠤ ᠴᠡᠪᠡᠷ ᠡᠨᠧᠷᠭᠢ ᠶᠢᠨ ᠰᠤᠷᠪᠤᠯᠵᠢ ᠭᠠᠷᠭᠠᠵᠤ ᠥᠭᠬᠦ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠭ᠎ᠠ ᠶᠤᠮ᠃ ᠡᠨᠡ ᠬᠦ ᠰᠠᠭᠤᠷᠢᠨ ᠳᠡᠭᠡᠷ᠎ᠡ᠂ ᠬᠠᠷᠢᠭᠤ ᠮᠡᠳᠡᠭᠦᠯᠦᠯᠲᠡ ᠳᠤ ᠮᠠᠨ ᠤ ᠣᠷᠣᠨ ᠤ ᠣᠳᠣᠬᠠᠨ ᠳᠤ ᠲᠤᠯᠭᠠᠷᠠᠵᠤ ᠪᠠᠶᠢᠭ᠎ᠠ ᠰᠢᠢᠳᠪᠦᠷᠢᠯᠡᠬᠦ ᠪᠠᠷ ᠲᠤᠯᠭᠠᠮ᠎ᠠ ᠱᠠᠭᠠᠷᠳᠠᠭᠳᠠᠵᠤ ᠪᠠᠶᠢᠭ᠎ᠠ ᠭᠤᠣᠯ ᠪᠣᠯᠬᠤ ᠠᠰᠠᠭᠤᠳᠠᠯ ᠤᠳ ᠢ ᠳᠤᠷᠠᠳᠤᠨ ᠭᠠᠷᠭᠠᠪᠠ᠄ ᠨᠡᠭᠦᠷᠡᠰᠦ ᠦᠢᠯᠡᠳᠪᠦᠷᠢᠯᠡᠬᠦ ᠴᠢᠳᠠᠪᠤᠷᠢ ᠦᠯᠡᠭᠦᠳᠡᠵᠦ ᠪᠠᠶᠢᠭ᠎ᠠ ᠪᠠᠶᠢᠳᠠᠯ ᠨᠡᠯᠢᠶᠡᠳ ᠤᠷᠳᠤ ᠬᠤᠭᠤᠴᠠᠭ᠎ᠠ ᠪᠠᠷ ᠦᠷᠭᠦᠯᠵᠢᠯᠡᠬᠦ᠂ ᠨᠡᠭᠦᠷᠡᠰᠦ ᠬᠢᠭᠡᠳ ᠤᠰᠤᠨ ᠤ ᠡᠬᠢ ᠪᠠᠶᠠᠯᠢᠭ ᠢ ᠪᠦᠷᠢᠯᠭᠡᠨ ᠰᠦᠢᠳᠬᠡᠵᠦ ᠪᠠᠶᠢᠭ᠎ᠠ ᠠᠰᠠᠭᠤᠳᠠᠯ ᠢ ᠤᠷᠲᠤ ᠬᠤᠭᠤᠴᠠᠭ᠎ᠠ ᠪᠠᠷ ᠦᠨᠳᠦᠰᠦᠨ ᠠᠴᠠ ᠨᠢ  ᠰᠢᠢᠳᠪᠦᠷᠢᠯᠡᠵᠦ ᠴᠢᠳᠠᠭ᠎ᠠ ᠦᠭᠡᠢ ᠪᠠᠶᠢᠬᠤ᠂ ᠴᠠᠬᠢᠯᠭᠠᠨ ᠰᠠᠭᠠᠲᠠᠬᠤ ᠠᠰᠠᠭᠤᠳᠠᠯ ᠲᠤᠪᠤᠶᠢᠮ᠎ᠠ ᠪᠠᠶᠢᠬᠤ᠂ ᠡᠨᠧᠷᠭᠢ ᠶᠢᠨ ᠠᠵᠤ ᠦᠢᠯᠡᠳᠪᠦᠷᠢ ᠶᠢᠨ ᠬᠥᠭᠵᠢᠯᠲᠡ ᠨᠢ ᠤᠰᠤᠨ ᠤ ᠡᠬᠢ ᠪᠠᠶᠠᠯᠢᠭ ᠲᠤᠲᠠᠭᠳᠠᠵᠤ ᠪᠠᠶᠢᠬᠤ ᠠᠴᠠ ᠪᠣᠯᠵᠤ ᠬᠦᠨᠳᠦ ᠨᠣᠴᠢᠲᠠᠶ ᠬᠢᠵᠠᠭᠠᠷᠯᠠᠭᠳᠠᠵᠤ ᠪᠠᠶᠢᠬᠤ᠂ ᠨᠤᠲᠤᠭ ᠪᠡᠯᠴᠢᠭᠡᠷ ᠤᠨ ᠠᠮᠢ ᠠᠬᠤᠶ ᠬᠦᠨᠳᠦ ᠨᠣᠴᠢᠲᠠᠶ ᠡᠪᠳᠡᠭᠳᠡᠵᠦ ᠪᠠᠶᠢᠬᠤ᠂ ᠴᠠᠬᠢᠯᠭᠠᠨ ᠬᠦᠴᠦᠨ ᠤ ᠪᠠᠶᠢᠭᠤᠯᠤᠯ ᠤᠨ ᠴᠢᠨᠠᠷᠲᠠᠶ ᠵᠥᠷᠢᠴᠡᠯ ᠲᠤᠪᠤᠶᠢᠮ᠎ᠠ ᠪᠠᠶᠢᠬᠤ᠂ ᠬᠡᠰᠡᠭ ᠡᠨᠧᠷᠭᠢ ᠶᠢᠨ ᠠᠵᠤ ᠦᠢᠯᠡᠰ ᠤᠨ ᠮᠡᠷᠭᠡᠵᠢᠯ ᠮᠥᠨ ᠯᠡ ᠬᠤᠴᠣᠷᠤᠩᠭᠤᠶ ᠪᠠᠶᠢᠬᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠬᠤᠷᠢᠭᠯᠠᠬᠤ ᠳᠤ ᠬᠦᠴᠢᠷᠲᠡᠢ ᠪᠠᠶᠢᠬᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠬᠥᠭᠵᠢᠯᠲᠡ ᠨᠢ ᠵᠣᠬᠢᠬᠤ ᠬᠡᠮᠵᠢᠶᠡᠨ ᠤ ᠰᠣᠬᠤᠷ ᠪᠠᠯᠠᠶ ᠴᠢᠨᠠᠷ ᠲᠠᠢ ᠪᠠᠶᠢᠬᠤ᠂ ᠣᠷᠴᠢᠨ ᠲᠣᠭᠤᠷᠢᠨ ᠤ ᠪᠣᠬᠢᠷᠲᠤᠯ ᠤᠨ ᠠᠰᠠᠭᠤᠳᠠᠯ ᠲᠤᠪᠤᠶᠢᠮ᠎ᠠ ᠪᠠᠶᠢᠬᠤ ᠵᠡᠷᠭᠡ ᠪᠣᠯᠣᠨ᠎ᠠ᠃ ᠤᠯᠤᠰ ᠤᠨ ᠡ᠊ᠨᠧᠷᠭᠢ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠲᠠᠢ ᠤᠶᠠᠯᠳᠤᠭᠤᠯᠬᠤ ᠶᠢᠨ ᠬᠠᠮᠲᠤ ᠮᠠᠨ ᠤ ᠣᠷᠣᠨ ᠤ ᠲᠤᠯᠭᠠᠷᠠᠵᠤ ᠪᠠᠶᠢᠭ᠎ᠠ ᠪᠤᠳᠠᠳᠤ ᠬᠥᠭᠵᠢᠯᠲᠡ ᠶᠢᠨ ᠠᠰᠠᠭᠤᠳᠠᠯ ᠳᠤ ᠴᠢᠭᠯᠡᠭᠦᠯᠦᠨ᠂ ᠮᠠᠨ ᠤ ᠣᠷᠣᠨ ᠤ ᠬᠤᠶᠢᠰᠢᠳᠠ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠰᠡᠳᠬᠢᠮᠵᠢ ᠪᠣᠯ ᠬᠠᠤᠯᠢ ᠪᠠᠷ ᠵᠠᠰᠠᠬᠤ ᠤᠯᠤᠰ ᠢ ᠪᠦᠳᠤᠭᠡᠨ ᠪᠠᠶᠢᠭᠤᠯᠬᠤ ᠪᠠ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠬᠦᠨᠳᠦᠳᠬᠡᠬᠦ ᠪᠠᠷ ᠵᠢᠯᠤᠭᠤᠳᠤᠯᠭ᠎ᠠ ᠪᠣᠯᠭᠠᠵᠤ᠂ ᠣᠷᠣᠶᠢᠪᠴᠢ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠤᠯᠠᠮᠵᠢᠯᠠᠯᠲᠤ ᠬᠥᠭᠵᠢᠯᠲᠡ ᠶᠢᠨ ᠣᠨᠣᠯᠵᠢᠬᠤᠨ ᠪᠣᠯᠣᠨ ᠬᠥᠭᠵᠢᠯᠲᠡ  ᠶᠢᠨ ᠰᠡᠳᠬᠢᠮᠵᠢ ᠶᠢ ᠬᠤᠪᠢᠷᠠᠭᠤᠯᠵᠤ᠂ ᠢᠳᠡᠪᠬᠢ ᠰᠡᠳᠬᠢᠬᠦᠢ ᠪᠠᠷ ᠡᠨᠧᠷᠭᠢ ᠶᠢᠨ ᠬᠤᠪᠢᠰᠬᠠᠯ ᠪᠣᠯᠣᠨ ᠠᠮᠢ ᠠᠬᠤᠶ ᠶᠢᠨ ᠣᠷᠴᠢᠨ  ᠲᠣᠭᠤᠷᠢᠨ ᠤ ᠬᠢᠵᠠᠭᠠᠷᠯᠠᠯ ᠠᠴᠠ ᠪᠣᠯᠤᠭᠰᠠᠨ ᠥᠷᠢᠰᠥᠯᠳᠦᠭᠡᠨ ᠢ ᠠᠷᠭᠠᠴᠠᠵᠤ᠂ ᠭᠠᠳᠠᠭᠠᠳᠤ ᠲᠠᠢ ᠬᠠᠮᠲᠤᠷᠠᠨ ᠠᠵᠢᠯᠯᠠᠬᠤ ᠰᠢᠨ᠎ᠡ ᠴᠠᠭ ᠲᠣᠬᠢᠶᠠᠯ ᠢ ᠠᠮᠵᠢᠨ ᠠᠳᠬᠤᠵᠤ᠂ ᠮᠠᠨ ᠤ ᠣᠷᠣᠨ  ᠢᠶᠠᠨ ᠰᠢᠨ᠎ᠡ ᠶᠢ ᠡᠭᠦᠳᠬᠦ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠭᠤᠯᠵᠤ᠂ ᠤᠯᠤᠰ ᠤᠨ ᠬᠤᠶᠠᠷ ᠵᠠᠭᠤᠨ ᠵᠢᠯ ᠤᠨ ᠬᠥᠭᠵᠢᠯᠲᠡ ᠶᠢᠨ ᠬᠠᠷᠠᠯᠲᠠ ᠶᠢ ᠤᠷᠢᠳᠴᠢᠯᠠᠨ ᠪᠡᠶᠡᠯᠡᠭᠦᠯᠦᠨ᠎ᠡ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号